ᠪᠥᠬᠦ ᠣᠷᠣᠨ ᠤ ᠲᠠᠷᠢᠶᠠᠨ ᠡᠮ ᠤᠨ ᠡᠵᠡᠩᠨᠡᠯᠲᠡ ᠶᠢᠨ ᠵᠥᠪᠰᠢᠶᠡᠷᠡᠯ ᠢ ᠦᠷᠭᠦᠯᠵᠢᠯᠡᠭᠦᠯᠬᠦ ᠠᠵᠢᠯ ᠢ ᠵᠢᠭᠰᠠᠭᠠᠨ ᠪᠠᠶᠢᠴᠠᠭᠠᠬᠤ ᠪᠠ ᠤᠯᠠᠮ ᠨᠢᠭᠡ ᠠᠯᠬᠤᠮ ᠵᠢᠷᠤᠮᠵᠢᠭᠤᠯᠤᠨ ᠬᠠᠮᠢᠶᠠᠷᠬᠤ ᠶᠢ ᠥᠷᠨᠢᠭᠦᠯᠬᠦ ᠲᠤᠬᠠᠢ ᠪᠠᠴᠢᠮ ᠮᠡᠳᠡᠭᠳᠡᠯ
ᠨᠡᠶᠢᠲᠡᠯᠡᠭᠰᠡᠨ ᠴᠠᠭ᠄
2024/2/4
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ᠄      ᠣᠶᠢᠷ᠎ᠠ ᠳᠤ᠂ ᠣᠨᠴᠠ ᠵᠠᠷᠢᠮ ᠭᠠᠵᠠᠷ ᠣᠷᠣᠨ ᠤ ᠬᠢᠨ ᠱᠠᠭᠠᠷᠳᠠᠯᠭ᠎ᠠ ᠶᠣᠰᠣᠭᠠᠷ ᠲᠠᠷᠢᠶᠠᠨ ᠡᠮ ᠡᠵᠡᠩᠨᠡᠬᠦ ᠵᠥᠪᠰᠢᠶᠡᠷᠡᠯ ᠢᠶᠠᠨ ᠦᠷᠭᠦᠯᠵᠢᠯᠡᠭᠦᠯᠬᠦ ᠭᠠᠷ ᠭᠦᠢᠴᠡᠳᠬᠡᠯ ᠬᠢᠭᠰᠡᠨ ᠦᠭᠡᠢ ᠪᠠᠶᠢᠳᠠᠯ ᠢ ᠣᠯᠵᠤ ᠮᠡᠳᠡᠭᠡᠳ᠂ ︽ᠲᠠᠷᠢᠶᠠᠨ ᠡᠮ ᠤᠨ ᠬᠠᠮᠢᠶᠠᠷᠤᠯᠲᠠ ᠶᠢᠨ ᠳᠦᠷᠢᠮ︾ ᠵᠢᠴᠢ ᠢᠵᠢ ᠪᠦᠷᠢᠳᠦᠭᠰᠡᠨ ᠳᠦᠷᠢᠮ ᠲᠣᠭᠲᠠᠭᠠᠯ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠲᠠᠷᠢᠶᠠᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠦᠷᠭᠦᠯᠵᠢᠯᠡᠭᠦᠯᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠲᠠᠷᠢᠶᠠᠨ ᠡᠮ ᠡᠵᠡᠩᠨᠡᠬᠦ ᠵᠥᠪᠰᠢᠶᠡᠷᠡᠯ ᠢ ᠬᠢᠨᠠᠨ ᠪᠠᠶᠢᠴᠠᠭᠠᠬᠤ ᠠᠵᠢᠯ ᠢ ᠵᠢᠷᠤᠮᠵᠢᠭᠤᠯᠤᠨ ᠥᠷᠨᠢᠭᠦᠯᠬᠦ ᠶᠢ ᠦᠨᠡᠨᠬᠦ ᠪᠠᠲᠤᠯᠠᠬᠤ ᠶᠢᠨ ᠲᠤᠰᠠᠳᠠ ᠂ ᠡᠳᠦᠭᠡ ᠲᠠᠷᠢᠶᠠᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠦᠷᠭᠦᠯᠵᠢᠯᠡᠭᠦᠯᠬᠦ ᠶᠢ ᠵᠢᠭᠰᠠᠭᠠᠨ ᠪᠠᠶᠢᠴᠠᠭᠠᠬᠤ ᠪᠠ ᠬᠠᠮᠢᠶᠠᠷᠬᠤ ᠲᠠᠯ᠎ᠠ ᠪᠠᠷ ᠳᠣᠣᠷᠠᠬᠢ ᠮᠡᠲᠦ ᠱᠠᠭᠠᠷᠳᠠᠯᠭ᠎ᠠ ᠳᠤᠷᠠᠳᠪᠠ᠂ ᠡᠯ᠎ᠡ ᠠᠶᠢᠮᠠᠭ ᠬᠤᠲᠠ ᠨᠤᠭᠤᠳ ᠴᠢᠩᠭ᠎ᠠ ᠵᠢᠷᠤᠮᠯᠠᠨ ᠬᠡᠷᠡᠭᠵᠢᠭᠦᠯᠦᠭᠡᠷᠡᠢ ᠃      ᠨᠢᠭᠡ ᠂ ᠲᠠᠷᠢᠶᠠᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠭᠤᠶᠤᠴᠢᠯᠠᠨ ᠠᠪᠬᠤ ᠨᠥᠬᠦᠴᠡᠯᠡᠯ᠎ᠡ ᠭᠠᠵᠠᠷ ᠤᠨ ᠬᠢᠨ ︽ ᠲᠠᠷᠢᠶᠠᠨ ᠡᠮ ᠤᠨ ᠬᠠᠮᠢᠶᠠᠷᠤᠯᠲᠠ ᠶᠢᠨ ᠳᠦᠷᠢᠮ ︾ ᠪᠠ ︽ ᠲᠠᠷᠢᠶᠠᠨ ᠡᠮ ᠤᠨ ᠡᠵᠡᠩᠨᠡᠯᠲᠡ ᠶᠢᠨ ᠵᠥᠪᠰᠢᠶᠡᠷᠡᠯ ᠤᠨ ᠬᠠᠮᠢᠶᠠᠷᠤᠯᠲᠠ ᠶᠢᠨ ᠠᠷᠭ᠎ᠠ ︾ ᠵᠡᠷᠭᠡ ᠲᠣᠭᠲᠠᠭᠠᠯ ᠢ ᠴᠢᠩᠭ᠎ᠠ ᠬᠡᠷᠡᠭᠵᠢᠭᠦᠯᠵᠦ ᠂ ᠲᠠᠷᠢᠶᠠᠨ ᠡᠮ ᠤᠨ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ ᠂ ᠲᠠᠷᠢᠶᠠᠨ ᠡᠮ ᠤᠨ ᠡᠵᠡᠩᠨᠡᠭᠴᠢ ᠳᠣᠣᠷᠠᠬᠢ ᠨᠥᠬᠦᠴᠡᠯ ᠤᠳ ᠢ ᠬᠠᠩᠭᠠᠬᠤ ᠬᠡᠷᠡᠭᠲᠡᠢ ᠄      ︵ ᠨᠢᠭᠡ ︶ ᠲᠠᠷᠢᠶᠠᠯᠠᠩ ᠤᠨ ᠤᠬᠠᠭᠠᠨ ᠂ ᠤᠷᠭᠤᠮᠠᠯ ᠤᠨ ᠬᠠᠮᠠᠭᠠᠯᠠᠯᠲᠠ ᠂ ᠲᠠᠷᠢᠶᠠᠨ ᠡᠮ ᠵᠡᠷᠭᠡ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠪᠤᠶᠤ ᠲᠤᠰᠬᠠᠢ ᠮᠡᠷᠭᠡᠵᠢᠯ ᠤᠨ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠲᠠᠪᠢᠨ ᠵᠢᠷᠭᠤᠭᠠᠨ ᠰᠤᠷᠤᠯᠭ᠎ᠠ ᠶᠢᠨ ᠴᠠᠭ ᠠᠴᠠ ᠳᠡᠭᠡᠭᠰᠢ ᠰᠤᠷᠤᠯᠴᠠᠭᠰᠠᠨ ᠥᠩᠭᠡᠷᠡᠯᠲᠡ ᠲᠠᠢ ᠂ ᠲᠠᠷᠢᠶᠠᠨ ᠡᠮ ᠤᠨ ᠬᠠᠮᠢᠶᠠᠷᠤᠯᠲᠠ ᠶᠢᠨ ᠲᠣᠭᠲᠠᠭᠠᠯ ᠢ ᠰᠠᠶᠢᠨ ᠮᠡᠳᠡᠳᠡᠭ ᠂ ᠲᠠᠷᠢᠶᠠᠨ ᠡᠮ ᠪᠠ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠲᠤᠰᠬᠠᠢ ᠮᠡᠷᠭᠡᠵᠢᠯ ᠤᠨ ᠮᠡᠳᠡᠯᠭᠡ ᠶᠢ ᠡᠵᠡᠮᠰᠢᠭᠰᠡᠨ ᠂ ᠲᠠᠷᠢᠶᠠᠨ ᠡᠮ ᠢ ᠠᠶᠤᠯᠭᠦᠢ ᠪᠥᠭᠡᠳ ᠵᠦᠢ ᠵᠣᠬᠢᠰᠲᠠᠢ ᠪᠠᠷ ᠬᠡᠷᠡᠭᠯᠡᠬᠦ ᠶᠢ ᠵᠢᠯᠤᠭᠤᠳᠴᠤ ᠴᠢᠳᠠᠳᠠᠭ ᠡᠵᠡᠩᠨᠡᠯᠲᠡ ᠶᠢᠨ ᠬᠥᠮᠥᠰ ᠃      ︵ ᠬᠤᠶᠠᠷ ︶ ᠭᠤᠴᠢᠨ ᠲᠡᠭᠰᠢ ᠳᠥᠷᠪᠡᠯᠵᠢᠨ ᠮᠧᠲᠷ ᠠᠴᠠ ᠲᠡᠭᠡᠭᠰᠢ ᠡᠵᠡᠩᠨᠡᠯᠲᠡ ᠶᠢᠨ ᠲᠠᠯᠠᠪᠤᠷ ᠭᠠᠵᠠᠷ ᠂ ᠲᠡᠪᠢᠠ ᠲᠡᠭᠰᠢ ᠳᠥᠷᠪᠡᠯᠵᠢᠨ ᠮᠧᠲᠷ ᠠᠴᠠ ᠳᠣᠷᠣᠭᠰᠢ ᠤᠶᠢᠭᠡᠢ ᠬᠥᠮᠥᠷᠭᠡᠯᠡᠨ ᠬᠠᠳᠠᠭᠠᠯᠠᠬᠤ ᠲᠠᠯᠠᠪᠤᠷ ᠭᠠᠵᠠᠷ ᠲᠠᠢ ᠪᠠᠶᠢᠬᠤ ᠶᠢᠨ ᠬᠠᠮᠲᠤ ᠪᠤᠰᠤᠳ ᠲᠠᠸᠠᠷ ᠂ ᠠᠮᠢᠳᠤᠷᠠᠯ ᠤᠨ ᠣᠷᠣᠨ ᠲᠣᠭᠤᠷᠢᠭ ᠂ ᠤᠤᠭᠤᠬᠤ ᠤᠰᠦᠠ ᠤ ᠡᠬᠢ ᠰᠤᠷᠪᠤᠯᠵᠢ ᠠᠴᠠ ᠪᠦᠲᠦᠮᠵᠢᠲᠡᠶ ᠪᠠᠷ ᠲᠤᠰᠠᠭᠠᠷᠯᠠᠭᠰᠠᠨ ︔ ᠪᠤᠰᠤᠳ ᠲᠠᠷᠢᠶᠠᠯᠠᠩ ᠳᠤ ᠣᠷᠣᠭᠤᠯᠬᠤ ᠡᠳ᠋ ᠢ ᠬᠠᠪᠰᠤᠷᠭᠠᠨ ᠡᠵᠡᠩᠨᠡᠬᠦ ᠳᠤ ᠬᠦᠷᠪᠡᠯ ᠂ ᠬᠠᠷᠢᠴᠠᠩᠭᠤᠢ ᠪᠠᠷ ᠪᠡᠶ᠎ᠡ ᠪᠠᠨ ᠳᠠᠭᠠᠭᠠᠭᠰᠠᠨ ᠲᠠᠷᠢᠶᠠᠨ ᠡᠮ ᠡᠵᠡᠩᠨᠡᠬᠦ ᠣᠷᠣᠨ ᠪᠦᠰᠡ ᠲᠠᠢ ᠪᠠᠶᠢᠬᠤ ᠬᠡᠷᠡᠭᠲᠡᠢ ᠃      ︵ ᠭᠤᠷᠪᠠ ︶ ᠡᠵᠡᠩᠨᠡᠯᠲᠡ ᠶᠢᠨ ᠲᠠᠯᠠᠪᠤᠷ ᠭᠠᠵᠠᠷ ᠪᠠ ᠬᠥᠮᠥᠷᠭᠡᠯᠡᠨ ᠬᠠᠳᠠᠭᠠᠯᠠᠬᠤ ᠲᠠᠯᠠᠪᠤᠷ ᠭᠠᠵᠠᠷ ᠲᠤ ᠰᠠᠯᠬᠢ ᠨᠡᠪᠲᠡᠷᠡᠭᠦᠯᠬᠦ ᠂ ᠭᠠᠯ ᠤᠨᠲᠠᠷᠠᠭᠠᠬᠤ᠂ ᠬᠤᠣᠷᠳᠠᠭᠳᠠᠬᠤ ᠶᠢ ᠰᠡᠷᠭᠡᠶᠢᠯᠡᠬᠦ ᠵᠡᠷᠭᠡ ᠲᠥᠬᠦᠭᠡᠷᠦᠮᠵᠢ ᠲᠣᠬᠢᠷᠠᠭᠤᠯᠵᠤ᠂ ᠡᠵᠡᠩᠨᠡᠵᠦ ᠪᠠᠶᠢᠭ᠎ᠠ ᠲᠠᠷᠢᠶᠠᠨ ᠡᠮ ᠤᠨ ᠲᠦᠷᠦᠯ ᠵᠦᠢᠯ ᠂ ᠲᠦᠷᠦᠯ ᠢᠯᠭᠠᠯ ᠲᠠᠢ ᠪᠠᠨ ᠵᠣᠬᠢᠴᠠᠭᠰᠠᠨ ᠪᠠᠷᠠᠭᠠᠨ ᠤ ᠲᠠᠯᠪᠢᠭᠤᠷ ᠂ ᠯᠠᠩᠭᠦᠢ ᠵᠡᠷᠭᠡ ᠶᠢᠨ ᠲᠡᠯᠭᠡᠬᠦ᠂ ᠦᠵᠡᠭᠦᠯᠬᠦ ᠲᠥᠬᠦᠭᠡᠷᠦᠮᠵᠢ  ᠲᠠᠢ ᠪᠠᠶᠢᠬᠤ ᠬᠡᠷᠡᠭᠲᠡᠢ ᠃      ︵ ᠳᠥᠷᠪᠡ ︶ ᠮᠥᠷᠳᠡᠵᠦ ᠪᠣᠯᠬᠤ ᠡᠯᠧᠺᠲᠷᠣᠨ ᠮᠡᠳᠡᠭᠡ ᠵᠠᠩᠭᠢ ᠶᠢᠨ ᠺᠣᠳ᠋ ᠢ ᠰᠢᠷᠪᠢᠵᠦ ᠢᠯᠭᠠᠨ ᠲᠠᠨᠢᠬᠤ ᠲᠥᠬᠦᠭᠡᠷᠦᠮᠵᠢ ᠪᠠ ᠲᠠᠷᠢᠶᠠᠨ ᠡᠮ ᠬᠤᠳᠠᠯᠳᠤᠨ ᠣᠷᠣᠭᠤᠯᠬᠤ ᠂ ᠬᠠᠳᠠᠭᠠᠯᠠᠬᠤ ᠂ ᠪᠣᠷᠣᠯᠠᠭᠤᠯᠬᠤ ᠵᠡᠷᠭᠡ ᠡᠯᠧᠺᠲᠷᠣᠨ ᠡᠬᠡ ᠳᠠᠩᠰᠠ ᠶᠢ ᠲᠡᠮᠳᠡᠭᠯᠡᠬᠦ ᠳᠤ ᠬᠡᠷᠡᠭᠯᠡᠬᠦ ᠺᠣᠮᠫᠢᠦ᠋ᠲ᠋ᠧᠷ ᠤᠨ ᠬᠠᠮᠢᠶᠠᠷᠤᠯᠲᠠ ᠶᠢᠨ ᠰᠢᠰᠲ᠋ᠧᠮ ᠲᠠᠢ ᠪᠠᠶᠢᠬᠤ ᠬᠡᠷᠡᠭᠳᠡᠢ ᠃      ︵ᠲᠠᠪᠤ︶ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠡᠬᠡ ᠲᠠᠩᠰᠠ ᠶᠢᠨ ᠲᠡᠮᠳᠡᠭᠯᠡᠯ ᠬᠢᠬᠦ᠂ ᠠᠮᠤᠷ ᠲᠦᠪᠰᠢᠨ ᠤ ᠬᠠᠮᠢᠶᠠᠷᠤᠯᠲᠠ᠂ ᠠᠮᠤᠷ ᠲᠦᠪᠰᠢᠨ ᠤ ᠰᠡᠷᠭᠡᠶᠢᠯᠡᠯᠲᠡ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠬᠥᠮᠥᠷᠭᠡᠯᠡᠨ ᠬᠠᠳᠠᠭᠠᠯᠠᠬᠤ ᠬᠠᠮᠢᠶᠠᠷᠤᠯᠲᠠ᠂ ᠲᠠᠷᠢᠶᠠᠨ ᠡᠮ ᠤᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠪᠠ ᠰᠢᠢᠳᠪᠦᠷᠢᠯᠡᠬᠦ᠂ ᠬᠡᠷᠡᠭᠯᠡᠬᠦ ᠶᠢ ᠵᠢᠯᠤᠭᠤᠳᠬᠤ ᠵᠡᠷᠭᠡ ᠬᠠᠮᠢᠶᠠᠷᠤᠯᠲᠠ ᠶᠢᠨ ᠳᠦᠷᠢᠮ ᠪᠠ ᠠᠵᠢᠯ ᠤᠨ ᠪᠠᠶᠢᠷᠢ ᠶᠢᠨ ᠠᠵᠢᠯᠯᠠᠬᠤ ᠳᠦᠷᠢᠮ ᠲᠠᠢ ᠪᠠᠶᠢᠬᠤ ᠬᠡᠷᠡᠭᠲᠡᠢ᠃ᠡᠭᠦᠨ ᠠᠴᠠ ᠭᠠᠳᠠᠨ᠎ᠠ ᠪᠠᠰᠠ ᠲᠠᠷᠢᠶᠠᠯᠠᠩ ᠬᠥᠳᠡᠭᠡ ᠲᠣᠰᠬᠤᠨ ᠤ ᠶᠠᠮᠤᠨ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠪᠤᠰᠤᠳ ᠰᠢᠨ᠎ᠡ ᠱᠠᠭᠠᠷᠳᠠᠯᠭ᠎ᠠ ᠪᠠ ᠨᠥᠬᠦᠴᠡᠯ ᠢ ᠬᠠᠩᠭᠠᠬᠤ ᠬᠡᠷᠡᠭᠲᠡᠢ ᠂ ᠲᠠᠷᠢᠶᠠᠨ ᠡᠮ ᠬᠡᠷᠡᠭᠯᠡᠬᠦ ᠶᠢ ᠬᠢᠵᠠᠭᠠᠷᠯᠠᠬᠤ ᠶᠢ ᠡᠵᠡᠩᠨᠡᠬᠦ ᠳᠤ ᠪᠠᠰᠠ ᠳᠣᠣᠷ᠎ᠠ ᠵᠢᠭᠰᠠᠭᠠᠭᠰᠠᠨ ᠨᠥᠬᠦᠴᠡᠯ ᠢ ᠪᠦᠷᠢᠯᠳᠦᠭᠦᠯᠬᠦ ᠬᠡᠷᠡᠭᠲᠡᠢ ᠂ ᠨᠢᠭᠡ ᠳᠤ ᠲᠠᠷᠢᠶᠠᠨ ᠡᠮ ᠬᠡᠷᠡᠭᠯᠡᠬᠦ ᠶᠢ ᠬᠢᠵᠠᠭᠠᠷᠯᠠᠬᠤ ᠳᠤ ᠬᠤᠯᠪᠣᠭᠳᠠᠬᠤ ᠲᠤᠰᠬᠠᠢ ᠮᠡᠷᠭᠡᠵᠢᠯ ᠤᠨ ᠮᠡᠳᠡᠯᠭᠡ ᠪᠠ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠲᠤᠰᠬᠠᠢ ᠮᠡᠷᠭᠡᠵᠢᠯ ᠤᠨ ᠠᠵᠢᠯᠲᠠᠨ ᠢ ᠰᠠᠶᠢᠨ ᠮᠡᠳᠡᠳᠡᠭ ᠪᠥᠭᠡᠳ ᠬᠤᠶᠠᠷ ᠵᠢᠯ ᠠᠴᠠ ᠳᠡᠭᠡᠭᠰᠢ ᠲᠠᠷᠢᠶᠠᠯᠠᠩ ᠤᠨ ᠤᠬᠠᠭᠠᠨ ᠂ ᠤᠷᠭᠤᠮᠠᠯ ᠤᠨ ᠬᠠᠮᠠᠭᠠᠯᠠᠯᠲᠠ ᠂ ᠲᠠᠷᠢᠶᠠᠨ ᠡᠮ ᠳᠤ ᠬᠤᠯᠪᠣᠭᠳᠠᠬᠤ ᠠᠵᠢᠯ ᠢ ᠬᠢᠭᠰᠡᠨ ᠥᠩᠭᠡᠷᠡᠯᠲᠡ ᠲᠠᠢ ᠪᠠᠶᠢᠬᠤ ᠬᠡᠷᠡᠭᠲᠡᠢ ᠃ ᠬᠤᠶᠠᠷ ᠲᠤ ᠢᠯᠡᠷᠬᠡᠢ ᠲᠡᠮᠳᠡᠭ ᠲᠠᠢ ᠪᠣᠷᠤᠯᠠᠭᠤᠯᠭ᠎ᠠ ᠶᠢᠨ ᠲᠤᠰᠬᠠᠢ ᠯᠠᠩᠭᠦᠢ ᠂ ᠬᠥᠮᠥᠷᠭᠡᠯᠡᠨ ᠬᠠᠳᠠᠭᠠᠯᠠᠬᠤ ᠲᠠᠯᠠᠪᠤᠷ ᠭᠠᠵᠠᠷ ᠵᠢᠴᠢ ᠲᠡᠭᠦᠨ ᠤ ᠢᠵᠢ ᠪᠦᠷᠢᠳᠦᠭᠰᠡᠨ ᠠᠶᠤᠯᠭᠦᠢ ᠶᠢᠨ ᠪᠠᠲᠤᠯᠠᠭ᠎ᠠ ᠶᠢᠨ ᠲᠥᠬᠦᠭᠡᠷᠦᠮᠵᠢ ᠂ ᠲᠤᠨᠤᠭ ᠲᠥᠬᠦᠭᠡᠷᠦᠮᠵᠢ ᠪᠠᠶᠢᠬᠤ ᠬᠡᠷᠡᠭᠳᠡᠢ ᠃ ᠭᠤᠷᠪᠠ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠨ ᠡᠮ ᠬᠡᠷᠡᠭᠯᠡᠬᠦ ᠶᠢ ᠬᠢᠵᠠᠭᠠᠷᠯᠠᠭᠰᠠᠨ ᠴᠢᠭ᠋ ᠲᠣᠭᠲᠠᠭᠠᠨ ᠡᠵᠡᠩᠨᠡᠬᠦ ᠪᠠᠶᠢᠷᠢᠰᠢᠭᠤᠯᠤᠯᠲᠠ ᠳᠤ ᠨᠡᠶᠢᠴᠡᠭᠰᠡᠨ ᠪᠠᠶᠢᠬᠤ ᠬᠡᠷᠡᠭᠲᠡᠢ᠃      ᠡᠯ᠎ᠡ ᠭᠠᠵᠠᠷ ᠤᠨ ᠬᠢᠨ ᠭᠤᠶᠤᠴᠢᠯᠠᠨ ᠠᠪᠬᠤ ᠨᠥᠬᠦᠴᠡᠯ ᠢᠶᠠᠨ ᠳᠤᠷ᠎ᠠ ᠪᠠᠷ ᠢᠶᠠᠨ ᠨᠡᠮᠡᠵᠦ ᠬᠠᠰᠤᠵᠤ ᠪᠣᠯᠬᠤ ᠦᠭᠡᠢ᠂ ᠺᠣᠮᠫᠢᠦ᠋ᠲ᠋ᠧᠷ ᠤᠨ ᠬᠠᠮᠢᠶᠠᠷᠤᠯᠲᠠ ᠶᠢᠨ ᠰᠢᠰᠲ᠋ᠧᠮ ᠵᠡᠷᠭᠡ ᠬᠠᠮᠢᠶ᠎ᠠ ᠪᠦᠬᠦᠢ ᠦᠢᠯᠡᠳᠬᠦᠨ᠂ ᠲᠥᠬᠦᠭᠡᠷᠦᠮᠵᠢ᠂ ᠪᠡᠯᠡᠳᠬᠡᠮᠵᠢ ᠶᠢ ᠶᠠᠮᠠᠷᠪᠠ ᠬᠡᠯᠪᠡᠷᠢ ᠪᠠᠷ ᠲᠠᠨᠢᠯᠴᠠᠭᠤᠯᠵᠤ ᠪᠣᠯᠬᠤ ᠦᠭᠡᠢ᠃      ᠬᠤᠶᠠᠷ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ      ᠲᠣᠰ ᠡᠳᠦᠷ ᠠᠴᠠ ᠡᠬᠢᠯᠡᠨ ᠡᠯ᠎ᠡ ᠭᠠᠵᠠᠷ ᠤᠨ ᠬᠢᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠲᠠᠢ ᠬᠠᠷᠢᠴᠠᠭᠤᠯᠵᠤ᠂ ᠲᠠᠷᠢᠶᠠᠨ ᠡᠮ ᠡᠵᠡᠩᠨᠡᠬᠦ ᠵᠥᠪᠰᠢᠶᠡᠷᠡᠯ ᠤᠨ ᠠᠵᠢᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠡᠵᠡᠩᠨᠡᠯᠲᠡ ᠶᠢᠨ ᠡᠷᠦᠬᠡ ᠶᠢᠨ ᠡᠵᠡᠩᠨᠡᠯᠲᠡ ᠶᠢᠨ ᠵᠥᠪᠰᠢᠶᠡᠷᠡᠯ ᠢ ᠬᠡᠪ ᠤᠨ ᠶᠣᠰᠣᠭᠠᠷ ᠭᠦᠢᠴᠡᠳᠬᠡᠬᠦ ᠶᠢ ᠨᠥᠯᠥᠭᠡᠯᠡᠵᠦ ᠪᠠᠶᠢᠭ᠎ᠠ ᠡᠯ᠎ᠡ ᠲᠥᠷᠥᠯ ᠤᠨ ᠪᠠᠶᠢᠳᠠᠯ ᠢ ᠡᠮᠬᠢᠯᠡᠨ ᠳᠢᠭᠯᠡᠵᠦ᠂ ᠨᠢᠭᠡᠨᠲᠡ ᠭᠦᠢᠴᠡᠳᠬᠡᠵᠦ ᠳᠠᠭᠤᠰᠬᠠᠭᠰᠠᠨ ᠪᠠ ᠶᠠᠭ ᠭᠦᠢᠴᠡᠳᠬᠡᠵᠦ ᠪᠠᠶᠢᠭ᠎ᠠ ᠵᠥᠪᠰᠢᠶᠡᠷᠡᠯ ᠤᠨ ᠦᠨᠡᠮᠯᠡᠯ ᠢ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠬᠤ ᠬᠡᠷᠡᠭᠲᠡᠢ᠃ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠬᠤ ᠳᠤ ᠪᠠᠷᠢᠮᠵᠢᠶ᠎ᠠ ᠶᠣᠰᠣᠭᠠᠷ ᠦᠷᠭᠦᠯᠵᠢᠯᠡᠭᠦᠯᠬᠦ ᠠᠵᠢᠯ ᠢ ᠥᠷᠨᠢᠭᠦᠯᠦᠭᠰᠡᠨ ᠦᠭᠡᠢ᠂ ᠡᠭᠦᠨ ᠳᠤ ᠭᠤᠶᠤᠴᠢᠯᠠᠨ ᠠᠪᠬᠤ ᠱᠠᠭᠠᠷᠳᠠᠯᠭ᠎ᠠ ᠶᠣᠰᠣᠭᠠᠷ ᠭᠦᠢᠴᠡᠳᠬᠡᠬᠦ ᠨᠥᠬᠦᠴᠡᠯ ᠢ ᠳᠤᠷ᠎ᠠ ᠪᠠᠷ ᠢᠶᠠᠨ ᠨᠡᠮᠡᠵᠦ ᠬᠠᠰᠤᠭᠰᠠᠨ ᠦᠭᠡᠢ᠂ ᠬᠢᠨᠠᠨ ᠪᠠᠶᠢᠴᠠᠭᠠᠵᠤ ᠭᠦᠢᠴᠡᠳᠬᠡᠬᠦ ᠠᠯᠬᠤᠮ ᠲᠠᠷᠠᠭ᠎ᠠ  ᠨᠢ ᠲᠣᠭᠲᠠᠭᠠᠯ ᠳᠤ ᠨᠡᠶᠢᠴᠡᠬᠦ ᠦᠭᠡᠢ ᠵᠡᠷᠭᠡ ᠪᠠᠶᠢᠳᠠᠯ ᠪᠠᠭᠲᠠᠨ᠎ᠠ︔ ᠴᠠᠭ ᠤᠨ ᠬᠢᠵᠠᠭᠠᠷ ᠶᠣᠰᠣᠭᠠᠷ ᠦᠷᠭᠦᠯᠵᠢᠯᠡᠭᠦᠯᠬᠦ ᠠᠵᠢᠯ ᠢ ᠭᠦᠢᠴᠡᠳᠬᠡᠭᠰᠡᠨ ᠦᠭᠡᠢ᠂ ᠡᠭᠦᠨ ᠳᠤ ᠬᠤᠭᠤᠴᠠᠭ᠎ᠠ ᠬᠡᠲᠦᠷᠡᠭᠰᠡᠨ ᠭᠤᠶᠤᠴᠢᠯᠠᠯ ᠢ ᠭᠥᠯᠢᠶᠡᠨ ᠠᠪᠤᠭᠰᠠᠨ᠂ ᠬᠤᠶᠢᠰᠢᠯᠠᠭᠤᠯᠤᠨ ᠭᠦᠢᠴᠡᠳᠬᠡᠭᠰᠡᠨ᠂ ᠴᠠᠭ ᠤᠨ ᠬᠢᠵᠠᠭᠠᠷ ᠶᠣᠰᠣᠭᠠᠷ ᠰᠢᠢᠳᠪᠦᠷᠢᠯᠡᠵᠦ ᠳᠠᠭᠤᠰᠬᠠᠭᠰᠠᠨ ᠦᠭᠡᠢ ᠵᠡᠷᠭᠡ ᠪᠠᠶᠢᠳᠠᠯ ᠪᠠᠭᠲᠠᠨ᠎ᠠ︔ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠦᠷᠭᠦᠯᠵᠢᠯᠡᠭᠦᠯᠬᠦ ᠠᠵᠢᠯ ᠢ ᠭᠦᠢᠴᠡᠳᠬᠡᠭᠰᠡᠨ ᠦᠭᠡᠢ᠂ ᠡᠭᠦᠨ ᠳᠤ ᠰᠠᠯᠠᠭ᠎ᠠ ᠮᠥᠴᠢᠷ ᠪᠤᠶᠤ ᠭᠠᠵᠠᠷ ᠣᠷᠣᠨ ᠤ ᠬᠤᠭᠤᠷᠣᠨᠳᠤ ᠪᠠᠨ ᠬᠠᠷᠢᠯᠴᠠᠨ ᠲᠦᠯᠬᠢᠯᠴᠡᠭᠰᠡᠨ᠂ ᠡᠯ᠎ᠡ ᠵᠦᠢᠯ ᠤᠨ ᠰᠢᠯᠲᠠᠭ ᠢᠶᠠᠷ ᠭᠤᠶᠤᠴᠢᠯᠠᠯ ᠢ ᠭᠥᠯᠢᠶᠡᠨ ᠠᠪᠬᠤ ᠶᠢ ᠲᠡᠪᠴᠢᠭᠰᠡᠨ ᠵᠡᠷᠭᠡ ᠪᠠᠶᠢᠳᠠᠯ ᠪᠠᠭᠲᠠᠨ᠎ᠠ᠃      ᠡᠯ᠎ᠡ ᠭᠠᠵᠠᠷ ᠤᠨ ᠬᠢᠨ ᠣᠯᠵᠤ ᠮᠡᠳᠡᠭᠰᠡᠨ ᠠᠰᠠᠭᠤᠳᠠᠯ ᠢ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ  ᠳᠤᠨᠢ ᠥᠭᠡᠷᠡᠴᠢᠯᠡᠵᠦ ᠂ ᠲᠦᠷᠦᠯ ᠬᠤᠪᠢᠶᠠᠨ ᠰᠢᠢᠳᠪᠦᠷᠢᠯᠡᠬᠦ ᠬᠡᠷᠡᠭᠲᠡᠢ ᠃ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠨᠢᠭᠡᠨᠲᠡ ᠬᠢᠨᠠᠨ ᠣᠯᠭᠤᠭᠰᠠᠨ ᠪᠠᠶᠢᠪᠠᠯ᠂ ᠨᠢᠭᠡ ᠨᠢᠭᠡ ᠪᠠᠷ ᠵᠣᠯᠭᠠᠭᠤᠯᠤᠨ ᠬᠤᠶᠢᠨᠠᠬᠢ ᠠᠵᠢᠯ ᠢ ᠰᠠᠶᠢᠲᠤᠷ ᠬᠢᠵᠦ᠂ ᠡᠵᠡᠩᠨᠡᠭᠴᠢᠳ ᠲᠤ ᠬᠤᠬᠢᠷᠠᠯ ᠤᠴᠠᠷᠠᠭᠤᠯᠬᠤ  ᠠᠴᠠ ᠵᠠᠶᠢᠯᠠᠰᠬᠢᠬᠦ ᠬᠡᠷᠡᠭᠲᠡᠢ᠃ ᠶᠠᠭ ᠭᠦᠢᠴᠡᠳᠬᠡᠵᠦ ᠪᠠᠶᠢᠭ᠎ᠠ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠪᠣᠯ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ ᠳᠠᠬᠢᠨ ᠰᠢᠨ᠎ᠡ ᠪᠠᠷ ᠬᠢᠨᠠᠨ ᠪᠠᠶᠢᠴᠠᠭᠠᠵᠤ᠂ ᠨᠥᠬᠦᠴᠡᠯ ᠳᠤ ᠨᠡᠶᠢᠴᠡᠪᠡᠯ ᠬᠠᠤᠯᠢ ᠪᠠᠷ ᠲᠣᠭᠲᠠᠭᠠᠭᠰᠠᠨ ᠴᠠᠭ ᠬᠤᠭᠤᠴᠠᠭᠠᠨ ᠤ ᠳᠣᠲᠣᠷ᠎ᠠ ᠭᠦᠢᠴᠡᠳᠬᠡᠵᠦ ᠳᠠᠭᠤᠰᠬᠠᠬᠤ ᠬᠡᠷᠡᠭᠲᠡᠢ᠃ ᠵᠥᠪᠰᠢᠶᠡᠷᠡᠯ ᠤᠨ ᠦᠨᠡᠮᠯᠡᠯ ᠤᠨ ᠬᠤᠭᠤᠴᠠᠭ᠎ᠠ ᠨᠢ ᠲᠤᠯᠬᠤ ᠭᠡᠵᠦ ᠪᠠᠶᠢᠭ᠎ᠠ ᠭᠤᠶᠤᠴᠢᠯᠠᠯ ᠳᠤ᠂ ᠦᠨᠡᠮᠯᠡᠯ ᠭᠦᠢᠴᠡᠳᠬᠡᠬᠦ ᠪᠣᠳᠠᠲᠠᠢ ᠪᠠᠷᠢᠮᠵᠢᠶ᠎ᠠ ᠶᠢ ᠦᠷᠭᠦᠯᠵᠢᠯᠡᠭᠦᠯᠬᠦ ᠪᠠᠷ ᠲᠡᠷᠡ ᠳᠠᠷᠤᠢ ᠳᠤᠨᠢ ᠰᠠᠨᠠᠭᠠᠴᠢᠯᠠᠭ᠎ᠠ  ᠠᠴᠠ ᠪᠠᠨ ᠮᠡᠳᠡᠭᠳᠡᠵᠦ᠂ ᠡᠵᠡᠩᠨᠡᠯᠲᠡ ᠶᠢᠨ ᠡᠷᠦᠬᠡ ᠶᠢᠨ ᠭᠦᠢᠴᠡᠳᠬᠡᠬᠦ ᠱᠠᠭᠠᠷᠳᠠᠯᠭ᠎ᠠ ᠶᠢ ᠡᠵᠡᠮᠰᠢᠬᠦ ᠶᠢ ᠦᠨᠡᠨᠬᠦ ᠪᠠᠲᠤᠯᠠᠵᠤ᠂ ᠬᠡᠪ ᠤᠨ ᠶᠣᠰᠣᠭᠠᠷ ᠭᠦᠢᠴᠡᠳᠬᠡᠬᠦ ᠶᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠢ᠃      ᠭᠤᠷᠪᠠ ᠂ ᠲᠠᠷᠢᠶᠠᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠦᠷᠭᠦᠯᠵᠢᠯᠡᠨ ᠭᠦᠢᠴᠡᠳᠬᠡᠬᠦ ᠱᠠᠭᠠᠷᠳᠠᠯᠭ᠎ᠠ      ᠲᠠᠷᠢᠶᠠᠨ ᠡᠮ ᠤᠨ ᠡᠵᠡᠩᠨᠡᠯᠲᠡ ᠶᠢᠨ ᠪᠡᠶᠡᠴᠢ ᠴᠣᠭᠴᠠ ᠨᠢ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠳᠦᠭᠦᠷᠬᠦ ᠠᠴᠠ 90 ᠡᠳᠦᠷ ᠤᠨ ᠡᠮᠦᠨ᠎ᠡ᠂ ᠬᠠᠷᠢᠶ᠎ᠠ ᠭᠠᠵᠠᠷ ᠲᠠᠭᠠᠨ ᠦᠷᠭᠦᠯᠵᠢᠯᠡᠭᠦᠯᠬᠦ ᠭᠤᠶᠤᠴᠢᠯᠠᠯ ᠭᠠᠷᠭᠠᠨ᠎ᠠ ᠃ ᠲᠠᠷᠢᠶᠠᠨ ᠡᠮ ᠤᠨ ᠡᠵᠡᠩᠨᠡᠯᠲᠡ ᠶᠢᠨ ᠵᠥᠪᠰᠢᠶᠡᠷᠡᠯ ᠢ ᠦᠷᠭᠦᠯᠵᠢᠯᠡᠭᠦᠯᠬᠦ ᠭᠤᠶᠤᠴᠢᠯᠠᠯ ᠢ ᠳᠡᠭᠡᠷᠡᠬᠢ ᠲᠠᠷᠢᠶᠠᠨ ᠡᠮ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠭᠤᠶᠤᠴᠢᠯᠠᠨ ᠠᠪᠬᠤ ᠨᠥᠬᠦᠴᠡᠯ ᠢ ᠬᠠᠩᠭᠠᠭᠰᠠᠨ ᠰᠠᠭᠤᠷᠢᠨ ᠳᠡᠭᠡᠷ᠎ᠡ᠂ ︽ᠲᠠᠷᠢᠶᠠᠨ ᠡᠮ ᠤᠨ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠦᠷᠭᠦᠯᠵᠢᠯᠡᠭᠦᠯᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠢ ᠶᠢᠨ ᠲᠠᠷᠢᠮᠠᠯ ᠲᠠᠷᠬᠠᠭᠠᠭᠰᠠᠨ ﹇2024﹈ 24 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ ᠭᠦᠢᠴᠡᠳᠬᠡᠵᠦ᠂ ᠱᠠᠭᠠᠷᠳᠠᠯᠭ᠎ᠠ ᠶᠣᠰᠣᠭᠠᠷ ᠲᠠᠷᠢᠶᠠᠨ ᠡᠮ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠦᠷᠭᠦᠯᠵᠢᠯᠡᠭᠦᠯᠬᠦ ᠭᠤᠶᠤᠴᠢᠯᠠᠯ ᠤᠨ ᠬᠦᠰᠦᠨᠦᠭᠲᠦ ᠪᠠ ᠲᠠᠷᠢᠶᠠᠨ ᠡᠮ ᠤᠨ ᠡᠵᠡᠩᠨᠡᠯᠲᠡ ᠶᠢᠨ ᠪᠠᠶᠢᠳᠠᠯ ᠤᠨ ᠶᠡᠷᠦᠩᠬᠡᠶᠢᠯᠡᠭᠰᠡᠨ ᠮᠡᠳᠡᠭᠦᠯᠦᠯᠲᠡ ᠶᠢ ᠲᠤᠰᠢᠶᠠᠬᠤ ᠬᠡᠷᠡᠭᠲᠡᠢ᠃      ᠳᠥᠷᠪᠡ᠂ ᠪᠤᠰᠤᠳ ᠱᠠᠭᠠᠷᠳᠠᠯᠭ᠎ᠠ      ᠡᠯ᠎ᠡ ᠭᠠᠵᠠᠷ ᠤᠨ ᠬᠢᠨ ᠲᠠᠷᠢᠶᠠᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠦᠷᠭᠦᠯᠵᠢᠯᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠭᠤᠶᠤᠴᠢᠯᠠᠬᠤ ᠮᠠᠲ᠋ᠧᠷᠢᠶᠠᠯ ᠢ ᠴᠠᠭ ᠲᠤᠬᠠᠢ ᠳᠤᠨᠢ ᠵᠣᠬᠢᠶᠠᠨ ᠪᠠᠶᠢᠭᠤᠯᠤᠨ ᠬᠢᠨᠠᠨ ᠪᠠᠶᠢᠴᠠᠭᠠᠵᠤ ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ ᠬᠢᠨᠠᠨ ᠵᠥᠪᠰᠢᠶᠡᠷᠡᠬᠦ ᠲᠣᠭᠲᠠᠭᠠᠯ ᠭᠠᠷᠭᠠᠬᠤ ᠬᠡᠷᠡᠭᠲᠡᠢ ᠃ ᠦᠢᠯᠡᠴᠢᠯᠡᠭᠡᠨ ᠤ ᠦᠵᠡᠯ ᠤᠬᠠᠮᠰᠠᠷ ᠪᠠ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠦᠷᠭᠦᠯᠵᠢᠯᠡᠨ ᠭᠦᠢᠴᠡᠳᠬᠡᠬᠦ ᠶᠠᠪᠤᠴᠠ ᠳᠤ ᠡᠵᠡᠩᠨᠡᠯᠲᠡ ᠶᠢᠨ ᠡᠷᠦᠬᠡ ᠶᠢᠨ ᠬᠡᠪ ᠤᠨ ᠡᠵᠡᠩᠨᠡᠯᠲᠡ ᠶᠢᠨ ᠠᠵᠢᠯᠯᠠᠭ᠎ᠠ ᠶᠢ ᠪᠠᠲᠤᠯᠠᠵᠤ᠂ ᠵᠠᠪᠰᠢᠶᠠᠨ ᠢ ᠳᠠᠯᠢᠮᠳᠠᠭᠤᠯᠤᠨ ᠦᠢᠯᠡᠳᠬᠦᠨ ᠢᠶᠠᠨ ᠳᠠᠭᠠᠯᠳᠤᠭᠤᠯᠤᠨ ᠬᠤᠳᠠᠯᠳᠤᠬᠤ᠂ ᠦᠢᠯᠡᠴᠢᠯᠡᠭᠡ ᠪᠠᠨ ᠪᠣᠷᠣᠯᠠᠭᠤᠯᠬᠤ ᠶᠢ ᠴᠢᠩᠭ᠎ᠠ ᠴᠠᠭᠠᠵᠠᠯᠠᠵᠤ᠂ ᠡᠵᠡᠩᠨᠡᠯᠲᠡ ᠶᠢᠨ ᠡᠷᠦᠬᠡ ᠶᠢᠨ ᠳᠠᠷᠤᠭᠠᠰᠤ ᠶᠢ ᠦᠨᠡᠨᠬᠦ ᠬᠥᠩᠭᠡᠷᠡᠭᠦᠯᠬᠦ ᠬᠡᠷᠡᠭᠲᠡᠢ᠃ ᠲᠠᠷᠢᠶᠠᠨ ᠡᠮ ᠤᠨ ᠡᠵᠡᠩᠨᠡᠯᠲᠡ ᠬᠠᠮᠢᠶᠠᠷᠤᠯᠲᠠ ᠶᠢ ᠦᠷᠭᠦᠯᠵᠢᠯᠡᠨ ᠵᠢᠷᠤᠮᠵᠢᠭᠤᠯᠵᠤ ᠂ ᠦᠨᠡᠮᠯᠡᠯ ᠠᠪᠬᠤ ᠶᠠᠪᠤᠴᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ ᠂ ᠡᠵᠡᠩᠨᠡᠯᠲᠡ ᠶᠢᠨ ᠵᠥᠪᠰᠢᠶᠡᠷᠡᠯ ᠢ ᠬᠢᠨᠠᠨ ᠪᠠᠶᠢᠴᠠᠭᠠᠬᠤ ᠶᠠᠪᠤᠴᠠ ᠳᠤ ᠢᠯᠡᠷᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠢ ᠃      ᠡᠯ᠎ᠡ ᠭᠠᠵᠠᠷ ᠤᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ 2024 ᠣᠨ ᠤ 2 ᠰᠠᠷ᠎ᠠ ᠶᠢᠨ 6 ᠤ ᠡᠳᠦᠷ ᠠᠴᠠ ᠡᠮᠦᠨ᠎ᠡ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠭᠠᠵᠠᠷ ᠲᠤ ᠮᠡᠳᠡᠭᠦᠯᠦᠭᠡᠷᠡᠢ᠂ ᠬᠠᠷᠢᠯᠴᠠᠬᠤ ᠬᠥᠮᠥᠨ᠄ ᠳ᠋ᠧᠩ ᠹᠧᠩ ᡁᠢ᠂ ᠬᠠᠷᠢᠯᠴᠠᠬᠤ ᠤᠲᠠᠰᠤ 0471- 6652076᠃                            ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ                           ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                              2024 ᠣᠨ ᠤ 2 ᠰᠠᠷ᠎ᠠ ᠶᠢᠨ 1 ᠤ ᠡᠳᠦᠷ     
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号