2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠷ᠎ᠠ ᠪᠤᠷᠴᠠᠭ ᠤᠨ ᠲᠥᠷᠥᠯ ᠵᠦᠢᠯ ᠤᠨ ᠲᠤᠷᠰᠢᠯᠲᠠ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/2/22
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ︵ᠲᠠᠷᠢᠶᠠᠯᠠᠩ ᠮᠠᠯ ᠠᠵᠤ ᠠᠬᠤᠢ᠂ ᠲᠠᠷᠢᠶᠠᠯᠠᠩ︶ ᠶᠢᠨ ᠮᠡᠷᠭᠡᠵᠢᠯ ᠳᠡᠯᠭᠡᠷᠡᠭᠦᠯᠬᠦ ︵ᠬᠥᠭᠵᠢᠭᠦᠯᠬᠦ︶ ᠲᠥᠪ᠂ ᠪᠠᠶᠠᠨᠨᠠᠭᠤᠷ ᠬᠤᠲᠠ ᠶᠢᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ ᠬᠥᠭᠵᠢᠯᠲᠡ ᠶᠢᠨ ᠲᠥᠪ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠭᠠᠵᠠᠷ᠂ ᠤᠯᠠᠭᠠᠨᠴᠠᠪ ᠬᠤᠲᠠ ᠶᠢᠨ ᠦᠷ᠎ᠡ ᠶᠢᠨ ᠦᠢᠯᠡᠰ ᠤᠨ ᠠᠵᠢᠯ ᠤᠨ ᠥᠷᠲᠡᠭᠡ᠂ ᠰᠢᠷ᠎ᠠ ᠪᠤᠷᠴᠠᠭ ᠤᠨ ᠲᠥᠷᠥᠯ ᠵᠦᠢᠯ ᠤᠨ ᠲᠤᠷᠰᠢᠯᠲᠠ ᠶᠢ ᠡᠷᠭᠢᠯᠡᠬᠦ ᠨᠢᠭᠡᠴᠢ ᠂ ᠳᠠᠭᠠᠭᠠᠨ ᠲᠤᠷᠰᠢᠬᠤ ᠨᠢᠭᠡᠴᠢ ᠳᠤ᠄      2024 ᠣᠨ ᠤ 1 ᠰᠠᠷ᠎ᠠ ᠶᠢᠨ 16 ᠤ ᠡᠳᠦᠷ᠂ ᠮᠠᠨ ᠤ ᠲᠥᠪ ᠥᠪᠡᠷᠲᠡᠭᠡᠨ ᠵᠠᠰᠠᠬᠤ ᠣᠷᠣᠨ ᠤ ᠭᠤᠣᠯ ᠪᠣᠯᠬᠤ ᠲᠠᠷᠢᠮᠠᠯ ᠤᠨ ᠡᠭᠦᠯᠳᠡᠷ ᠤᠨ ᠲᠤᠷᠰᠢᠯᠲᠠ ᠶᠢᠨ ᠳ᠋ᠦᠩᠨᠡᠯᠲᠡ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠷᠠᠯ  ᠠᠴᠠ 2023 ᠣᠨ ᠤ ᠪᠥᠬᠦ ᠣᠷᠣᠨ ᠤ ᠰᠢᠷ᠎ᠠ ᠪᠤᠷᠴᠠᠭ ᠤᠨ ᠡᠭᠦᠯᠳᠡᠷ ᠤᠨ ᠲᠤᠷᠰᠢᠯᠲᠠ ᠶᠢᠨ ᠠᠵᠢᠯ ᠢ ᠳ᠋ᠦᠩᠨᠡᠵᠦ᠂ ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠷ᠎ᠠ ᠪᠤᠷᠴᠠᠭ ᠤᠨ ᠡᠭᠦᠯᠳᠡᠷ ᠤᠨ ᠲᠤᠷᠰᠢᠯᠲᠠ ᠶᠢᠨ ᠬᠡᠷᠡᠭᠵᠢᠭᠦᠯᠬᠦ ᠲᠥᠰᠥᠯ︾ ᠢ ᠲᠣᠭᠲᠠᠭᠠᠪᠠ᠃ ᠡᠳᠦᠭᠡ ᠲᠥᠰᠥᠯ ᠢ ᠳᠠᠷᠤᠮᠠᠯᠯᠠᠨ ᠲᠠᠷᠬᠠᠭᠠᠯ᠎ᠠ ᠂ ᠵᠢᠷᠤᠮᠯᠠᠨ  ᠬᠡᠷᠡᠭᠵᠢᠭᠦᠯᠦᠭᠡᠷᠡᠢ᠃ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠷ᠎ᠠ ᠪᠤᠷᠴᠠᠭ ᠤᠨ ᠲᠥᠷᠥᠯ ᠵᠦᠢᠯ ᠤᠨ ᠲᠤᠷᠰᠢᠯᠲᠠ ᠶᠢᠨ ᠬᠡᠷᠡᠭᠵᠢᠭᠦᠯᠬᠦ ᠲᠥᠰᠥᠯ      ᠨᠢᠭᠡ᠂ ᠲᠤᠷᠰᠢᠯᠲᠠ ᠶᠢᠨ ᠵᠣᠷᠢᠯᠭ᠎ᠠ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ ᠬᠠᠤᠯᠢ︾᠂ ︽ᠭᠤᠣᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠲᠤᠷᠰᠢᠯᠲᠠ ᠳᠤ ᠣᠷᠣᠯᠴᠠᠭᠰᠠᠨ ᠰᠢᠨ᠎ᠡ ᠡᠭᠦᠯᠳᠡᠷ ᠤᠨ ᠡᠯᠪᠡᠭ ᠬᠤᠷᠢᠶᠠᠯᠲᠠ ᠶᠢᠨ ᠴᠢᠨᠠᠷ᠂ ᠲᠣᠭᠲᠠᠭᠤᠨ ᠬᠤᠷᠢᠶᠠᠯᠲᠠ ᠶᠢᠨ ᠴᠢᠨᠠᠷ᠂ ᠵᠣᠬᠢᠴᠠᠬᠤ ᠴᠢᠨᠠᠷ᠂ ᠰᠥᠷᠬᠦ ᠶᠢ ᠡᠰᠡᠷᠭᠦᠴᠡᠬᠦ ᠴᠢᠨᠠᠷ᠂ ᠶᠠᠰᠤ ᠴᠢᠨᠠᠷ ᠵᠢᠴᠢ ᠪᠤᠰᠤᠳ ᠴᠢᠬᠤᠯᠠ ᠣᠨᠴᠠᠯᠢᠭ ᠰᠢᠨᠵᠢ ᠶᠢᠨ ᠢᠯᠡᠷᠡᠯ ᠢ ᠰᠢᠨᠵᠢᠯᠡᠬᠦ ᠤᠬᠠᠭᠠᠨᠴᠢ᠂ ᠲᠥᠪ ᠭᠤᠥᠯᠴᠢ᠂ ᠪᠤᠰᠤᠳᠴᠢ ᠪᠠᠷ ᠬᠢᠨᠠᠨ ᠲᠣᠭᠲᠠᠭᠠᠵᠤ ᠦᠨᠡᠯᠡᠨ᠂ ᠰᠢᠷ᠎ᠠ ᠪᠤᠷᠴᠠᠭ ᠤᠨ ᠡᠭᠦᠯᠳᠡᠷ ᠢ ᠬᠢᠨᠠᠨ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠨ᠎ᠠ᠃      ᠬᠤᠶᠠᠷ ᠂ ᠲᠤᠷᠰᠢᠯᠲᠠ ᠶᠢᠨ ᠳᠤᠭᠤᠶᠢᠯᠠᠩ ᠤᠨ ᠢᠯᠭᠠᠯ      ︵ ᠨᠢᠭᠡ ︶ ᠬᠡᠳᠦ ᠡᠷᠲᠡ ᠪᠣᠯᠪᠠᠰᠤᠷᠠᠬᠤ ᠳᠤᠭᠤᠶᠢᠯᠠᠩ      ︵ ᠬᠤᠶᠠᠷ ︶ ᠲᠤᠶᠢᠯ ᠤᠨ ᠡᠷᠲᠡ ᠪᠣᠯᠪᠠᠰᠤᠷᠠᠬᠤ ᠳᠤᠭᠤᠶᠢᠯᠠᠩ      ︵ ᠭᠤᠷᠪᠠ ︶ ᠡᠷᠲᠡ ᠪᠣᠯᠪᠠᠰᠤᠷᠠᠬᠤ ᠳᠤᠭᠤᠶᠢᠯᠠᠩ      ︵ ᠳᠥᠷᠪᠡ ︶ ᠳᠤᠮᠳᠠ ᠵᠡᠷᠭᠡ ᠶᠢᠨ ᠡᠷᠲᠡ ᠪᠣᠯᠪᠠᠰᠤᠷᠠᠬᠤ ᠳᠤᠭᠤᠶᠢᠯᠠᠩ      ︵ ᠲᠠᠪᠤ ︶ ᠳᠤᠮᠳᠠ ᠵᠡᠷᠭᠡ ᠶᠢᠨ ᠪᠣᠯᠪᠠᠰᠤᠷᠠᠯ ᠤᠨ ᠳᠤᠭᠤᠶᠢᠯᠠᠩ      ᠭᠤᠷᠪᠠ᠂ ᠲᠤᠷᠰᠢᠯᠲᠠ ᠶᠢᠨ ᠵᠢᠷᠤᠭ ᠲᠥᠯᠥᠪᠯᠡᠭᠡ ᠵᠢᠴᠢ ᠱᠠᠭᠠᠷᠳᠠᠯᠭ᠎ᠠ      ︵ ᠨᠢᠭᠡ ︶ ᠲᠤᠷᠰᠢᠯᠲᠠ ᠶᠢᠨ ᠵᠢᠷᠤᠭ ᠲᠥᠯᠥᠪᠯᠡᠭᠡ      1.ᠣᠷᠣᠨ ᠪᠦᠰᠡ ᠶᠢᠨ ᠲᠤᠷᠰᠢᠯᠲᠠ ᠄ ᠲᠠᠰᠢᠷᠠᠮ ᠢᠶᠠᠷ ᠵᠢᠭᠰᠠᠭᠠᠵᠤ ᠂ 2 ᠤᠳᠠᠭ᠎ᠠ ᠳᠠᠪᠲᠠᠵᠤ ᠂ 4-6 ᠮᠥᠷ ᠲᠣᠭᠤᠷᠢᠭ ᠂ ᠪᠠᠭ᠎ᠠ ᠲᠣᠭᠤᠷᠢᠭ ᠤᠨ ᠲᠠᠯᠠᠪᠠᠢ ᠨᠢ 18.0 ᠺᠦᠸᠠᠲ ᠮᠧᠲᠷ ᠠᠴᠠ ᠳᠡᠭᠡᠭᠰᠢ᠂ ᠲᠤᠷᠰᠢᠯᠲᠠ ᠶᠢᠨ ᠣᠷᠣᠨ ᠤ ᠬᠤᠶᠠᠷ ᠲᠠᠯ᠎ᠠ ᠶᠢᠨ ᠬᠠᠮᠠᠭᠠᠯᠠᠯᠲᠠ ᠶᠢᠨ ᠮᠥᠷ ᠨᠢ 4 ᠮᠥᠷ ᠠᠴᠠ ᠳᠡᠭᠡᠭᠰᠢ᠂ ᠬᠤᠶᠠᠷ ᠦᠵᠦᠭᠦᠷ ᠤᠨ ᠬᠠᠮᠠᠭᠠᠯᠠᠯᠲᠠ ᠶᠢᠨ ᠮᠥᠷ ᠨᠢ 5 ᠺᠦᠸᠠᠲ ᠮᠧᠲᠷ ᠠᠴᠠ ᠳᠡᠭᠡᠭᠰᠢ᠂  ᠠᠵᠢᠭᠯᠠᠯᠲᠠ ᠶᠢᠨ ᠵᠠᠮ ᠤᠨ ᠥᠷᠭᠡᠨ ᠨᠢ1.0 ᠮᠧᠲᠷ᠂ ᠪᠦᠬᠦ ᠣᠷᠣᠨ ᠤ ᠬᠤᠷᠢᠶᠠᠯᠲᠠ ᠶᠢᠨ ᠬᠡᠮᠵᠢᠶ᠎ᠡ  ᠪᠠᠷ  ᠤᠨᠠᠯᠳᠠ ᠶᠢ ᠪᠤᠳᠤᠨ᠎ᠠ ᠃      2. ᠦᠢᠯᠡᠳᠪᠦᠷᠢᠯᠡᠯ ᠤᠨ ᠲᠤᠷᠰᠢᠯᠲᠠ᠄ ᠲᠠᠰᠢᠷᠠᠮ  ᠢᠶᠠᠷ ᠵᠢᠭᠰᠠᠭᠠᠵᠤ᠂ 2 ᠤᠳᠠᠭ᠎ᠠ ᠳᠠᠪᠳᠠᠵᠤ ᠂ ᠵᠢᠵᠢᠭ ᠲᠣᠭᠤᠷᠢᠭ ᠤᠨ ᠲᠠᠯᠠᠪᠠᠶ ᠨᠢ 150.0 ᠺᠦᠸᠠᠲ ᠮᠧᠲᠷ ᠠᠴᠠ ᠪᠠᠭ᠎ᠠ ᠪᠤᠶᠤ ᠲᠡᠩᠴᠡᠭᠦᠦ ᠪᠠᠶᠢᠵᠤ᠂ 8 ᠮᠥᠷ ᠲᠣᠭᠤᠷᠢᠭ  ᠠᠴᠠ ᠳᠤᠲᠠᠭᠤ ᠦᠭᠡᠢ ᠪᠠᠶᠢᠵᠤ᠂ ᠲᠤᠷᠰᠢᠯᠲᠠ ᠶᠢᠨ ᠣᠷᠣᠨ ᠤ ᠬᠤᠶᠠᠷ ᠲᠠᠯ᠎ᠠ ᠶᠢᠨ ᠬᠠᠮᠠᠭᠠᠯᠠᠯᠲᠠ ᠶᠢᠨ ᠮᠥᠷ ᠨᠢ 4 ᠮᠥᠷ ᠪᠠᠭ᠎ᠠ ᠪᠤᠶᠤ ᠲᠡᠩᠴᠡᠭᠦᠦ ᠪᠠᠶᠢᠵᠤ ᠂ ᠬᠤᠶᠠᠷ ᠦᠵᠦᠭᠦᠷ ᠤᠨ ᠬᠠᠮᠠᠭᠠᠯᠠᠯᠲᠠ ᠶᠢᠨ ᠮᠥᠷ ᠨᠢ5.0m ᠠᠴᠠ ᠪᠠᠭ᠎ᠠ ᠪᠤᠶᠤ ᠲᠡᠩᠴᠡᠭᠦᠦ ᠪᠠᠶᠢᠵᠤ ᠂ ᠠᠵᠢᠭᠯᠠᠬᠤ ᠵᠠᠮ ᠤᠨ ᠥᠷᠭᠡᠨ ᠨᠢ 1.0m ᠪᠠᠶᠢᠵᠤ᠂ ᠪᠥᠬᠦ ᠣᠷᠣᠨ ᠤ ᠬᠤᠷᠢᠶᠠᠯᠲᠠ ᠶᠢᠨ ᠬᠡᠮᠵᠢᠶ᠎ᠡ  ᠪᠠᠷ ᠤᠨᠠᠯᠳᠠ ᠶᠢ ᠪᠤᠳᠤᠨ᠎ᠠ᠃      ︵ᠬᠤᠶᠠᠷ︶ ᠲᠤᠷᠰᠢᠯᠲᠠ ᠶᠢᠨ ᠲᠥᠷᠥᠯ ᠵᠦᠢᠯ ᠬᠢᠭᠡᠳ ᠡᠭᠦᠯᠳᠡᠷ ᠬᠠᠩᠭᠠᠬᠤ ᠱᠠᠭᠠᠷᠳᠠᠯᠭ᠎ᠠ      1.ᠲᠤᠷᠰᠢᠯᠲᠠ ᠳᠤ ᠣᠷᠣᠯᠴᠠᠬᠤ ᠲᠥᠷᠥᠯ ᠵᠦᠢᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠭᠠᠵᠠᠷ  ᠠᠴᠠ ᠨᠢᠭᠡᠳᠦᠯᠲᠡᠢ ᠳᠤᠬᠢᠷᠠᠭᠤᠯᠤᠨ᠎ᠠ ᠂ ᠲᠤᠷᠰᠢᠯᠲᠠ ᠶᠢ ᠡᠭᠦᠷᠭᠡᠯᠡᠬᠦ ᠨᠢᠭᠡᠴᠢ  ᠨᠢ ᠳᠤᠷ᠎ᠠ ᠪᠠᠷ ᠢᠶᠠᠨ ᠲᠥᠷᠥᠯ ᠵᠦᠢᠯ ᠢ ᠨᠡᠮᠡᠵᠦ ᠬᠠᠰᠤᠵᠤ ᠪᠣᠯᠬᠤ ᠦᠭᠡᠢ᠃      2.ᠡᠭᠦᠯᠳᠡᠷ ᠬᠠᠩᠭᠠᠬᠤ ᠲᠤᠭ᠎ᠠ ᠬᠡᠮᠵᠢᠶ᠎ᠡ ᠄      ︵1︶ᠣᠷᠣᠨ ᠪᠦᠰᠡ ᠶᠢᠨ ᠲᠤᠷᠰᠢᠯᠲᠠ ᠄ ᠨᠢᠭᠡᠳᠦᠭᠡᠷ ᠵᠢᠯ ᠳᠤ ᠣᠷᠣᠨ ᠪᠦᠰᠡ ᠶᠢᠨ ᠲᠤᠷᠰᠢᠯᠲᠠ ᠶᠢᠨ ᠲᠥᠷᠦᠯ ᠵᠦᠢᠯ ᠂ ᠬᠤᠶᠠᠳᠤᠭᠠᠷ ᠵᠢᠯ ᠳᠤ ᠣᠷᠣᠨ ᠪᠦᠰᠡ ᠶᠢᠨ ᠲᠤᠷᠰᠢᠯᠲᠠ ᠶᠢᠨ ᠲᠥᠷᠦᠯ ᠵᠦᠢᠯ  ᠤᠨ ★ᠲᠤᠷᠰᠢᠯᠲᠠ ᠶᠢᠨ ᠴᠡᠭ ᠲᠤ 2.0kg ᠦᠷ᠎ᠡ ᠬᠠᠩᠭᠠᠵᠤ ᠥᠭᠭᠦᠨ᠎ᠡ ᠂ ᠪᠤᠰᠤᠳ ᠲᠤᠷᠰᠢᠯᠲᠠ ᠶᠢᠨ ᠴᠡᠭ ᠲᠤ ᠨᠢᠭᠡᠳᠦᠭᠡᠷ ᠵᠢᠯ ᠂ ᠬᠤᠶᠠᠳᠤᠭᠠᠷ ᠵᠢᠯ  ᠤᠨ ᠣᠷᠣᠨ ᠪᠦᠰᠡ ᠶᠢᠨ ᠲᠤᠷᠰᠢᠯᠲᠠ ᠳᠤ ᠴᠥᠮ 1.0kg ᠦᠷ᠎ᠡ ᠬᠠᠩᠭᠠᠨ᠎ᠠ ᠃      ︵2︶ ᠦᠢᠯᠡᠳᠪᠦᠷᠢᠯᠡᠯ ᠤᠨ ᠲᠤᠷᠰᠢᠯᠲᠠ ᠄ ★ ᠲᠤᠷᠰᠢᠯᠲᠠ ᠶᠢᠨ ᠴᠡᠭ ᠲᠤ 5.5kg  ᠤᠨ ᠦᠷ᠎ᠡ ᠬᠠᠩᠭᠠᠨ᠎ᠠ ᠂ ᠪᠤᠰᠤᠳ ᠲᠤᠷᠰᠢᠯᠲᠠ ᠶᠢᠨ ᠴᠡᠭ ᠲᠤ 3.0kg  ᠤᠨ ᠦᠷ᠎ᠡ ᠬᠠᠩᠭᠠᠨ᠎ᠠ ᠃      3.ᠦᠷ᠎ᠡ ᠶᠢᠨ ᠱᠠᠭᠠᠷᠳᠠᠯᠭ᠎ᠠ ᠄ ᠲᠤᠷᠰᠢᠯᠲᠠ ᠳᠤ ᠣᠷᠣᠯᠴᠠᠭᠰᠠᠨ ᠦᠷ᠎ᠡ ᠨᠢ ᠡᠷᠬᠡᠪᠰᠢ ᠤᠤᠯ ᠦᠷ᠎ᠡ ᠶᠢᠨ ᠲᠡᠰ ᠲᠤ ᠬᠦᠷᠦᠭᠰᠡᠠ ᠪᠠᠶᠢᠬᠤ ᠬᠡᠷᠡᠭᠲᠡᠢ ᠂ ᠦᠷ᠎ᠡ ᠶᠢ ᠪᠠᠭᠯᠠᠬᠤ ᠪᠠ ᠡᠮ ᠨᠠᠶᠢᠷᠠᠯᠭ᠎ᠠ ᠪᠠᠷ ᠰᠢᠢᠳᠪᠦᠷᠢᠯᠡᠬᠦ ᠶᠢ ᠴᠢᠩᠭ᠎ᠠ ᠴᠠᠭᠠᠵᠠᠯᠠᠨ᠎ᠠ ᠃      4.ᠪᠣᠭᠤᠳᠠᠯᠯᠠᠬᠤ ᠱᠠᠭᠠᠷᠳᠠᠯᠭ᠎ᠠ ᠄ ᠦᠷ᠎ᠡ ᠶᠢᠨ ᠪᠣᠭᠤᠳᠠᠯ ᠤᠨ ᠤᠭᠤᠲᠠᠨ ᠳᠤ ᠲᠠᠷᠢᠮᠠᠯ ᠤᠨ ᠲᠦᠷᠦᠯ ᠵᠦᠢᠯ ᠂ ᠡᠭᠦᠯᠳᠡᠷ ᠤᠨ ᠨᠡᠷᠡᠶᠢᠳᠦᠯ ᠂ ᠲᠤᠷᠰᠢᠯᠲᠠ ᠶᠢᠨ ᠳᠤᠭᠤᠶᠢᠯᠠᠩ ᠂ ᠦᠷ᠎ᠡ ᠬᠠᠩᠭᠠᠬᠤ ᠨᠢᠭᠡᠴᠢ ᠂ ᠬᠠᠷᠢᠯᠴᠠᠬᠤ ᠬᠥᠮᠥᠨ ᠵᠢᠴᠢ ᠳ᠋ᠢᠶᠠᠩᠬᠤᠸᠠ ᠶᠢ ᠲᠣᠳᠣᠷᠬᠠᠶᠢᠯᠠᠭᠰᠠᠨ ᠱᠣᠰᠢᠭ᠎ᠠ ᠲᠠᠢ ᠪᠠᠶᠢᠬᠤ ᠬᠡᠷᠡᠭᠲᠡᠢ ︔ ★ᠲᠤᠷᠰᠢᠯᠲᠠ ᠶᠢᠨ ᠴᠡᠭ ᠲᠤ ᠦᠷ᠎ᠡ ᠬᠠᠩᠭᠠᠬᠤ ᠳᠠᠭᠠᠨ ᠠᠮᠠᠷᠬᠠᠨ ᠡᠪᠳᠡᠷᠡᠬᠦ ᠦᠭᠡᠢ 6 ᠵᠦᠢᠯ ᠤᠨ ᠤᠰᠤ ᠰᠡᠷᠭᠡᠶᠢᠯᠡᠬᠦ ᠱᠣᠰᠢᠭ᠎ᠠ ᠲᠠᠯᠪᠢᠬᠤ ᠬᠡᠷᠡᠭᠲᠡᠢ᠃      5.ᠦᠷ᠎ᠡ ᠬᠠᠩᠭᠠᠬᠤ ᠴᠠᠭ ᠬᠤᠭᠤᠴᠠᠭ᠎ᠠ ᠵᠢᠴᠢ ᠲᠦᠷᠭᠡᠨ ᠬᠦᠷᠭᠡᠬᠦ ᠱᠠᠭᠠᠷᠳᠠᠯᠭ᠎ᠠ ᠄ ᠲᠤᠷᠰᠢᠯᠲᠠ ᠶᠢᠨ ᠦᠷ᠎ᠡ ᠶᠢ ᠲᠤᠷᠰᠢᠯᠲᠠ ᠶᠢᠨ ᠴᠡᠭ ᠲᠤ ᠴᠠᠭ ᠲᠤᠬᠠᠢ ᠳᠤᠨᠢ ᠣᠨᠣᠪᠴᠢᠲᠠᠶ ᠢᠯᠡᠭᠡᠬᠦ ᠶᠢ ᠪᠠᠲᠤᠯᠠᠬᠤ ᠶᠢᠨ ᠲᠥᠯᠥᠭᠡ ᠂ EMS ᠪᠤᠶᠤ ᠱᠦᠨ ᠹᠧᠩ ᠲᠦᠷᠭᠡᠨ ᠬᠦᠷᠭᠡᠯᠲᠡ ᠪᠠᠷ ᠦᠷ᠎ᠡ ᠶᠢ ᠰᠢᠤᠳᠠᠨ ᠢᠶᠠᠷ ᠢᠯᠡᠭᠡᠭᠡᠷᠡᠢ ᠂ ᠪᠤᠰᠤᠳ ᠲᠦᠷᠭᠡᠨ ᠬᠦᠷᠭᠡᠯᠲᠡ ᠶᠢ ᠪᠢᠲᠡᠭᠡᠢ ᠬᠡᠷᠡᠭᠯᠡᠭᠡᠷᠡᠢ ᠃ 2024 ᠣᠨ ᠤ 3 ᠰᠠᠷ᠎ᠠ ᠶᠢᠨ 15 ᠤ ᠡᠳᠦᠷ ᠠᠴᠠ ᠡᠮᠦᠨ᠎ᠡ ᠦᠷ᠎ᠡ ᠬᠠᠩᠭᠠᠬᠤ ᠨᠢᠭᠡᠴᠢ ᠦᠷ᠎ᠡ ᠪᠠᠨ ᠡᠯ᠎ᠡ ᠲᠤᠷᠰᠢᠯᠲᠠ ᠶᠢ ᠡᠭᠦᠷᠭᠡᠯᠡᠬᠦ ᠨᠢᠭᠡᠴᠢ ᠳᠤ ᠰᠢᠭᠤᠳ ᠢᠯᠡᠭᠡᠵᠦ ᠂ ᠬᠤᠭᠤᠴᠠᠭ᠎ᠠ ᠭᠡᠳᠦᠷᠡᠪᠡᠯ ᠰᠠᠶᠢᠨ ᠳᠤᠷ᠎ᠠ ᠠᠴᠠ ᠪᠠᠨ ᠲᠤᠷᠰᠢᠯᠲᠠ ᠠᠴᠠ ᠭᠠᠷᠤᠭᠰᠠᠨ ᠢᠶᠠᠷ ᠰᠢᠢᠳᠪᠦᠷᠢᠯᠡᠨ᠎ᠡ ᠃      6.ᠦᠷ᠎ᠡ ᠶᠢ ᠪᠠᠶᠢᠴᠠᠭᠠᠨ ᠰᠢᠯᠭᠠᠬᠤ ᠄ ᠲᠤᠷᠰᠢᠯᠲᠠ ᠬᠢᠬᠦ ᠶᠢ ᠳᠠᠭᠠᠭᠠᠵᠤ ᠠᠪᠤᠭᠰᠠᠨ ᠨᠢᠭᠡᠴᠢ ᠨᠢ 3 ᠰᠠᠷ᠎ᠠ ᠶᠢᠨ 15 ᠤ ᠡᠳᠦᠷ ᠠᠴᠠ ᠬᠤᠶᠢᠰᠢ ᠦᠷ᠎ᠡ ᠶᠢ ᠣᠯᠣᠭᠰᠠᠨ‌ᠦᠭᠡᠢ ᠪᠠᠶᠢᠪᠠᠯ ᠂ ᠲᠤᠷᠰᠢᠯᠲᠠ ᠬᠢᠬᠦ ᠶᠢ ᠡᠷᠬᠢᠯᠡᠬᠦ ᠨᠢᠭᠡᠴᠢ ᠪᠠ ᠦᠷ᠎ᠡ ᠬᠠᠩᠭᠠᠬᠤ ᠨᠢᠭᠡᠴᠢ ᠳᠤ ᠴᠠᠭ ᠲᠤᠬᠠᠢ ᠳᠤᠨᠢ ᠮᠡᠳᠡᠭᠳᠡᠬᠦ ᠬᠡᠷᠡᠭᠲᠡᠢ ᠃ ᠲᠤᠷᠰᠢᠯᠲᠠ ᠬᠢᠬᠦ ᠶᠢ ᠳᠠᠭᠠᠭᠠᠵᠤ ᠠᠪᠤᠭᠰᠠᠨ ᠨᠢᠭᠡᠴᠢ ᠦᠷ᠎ᠡ ᠶᠢ ᠣᠯᠣᠭᠰᠠᠨ ᠤ ᠲᠡᠷᠠᠭ᠎ᠠ ᠡᠭᠦᠯᠳᠡᠷ ᠤᠨ ᠨᠡᠷᠡᠶᠢᠳᠦᠯ ᠂ ᠲᠤᠭ᠎ᠠ ᠬᠡᠮᠵᠢᠶ᠎ᠡ ᠪᠠ ᠶᠠᠰᠤ ᠴᠢᠨᠠᠷ ᠢ ᠴᠠᠭ ᠲᠤᠬᠠᠢ ᠳᠤᠨᠢ ᠬᠠᠷᠭᠤᠭᠤᠯᠤᠨ ᠦᠵᠡᠵᠦ ᠂ ᠠᠰᠠᠭᠤᠳᠠᠯ ᠲᠠᠢ ᠪᠠᠶᠢᠬᠤ ᠶᠢ ᠣᠯᠵᠤ ᠮᠡᠳᠡᠪᠡᠯ ᠦᠷ᠎ᠡ ᠬᠠᠩᠭᠠᠬᠤ ᠨᠢᠭᠡᠴᠢ ᠲᠠᠢ ᠴᠠᠭ ᠲᠤᠬᠠᠢ ᠳᠤᠨᠢ ᠬᠠᠷᠢᠯᠴᠠᠬᠤ ᠬᠡᠷᠡᠭᠲᠡᠢ ᠃      ︵ ᠭᠤᠷᠪᠠ ︶ ᠲᠠᠷᠢᠶᠠᠨ ᠠᠵᠢᠯ ᠤᠨ ᠬᠠᠮᠢᠶᠠᠷᠤᠯᠲᠠ      1.ᠭᠠᠵᠠᠷ ᠰᠣᠩᠭᠤᠬᠤ ᠄ ᠥᠨᠳᠥᠷ ᠡᠰᠢᠲᠦ ᠲᠠᠷᠢᠮᠠᠯ ᠂ ᠮᠣᠳᠣ ᠵᠢᠴᠢ ᠪᠠᠷᠢᠯᠭ᠎ᠠ ᠶᠢᠨ ᠨᠥᠯᠥᠭᠡ ᠶᠢ ᠬᠦᠷᠳᠡᠬᠦ ᠦᠭᠡᠢ ︔ ᠭᠠᠵᠠᠷ ᠤᠨ ᠪᠠᠶᠢᠴᠠ ᠨᠢ ᠲᠡᠭᠰᠢᠬᠡᠨ᠂ ᠬᠦᠴᠦ ᠰᠢᠮ᠎ᠡ ᠨᠢ ᠵᠢᠭᠳᠡ᠂ ᠤᠰᠤ ᠵᠠᠯᠠᠬᠤ ᠳᠤ ᠳᠥᠭᠦᠮ᠂ ᠡᠮᠦᠨᠡᠬᠢ ᠭᠤᠤᠷᠰᠤ ᠨᠢ ᠠᠳᠠᠯᠢ᠂ ᠭᠤᠤᠷᠰᠤ  ᠶᠢ ᠳᠠᠪᠬᠤᠷᠳᠠᠭᠤᠯᠬᠤ ᠦᠭᠡᠢ᠂ ᠭᠤᠤᠷᠰᠤ  ᠶᠢ  ᠤᠭᠲᠤᠯᠭ᠎ᠠ ᠪᠣᠯᠭᠠᠬᠤ ᠦᠭᠡᠢ ︔  ᠭᠠᠵᠠᠷ ᠨᠢ ᠨᠡᠶᠢᠲᠡᠯᠢᠭ ᠴᠢᠨᠠᠷ᠂ ᠲᠥᠯᠥᠭᠡᠯᠡᠬᠦ ᠴᠢᠨᠠᠷ  ᠲᠠᠢ᠂ ᠬᠥᠷᠥᠰᠥ ᠰᠢᠷᠣᠢ ᠶᠢᠨ ᠬᠦᠴᠦ ᠰᠢᠮ᠎ᠡ ᠨᠢ ᠵᠢᠭᠳᠡ ︔ ᠲᠤᠷᠰᠢᠯᠲᠠ ᠶᠢᠨ ᠭᠠᠵᠠᠷ ᠢ ᠲᠦᠷ ᠲᠦᠷᠢᠶᠡᠰᠦᠯᠡᠨ ᠬᠡᠷᠡᠭᠯᠡᠬᠦ ᠶᠢ ᠴᠠᠭᠠᠵᠠᠯᠠᠨ᠎ᠠ ᠃      2. ᠳᠠᠷᠢᠬᠤ᠄ ᠲᠠᠷᠢᠶᠠᠨ ᠳᠠᠪᠬᠤᠷᠭ᠎ᠠ ᠶᠢᠨ ᠭᠠᠵᠠᠷ ᠤᠨ ᠳᠤᠯᠠᠭᠠᠨ ᠨᠢ 8℃  ᠲᠤ ᠳᠤᠭᠳᠠᠪᠤᠷᠢᠵᠢᠬᠤ ᠦᠶᠡᠰ ᠳᠠᠷᠢᠨ᠎ᠠ ᠂ ᠶᠡᠷᠦ ᠳᠡᠭᠡᠨ 5 ᠰᠠᠷ᠎ᠠ ᠶᠢᠨ ᠳᠤᠮᠳᠠᠴᠢ  ᠪᠠᠷ ᠳᠠᠷᠢᠨ᠎ᠠ  ᠂   ᠲᠠᠷᠢᠬᠤ ᠳᠠᠭᠠᠨ  ᠬᠦᠨ ᠬᠦᠶᠦᠭᠡᠨ ᠨᠢ ᠵᠢᠭᠳᠡ ᠪᠠᠶᠢᠬᠤ ᠶᠢ ᠦᠨᠡᠨᠬᠦ ᠪᠠᠲᠤᠯᠠᠵᠤ᠂ ᠨᠢᠭᠡᠳᠦᠭᠡᠷ ᠨᠡᠶᠢᠯᠡᠮᠡᠯ ᠨᠠᠪᠴᠢ ᠶᠢᠨ ᠬᠤᠭᠤᠴᠠᠭᠠᠨ ᠳᠤ ᠴᠢᠬᠢ ᠶᠢ ᠲᠣᠭᠲᠠᠭᠠᠨ᠎ᠠ᠃ ᠴᠢᠬᠢᠯᠡᠬᠦ ᠨᠣᠷᠮ᠎ᠠ ᠨᠢ 70%  ᠠᠴᠠ ᠳᠣᠣᠷ᠎ᠠ ᠪᠠᠶᠢᠭ᠎ᠠ ᠵᠢᠵᠢᠭ ᠲᠣᠭᠤᠷᠢᠭ ᠢ ᠬᠡᠷᠡᠭᠯᠡᠭᠡᠨ ᠠᠴᠠ ᠭᠠᠷᠭᠠᠭᠰᠠᠨ ᠢᠶᠠᠷ ᠰᠢᠢᠳᠪᠦᠷᠢᠯᠡᠨ᠎ᠡ᠃      3. ᠨᠢᠭᠲᠠᠴᠠ᠄ ᠲᠤᠷᠰᠢᠯᠲᠠ ᠳᠤ ᠣᠷᠣᠯᠴᠠᠬᠤ ᠡᠭᠦᠯᠳᠡᠷ ᠤᠨ ᠳᠠᠷᠢᠬᠤ ᠨᠢᠭᠲᠠᠴᠠ ᠶᠢ ᠭᠤᠶᠤᠴᠢᠯᠠᠭᠴᠢ   ᠠᠴᠠ ᠲᠣᠭᠲᠠᠭᠠᠨ᠎ᠠ᠂ ᠬᠡᠷᠪᠡ ᠣᠨᠴᠠᠭᠠᠶ ᠱᠠᠭᠠᠷᠳᠠᠯᠭ᠎ᠠ ᠦᠭᠡᠢ ᠪᠣᠯ᠂ ᠡᠯ᠎ᠡ ᠲᠤᠷᠰᠢᠯᠲᠠ ᠶᠢᠨ ᠴᠡᠭ ᠢ ᠲᠤᠬᠠᠢ ᠶᠢᠨ ᠭᠠᠵᠠᠷ ᠤᠨ ᠬᠡᠪ ᠤᠨ ᠨᠢᠭᠲᠠᠴᠠ ᠶᠢᠨ ᠶᠣᠰᠣᠭᠠᠷ ᠬᠡᠷᠡᠭᠵᠢᠭᠦᠯᠦᠨ᠎ᠡ᠃      4. ᠭᠠᠵᠠᠷ ᠬᠠᠳᠬᠤᠬᠤ ᠫᠠᠶᠢᠰᠠ᠄ ᠲᠣᠭᠤᠷᠢᠭ ᠪᠦᠷᠢ ᠶᠢᠨ ᠭᠠᠵᠠᠷ ᠲᠤ ᠢᠯᠡ ᠱᠣᠰᠢᠭ᠎ᠠ ᠬᠠᠳᠠᠨ᠎ᠠ᠃      5.ᠲᠤᠷᠰᠢᠯᠲᠠ ᠶᠢᠨ ᠬᠠᠮᠢᠶᠠᠷᠤᠯᠲᠠ ᠄ ᠣᠷᠣᠨ ᠪᠦᠰᠡ ᠶᠢᠨ ᠲᠤᠷᠰᠢᠯᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠶᠡᠭᠡ ᠲᠠᠷᠢᠶ᠎ᠠ ᠠᠴᠠ ᠳᠡᠭᠡᠭᠦᠷ ᠪᠠᠶᠢᠯᠭᠠᠵᠤ᠂ ᠦᠢᠯᠡᠳᠪᠦᠷᠢᠯᠡᠯ ᠤᠨ ᠲᠤᠷᠰᠢᠯᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠶᠡᠭᠡ ᠲᠠᠷᠢᠶ᠎ᠠ ᠠᠴᠠ ᠪᠠᠭ᠋ᠠᠨ ᠳᠡᠭᠡᠭᠦᠷ ᠪᠠᠶᠢᠯᠭᠠᠬᠤ ᠬᠡᠷᠡᠭᠲᠡᠢ ᠃ ᠴᠠᠭ ᠲᠤᠬᠠᠢ ᠳᠤᠨᠢ ᠲᠠᠷᠢᠶᠠᠯᠠᠬᠤ ᠶᠢ ᠵᠣᠭᠰᠤᠭᠠᠬᠤ᠂ ᠡᠪᠡᠰᠦ ᠠᠷᠢᠯᠭᠠᠬᠤ ᠂ ᠤᠰᠤᠯᠠᠬᠤ ᠶᠢ ᠵᠣᠭᠰᠤᠭᠠᠬᠤ᠂ ᠬᠤᠷᠣᠬᠠᠢ ᠶᠢᠨ ᠭᠠᠮᠰᠢᠭ ︵ᠨᠦᠬᠡᠯᠡᠭᠴᠢ ᠬᠤᠷᠣᠬᠠᠢ ᠠᠴᠠ ᠭᠠᠳᠠᠨ᠎ᠠ ︶ ᠢ ᠰᠡᠷᠭᠡᠶᠢᠯᠡᠨ ᠵᠠᠰᠠᠬᠤ᠂ ᠡᠪᠡᠳᠴᠢᠨ ᠤ ᠬᠥᠨᠥᠭᠡᠯ ᠢ ᠰᠡᠷᠭᠡᠶᠢᠯᠡᠨ ᠵᠠᠰᠠᠬᠤ ᠦᠭᠡᠢ ᠃ ᠲᠠᠷᠢᠶᠠᠨ ᠠᠵᠢᠯ ᠢ ᠬᠢᠬᠦ ᠳᠡᠭᠡᠨ ᠠᠳᠠᠯᠢ ᠨᠢᠭᠡ ᠳᠤᠭᠤᠶᠢᠯᠠᠩ ᠤᠨ ᠢᠯᠭᠠᠯ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠨᠢ ᠨᠢᠭᠡᠳᠦᠯᠲᠡᠢ ᠪᠠᠶᠢᠬᠤ ᠬᠡᠷᠡᠭᠲᠡᠢ᠂ ᠠᠳᠠᠯᠢ ᠨᠢᠭᠡ ᠳᠠᠪᠲᠠᠯᠲᠠ ᠶᠢ ᠠᠳᠠᠯᠢ ᠨᠢᠭᠡ ᠡᠳᠦᠷ ᠤᠨ ᠳᠣᠲᠣᠷ᠎ᠠ ᠪᠡᠶᠡᠯᠡᠭᠦᠯᠬᠦ ᠬᠡᠷᠡᠭᠲᠡᠢ ᠃      6.ᠴᠠᠭ ᠲᠤᠨᠢ ᠲᠣᠬᠢᠷᠠᠭᠤᠯᠤᠨ ᠬᠤᠷᠢᠶᠠᠬᠤ ᠄ ᠰᠢᠷ᠎ᠠ ᠪᠤᠷᠴᠠᠭ ᠤᠨ ᠤᠷᠭᠤᠮᠠᠯ ᠢ ᠪᠦᠷᠢᠨ ᠪᠣᠯᠪᠠᠰᠤᠷᠠᠬᠤ ᠬᠤᠭᠤᠴᠠᠭᠠᠨ ᠳᠤ ᠬᠦᠷᠦᠭᠰᠡᠨ ᠤ ᠲᠠᠷᠠᠭ᠎ᠠ ᠴᠠᠭ ᠲᠤᠬᠠᠢ ᠳᠤᠨᠢ ᠬᠤᠷᠢᠶᠠᠵᠤ ᠂ ᠨᠢᠭᠡ ᠪᠣᠯᠪᠠᠰᠤᠷᠠᠪᠠᠯ ᠨᠢᠭᠡ ᠶᠢ ᠬᠤᠷᠢᠶᠠᠨ᠎ᠠ ᠃ ᠲᠦᠷᠦᠯ ᠵᠦᠢᠯ ᠨᠢᠭᠡᠪᠦᠷᠢ ᠶᠢ ᠠᠰ ᠲᠤᠨᠢ ᠮᠥᠯᠢᠵᠦ ᠂ ᠠᠰ ᠲᠤᠨᠢ ᠡᠭᠡᠭᠡᠵᠦ ᠂ ᠤᠰᠤ ᠠᠭᠤᠯᠬᠤ ᠨᠤᠷᠮ᠎ᠠ ᠶᠢ ᠬᠡᠮᠵᠢᠨ ᠲᠣᠭᠲᠠᠭᠠᠵᠤ ᠂ ᠪᠠᠷᠢᠮᠵᠢᠶᠠᠲᠤ ᠤᠰᠤ ᠠᠭᠤᠯᠬᠤ ᠨᠤᠷᠮ᠎ᠠ ︵ 13.0% ︶ ᠪᠠᠷ ᠨᠤᠭᠤᠯᠤᠨ ᠪᠤᠳᠤᠬᠤ ᠦᠶ᠎ᠡ ᠶᠢᠨ ᠭᠠᠷᠤᠯᠲᠠ ᠶᠢ ᠲᠡᠮᠳᠡᠭᠯᠡᠵᠦ ᠂ ᠮᠧᠬᠠᠨᠢᠭ ᠪᠠ ᠵᠣᠷᠢᠭᠤᠳᠠ ᠶᠢᠨ ᠬᠤᠯᠢᠯᠳᠤᠬᠤ ᠶᠢ ᠰᠡᠷᠭᠡᠶᠢᠯᠡᠬᠦ ᠬᠡᠷᠡᠭᠲᠡᠢ ᠃      ︵ ᠳᠥᠷᠪᠡ ︶ ᠲᠠᠷᠢᠶᠠᠨ ᠭᠠᠵᠠᠷ ᠤᠨ ᠪᠠᠶᠢᠴᠠᠭᠠᠯᠲᠠ      1. ᠪᠠᠶᠢᠴᠠᠭᠠᠨ ᠲᠡᠮᠳᠡᠭᠯᠡᠬᠦ ᠪᠠᠷᠢᠮᠵᠢᠶ᠎ᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠷ᠎ᠠ ᠪᠤᠷᠴᠠᠭ ᠤᠨ ᠲᠥᠷᠥᠯ ᠵᠦᠢᠯ ᠢ ᠲᠤᠷᠰᠢᠨ ᠪᠠᠶᠢᠴᠠᠭᠠᠬᠤ ᠲᠥᠷᠥᠯ ᠵᠦᠢᠯ ᠵᠢᠴᠢ ᠲᠡᠮᠳᠡᠭᠯᠡᠬᠦ ᠪᠠᠷᠢᠮᠵᠢᠶ᠎ᠠ ᠶᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠷ᠎ᠠ ᠪᠤᠷᠴᠠᠭ ᠤᠨ ᠲᠥᠷᠥᠯ ᠵᠦᠢᠯ  ᠤᠨ ᠳᠤᠷᠰᠢᠯᠳᠠ ᠶᠢᠨ ᠪᠠᠶᠢᠴᠠᠭᠠᠯᠳᠠ ᠶᠢᠨ ᠲᠡᠮᠳᠡᠭᠯᠡᠯ ︾ ᠢ ᠲᠠᠭᠯᠠᠨ᠎ᠠ᠃ ᠲᠡᠮᠳᠡᠭᠯᠡᠬᠦ ᠳᠡᠭᠡᠨ ᠲᠤᠰᠬᠠᠢ ᠬᠥᠮᠥᠨ᠂ ᠴᠠᠭ ᠲᠤᠬᠠᠢ ᠳᠤᠨᠢ᠂ ᠣᠨᠣᠪᠴᠢᠲᠠᠶ᠂ ᠪᠦᠷᠢᠨ ᠪᠦᠲᠦᠨ ᠪᠠᠶᠢᠬᠤ ᠬᠡᠷᠡᠭᠲᠡᠢ᠃      2. ᠲᠤᠷᠰᠢᠯᠲᠠ ᠶᠢᠨ ᠴᠢᠬᠢ ᠶᠢᠨ ᠪᠠᠶᠢᠳᠠᠯ ᠤᠨ ᠪᠠᠶᠢᠴᠠᠭᠠᠯᠲᠠ᠄ ᠡᠯ᠎ᠡ ᠲᠤᠷᠰᠢᠯᠲᠠ ᠶᠢᠨ ᠴᠡᠭ ᠠᠴᠠ ᠴᠢᠬᠢᠯᠡᠭᠰᠡᠨ ᠤ ᠳᠠᠷᠠᠭᠠᠬᠢ 15 ᠡᠳᠦᠷ ᠤᠨ ᠳᠣᠲᠣᠷ᠎ᠠ᠂ ᠡᠯ᠎ᠡ ᠡᠭᠦᠯᠳᠡᠷ ᠤᠨ ᠪᠣᠶ ᠪᠦᠬᠦᠢ ᠵᠢᠵᠢᠭ ᠲᠣᠭᠤᠷᠢᠭ ᠤᠨ ᠲᠠᠷᠢᠶᠠᠨ ᠭᠠᠵᠠᠷ ᠤᠨ ᠴᠢᠬᠢ ᠶᠢᠨ ᠪᠠᠶᠢᠳᠠᠯ ᠢ ᠨᠢᠭᠡ ᠨᠢᠭᠡ ᠪᠠᠷ ᠰᠡᠭᠦᠳᠡᠷᠯᠡᠬᠦ ᠶᠢᠨ ᠬᠠᠮᠲᠤ ᠴᠢᠬᠢ ᠶᠢᠨ ᠨᠣᠷᠮ᠎ᠠ ᠶᠢ ᠪᠤᠳᠤᠵᠤ᠂ ᠤᠤᠯ ᠵᠢᠷᠤᠭ᠂ ᠡᠯ᠎ᠡ ᠵᠢᠵᠢᠭ ᠲᠣᠭᠤᠷᠢᠭ ᠤᠨ ᠴᠢᠬᠢ ᠶᠢᠨ ᠨᠣᠷᠮ᠎ᠠ ᠪᠠ ︽ᠲᠤᠷᠰᠢᠯᠲᠠ ᠶᠢᠨ ᠲᠠᠷᠢᠶᠠᠨ ᠭᠠᠵᠠᠷ ᠤᠨ ᠵᠢᠭᠰᠠᠭᠠᠯᠲᠠ ᠶᠢᠨ ᠵᠢᠷᠤᠭ︾ ᠢ ᠬᠠᠮᠲᠤ ᠳᠤᠨᠢ ᠡᠷᠭᠢᠯᠡᠨ ᠡᠷᠭᠢᠯᠡᠬᠦ ᠨᠢᠭᠡᠴᠢ ᠶᠢᠨ ᠰᠢᠤᠳᠠᠨ ᠤ ᠬᠠᠶᠢᠷᠴᠠᠭ zlthxg@126.com ᠳᠤ ᠢᠯᠡᠭᠡᠭᠡᠷᠡᠢ᠃      ᠳᠥᠷᠪᠡ᠂ ᠲᠤᠷᠰᠢᠯᠲᠠ ᠳᠤ ᠣᠷᠣᠯᠴᠠᠬᠤ ᠲᠥᠷᠥᠯ ᠵᠦᠢᠯ᠂ ᠡᠭᠦᠯᠳᠡᠷ ᠬᠠᠩᠭᠠᠬᠤ ᠨᠢᠭᠡᠴᠢ ᠂ ᠲᠤᠷᠰᠢᠯᠲᠠ ᠶᠢ ᠡᠭᠦᠷᠭᠡᠯᠡᠬᠦ ᠨᠢᠭᠡᠴᠢ ᠵᠢᠴᠢ ᠬᠠᠷᠢᠭᠤᠴᠠᠯᠭᠠᠲᠠᠨ᠃ ᠲᠣᠰ ᠵᠢᠯ ᠤᠨ ᠳᠤᠷᠰᠢᠯᠳᠠ ᠳᠤ ᠣᠷᠣᠯᠴᠠᠬᠤ ᠲᠥᠷᠥᠯ ᠵᠦᠢᠯ 140 ︵ᠬᠠᠷᠢᠴᠠᠭᠤᠯᠤᠯ ᠪᠠᠭᠲᠠᠬᠤ ᠦᠭᠡᠢ︶᠂ ᠳᠤᠷᠰᠢᠯᠳᠠ ᠳᠤ ᠣᠷᠣᠯᠴᠠᠬᠤ ᠨᠢᠭᠡᠴᠢ 24 ᠪᠣᠶ᠃ ︵ᠳᠠᠭᠠᠯᠳᠤᠭᠤᠯᠤᠯ ᠳᠤ ᠨᠠᠷᠢᠪᠴᠢᠯᠠᠨ ᠦᠵᠡ ︶      ᠲᠠᠪᠤ ᠂ ᠲᠤᠷᠰᠢᠯᠲᠠ ᠶᠢᠨ ᠵᠣᠬᠢᠶᠠᠨ ᠪᠠᠶᠢᠭᠤᠯᠤᠯᠲᠠ      ︵ ᠨᠢᠭᠡ ︶ ᠲᠤᠷᠰᠢᠯᠲᠠ ᠬᠢᠬᠦ ᠶᠢ ᠵᠣᠬᠢᠶᠠᠨ ᠪᠠᠶᠢᠭᠤᠯᠬᠤ ᠨᠢᠭᠡᠴᠢ      ᠨᠢᠭᠡᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠭᠠᠵᠠᠷ      ᠬᠠᠷᠢᠯᠴᠠᠬᠤ ᠬᠥᠮᠥᠨ᠄ ᠹᠦ᠋ ᠰᠢᠶᠣᠣ ᠬᠤᠸᠠ      ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠬᠥᠯᠥᠨ ᠬᠤᠶᠢᠲᠤ ᠵᠠᠮ ᠤᠨ 13 ᠳ᠋ᠤᠭᠠᠷ ᠨᠣᠮᠧᠷ      ᠰᠢᠤᠳᠠᠨ ᠳ᠋ᠤᠭᠠᠷ᠄ 010010      ᠬᠠᠷᠢᠯᠴᠠᠬᠤ ᠤᠲᠠᠰᠤ᠄ 0471-6285043E-mail:fxhfp@163.com      ︵ ᠬᠤᠶᠠᠷ ︶ ᠲᠤᠷᠰᠢᠯᠲᠠ ᠬᠢᠬᠦ ᠶᠢ ᠡᠷᠬᠢᠯᠡᠬᠦ ᠨᠢᠭᠡᠴᠢ      ᠨᠢᠭᠡᠴᠢ ᠄ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ      ᠬᠠᠷᠢᠯᠴᠠᠬᠤ ᠬᠥᠮᠥᠨ᠄ ᠬᠤ ᠰᠢᠩ ᠭᠦᠸᠧ      ᠬᠠᠶ᠋ᠢᠭ᠄ ᠬᠥᠯᠥᠨ ᠪᠤᠶᠢᠷ ᠤᠨ ᠵᠠᠯᠠᠨ ᠠᠶᠢᠯ ᠬᠤᠲᠠ ᠶᠢᠨ ᠾᠧ ᠰᠢ ᠶᠢᠨ ᠬᠡᠷᠡᠭ ᠡᠷᠬᠢᠯᠡᠬᠦ ᠭᠠᠵᠠᠷ ᠤᠨ ᠰᠢ ᠶᠤᠸᠠᠨ ᠵᠠᠮ      ᠰᠢᠤᠳᠠᠨ ᠳ᠋ᠤᠭᠠᠷ᠄ 162650      ᠬᠠᠷᠢᠯᠴᠠᠬᠤ ᠤᠲᠠᠰᠤ᠄ 13947095554E-mail:zlthxg@126.com      ᠵᠢᠷᠭᠤᠭ᠎ᠠ᠂ ᠬᠠᠮᠢᠶ᠎ᠠ ᠪᠦᠬᠦᠢ ᠪᠠᠶᠢᠴᠠᠭᠠᠨ ᠬᠡᠮᠵᠢᠯᠲᠡ      ★ ᠳᠤᠷᠰᠢᠯᠳᠠ ᠶᠢ ᠳᠠᠭᠠᠭᠠᠨ ᠠᠪᠤᠭᠰᠠᠨ ᠨᠢᠭᠡᠴᠢ ᠲᠤᠷᠰᠢᠯᠲᠠ ᠶᠢᠨ ᠦᠷ᠎ᠡ ᠶᠢ ᠬᠤᠷᠢᠶᠠᠵᠤ ᠠᠪᠤᠭᠰᠠᠨ ᠤ ᠳᠠᠷᠠᠭ᠎ᠠ᠂ ᠨᠢᠭᠡᠳᠦᠭᠡᠷ ᠵᠢᠯ ᠤᠨ ᠣᠷᠣᠨ ᠪᠦᠰᠡ ᠶᠢᠨ ᠲᠤᠷᠰᠢᠯᠲᠠ ᠪᠠ ᠬᠤᠶᠠᠳᠤᠭᠠᠷ ᠵᠢᠯ ᠤᠨ ᠣᠷᠣᠨ ᠪᠦᠰᠡ ᠶᠢᠨ ᠲᠤᠷᠰᠢᠯᠲᠠ ᠳᠤ ᠣᠷᠣᠯᠴᠠᠭᠰᠠᠨ ᠲᠥᠷᠥᠯ ᠵᠦᠢᠯ ᠢ 1.0kg ᠬᠤᠪᠢᠶᠠᠵᠤ᠂ ᠦᠢᠯᠡᠳᠪᠦᠷᠢᠯᠡᠯ ᠤᠨ ᠲᠤᠷᠰᠢᠯᠲᠠ ᠳᠤ ᠣᠷᠣᠯᠴᠠᠭᠰᠠᠨ ᠲᠥᠷᠥᠯ ᠵᠦᠢᠯ ᠢ 0.5kg ᠬᠤᠪᠢᠶᠠᠵᠤ᠂ 2024 ᠣᠨ ᠤ 4 ᠰᠠᠷ᠎ᠠ ᠶᠢᠨ 15 ᠤ ᠡᠳᠦᠷ ᠠᠴᠠ ᠡᠮᠦᠨ᠎ᠡ ᠣᠷᠣᠨ ᠪᠦᠰᠡ ᠶᠢᠨ ᠲᠤᠷᠰᠢᠯᠲᠠ ᠶᠢᠨ 4 ᠤᠰᠤ ᠰᠡᠷᠭᠡᠶᠢᠯᠡᠬᠦ ᠱᠣᠰᠢᠭ᠎ᠠ ᠲᠠᠢ ᠬᠠᠮᠲᠤ ᠳᠤᠨᠢ ᠲᠤᠷᠰᠢᠯᠲᠠ ᠡᠷᠭᠢᠯᠡᠬᠦ ᠨᠢᠭᠡᠴᠢ ᠳᠤ ᠢᠯᠡᠭᠡᠬᠦ ᠭᠡᠷᠡᠭᠳᠡᠢ ᠃      ︵ ᠨᠢᠭᠡ ︶ ᠡᠪᠡᠳᠴᠢᠨ ᠢ ᠡᠰᠡᠷᠭᠦᠴᠡᠬᠦ ᠰᠢᠯᠭᠠᠨ ᠲᠣᠭᠲᠠᠭᠠᠯᠲᠠ      ᠣᠷᠣᠨ ᠪᠦᠰᠡ ᠶᠢᠨ ᠲᠤᠷᠰᠢᠯᠲᠠ ᠳᠤ ᠣᠷᠣᠯᠴᠠᠭᠰᠠᠨ ᠲᠥᠷᠥᠯ ᠵᠦᠢᠯ ᠳᠤ ᠴᠥᠮ ᠡᠪᠡᠳᠴᠢᠨ ᠡᠰᠡᠷᠭᠦᠴᠡᠬᠦ ᠴᠢᠨᠠᠷ ᠤᠨ ᠬᠢᠨᠠᠨ ᠲᠣᠭᠲᠠᠭᠠᠯᠲᠠ ᠬᠢᠬᠦ ᠬᠡᠷᠡᠭᠲᠡᠢ᠂ ᠬᠢᠨᠠᠨ ᠲᠣᠭᠲᠠᠭᠠᠯᠲᠠ ᠶᠢᠨ ᠡᠪᠡᠳᠴᠢᠨ ᠤ ᠬᠥᠨᠥᠭᠡᠯ ᠤᠨ ᠲᠥᠷᠥᠯ ᠵᠦᠢᠯ ᠪᠣᠯ ᠰᠢᠷ᠎ᠠ ᠪᠤᠷᠴᠠᠭ ᠤᠨ ᠠᠯᠠᠭ ᠨᠠᠪᠴᠢ ᠶᠢᠨ ᠸᠢᠷᠦ᠋ᠰ ᠤᠨ ᠡᠪᠡᠳᠴᠢᠨ ᠪᠠ ᠰᠢᠷ᠎ᠠ ᠪᠤᠷᠴᠠᠭ ᠤᠨ ᠪᠣᠷᠣ ᠲᠣᠯᠪᠣᠲᠤ ᠡᠪᠡᠳᠴᠢᠨ ᠪᠣᠯᠣᠨ᠎ᠠ᠂ ᠡᠭᠦᠨ ᠢ ᠭᠢᠷᠢᠨ ᠮᠤᠵᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠢᠷ᠎ᠠ ᠪᠤᠷᠴᠠᠭ ᠰᠤᠳᠤᠯᠬᠤ ᠭᠠᠵᠠᠷ ᠲᠤ ᠨᠠᠶᠢᠳᠠᠵᠤ ᠬᠢᠨᠠᠨ ᠲᠣᠭᠲᠠᠭᠠᠯᠭᠠᠨ᠎ᠠ᠃      ︵ᠬᠤᠶᠠᠷ︶ DNA ᠶᠢᠨ ᠬᠤᠷᠤᠭᠤᠨ ᠣᠷᠣᠮ ᠢ ᠪᠠᠶᠢᠴᠠᠭᠠᠨ ᠰᠢᠯᠭᠠᠬᠤ      ᠣᠷᠣᠨ ᠪᠦᠰᠡ ᠶᠢᠨ ᠲᠤᠷᠰᠢᠯᠲᠠ ᠳᠤ ᠣᠷᠣᠯᠴᠠᠭᠰᠠᠨ ᠲᠦᠷᠦᠯ ᠵᠦᠢᠯ ᠳᠤ ᠴᠥᠮ DNA ᠶᠢᠨ ᠬᠤᠷᠤᠭᠤᠨ ᠤᠷᠤᠮ ᠤᠨ ᠰᠢᠯᠭᠠᠨ ᠪᠠᠶᠢᠴᠠᠭᠠᠯᠲᠠ ᠬᠢᠵᠦ ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠮᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠲᠤ ᠨᠠᠶᠢᠳᠠᠵᠤ ᠰᠢᠯᠭᠠᠨ ᠪᠠᠶᠢᠴᠠᠭᠠᠯᠭᠠᠬᠤ ᠬᠡᠷᠡᠭᠲᠡᠢ ᠃      ︵ ᠭᠤᠷᠪᠠ ︶ ᠭᠧᠨ ᠬᠤᠪᠢᠷᠠᠭᠤᠯᠤᠭᠰᠠᠨ ᠪᠦᠷᠢᠯᠳᠦᠭᠦᠨ ᠢ ᠪᠠᠶᠢᠴᠠᠭᠠᠨ ᠰᠢᠯᠭᠠᠬᠤ      ᠣᠷᠣᠨ ᠪᠦᠰᠡ ᠶᠢᠨ ᠲᠤᠷᠰᠢᠯᠲᠠ ᠳᠤ ᠣᠷᠣᠯᠴᠠᠭᠰᠠᠨ ᠡᠭᠦᠯᠳᠡᠷ ᠲᠤ ᠴᠥᠮ ᠭᠧᠨ ᠬᠤᠪᠢᠷᠠᠭᠤᠯᠤᠭᠰᠠᠨ ᠪᠦᠷᠢᠯᠳᠦᠭᠦᠨ ᠤ ᠰᠢᠯᠭᠠᠨ ᠪᠠᠶᠢᠴᠠᠭᠠᠯᠲᠠ ᠬᠢᠵᠦ ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠮᠤ ᠪᠤᠳᠠᠭᠠᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠲᠥᠪ ︵ ᠬᠠᠷᠪᠢᠨ ︶ ᠳᠤ ᠨᠠᠶᠢᠳᠠᠵᠤ ᠰᠢᠯᠭᠠᠨ ᠪᠠᠶᠢᠴᠠᠭᠠᠯᠭᠠᠬᠤ ᠬᠡᠷᠡᠭᠲᠡᠢ ᠃      ︵ ᠳᠥᠷᠪᠡ ︶ ᠶᠠᠰᠤ ᠴᠢᠨᠠᠷ ᠤᠨ ᠵᠠᠳᠠᠯᠤᠯᠲᠠ ᠪᠠ ᠬᠢᠨᠠᠨ ᠲᠣᠭᠲᠠᠭᠠᠯᠲᠠ      ᠣᠷᠣᠨ ᠪᠦᠰᠡ ᠶᠢᠨ ᠲᠤᠷᠰᠢᠯᠲᠠ ᠳᠤ ᠣᠷᠣᠯᠴᠠᠭᠰᠠᠨ ᠮᠥᠬᠦᠯᠢᠭ ᠬᠡᠯᠪᠡᠷᠢ ᠶᠢᠨ ᠲᠥᠷᠥᠯ ᠵᠦᠢᠯ ᠳᠤ ᠴᠥᠮ ᠶᠠᠰᠤ ᠴᠢᠨᠠᠷ ᠤᠨ ᠵᠠᠳᠠᠯᠤᠯᠲᠠ ᠬᠢᠵᠦ᠂ ᠦᠢᠯᠡᠳᠪᠦᠷᠢᠯᠡᠯ ᠤᠨ ᠲᠤᠷᠰᠢᠯᠲᠠ ᠶᠢᠨ ᠲᠥᠷᠥᠯ ᠵᠦᠢᠯ ᠳᠤ ᠣᠨᠴᠣᠭᠤᠢ ᠱᠠᠭᠠᠷᠳᠠᠯᠭ᠎ᠠ ᠦᠭᠡᠢ ᠪᠣᠯ ᠳᠠᠭᠢᠵᠤ ᠵᠠᠳᠠᠯᠤᠯᠲᠠ ᠬᠢᠬᠦ ᠦᠭᠡᠢ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠵᠢᠴᠢ ᠡᠳ᠋ᠰᠢᠭᠦᠯᠦᠭᠰᠡᠨ ᠪᠦᠲᠦᠭᠡᠭᠳᠡᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠲᠥᠪ ︵ᠴᠠᠩᠴᠦ᠋ᠨ︶ ᠳᠤ ᠨᠠᠶᠢᠳᠠᠵᠤ ᠶᠠᠰᠤ ᠴᠢᠨᠠᠷ ᠤᠨ ᠵᠠᠳᠠᠯᠤᠯᠲᠠ ᠬᠢᠯᠭᠡᠨ᠎ᠡ᠃ ᠲᠤᠷᠰᠢᠯᠲᠠ ᠶᠢᠨ ᠳᠤᠭᠤᠶᠢᠯᠠᠩ ᠨᠢᠭᠡᠪᠦᠷᠢ  ᠨᠢ 3 ᠲᠤᠷᠰᠢᠯᠲᠠ ᠶᠢᠨ ᠴᠡᠭ ᠤᠨ ᠥᠯᠢᠭᠡᠷ ᠡᠳ᠋ ᠬᠠᠩᠭᠠᠬᠤ ᠶᠢ ᠵᠢᠭᠠᠨ ᠲᠣᠭᠲᠠᠭᠠᠵᠤ᠂ ᠥᠯᠢᠭᠡᠷ ᠡᠳ᠋ ᠬᠠᠩᠭᠠᠬᠤ‌‍ᠲ᠋ᠣᠷᠰᠢᠯᠲᠠ ᠶᠢᠨ ᠴᠡᠭ ᠢ ᠲᠤᠷᠰᠢᠯᠲᠠ ᠶᠢᠨ ᠤᠨᠠᠯᠲᠠ ᠶᠢ ᠪᠤᠳᠤᠵᠤ ᠳᠠᠭᠤᠰᠤᠭᠰᠠᠨ ᠤ ᠳᠠᠷᠠᠭᠠᠬᠢ 10 ᠡᠳᠦᠷ ᠤᠨ ᠳᠣᠲᠣᠷ᠎ᠠ ᠱᠠᠭᠠᠷᠳᠠᠯᠭ᠎ᠠ ᠳᠤ ᠨᠡᠶᠢᠴᠡᠭᠰᠡᠨ ᠦᠷ᠎ᠡ ᠶᠢ ᠰᠣᠩᠭᠤᠨ ᠡᠷᠭᠢᠯᠡᠨ ᠬᠢᠬᠦ ᠨᠢᠭᠡᠴᠢ ᠳᠤ ᠢᠯᠡᠭᠡᠵᠦ᠂ ᠡᠷᠭᠢᠯᠡᠨ ᠬᠢᠬᠦ ᠨᠢᠭᠡᠴᠢ ᠠᠴᠠ ᠪᠠᠶᠢᠴᠠᠭᠠᠨ ᠰᠢᠯᠭᠠᠬᠤ ᠨᠢᠭᠡᠴᠢ ᠳᠤ ᠢᠯᠡᠭᠡᠵᠦ᠂ ᠡᠭᠦᠯᠳᠡᠷ ᠨᠢᠭᠡᠪᠦᠷᠢ ᠶᠢᠨ ᠬᠠᠩᠭᠠᠬᠤ ᠪᠠᠷᠢᠮᠵᠢᠶᠠᠲᠤ ᠦᠷ᠎ᠡ ᠶᠢᠨ ᠲᠤᠭ᠎ᠠ ᠬᠡᠮᠵᠢᠶ᠎ᠡ ᠶᠢ 500 ᠭᠷᠡᠮ ᠠᠴᠠ ᠳᠤᠲᠠᠭᠤ ᠪᠠᠶᠢᠯᠭᠠᠵᠤ ᠪᠣᠯᠬᠤ ᠦᠭᠡᠢ᠃      ᠳᠣᠯᠤᠭ᠎ᠠ᠂ ᠲᠤᠷᠰᠢᠯᠲᠠ ᠶᠢᠨ ᠳ᠋ᠦᠩᠨᠡᠯᠲᠡ      ︵ ᠨᠢᠭᠡ ︶ ᠲᠤᠷᠰᠢᠯᠲᠠ ᠶᠢᠨ ᠪᠠᠶᠢᠴᠠᠭᠠᠯᠲᠠ ᠶᠢᠨ ᠲᠡᠮᠳᠡᠭᠯᠡᠯ ᠢ ᠲᠤᠰᠢᠶᠠᠬᠤ ᠦᠶ᠎ᠡ ᠳᠤ ᠲᠦᠷᠦᠯ ᠵᠦᠢᠯ ᠤᠨ ᠳᠠᠷᠠᠭᠠᠯᠠᠯ ᠢ ᠡᠷᠬᠡᠪᠰᠢ ᠲᠥᠰᠥᠯ ᠤᠨ ᠲᠡᠰ ᠳᠠᠷᠠᠭᠠᠯᠠᠯ ᠢᠶᠠᠷ ᠲᠠᠭᠯᠠᠨ ᠪᠢᠴᠢᠬᠦ ᠬᠡᠷᠡᠭᠲᠡᠢ ᠃      ︵ᠬᠤᠶᠠᠷ︶ ᠡᠯ᠎ᠡ ᠲᠤᠷᠰᠢᠯᠲᠠ ᠶᠢ ᠳᠠᠭᠠᠭᠠᠨ ᠬᠢᠬᠦ ᠨᠢᠭᠡᠴᠢ ᠡᠷᠬᠡᠪᠰᠢ 2024 ᠣᠨ ᠤ 11 ᠰᠠᠷ᠎ᠠ ᠶᠢᠨ 10 ᠤ ᠡᠳᠦᠷ ᠠᠴᠠ ᠡᠮᠦᠨ᠎ᠡ ᠲᠤᠷᠰᠢᠯᠲᠠ ᠶᠢᠨ ᠪᠠᠶᠢᠴᠠᠭᠠᠯᠲᠠ ᠶᠢᠨ ᠲᠡᠮᠳᠡᠭᠯᠡᠯ ᠤᠨ ᠳᠡᠪᠲᠡᠷ ᠤᠨ ᠡᠯᠧᠺᠲᠷᠣᠨ ᠬᠡᠪᠯᠡᠯ ︵5 - 9 ᠰᠠᠷ᠎ᠠ ᠶᠢᠨ ᠴᠠᠭ ᠠᠭᠤᠷ ᠤᠨ ᠮᠠᠲ᠋ᠧᠷᠢᠶᠠᠯ ᠢ ᠳᠠᠭᠠᠯᠳᠤᠭᠤᠯᠪᠠ︶ ᠢ ᠲᠤᠷᠰᠢᠯᠲᠠ ᠶᠢ ᠵᠣᠬᠢᠶᠠᠨ ᠪᠠᠶᠢᠭᠤᠯᠬᠤ ᠨᠢᠭᠡᠴᠢ ᠪᠠ ᠡᠷᠭᠢᠯᠡᠨ ᠬᠢᠬᠦ ᠨᠢᠭᠡᠴᠢ ᠶᠢᠨ ᠰᠢᠤᠳᠠᠨ ᠤ ᠬᠠᠶᠢᠷᠴᠠᠭ ᠲᠤ ᠶᠠᠪᠤᠭᠤᠯᠵᠤ᠂ 2024 ᠣᠨ ᠤ 11 ᠰᠠᠷ᠎ᠠ ᠶᠢᠨ 30 ᠤ ᠡᠳᠦᠷ ᠠᠴᠠ ᠡᠮᠦᠨ᠎ᠡ ᠲᠠᠮᠠᠭ᠎ᠠ ᠳᠠᠷᠤᠵᠤ ᠭᠠᠷ ᠤᠨ ᠥᠰᠥᠭ ᠵᠢᠷᠤᠭᠰᠠᠨ ᠴᠠᠭᠠᠰᠤᠨ ᠬᠡᠪᠯᠡᠯ ᠤᠨ ᠲᠤᠷᠰᠢᠯᠲᠠ ᠶᠢᠨ ᠪᠠᠶᠢᠴᠠᠭᠠᠯᠲᠠ ᠶᠢᠨ ᠲᠡᠮᠳᠡᠭᠯᠡᠯ ᠤᠨ ᠳᠡᠪᠲᠡᠷ ᠢᠶᠠᠨ ᠲᠤᠷᠰᠢᠯᠲᠠ ᠶᠢ ᠵᠣᠬᠢᠶᠠᠨ ᠪᠠᠶᠢᠭᠤᠯᠬᠤ ᠨᠢᠭᠡᠴᠢ ᠪᠠ ᠡᠷᠭᠢᠯᠡᠨ ᠬᠢᠬᠦ ᠨᠢᠭᠡᠴᠢ ︵ᠡᠷᠬᠡᠪᠰᠢ EMS ᠪᠤᠶᠤ ᠱᠦᠨ ᠹᠧᠩ ᠰᠢᠤᠳᠠᠨ ᠢᠶᠠᠷ ᠢᠯᠡᠭᠡᠬᠦ ᠬᠡᠷᠡᠭᠲᠡᠢ︶ ᠳᠤ ᠲᠣᠰ ᠲᠣᠰ ᠢᠯᠡᠭᠡᠬᠦ ᠬᠡᠷᠡᠭᠲᠡᠢ᠃      ︵ ᠭᠤᠷᠪᠠ ︶ ᠬᠡᠷᠪᠡ ᠰᠠᠨᠠᠭᠠᠨ ᠳᠤ ᠦᠭᠡᠢ ᠡ᠊ᠨᠳᠡᠯ ᠪᠤᠶᠤ ᠣᠨᠴᠠ ᠶᠡᠭᠡ ᠪᠠᠶᠢᠭᠠᠯᠢ ᠶᠢᠨ ᠭᠠᠮᠰᠢᠭ ᠲᠤ ᠲᠣᠬᠢᠶᠠᠯᠳᠤᠵᠤ ᠂ ᠶᠠᠮᠠᠷ ᠨᠢᠭᠡᠨ ᠲᠤᠷᠰᠢᠯᠲᠠ ᠶᠢᠨ ᠴᠡᠭ ᠤᠨ ᠲᠤᠷᠰᠢᠯᠲᠠ ᠶᠢ ᠨᠢᠭᠡᠨᠲᠡ ᠳ᠋ᠦᠩᠨᠡᠬᠦ ᠦᠨ᠎ᠡ ᠦᠷᠳᠡᠭ ᠦᠭᠡᠢ ᠪᠣᠯᠭᠠᠭᠰᠠᠨ ᠪᠠᠶᠢᠪᠠᠯ᠂ ᠲᠤᠷᠰᠢᠯᠲᠠ ᠶᠢ ᠡᠭᠦᠷᠭᠡᠯᠡᠭᠰᠡᠨ ᠨᠢᠭᠡᠴᠢ ᠨᠢ ᠭᠠᠮᠰᠢᠭ ᠡᠭᠦᠰᠦᠭᠰᠡᠨ ᠤ ᠲᠠᠷᠠᠭ᠎ᠠ 3 ᠡᠳᠦᠷ ᠤᠨ ᠳᠣᠲᠣᠷ᠎ᠠ ᠴᠠᠬᠢᠯᠭᠠᠨ ᠮᠡᠳᠡᠭᠡ ᠪᠠᠷ ᠮᠡᠳᠡᠭᠳᠡᠵᠦ ᠂ 15 ᠡᠳᠦᠷ ᠤᠨ ᠳᠣᠲᠣᠷ᠎ᠠ ᠲᠤᠷᠰᠢᠯᠲᠠ ᠶᠢ ᠵᠣᠬᠢᠶᠠᠨ ᠪᠠᠶᠢᠭᠤᠯᠬᠤ ᠨᠢᠭᠡᠴᠢ ᠪᠠ ᠡᠷᠬᠢᠯᠡᠬᠦ ᠨᠢᠭᠡᠴᠢ ᠳᠤ ᠵᠠᠬᠢᠳᠠᠯ ᠢᠶᠠᠷ ᠮᠡᠳᠡᠭᠳᠡᠬᠦ ᠬᠡᠷᠡᠭᠲᠡᠢ ᠃      ︵ᠳᠥᠷᠪᠡ︶ ᠲᠤᠷᠰᠢᠯᠲᠠ ᠬᠢᠵᠦ ᠳᠠᠭᠤᠰᠤᠭᠰᠠᠨ ᠤ ᠳᠠᠷᠠᠭ᠎ᠠ᠂ ᠡᠷᠭᠢᠯᠡᠨ ᠬᠢᠭᠰᠡᠨ ᠨᠢᠭᠡᠴᠢ ᠠᠴᠠ ᠲᠤᠷᠰᠢᠯᠲᠠ ᠶᠢᠨ ᠦᠷ᠎ᠡ ᠳ᠋ᠦᠩ ᠢ ᠴᠠᠭ ᠲᠤᠬᠠᠢ ᠳᠤᠨᠢ ᠬᠤᠷᠢᠶᠠᠩᠭᠤᠶᠢᠯᠠᠵᠤ᠂ ᠲᠤᠷᠰᠢᠯᠲᠠ ᠶᠢᠨ ᠦᠷ᠎ᠡ ᠳ᠋ᠦᠩ ᠢ ᠦᠨᠳᠦᠰᠦᠯᠡᠨ ᠲᠤᠷᠰᠢᠯᠲᠠ ᠶᠢᠨ ᠦᠷ᠎ᠡ ᠳ᠋ᠦᠩ ᠢ ᠳᠤᠷᠠᠳᠤᠨ ᠭᠠᠷᠭᠠᠨ᠎ᠠ᠃      ᠨᠠᠢᠮᠠ DUS ᠰᠢᠯᠭᠠᠯᠲᠠ      ︽ᠭᠤᠣᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠠᠷᠭ᠎ᠠ︾ ︵ᠲᠠᠷᠢᠶᠠᠯᠠᠩ ᠤᠨ ᠶᠠᠮᠤᠨ ᠤ ᠵᠠᠷᠯᠢᠭ 2016 ᠣᠨ ᠤ 4 ᠳ᠋ᠦᠭᠡᠷ ᠲᠣᠭᠠᠲᠤ︶ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ DUS ᠲᠤᠷᠰᠢᠯᠲᠠ ᠪᠣᠯ ᠲᠦᠷᠦᠯ ᠵᠦᠢᠯ ᠤᠨ ᠲᠤᠷᠰᠢᠯᠲᠠ ᠶᠢᠨ ᠨᠢᠭᠡ ᠬᠡᠰᠡᠭ ᠠᠭᠤᠯᠭ᠎ᠠ ᠪᠣᠯᠣᠨ᠎ᠠ᠃ ᠡᠯ᠎ᠡ ᠲᠥᠷᠥᠯ ᠵᠦᠢᠯ ᠤᠨ ᠰᠢᠯᠭᠠᠯᠲᠠ ᠳᠤ ᠣᠷᠣᠯᠴᠠᠬᠤ ᠨᠢᠭᠡᠴᠢ ᠠᠴᠠ DUS ᠰᠢᠯᠭᠠᠯᠲᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ︽ᠲᠠᠷᠢᠶᠠᠯᠠᠩ ᠤᠨ ᠠᠯᠪᠠᠨ ᠲᠢᠩᠬᠢᠮ ᠤᠨ ᠭᠤᠣᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠶᠢᠨ ᠣᠨᠴᠣᠭᠤᠢ ᠴᠢᠨᠠᠷ ᠨᠢᠭᠡᠳᠦᠯᠲᠦ ᠴᠢᠨᠠᠷ ᠲᠣᠭᠲᠠᠪᠤᠷᠢᠲᠤ ᠴᠢᠨᠠᠷ ᠤᠨ ᠰᠣᠷᠢᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠲᠠᠷᠢᠶᠠᠯᠠᠩ ᠡᠷᠭᠢᠯᠡᠭᠰᠡᠨ ᠡᠭᠦᠯᠳᠡᠷ ﹇2017﹈ 4 ᠳ᠋ᠦ᠋ᠭᠡᠷ ᠲᠣᠭᠠᠲᠤ︶ ᠪᠠ ︽ᠮᠠᠨ ᠤ ᠣᠷᠣᠨ ᠤ ᠭᠤᠣᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠶᠢᠨ ᠣᠨᠴᠣᠭᠤᠢ ᠴᠢᠨᠠᠷ ᠨᠢᠭᠡᠳᠦᠯᠲᠦ ᠴᠢᠨᠠᠷ ᠲᠣᠭᠲᠠᠪᠤᠷᠢᠲᠤ ᠴᠢᠨᠠᠷ ᠤᠨ ᠰᠣᠷᠢᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾︵ᠥᠪᠥᠷ ᠲᠠᠷᠢᠶᠠᠯᠠᠩ ᠤᠨ ᠡᠭᠦᠯᠳᠡᠷ ᠤᠨ ᠥᠷᠲᠡᠭᠡ ᠶᠢᠨ ᠪᠦᠲᠦᠭᠡᠭᠳᠡᠬᠦᠨ ᠬᠠᠮᠢᠶᠠᠷᠤᠯᠲᠠ ᠲᠠᠷᠬᠠᠭᠠᠭᠰᠠᠨ﹇2017﹈ 8 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ DUS ᠰᠣᠷᠢᠯᠲᠠ ᠶᠢᠨ ᠠᠵᠢᠯ ᠢ ᠢᠳᠡᠪᠬᠢᠲᠡᠢ ᠥᠷᠨᠢᠭᠦᠯᠦᠨ᠎ᠡ᠃ ᠡᠭᠦᠯᠳᠡᠷ ᠢ ᠬᠢᠨᠠᠨ ᠲᠣᠭᠲᠠᠭᠠᠯᠭᠠᠬᠤ ᠪᠠᠷ ᠭᠤᠶᠤᠴᠢᠯᠠᠬᠤ ᠳᠠᠭᠠᠨ ᠡᠷᠬᠡᠪᠰᠢ 2 ᠥᠰᠦᠯᠲᠡ ᠶᠢᠨ ᠦᠶᠡᠯᠡᠯ ᠤᠨ ᠬᠤᠭᠤᠴᠠᠭᠠᠨ ᠤ DUS ᠰᠢᠯᠭᠠᠯᠲᠠ ᠶᠢᠨ ᠮᠡᠳᠡᠭᠦᠯᠦᠯᠲᠡ ᠶᠢ ᠬᠠᠩᠭᠠᠬᠤ ᠬᠡᠷᠡᠭᠲᠡᠢ ᠃ ᠭᠤᠶᠤᠴᠢᠯᠠᠭᠴᠢ   ᠠᠴᠠ ᠲᠥᠷᠥᠯ ᠵᠦᠢᠯ ᠤᠨ ᠠᠩᠬᠠᠨ ᠤ ᠵᠢᠯ ᠤᠨ ᠲᠤᠷᠰᠢᠯᠲᠠ ᠶᠢᠨ ᠱᠠᠲᠤᠨ ᠳᠤ ︽ᠨᠠᠶᠢᠳᠠᠯᠭ᠎ᠠ ᠶᠢᠨ DUS ᠰᠢᠯᠭᠠᠯᠲᠠ ᠶᠢᠨ ᠰᠦᠯᠵᠢᠶᠡᠨ ᠳᠡᠭᠡᠷᠡᠬᠢ ᠭᠤᠶᠤᠴᠢᠯᠠᠯ ᠤᠨ ᠰᠢᠰᠲ᠋ᠧᠮ︾ ᠢᠶᠠᠷ ᠳᠠᠮᠵᠢᠭᠤᠯᠤᠨ DUS ᠰᠢᠯᠭᠠᠯᠲᠠ ᠶᠢ ᠥᠷᠨᠢᠭᠦᠯᠬᠦ ᠶᠢ ᠰᠠᠨᠠᠭᠤᠯᠵᠤ ᠪᠠᠶᠢᠨ᠎ᠠ᠃ ᠰᠦᠯᠵᠢᠶᠡᠨ ᠤ ᠬᠠᠶ᠋ᠢᠭ ᠨᠢ http://202.127.42.202/testsys/system/login       ᠶᠢᠰᠦ᠂ ᠲᠠᠷᠢᠶᠠᠨ ᠭᠠᠵᠠᠷ ᠤᠨ ᠡᠭᠦᠯᠳᠡᠷ ᠢ ᠰᠢᠭᠰᠢᠭᠳᠡᠭᠦᠯᠬᠦ ᠪᠠᠷᠢᠮᠵᠢᠶ᠎ᠠ      ︵ ᠨᠢᠭᠡ ︶ ᠴᠡᠴᠡᠭ ᠤᠨ ᠨᠠᠪᠴᠢ ᠶᠢᠨ ᠸᠢᠷᠦ᠋ᠰ ᠤᠨ ᠡᠪᠡᠳᠴᠢᠨ ᠤ ᠲᠠᠷᠢᠶᠠᠨ ᠳᠠᠬᠢ ᠠᠶᠠᠨᠳᠠᠭᠠᠨ ᠡᠭᠦᠰᠬᠦ ᠡᠪᠡᠳᠴᠢᠨ ᠤ ᠳᠡᠰ﹈ 2 ᠳᠡᠰ ︔ ᠦᠨᠳᠦᠰᠦ ᠢᠯᠵᠢᠷᠡᠬᠦ ᠡᠪᠡᠳᠴᠢᠨ ᠲᠠᠢ ᠲᠠᠷᠢᠶᠠᠨ ᠭᠠᠵᠠᠷ ᠤᠨ ᠡᠪᠡᠳᠴᠢᠨ ᠢᠶᠠᠷ ᠦᠬᠦᠬᠦ ᠨᠤᠷᠮ᠎ᠠ ᠶᠢ 5% ᠠᠴᠠ ᠳᠡᠭᠡᠭᠰᠢ ᠪᠠᠶᠢᠯᠭᠠᠨ᠎ᠠ ᠃      ︵ᠬᠤᠶᠠᠷ︶ ᠲᠠᠷᠢᠶᠠᠨ ᠭᠠᠵᠠᠷ ᠤᠨ ᠣᠨᠳᠣᠣᠰᠢᠭᠰᠠᠨ ᠪᠤᠶᠤ ᠬᠤᠯᠢᠮᠠᠭ ᠤᠷᠭᠤᠮᠠᠯ ᠤᠨ ᠰᠠᠭᠤᠷᠢ1.0% ᠠᠴᠠ ᠬᠡᠲᠦᠷᠡᠵᠡᠢ᠃      ︵ᠭᠤᠷᠪᠠ︶ 50%  ᠠᠴᠠ ᠳᠡᠭᠡᠭᠰᠢᠬᠢ ᠲᠤᠷᠰᠢᠯᠲᠠ ᠶᠢᠨ ᠴᠡᠭ > 3 ᠲᠠᠰ ᠤᠨ ᠨᠠᠯᠠᠨ ᠤᠨᠠᠨ᠎ᠠ᠃      ︵ᠳᠥᠷᠪᠡ︶ ᠡᠭᠦᠯᠳᠡᠷ ᠨᠢ ᠪᠣᠯᠪᠠᠰᠤᠷᠠᠭᠰᠠᠨ ᠤ ᠳᠠᠷᠠᠭ᠎ᠠ 5 ᠡᠳᠦᠷ ᠤᠨ ᠳᠣᠲᠣᠷ᠎ᠠ ᠬᠤᠩᠭᠤᠷᠴᠤᠭ ᠢ ᠨᠢ ᠲᠣᠰᠣᠨ ᠳᠤ ᠪᠤᠴᠠᠯᠭᠠᠨ᠎ᠠ᠃      ᠠᠷᠪᠠ ᠂ ᠲᠤᠷᠰᠢᠯᠲᠠ ᠶᠢᠨ ᠬᠢᠨᠠᠯᠲᠠ ᠪᠠ ᠬᠠᠮᠢᠶᠠᠷᠤᠯᠲᠠ      ︵ ᠨᠢᠭᠡ ︶ ᠲᠤᠷᠰᠢᠯᠲᠠ ᠶᠢ ᠡᠭᠦᠷᠭᠡᠯᠡᠬᠦ ᠨᠢᠭᠡᠴᠢ ᠨᠢ ᠲᠤᠷᠰᠢᠯᠲᠠ ᠶᠢᠨ ᠶᠠᠪᠤᠴᠠ ᠪᠠ ᠲᠤᠷᠰᠢᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ᠂ ᠪᠤᠰᠤᠳᠴᠢ ᠴᠢᠨᠠᠷ ᠢ ᠠᠮᠠᠯᠠᠬᠤ ᠶᠢᠨ ᠬᠠᠮᠲᠤ ᠵᠣᠬᠢᠴᠠᠩᠭᠤᠢ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ ᠃      ︵ᠬᠤᠶᠠᠷ︶ ᠲᠤᠷᠰᠢᠯᠲᠠ ᠳᠤ ᠣᠷᠣᠯᠴᠠᠬᠤ ᠨᠢᠭᠡᠴᠢ ᠶᠢᠨ ︽ᠴᠡᠭ ᠲᠤ ᠭᠦᠶᠦᠬᠦ︾ ᠦᠶᠯᠡ ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠲᠤᠬᠠᠢ ᠶᠢᠨ ᠵᠢᠯ ᠤᠨ ᠲᠤᠷᠰᠢᠯᠲᠠ ᠶᠢᠨ ᠦᠷ᠎ᠡ ᠳ᠋ᠦᠩ ᠵᠢᠴᠢ ᠬᠤᠶᠢᠰᠢᠳᠠ ᠥᠪᠥᠷ ᠮᠣᠩᠭᠤᠯ ᠤᠨ ᠰᠢᠷ᠎ᠠ ᠪᠤᠷᠴᠠᠭ ᠤᠨ ᠲᠥᠷᠥᠯ ᠵᠦᠢᠯ ᠤᠨ ᠲᠤᠷᠰᠢᠯᠲᠠ ᠳᠤ ᠣᠷᠣᠯᠴᠠᠬᠤ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ᠃      ︵ᠭᠤᠷᠪᠠ︶ ᠲᠤᠷᠰᠢᠯᠲᠠ ᠶᠢᠨ ᠬᠤᠭᠤᠴᠠᠭᠠᠨ ᠳᠤ᠂ ᠲᠤᠷᠰᠢᠯᠲᠠ ᠶᠢ ᠵᠣᠬᠢᠶᠠᠨ ᠪᠠᠶᠢᠭᠤᠯᠬᠤ ᠨᠢᠭᠡᠴᠢ ᠠᠴᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠲᠠᠷᠢᠶᠠᠨ ᠭᠠᠵᠠᠷ ᠤᠨ ᠪᠠᠶᠢᠴᠠᠭᠠᠯᠲᠠ ᠬᠢᠯᠭᠡᠨ᠎ᠡ᠂ ᠡᠭᠦᠨ ᠳᠤ ᠴᠢᠬᠢ ᠶᠢᠨ ᠬᠤᠭᠤᠴᠠᠭᠠᠨ ᠤ ᠪᠠᠶᠢᠴᠠᠭᠠᠯᠲᠠ ᠪᠠ ᠨᠠᠮᠤᠷ ᠤᠨ ᠤᠯᠠᠷᠢᠯ ᠤᠨ ᠪᠠᠶᠢᠴᠠᠭᠠᠯᠲᠠ ᠪᠠᠷ ᠭᠤᠣᠯᠳᠠᠯᠭ᠎ᠠ ᠪᠣᠯᠭᠠᠨ᠎ᠠ᠃      ︵ ᠳᠥᠷᠪᠡ︶ ᠲᠤᠷᠰᠢᠯᠲᠠ ᠬᠢᠬᠦ ᠶᠢ ᠡᠭᠦᠷᠭᠡᠯᠡᠬᠦ ᠨᠢᠭᠡᠴᠢ ᠲᠤᠷᠰᠢᠯᠲᠠ ᠳᠤ ᠣᠷᠣᠯᠴᠠᠬᠤ ᠡᠭᠦᠯᠳᠡᠷ ᠤᠨ ᠦᠷ᠎ᠡ ᠶᠢ ᠳᠤᠷ᠎ᠠ ᠪᠠᠷ ᠢᠶᠠᠨ ᠲᠠᠷᠬᠠᠭᠠᠵᠤ ᠪᠣᠯᠬᠤ ᠦᠭᠡᠢ ᠃ ᠲᠣᠭᠲᠠᠭᠠᠯ ᠢ ᠵᠥᠷᠢᠴᠡᠭᠰᠡᠳ ᠤᠨ ᠲᠤᠷᠰᠢᠯᠲᠠ ᠬᠢᠬᠦ ᠬᠢᠷᠢ ᠬᠡᠮ ᠢ ᠨᠢ ᠬᠠᠰᠤᠬᠤ ᠶᠢᠨ ᠬᠠᠮᠲᠤ ᠵᠣᠬᠢᠴᠠᠩᠭᠤᠢ ᠬᠠᠷᠢᠭᠤᠴᠠᠯᠭ᠎ᠠ ᠡᠭᠦᠷᠭᠡᠯᠡᠨ᠎ᠡ ᠃      ︵ᠲᠠᠪᠤ︶ ᠲᠤᠷᠰᠢᠯᠲᠠ ᠬᠢᠬᠦ ᠠᠵᠢᠯᠲᠠᠨ ᠬᠡᠷᠪᠡ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠬᠦ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ ᠦᠶᠯᠡ ᠠᠵᠢᠯᠯᠠᠭ᠎ᠠ ᠲᠠᠢ ᠪᠠᠶᠢᠪᠠᠯ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠬᠦ ᠶᠢ ᠰᠠᠨᠠᠭᠤᠯᠵᠤ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ︵ᠵᠢᠷᠭᠤᠭ᠎ᠠ︶ ᠲᠤᠷᠰᠢᠯᠲᠠ ᠳᠤ ᠣᠷᠣᠯᠴᠠᠭᠰᠠᠨ ᠲᠥᠷᠥᠯ ᠵᠦᠢᠯ ᠤᠨ ᠲᠣᠷᠰᠢᠯᠲᠠ ᠶᠢᠨ ᠴᠡᠭ ᠤᠨ ᠭᠠᠷᠤᠯᠲᠠ ᠨᠡᠮᠡᠭᠳᠡᠭᠰᠡᠨ ᠪᠠ ᠬᠠᠰᠤᠭᠳᠠᠭᠰᠠᠨ ᠬᠡᠮᠵᠢᠶ᠎ᠡ ᠨᠢ 20% ᠳᠤ ᠬᠦᠷᠦᠭᠰᠡᠨ ᠦᠶ᠎ᠡ ᠳᠤ᠂ᠲᠣᠷᠰᠢᠯᠲᠠ ᠶᠢᠨ ᠴᠡᠭ ᠤᠨ ᠬᠠᠷᠢᠭᠤᠴᠠᠯᠭᠠᠲᠠᠨ ᠡᠷᠬᠡᠪᠰᠢ ᠲᠤᠷᠰᠢᠯᠲᠠ ᠶᠢ ᠵᠣᠬᠢᠶᠠᠨ ᠪᠠᠶᠢᠭᠤᠯᠬᠤ ᠨᠢᠭᠡᠴᠢ ᠳᠤ ᠭᠠᠷᠤᠯᠲᠠ ᠨᠡᠮᠡᠭᠳᠡᠭᠰᠡᠨ ᠪᠠ ᠬᠠᠰᠤᠭᠳᠠᠭᠰᠠᠨ ᠰᠢᠯᠲᠠᠭᠠᠨ ᠢᠶᠠᠨ ᠪᠢᠴᠢᠭ ᠢᠶᠠᠷ ᠮᠡᠳᠡᠭᠦᠯᠵᠦ᠂ ᠴᠠᠭ ᠠᠭᠤᠷ ᠤᠨ ᠰᠢᠯᠲᠠᠭᠠᠨ ᠳᠤ ᠬᠤᠯᠪᠣᠭᠳᠠᠪᠠᠯ᠂ ᠡᠷᠬᠡᠪᠰᠢ ᠲᠤᠬᠠᠢ ᠶᠢᠨ ᠭᠠᠵᠠᠷ ᠤᠨ ᠴᠠᠭ ᠠᠭᠤᠷ ᠤᠨ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠴᠠᠭ ᠠᠭᠤᠷ ᠤᠨ ᠲᠤᠭ᠎ᠠ ᠪᠠᠷᠢᠮᠲᠠ ᠶᠢ ᠬᠠᠩᠭᠠᠬᠤ ᠬᠡᠷᠡᠭᠲᠡᠢ᠃ ᠤᠴᠢᠷ ᠰᠢᠯᠲᠠᠭᠠᠨ ᠢ ᠨᠢ ᠲᠣᠳᠣᠷᠬᠠᠶᠢᠯᠠᠵᠤ ᠳᠡᠶᠢᠯᠬᠦ ᠦᠭᠡᠢ ᠪᠠᠶᠢᠪᠠᠯ ᠂ ᠲᠤᠰ ᠴᠡᠭ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠬᠤ ᠦᠭᠡᠢ ᠃       ︵ ᠲᠤᠯᠤᠭ᠎ᠠ ︶ ᠲᠤᠷᠰᠢᠯᠲᠠ ᠬᠢᠬᠦ ᠶᠢ ᠡᠭᠦᠷᠭᠡᠯᠡᠭᠰᠡᠨ ᠨᠢᠭᠡᠴᠢ ᠳᠤ ᠬᠤᠶᠠᠷ ᠵᠢᠯ ᠳᠠᠷᠠᠭᠠᠯᠠᠨ ᠲᠤᠷᠰᠢᠯᠲᠠ ᠶᠢ ᠬᠡᠷᠡᠭᠯᠡᠭᠡᠨ ᠠᠴᠠ ᠭᠠᠷᠭᠠᠭᠰᠠᠨ ᠰᠢᠢᠳᠪᠦᠷᠢᠯᠡᠯᠲᠡ ᠭᠠᠷᠤᠭᠰᠠᠨ ᠪᠠᠶᠢᠪᠠᠯ᠂ ᠲᠤᠰ ᠨᠢᠭᠡᠴᠢ ᠶᠢᠨ ᠲᠤᠷᠰᠢᠯᠲᠠ ᠬᠢᠬᠦ ᠬᠢᠷᠢ ᠬᠡᠮ ᠢ ᠨᠢ ᠬᠠᠰᠤᠨ᠎ᠠ ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠷ᠎ᠠ ᠪᠤᠷᠴᠠᠭ ᠤᠨ ᠲᠥᠷᠥᠯ ᠵᠦᠢᠯ ᠤᠨ ᠲᠤᠷᠰᠢᠯᠲᠠ ᠳᠤ ᠬᠢᠨᠠᠯᠲᠠ ᠲᠠᠯᠪᠢᠬᠤ ᠤᠲᠠᠰᠤ᠄ 0471 ︱ 6285043᠃      ᠠᠷᠪᠠᠨ ᠨᠢᠭᠡ᠂ ᠲᠤᠷᠰᠢᠯᠲᠠ ᠶᠢᠨ ᠲᠠᠩᠰᠠ ᠡᠪᠬᠡᠮᠡᠯ ᠤᠨ ᠬᠠᠮᠢᠶᠠᠷᠤᠯᠲᠠ      ᠲᠤᠷᠰᠢᠯᠲᠠ ᠶᠢᠨ ᠲᠠᠩᠰᠠ ᠡᠪᠬᠡᠮᠡᠯ ᠪᠠᠶᠢᠭᠤᠯᠵᠤ᠂ ᠠᠩᠬᠠᠨ ᠤ ᠲᠤᠭ᠎ᠠ ᠪᠠᠷᠢᠮᠲᠠ ᠶᠢᠨ ᠲᠠᠩᠰᠠ ᠡᠪᠬᠡᠮᠡᠯ ᠢ 3 ᠵᠢᠯ ᠠᠴᠠ ᠳᠡᠭᠡᠭᠰᠢ ᠬᠠᠳᠠᠭᠠᠯᠠᠬᠤ ᠬᠡᠷᠡᠭᠲᠡᠢ᠃      ᠠᠷᠪᠠᠨ ᠬᠤᠶᠠᠷ᠂ ᠲᠤᠷᠰᠢᠯᠲᠠ ᠶᠢᠨ ᠪᠦᠲᠦᠭᠡᠭᠳᠡᠬᠦᠨ ᠢ ᠰᠢᠢᠳᠪᠦᠷᠢᠯᠡᠬᠦ      ᠬᠤᠷᠢᠶᠠᠭᠰᠠᠨ ᠲᠤᠷᠰᠢᠯᠲᠠ ᠶᠢᠨ ᠦᠢᠯᠡᠳᠬᠦᠨ ᠢᠶᠠᠨ ᠳᠠᠷᠢᠬᠤ ᠤᠯᠠᠷᠢᠯ ᠬᠦᠷᠲᠡᠯ᠎ᠡ ᠦᠯᠡᠳᠡᠭᠡᠵᠦ ᠬᠠᠳᠠᠭᠠᠯᠠᠬᠤ ᠬᠡᠷᠡᠭᠲᠡᠢ᠃      ᠠᠷᠪᠠᠨ ᠭᠤᠷᠪᠠ᠂ ᠲᠤᠷᠰᠢᠯᠲᠠ ᠳᠤ ᠣᠷᠣᠯᠴᠠᠭᠰᠠᠨ ᠨᠢᠭᠡᠴᠢ ᠲᠤᠷᠰᠢᠯᠲᠠ ᠶᠢᠨ ᠦᠷ᠎ᠡ ᠳ᠋ᠦᠩ ᠢ ᠪᠠᠶᠢᠴᠠᠭᠠᠨ ᠯᠠᠪᠯᠠᠨ᠎ᠠ      ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠰᠦᠯᠵᠢᠶᠡᠨ ᠤ ᠬᠠᠶ᠋ᠢᠭ᠄      http://nmt.nmg.gov.cn       ᠳᠠᠭᠠᠯᠳᠤᠭᠤᠯᠤᠯ ᠄       1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠷ᠎ᠠ ᠪᠤᠷᠴᠠᠭ ᠤᠨ ᠬᠡᠲᠦ ᠡᠷᠲᠡ ᠪᠣᠯᠪᠠᠰᠤᠷᠠᠬᠤ ᠳᠤᠭᠤᠶᠢᠯᠠᠩ ᠤᠨ ᠡᠭᠦᠯᠳᠡᠷ ᠤᠨ ᠲᠤᠷᠰᠢᠯᠲᠠ      2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠷ᠎ᠠ ᠪᠤᠷᠴᠠᠭ ᠤᠨ ᠲᠤᠶᠢᠯ ᠤᠨ ᠡᠷᠲᠡ ᠪᠣᠯᠪᠠᠰᠤᠷᠠᠬᠤ ᠳᠤᠭᠤᠶᠢᠯᠠᠩ ᠤᠨ ᠡᠭᠦᠯᠳᠡᠷ ᠤᠨ ᠲᠤᠷᠰᠢᠯᠲᠠ      3. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠷ᠎ᠠ ᠪᠤᠷᠴᠠᠭ ᠤᠨ ᠡᠷᠲᠡ ᠪᠣᠯᠪᠠᠰᠤᠷᠠᠬᠤ ᠳᠤᠭᠤᠶᠢᠯᠠᠩ ᠤᠨ ᠡᠭᠦᠯᠳᠡᠷ ᠤᠨ ᠲᠤᠷᠰᠢᠯᠲᠠ       4. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠷ᠎ᠠ ᠪᠤᠷᠴᠠᠭ ᠤᠨ ᠳᠤᠮᠳᠠ ᠡᠷᠲᠡ ᠪᠣᠯᠪᠠᠰᠤᠷᠠᠬᠤ ᠳᠤᠭᠤᠶᠢᠯᠠᠩ ᠤᠨ ᠡᠭᠦᠯᠳᠡᠷ ᠤᠨ ᠲᠤᠷᠰᠢᠯᠲᠠ      5. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠷ᠎ᠠ ᠪᠤᠷᠴᠠᠭ ᠤᠨ ᠳᠤᠮᠳᠠ ᠪᠣᠯᠪᠠᠰᠤᠷᠠᠬᠤ ᠳᠤᠭᠤᠶᠢᠯᠠᠩ ᠤᠨ ᠡᠭᠦᠯᠳᠡᠷ ᠤᠨ ᠲᠤᠷᠰᠢᠯᠲᠠ                                   ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ                                  ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ                                          2024 ᠣᠨ ᠤ 2 ᠰᠠᠷ᠎ᠠ ᠶᠢᠨ 21 ᠤ ᠡᠳᠦᠷ      
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号