ᠶᠢᠨ ᠢᠦᠢ 509
ᠨᠡᠶᠢᠲᠡᠯᠡᠭᠰᠡᠨ ᠴᠠᠭ᠄
2024/2/4
      ᠲᠦᠷᠦᠯ ᠵᠦᠢᠯ ᠤᠨ ᠨᠡᠷᠡᠶᠢᠳᠦᠯ᠄ ᠡᠷᠳᠡᠨᠢ ᠰᠢᠰᠢ      ᠡᠭᠦᠯᠳᠡᠷ ᠤᠨ ᠨᠡᠷᠡᠶᠢᠳᠦᠯ᠄ ᠶᠢᠨ ᠢᠦᠢ 509      ᠤᠯᠤᠰ ᠤᠨ ᠲᠠᠰ ᠤᠨ ᠬᠢᠨᠠᠨ ᠲᠣᠭᠲᠠᠭᠠᠯᠲᠠ ᠶᠢᠨ ᠳ᠋ᠤᠭᠠᠷᠯᠠᠯ᠄ ᠴᠤᠸᠠᠨ ᠱᠧᠨ ᠢᠦᠢ 2011 017      ᠡᠭᠦᠯᠳᠡᠷ ᠤᠨ ᠢᠷᠡᠯᠲᠡ᠄ ᠰᠧᠴᠤᠸᠠᠨ ᠤ ᠰᠢᠨ ᠹᠧᠩ ᠦᠷ᠎ᠡ ᠶᠢᠨ ᠦᠢᠯᠡᠰ ᠤᠨ ᠬᠢᠵᠠᠭᠠᠷᠲᠤ ᠺᠣᠮᠫᠠᠨᠢ ᠥᠪᠡᠷ ᠢᠶᠠᠨ ᠰᠣᠩᠭᠤᠵᠤ ᠥᠪᠡᠷ ᠢᠶᠠᠨ ᠰᠣᠯᠢᠯᠴᠠᠬᠤ ᠰᠠᠯᠪᠤᠷᠢ ᠶᠢᠨ WXF122 ᠢᠶᠠᠷ ᠡᠬᠡ ᠦᠨᠳᠦᠰᠦ ᠪᠣᠯᠭᠠᠵᠤ᠂ ᠥᠪᠡᠷ ᠢᠶᠠᠨ ᠰᠣᠩᠭᠤᠵᠤ ᠥᠪᠡᠷ ᠢᠶᠠᠨ ᠰᠣᠯᠢᠯᠴᠠᠬᠤ ᠰᠠᠯᠪᠤᠷᠢ ᠶᠢᠨ WXF112 ᠢᠶᠠᠷ ᠡᠴᠢᠭᠡ ᠦᠨᠳᠦᠰᠦ ᠶᠢᠨ ᠲᠣᠬᠢᠷᠠᠭᠤᠯᠭ᠎ᠠ ᠪᠠᠷ ᠪᠣᠶᠢᠵᠢᠭᠤᠯᠵᠠᠢ᠃      ᠰᠣᠩᠭᠤᠨ ᠪᠣᠶᠢᠵᠢᠭᠤᠯᠬᠤ ᠨᠢᠭᠡᠴᠡ᠄ ᠰᠧᠴᠤᠸᠠᠨ ᠤ ᠰᠢᠨ ᠹᠧᠩ ᠦᠷ᠎ᠡ ᠶᠢᠨ ᠦᠢᠯᠡᠰ ᠤᠨ ᠬᠢᠵᠠᠭᠠᠷᠲᠤ ᠺᠣᠮᠫᠠᠨᠢ      ᠥᠪᠡᠷᠮᠢᠴᠡ ᠣᠨᠴᠠᠯᠢᠭ ᠰᠢᠨᠵᠢ      ᠬᠠᠪᠤᠷ ᠤᠨ ᠲᠠᠷᠢᠶᠠᠯᠠᠭ᠎ᠠ ᠶᠢᠨ ᠪᠥᠬᠦ ᠦᠷᠡᠵᠢᠯ ᠤᠨ ᠬᠤᠭᠤᠴᠠᠭ᠎ᠠ ᠨᠢ 115 ᠡᠳᠦᠷ ᠪᠠᠶᠢᠵᠤ᠂ ᠴᠦᠸᠠᠨ ᠳ᠋ᠠᠨ 13 ᠲᠠᠢ ᠬᠠᠷᠢᠴᠠᠭᠤᠯᠪᠠᠯ ᠠᠳᠠᠯᠢᠪᠳᠤᠷ᠃ ᠨᠢᠭᠡᠳᠦᠭᠡᠷ ᠨᠠᠪᠴᠢᠨ ᠤ ᠳᠤᠭᠲᠤᠢ ᠨᠢ ᠭᠦᠢᠬᠡᠨ ᠬᠦᠷᠡᠩ ᠥᠩᠭᠡᠲᠡᠢ᠂ ᠨᠢᠭᠡᠳᠦᠭᠡᠷ ᠨᠠᠪᠴᠢᠨ ᠤ ᠦᠵᠦᠭᠦᠷ ᠤᠨ ᠬᠡᠯᠪᠡᠷᠢ ᠨᠢ ᠬᠠᠯᠪᠠᠭᠠᠨ ᠬᠡᠯᠪᠡᠷᠢ ᠲᠠᠢ ᠠᠴᠠ ᠲᠣᠭᠤᠷᠢᠭ ᠬᠡᠯᠪᠡᠷᠢ ᠲᠠᠢ᠃ ᠰᠠᠭᠤᠷᠢ ᠨᠢ 220cm ᠥᠨᠳᠥᠷ᠂ ᠲᠦᠷᠦᠭᠦᠦ ᠶᠢᠨ ᠪᠠᠶᠢᠷᠢ ᠨᠢ 77cm ᠥᠨᠳᠥᠷ᠂ ᠰᠠᠭᠤᠷᠢᠯᠠᠭᠰᠠᠨ ᠨᠠᠪᠴᠢᠨ ᠤ ᠲᠤᠭ᠎ᠠ ᠨᠢ 20 ᠣᠷᠴᠢᠮ ᠪᠠᠶᠢᠳᠠᠭ︔ ᠨᠠᠪᠴᠢᠨ ᠤ ᠢᠯᠲᠠᠰᠤ ᠪᠠ ᠡᠰᠢ ᠰᠦᠷᠡᠯ ᠤᠨ ᠥᠨᠴᠥᠭ ᠲᠤ ᠡᠰᠢ ᠶᠢᠨ ︽之︾ ᠦᠰᠦᠭ ᠤᠨ ᠬᠡᠮᠵᠢᠶ᠎ᠡ ᠨᠢ ᠪᠠᠭᠤᠷᠠᠢ᠂ ᠨᠠᠪᠴᠢᠨ ᠤ ᠳᠤᠭᠲᠤᠢ ᠨᠢ ᠨᠣᠭᠤᠭᠠᠨ ᠥᠩᠭᠡ ᠲᠠᠢ᠃ ᠡᠷ᠎ᠡ ᠲᠦᠷᠦᠭᠦᠦ ᠶᠢᠨ ᠨᠢᠭᠡᠳᠦᠭᠡᠷ ᠳᠡᠰ ᠤᠨ ᠬᠠᠵᠠᠭᠤ ᠰᠠᠯᠠᠭ᠎ᠠ ᠶᠢᠨ ᠲᠤᠭ᠎ᠠ ᠨᠢ ᠣᠯᠠᠨ᠂ ᠡᠷ᠎ᠡ ᠲᠦᠷᠦᠭᠦᠦ ᠶᠢᠨ ᠭᠤᠣᠯ ᠲᠡᠩᠭᠡᠯᠢᠭ ᠪᠠ ᠰᠠᠯᠠᠭ᠎ᠠ ᠶᠢᠨ ᠥᠨᠴᠥᠭ ᠲᠤ ᠡᠷ᠎ᠡ ᠲᠦᠷᠦᠭᠦᠦ ᠶᠢᠨ ᠬᠠᠵᠠᠭᠤ ᠰᠠᠯᠠᠭ᠎ᠠ ᠶᠢᠨ ᠳᠦᠷᠰᠦ ᠪᠠᠶᠢᠳᠠᠯ ᠨᠢ ᠬᠥᠩᠭᠡᠨ ᠳᠣᠷᠣᠭᠰᠢ ᠮᠤᠷᠤᠶᠢᠵᠤ᠂ ᠡᠷ᠎ᠡ ᠲᠦᠷᠦᠭᠦᠦ ᠶᠢᠨ ᠬᠠᠮᠤᠭ ᠥᠨᠳᠥᠷ ᠪᠠᠶᠢᠷᠢ ᠶᠢᠨ ᠬᠠᠵᠠᠭᠤ ᠰᠠᠯᠠᠭ᠎ᠠ ᠠᠴᠠ ᠳᠡᠭᠡᠭᠰᠢᠬᠢ ᠭᠤᠣᠯ ᠲᠡᠩᠭᠡᠯᠢᠭ ᠤᠨ ᠣᠷᠳᠣ ᠨᠢ ᠤᠷᠲᠤ᠂ ᠡᠷ᠎ᠡ ᠲᠦᠷᠦᠭᠦᠦ ᠶᠢᠨ ᠬᠠᠯᠢᠰᠤᠨ ᠢᠯᠲᠠᠰᠤ ᠶᠢᠨ ᠰᠠᠭᠤᠷᠢ ᠬᠡᠰᠡᠭ ᠨᠢ ᠨᠣᠭᠤᠭᠠᠨ ᠥᠩᠭᠡ ᠲᠠᠢ᠂ ᠬᠠᠯᠢᠰᠤᠨ ᠢᠯᠲᠠᠰᠤ ᠶᠢᠨ ᠰᠠᠭᠤᠷᠢ ᠬᠡᠰᠡᠭ ᠠᠴᠠ ᠭᠠᠳᠠᠨᠠᠬᠢ ᠥᠩᠭᠡ ᠨᠢ ᠨᠣᠭᠤᠭᠠᠨ᠂ ᠴᠡᠴᠡᠭ ᠤᠨ ᠡᠮ ᠤᠨ ᠥᠩᠭᠡ ᠨᠢ ᠭᠦᠢᠬᠡᠨ ᠪᠣᠷᠣ᠂ ᠴᠡᠴᠡᠭ ᠤᠨ ᠰᠢᠷᠬᠡᠭ ᠤᠨ ᠥᠩᠭᠡ ᠨᠢ ᠭᠦᠢᠬᠡᠨ ᠪᠣᠷᠣ ᠪᠠᠶᠢᠳᠠᠭ᠃ ᠵᠢᠮᠢᠰ ᠤᠨ ᠲᠦᠷᠦᠭᠦᠦ ᠶᠢᠨ ᠬᠡᠯᠪᠡᠷᠢ ᠨᠢ ᠳᠤᠮᠳᠠ ᠬᠡᠯᠪᠡᠷᠢ ᠲᠠᠢ᠂ ᠲᠦᠷᠦᠭᠦᠦ ᠶᠢᠨ ᠤᠷᠳᠦ ᠨᠢ20.1cm ᠪᠠᠶᠢᠵᠤ᠂ ᠲᠦᠷᠦᠭᠦᠦ ᠶᠢᠨ ᠮᠥᠷ ᠨᠢ 16 ᠮᠥᠷ᠂ ᠮᠥᠷ ᠪᠦᠷᠢ ᠶᠢᠨ ᠮᠥᠬᠦᠯᠢᠭ ᠨᠢ 34 ᠮᠥᠬᠦᠯᠢᠭ᠂ ᠮᠢᠩᠭᠠᠨ ᠮᠥᠬᠦᠯᠢᠭ ᠪᠦᠷᠢ ᠶᠢᠨ ᠬᠦᠨᠳᠦ ᠨᠢ 301 ᠭᠷᠡᠮ᠂ ᠦᠷ᠎ᠡ ᠭᠠᠷᠬᠤ ᠨᠤᠷᠮ᠎ᠠ ᠨᠢ 83.7%᠂ ᠦᠷ᠎ᠡ ᠶᠢᠨ ᠮᠥᠬᠦᠯᠢᠭ ᠤᠨ ᠲᠦᠷᠦᠯ ᠵᠦᠢᠯ ᠨᠢ ᠮᠣᠷᠢᠨ ᠰᠢᠳᠦ ᠶᠢᠨ ᠬᠡᠯᠪᠡᠷᠢᠲᠠᠢ᠂ ᠦᠷ᠎ᠡ ᠶᠢᠨ ᠮᠥᠬᠦᠯᠢᠭ ᠤᠨ ᠣᠷᠣᠢ ᠶᠢᠨ ᠬᠡᠰᠡᠭ ᠨᠢ ᠭᠤᠣᠯᠳᠠᠭᠤ ᠰᠢᠷ᠎ᠠ ᠦᠩᠭᠡᠲᠡᠢ᠂ ᠦᠷ᠎ᠡ ᠶᠢᠨ ᠮᠥᠬᠦᠯᠢᠭ ᠤᠨ ᠠᠷᠤ ᠲᠠᠯ᠎ᠠ ᠶᠢᠨ ᠥᠩᠭᠡ ᠨᠢ ᠵᠦᠷᠵᠢ ᠶᠢᠨ ᠰᠢᠷ᠎ᠠ ᠦᠩᠭᠡᠲᠡᠢ᠂ ᠲᠦᠷᠦᠭᠦᠦ ᠶᠢᠨ ᠲᠡᠩᠭᠡᠯᠢᠭ ᠤᠨ ᠬᠠᠯᠢᠰᠤ ᠨᠢ ᠶᠠᠭᠠᠨ ᠥᠩᠭᠡᠲᠡᠢ᠂ ᠦᠷ᠎ᠡ ᠶᠢᠨ ᠮᠥᠬᠦᠯᠢᠭ ᠤᠨ ᠵᠢᠭᠰᠠᠯ  ᠨᠢ ᠠᠰᠬᠠᠨ ᠪᠠᠶᠢᠳᠠᠭ᠃ ᠦᠷ᠎ᠡ ᠶᠢᠨ ᠮᠥᠬᠦᠯᠢᠭ ᠤᠨ ᠪᠠᠭᠲᠠᠭᠠᠮᠵᠢ ᠶᠢᠨ ᠬᠦᠨᠳᠦ ᠨᠢ 718g/L᠂ ᠪᠦᠳᠦᠭᠦᠯᠢᠭ ᠤᠭᠤᠷᠠᠭ ᠤᠨ ᠠᠭᠤᠯᠤᠭᠳᠠᠴᠠ ᠨᠢ 8.9%᠂ ᠪᠦᠳᠦᠭᠦᠯᠢᠭ ᠥᠭᠡᠬᠦ ᠶᠢᠨ ᠠᠭᠤᠯᠤᠭᠳᠠᠴᠠ ᠨᠢ4.0%᠂ ᠪᠦᠳᠦᠭᠦᠯᠢᠭ ᠴᠠᠷᠳᠠᠭᠤᠯ ᠤᠨ ᠠᠭᠤᠯᠤᠭᠳᠠᠴᠠ ᠨᠢ 73.2%᠂ ᠯᠢᠰᠢᠨ ᠰᠢᠪᠲᠦᠷᠲᠦ ᠬᠦᠴᠢᠯ ᠤᠨ ᠠᠭᠤᠯᠤᠭᠳᠠᠴᠠ ᠨᠢ 0.32% ᠪᠠᠶᠢᠳᠠᠭ᠃ ᠲᠠᠷᠢᠯᠭ᠎ᠠ ᠶᠢᠨ ᠰᠢᠯᠭᠠᠨ ᠲᠣᠭᠲᠠᠭᠠᠯᠲᠠ ᠪᠠᠷ ᠳᠠᠮᠵᠢᠨ᠂ ᠲᠣᠮᠣ ᠲᠣᠯᠪᠣᠲᠤ ᠡᠪᠡᠳᠴᠢᠨ᠂ ᠵᠢᠵᠢᠭ ᠲᠣᠯᠪᠣᠲᠤ ᠡᠪᠡᠳᠴᠢᠨ᠂ ᠬᠡ ᠬᠤᠪᠠᠭ᠋ᠠᠶᠢᠷᠠᠬᠤ ᠡᠪᠡᠳᠴᠢᠨ᠂ ᠰᠢᠷᠬᠡᠭ ᠨᠢ ᠬᠠᠷᠠᠤ ᠡᠪᠡᠳᠴᠢᠨ᠂ ᠡᠰᠢ ᠨᠢ ᠢᠯᠵᠢᠷᠡᠬᠦ ᠡᠪᠡᠳᠴᠢᠨ ᠢ ᠡᠰᠡᠷᠭᠦᠴᠡᠳᠡᠭ᠃      ᠬᠠᠪᠤᠷ ᠤᠨ ᠲᠠᠷᠢᠶᠠᠯᠠᠭ᠎ᠠ ᠪᠠ ᠣᠷᠣᠢ ᠵᠤᠨ ᠤ ᠲᠠᠷᠢᠶᠠᠯᠠᠭ᠎ᠠ ᠳᠤ ᠲᠣᠬᠢᠷᠠᠮᠵᠢᠲᠠᠢ᠂ ᠮᠦ ᠪᠦᠷᠢ ᠳᠤ 3000-3200 ᠰᠠᠭᠤᠷᠢ ᠳᠠᠷᠢᠪᠠᠯ ᠲᠣᠬᠢᠷᠠᠮᠵᠢᠲᠠᠢ ᠪᠠᠶᠢᠳᠠᠭ︔ ᠰᠠᠭᠤᠷᠢ ᠪᠣᠷᠳᠣᠭᠤᠷ ᠢ ᠬᠦᠨᠳᠦ ᠣᠷᠣᠭᠤᠯᠵᠤ᠂ ᠡᠷᠲᠡ ᠠᠴᠠ ᠨᠡᠮᠡᠯᠲᠡ ᠪᠣᠷᠳᠣᠭᠤᠷ ᠢ ᠣᠷᠣᠭᠤᠯᠵᠤ᠂ ᠪᠠᠭᠯᠠᠭᠴᠢ ᠪᠣᠷᠳᠣᠭᠤᠷ ᠢ ᠤᠷᠠᠨ ᠢᠶᠠᠷ ᠣᠷᠣᠭᠤᠯᠵᠤ᠂ ᠣᠷᠭᠠᠨᠢᠭ ᠪᠣᠷᠳᠣᠭᠤᠷ ᠢᠶᠠᠷ ᠭᠤᠣᠯᠯᠠᠵᠤ᠂ ᠠᠽᠣᠲ᠂ ᠹᠣᠰᠹᠣᠷ᠂ ᠺᠠᠯᠢ ᠶᠢ ᠵᠣᠬᠢᠰᠲᠠᠢ ᠬᠡᠷᠡᠭᠯᠡᠬᠦ ᠶᠢ ᠠᠩᠬᠠᠷᠬᠤ ᠬᠡᠷᠡᠭᠲᠡᠢ᠃ ᠴᠠᠭ  ᠲᠤᠨᠢ ᠲᠣᠬᠢᠷᠠᠭᠤᠯᠤᠨ ᠲᠠᠷᠢᠶ᠎ᠠ ᠲᠡᠩᠨᠡᠵᠦ ᠡᠪᠡᠰᠦ ᠠᠷᠢᠯᠭᠠᠨ᠂ ᠡᠪᠡᠳᠴᠢᠨ ᠬᠤᠷᠣᠬᠠᠢ ᠶᠢᠨ ᠬᠥᠨᠥᠭᠡᠯ ᠢ ᠴᠠᠭ ᠲᠤᠬᠠᠢ  ᠳᠤᠨᠢ ᠰᠡᠷᠭᠡᠶᠢᠯᠡᠨ ᠵᠠᠰᠠᠬᠤ ᠬᠡᠷᠡᠭᠲᠡᠢ᠃      ᠤᠨᠠᠯᠲᠠ ᠶᠢᠨ ᠬᠡᠮᠵᠢᠶᠡᠨ ᠤ ᠢᠯᠡᠷᠡᠯ      2008 ᠣᠨ ᠳᠤ ᠰᠧᠴᠤᠸᠠᠨ ᠮᠤᠵᠢ ᠶᠢᠨ ᠡᠷᠳᠡᠨᠢ ᠰᠢᠰᠢ ᠶᠢᠨ ᠣᠷᠣᠨ ᠤ ᠲᠤᠷᠰᠢᠯᠲᠠ ᠳᠤ ᠣᠷᠤᠯᠴᠠᠵᠤ᠂ ᠮᠦ ᠪᠦᠷᠢ ᠶᠢᠨ ᠳᠤᠮᠳᠠᠴᠢ ᠤᠨᠠᠯᠲᠠ  ᠨᠢ 486.9 ᠺᠢᠯᠣᠭ᠍ᠷᠠᠮ ᠳᠤ ᠬᠦᠷᠴᠦ᠂ ᠴᠦᠸᠠᠨ ᠳ᠋ᠠᠨ 13 ᠲᠠᠢ ᠬᠠᠷᠢᠴᠠᠭᠤᠯᠪᠠᠯ 6.9% ᠨᠡᠮᠡᠭᠳᠡᠵᠦ᠂ ᠤᠨᠠᠯᠲᠠ ᠨᠡᠮᠡᠭᠳᠡᠭᠰᠡᠨ ᠴᠡᠭ ᠤᠨ ᠨᠣᠷᠮ᠎ᠠ  ᠨᠢ 80% ᠳᠤ ᠬᠦᠷᠴᠡᠢ᠃ 2009 ᠣᠨ ᠳᠤ ᠦᠷᠭᠦᠯᠵᠢᠯᠡᠨ ᠲᠤᠷᠰᠢᠭᠰᠠᠨ ᠮᠦ ᠪᠦᠷᠢ ᠶᠢᠨ ᠳᠤᠮᠳᠠᠴᠢ ᠤᠨᠠᠯᠲᠠ  ᠨᠢ 461.0kg ᠲᠤ ᠬᠦᠷᠴᠦ᠂ ᠴᠦᠸᠠᠨ ᠳ᠋ᠠᠨ 13 ᠲᠠᠢ ᠬᠠᠷᠢᠴᠠᠭᠤᠯᠪᠠᠯ 9.2% ᠨᠡᠮᠡᠭᠳᠡᠵᠦ᠂ ᠨᠡᠮᠡᠭᠳᠡᠭᠰᠡᠨ ᠴᠡᠭ ᠤᠨ ᠨᠤᠷᠮ᠎ᠠ  ᠨᠢ 75% ᠳᠤ ᠬᠦᠷᠴᠡᠢ᠃ ᠬᠤᠶᠠᠷ ᠵᠢᠯ ᠤᠨ ᠣᠷᠣᠨ ᠤ ᠲᠤᠷᠰᠢᠯᠲᠠ ᠶᠢᠨ ᠮᠦ ᠪᠦᠷᠢ ᠶᠢᠨ ᠳᠤᠮᠳᠠᠴᠢ ᠤᠨᠠᠯᠲᠠ  ᠨᠢ 473.95 kg ᠲᠤ ᠬᠦᠷᠴᠦ᠂ ᠴᠦᠸᠠᠨ ᠳ᠋ᠠᠨ 13 ᠲᠠᠢ ᠬᠠᠷᠢᠴᠠᠭᠤᠯᠪᠠᠯ 8.1% ᠨᠡᠮᠡᠭᠳᠡᠵᠦ᠂ ᠨᠡᠮᠡᠭᠳᠡᠭᠰᠡᠨ ᠴᠡᠭ ᠤᠨ ᠨᠤᠷᠮ᠎ᠠ  ᠨᠢ 77.5% ᠳᠤ ᠬᠦᠷᠪᠡ᠃ 2010 ᠣᠨ ᠳᠤ ᠦᠢᠯᠡᠳᠪᠦᠷᠢᠯᠡᠯ ᠤᠨ ᠲᠤᠷᠰᠢᠯᠲᠠ ᠳᠤ ᠣᠷᠣᠯᠴᠠᠵᠤ᠂ ᠮᠦ ᠪᠦᠷᠢ ᠶᠢᠨ ᠳᠤᠮᠳᠠᠴᠢ ᠤᠨᠠᠯᠲᠠ  ᠨᠢ 472.9 kg ᠳᠤ ᠬᠦᠷᠴᠦ᠂ ᠴᠦᠸᠠᠨ ᠳ᠋ᠠᠨ 13 ᠲᠠᠢ ᠬᠠᠷᠢᠴᠠᠭᠤᠯᠪᠠᠯ ︵ᠮᠦ ᠪᠦᠷᠢ ᠶᠢᠨ ᠤᠨᠠᠯᠲᠠ  ᠨᠢ 408.6 kg︶ 15.7% ᠨᠡᠮᠡᠭᠳᠡᠵᠡᠢ᠃      ᠲᠣᠬᠢᠷᠠᠮᠵᠢᠲᠠᠢ ᠣᠷᠣᠨ ᠪᠦᠰᠡ      ᠰᠧᠴᠤᠸᠠᠨ ᠮᠤᠵᠢ ᠶᠢᠨ ᠫᠢᠩ ᠪᠠ᠂ ᠳᠣᠪᠣᠷᠬᠠᠭ ᠣᠷᠣᠨ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号