ᠵᠢᠱᠢᠶᠡᠴᠢ ᠥᠪᠡᠷᠲᠡᠭᠡᠨ ᠵᠠᠰᠠᠬᠤ ᠣᠷᠣᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ ᠬᠡᠷᠬᠢᠨ ᠪᠦᠲᠦᠭᠡᠨ ᠪᠠᠶᠢᠭᠤᠯᠬᠤ ᠪᠤᠢ︖︱ᠡᠷᠬᠡ ᠰᠦᠷᠲᠦ ᠲᠠᠶᠢᠯᠪᠤᠷᠢ
ᠨᠡᠶᠢᠲᠡᠯᠡᠭᠰᠡᠨ ᠴᠠᠭ᠄
2024/2/6
      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠰᠠᠶᠢᠲᠤᠷ ᠶᠠᠷᠢᠰᠤᠭᠠᠢ      2024 ᠣᠨ ᠠᠴᠠ ᠡᠬᠢᠯᠡᠵᠦ᠂ ᠵᠢᠯ ᠪᠦᠷᠢ ᠥᠪᠡᠷᠲᠡᠭᠡᠨ ᠵᠠᠰᠠᠬᠤ ᠣᠷᠣᠨ ᠤ ᠲᠡᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ 25 ᠣᠷᠴᠢᠮ ᠢ ᠪᠠᠶᠢᠭᠤᠯᠬᠤ ᠶᠢ ᠳᠠᠮᠵᠢᠨ᠎ᠠ᠃      ᠰᠣᠶᠣᠯ ᠮᠦᠽᠧᠢ ᠶᠢᠨ ᠲᠥᠷᠥᠯ᠂ ᠬᠤᠪᠢᠰᠬᠠᠯ ᠤᠨ ᠳᠤᠷᠠᠰᠬᠠᠯ ᠤᠨ ᠲᠥᠷᠥᠯ᠂ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠲᠥᠷᠥᠯ ᠵᠡᠷᠭᠡ ᠠᠳᠠᠯᠢ ᠪᠤᠰᠤ ᠣᠨᠴᠠᠯᠢᠭ ᠲᠠᠢ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ ᠲᠥᠷᠥᠯ ᠬᠤᠪᠢᠶᠠᠨ ᠪᠦᠲᠦᠭᠡᠨ ᠪᠠᠶᠢᠭᠤᠯᠤᠨ᠎ᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠢᠭᠡᠳ ᠥᠪᠡᠷᠲᠡᠭᠡᠨ ᠵᠠᠰᠠᠬᠤ ᠣᠷᠣᠨ ᠤ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ ᠪᠠᠷ ᠬᠤᠣᠰ ᠳᠤᠭᠤᠶᠢᠯᠠᠩ ᠤᠨ ᠳᠠᠷᠤᠭ᠎ᠠ ᠪᠣᠯᠭᠠᠭᠰᠠᠨ ᠪᠥᠬᠦ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ᠃ ᠦᠢᠯᠡᠳᠦᠯᠭᠡ ᠶᠢᠨ ᠰᠠᠭᠤᠷᠢᠨ ᠭᠠᠵᠠᠷ ᠲᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ 5 ᠵᠢᠯ ᠪᠦᠷᠢ ᠳᠤ ᠨᠢᠭᠡ ᠤᠳᠠᠭ᠎ᠠ ᠰᠢᠯᠭᠠᠨ ᠬᠢᠨᠠᠵᠤ ᠪᠠᠲᠤᠯᠠᠨ ᠲᠣᠭᠲᠠᠭᠠᠨ᠎ᠠ᠃ ᠬᠤᠶᠠᠷ ᠵᠢᠯ ᠳᠠᠷᠠᠭᠠᠯᠠᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠢ ᠪᠤᠶᠤ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ ᠮᠥᠨ ᠬᠦ ᠪᠠᠲᠤᠯᠠᠨ ᠲᠣᠭᠲᠠᠭᠠᠬᠤ ᠨᠥᠬᠦᠴᠡᠯ ᠳᠤ ᠨᠡᠶᠢᠴᠡᠭᠰᠡᠨ‌ᠦᠭᠡᠢ ᠪᠣᠯᠪᠠᠯ᠂ ᠨᠡᠷᠡᠶᠢᠳᠦᠯ ᠢ ᠨᠢ ᠬᠦᠴᠦᠨ ᠦᠭᠡᠢ ᠪᠣᠯᠭᠠᠨ᠎ᠠ᠃      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ︽ᠪᠥᠬᠦ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠥᠰᠥᠯ ︵2023 - 2027 ᠣᠨ︶︾ ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶ ᠢ ᠲᠣᠭᠲᠠᠭᠠᠨ ᠨᠡᠶᠢᠲᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠷᠢᠯᠠᠭᠤᠯᠪᠠ᠃      ᠲᠤᠰ ᠰᠣᠨᠢᠨ ᠤ ᠰᠤᠷᠪᠤᠯᠵᠢᠯᠠᠭᠴᠢ ︽ᠲᠥᠰᠥᠯ︾ ᠢ ᠲᠣᠭᠲᠠᠭᠠᠵᠤ ᠨᠡᠶᠢᠲᠡᠯᠡᠭᠰᠡᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠤᠤ ᠵᠠᠨ ᠱᠧᠩ ᠢ ᠰᠤᠷᠪᠤᠯᠵᠢᠯᠠᠪᠠ᠃      ᠰᠤᠷᠪᠤᠯᠵᠢᠯᠠᠭᠴᠢ᠄ ᠲᠠ ︽ᠲᠥᠰᠥᠯ︾ ᠢ ᠨᠡᠶᠢᠲᠡᠯᠡᠭᠰᠡᠨ ᠠᠬᠤᠢ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡᠤᠤ︖      ᠭᠤᠤ ᠵᠠᠨ ᠱᠧᠩ᠄ 2021 ᠣᠨ ᠤ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ︽ᠬᠥᠲᠥᠯᠪᠦᠷᠢ︾ ᠮᠥᠨ᠂ ᠪᠤᠢ ᠪᠦᠬᠦᠢ ᠠᠵᠢᠯ ᠢ ᠡᠭᠦᠨ ᠳᠤ ᠲᠥᠪᠯᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ 2023 ᠣᠨ ᠤ 6 ᠳ᠋ᠤᠭᠠᠷ ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠤ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠮᠥᠨ᠂ ᠮᠥᠨ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠲᠦᠷᠦᠯ ᠤᠨ ᠠᠵᠢᠯ ᠤᠨ ᠭᠤᠣᠯ ᠰᠢᠵᠢᠮ ᠮᠥᠨ᠃ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠦᠷᠦ  ᠶᠢᠨ ᠪᠦᠲᠦᠭᠡᠨ ᠪᠠᠶᠢᠭᠤᠯᠤᠯᠲᠠ᠂ ᠰᠣᠶᠣᠯ ᠤᠨ ᠪᠦᠲᠦᠭᠡᠨ ᠪᠠᠶᠢᠭᠤᠯᠤᠯᠲᠠ᠂ ᠨᠡᠶᠢᠭᠡᠮ ᠤᠨ ᠪᠦᠲᠦᠭᠡᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠪᠠ ᠨᠠᠮ ᠤᠨ ᠪᠦᠲᠦᠭᠡᠨ ᠪᠠᠶᠢᠭᠤᠯᠤᠯᠲᠠ ᠵᠡᠷᠭᠡ ᠶᠢ ᠴᠥᠮ ᠡᠨᠡ ᠬᠦ ᠭᠤᠣᠯ ᠱᠤᠭᠤᠮ ᠲᠠᠢ ᠨᠢᠭᠲᠠ ᠤᠶᠠᠯᠳᠤᠭᠤᠯᠵᠤ ᠥᠴᠥᠬᠡᠨ ᠴᠦ ᠬᠡᠯᠪᠠᠶᠢᠯᠭᠡᠯᠡᠬᠦ ᠦᠭᠡᠢ ᠪᠠᠶᠢᠬᠤ ᠬᠡᠷᠡᠭᠲᠡᠢ ᠭᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠲᠣᠭᠲᠠᠭᠠᠯ︾ ᠢ ᠬᠢᠨᠠᠨ ᠵᠥᠪᠯᠡᠨ ᠪᠠᠲᠤᠯᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠠᠯ᠎ᠠ ᠪᠠᠷ ᠵᠢᠱᠢᠶᠡᠴᠢ ᠪᠣᠯᠬᠤ ᠬᠡᠷᠡᠭᠲᠡᠢ︾ ᠭᠡᠵᠦ ᠳᠤᠷᠠᠳᠴᠤ᠂ ᠪᠦᠬᠦ ᠣᠷᠣᠨ ᠳᠠᠶᠠᠭᠠᠷ ᠳᠤᠮᠳᠠᠳᠤ ᠶᠢᠨ ᠦᠨᠳᠦᠰᠦᠲᠡᠨ ᠤ ᠬᠠᠮᠲᠤ  ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠡᠯ᠎ᠡ ᠲᠦᠷᠦᠯ ᠤᠨ ᠠᠵᠢᠯ ᠳᠤ ᠪᠠᠨ ᠲᠤᠭᠤᠰᠢᠯᠠᠭᠤᠯᠬᠤ ᠬᠡᠷᠡᠭᠲᠡᠢ ᠭᠡᠵᠦ ᠱᠠᠭᠠᠷᠳᠠᠪᠠ᠃      ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠲᠥᠪ ᠶᠢᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ  ᠤᠨ ᠬᠤᠷᠠᠯᠳᠤᠭᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠴᠢᠨᠠᠷ ᠰᠠᠶᠢᠲᠠᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠨᠡᠶᠢᠭᠡᠮ ᠪᠣᠯᠣᠨ ᠦᠨᠳᠦᠰᠦᠲᠡᠨ ᠨᠦᠭᠦᠳ ᠲᠤ ᠬᠠᠨᠳᠤᠭᠤᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠬᠥᠮᠦᠵᠢᠯ ᠢ ᠪᠣᠳᠠᠲᠠᠢ ᠲᠥᠷᠥᠭᠳᠡᠯ ᠲᠠᠢ ᠪᠦᠳᠦᠮᠵᠢᠳᠠᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠠᠴᠠ ︽ᠲᠥᠰᠥᠯ︾ ᠢ ᠲᠣᠭᠲᠠᠭᠠᠨ ᠨᠡᠶᠢᠲᠡᠯᠡᠵᠦ᠂ ᠪᠦᠬᠦ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠷᠢᠯᠠᠭᠤᠯᠤᠯᠲᠠ ᠬᠢᠪᠡ᠃      ᠰᠤᠷᠪᠤᠯᠵᠢᠯᠠᠭᠴᠢ᠄ ︽ᠲᠥᠰᠥᠯ︾ ᠳᠤ ᠶᠠᠮᠠᠷ ᠶᠠᠮᠠᠷ ᠭᠤᠣᠯ ᠠᠭᠤᠯᠭ᠎ᠠ ᠪᠠᠶᠢᠬᠤ ᠪᠣᠶ︖ ᠶᠠᠮᠠᠷ ᠶᠡᠷᠦᠩᠬᠡᠢ ᠬᠠᠷᠠᠯᠲᠠ ᠳᠤ ᠬᠦᠷᠭᠡᠬᠦ ᠪᠣᠶ︖      ᠭᠤᠤ ᠵᠠᠨ ᠱᠧᠩ᠄ ︽ᠲᠥᠰᠥᠯ︾ ᠳᠤ ᠭᠤᠣᠯᠳᠠᠭᠤ ᠵᠢᠯᠤᠭᠤᠳᠬᠤ ᠦᠵᠡᠯ ᠰᠠᠨᠠᠭ᠎ᠠ᠂ ᠠᠵᠢᠯ ᠤᠨ ᠵᠠᠷᠴᠢᠮ᠂ ᠶᠡᠷᠦᠩᠬᠡᠢ ᠬᠠᠷᠠᠯᠲᠠ᠂ ᠲᠥᠷᠥᠯ ᠬᠤᠪᠢᠶᠠᠨ ᠠᠬᠢᠭᠤᠯᠬᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠬᠡᠷᠡᠭᠵᠢᠭᠦᠯᠬᠦ ᠠᠯᠬᠤᠮ ᠳᠠᠷᠠᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠵᠡᠷᠭᠡ ᠲᠤᠯᠤᠭᠠᠨ ᠬᠡᠰᠡᠭ ᠠᠭᠤᠯᠭ᠎ᠠ ᠶᠢ ᠪᠠᠭᠲᠠᠭᠠᠨ᠎ᠠ᠃ ︽ᠲᠥᠰᠥᠯ︾ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠰᠢᠵᠢᠮ ᠢ ᠴᠢᠩᠭ᠎ᠠ ᠮᠥᠷᠳᠡᠵᠦ᠂ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠰᠠᠭᠤᠷᠢᠨ ᠭᠠᠵᠠᠷ ᠤᠨ ᠤᠬᠠᠭᠤᠯᠭ᠎ᠠ᠂ ᠬᠥᠮᠦᠵᠢᠯ᠂ ᠦᠢᠯᠡᠳᠦᠯᠭᠡ᠂ ᠪᠣᠯᠪᠠᠰᠤᠷᠠᠭᠤᠯᠤᠯ ᠵᠡᠷᠭᠡ ᠭᠤᠣᠯᠯᠠᠬᠤ ᠴᠢᠳᠠᠮᠵᠢ ᠶᠢ ᠭᠦᠢᠴᠡᠳ ᠪᠠᠳᠠᠷᠠᠭᠤᠯᠵᠤ᠂ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠪᠣᠳᠠᠲᠤ ᠪᠦᠲᠦᠮᠵᠢ ᠪᠠᠷ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠢᠨᠠᠬᠤ ᠭᠤᠣᠯ ᠪᠠᠷᠢᠮᠵᠢᠶ᠎ᠠ ᠪᠣᠯᠭᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠥᠳᠡᠯᠦᠩᠭᠦᠢ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠰᠢᠯᠭᠠᠬᠤ ᠪᠠᠷᠢᠮᠵᠢᠶ᠎ᠠ ᠶᠢ ᠨᠠᠷᠢᠯᠢᠭᠵᠢᠭᠤᠯᠵᠤ᠂ ᠦᠨᠡᠯᠡᠨ ᠵᠢᠱᠢᠬᠦ ᠰᠢᠰᠲ᠋ᠧᠮ ᠢ ᠰᠢᠯᠢᠳᠡᠭᠵᠢᠭᠦᠯᠵᠦ᠂ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠬᠡᠭᠰᠢᠯᠡᠬᠦᠯᠬᠦ ᠪᠣᠯᠣᠨ᠎ᠠ᠃      ︽ᠲᠥᠰᠥᠯ︾ ᠳᠤ᠂ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠨᠢ ︽ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠲᠠᠭᠠᠨ ᠤᠷᠤᠭᠰᠢᠯᠠᠬᠤ᠂ ᠶᠡᠷᠦᠩᠬᠡᠢ ᠱᠦᠵᠢ ᠰᠢ ᠶᠢᠨ ᠫᠢᠩ ᠢ ᠳᠠᠭᠠᠵᠦ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠪᠠᠷ ᠦᠨᠳᠦᠰᠦᠨ ᠤᠯᠤᠰ ᠲᠦᠷᠦ ᠶᠢᠨ ᠤᠷᠢᠲᠠᠯ ᠪᠤᠯᠭᠠᠵᠤ᠂ ᠭᠤᠣᠯ ᠰᠢᠵᠢᠮ ᠢ ᠴᠢᠩᠭ᠎ᠠ ᠠᠳᠬᠤᠬᠤ᠂ ᠥᠪᠡᠷᠲᠡᠭᠡᠨ ᠵᠠᠰᠠᠬᠤ ᠣᠷᠣᠨ ᠤ ᠣᠳᠣ ᠪᠠᠶᠢᠭ᠎ᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠪᠣᠯᠣᠨ ᠡᠯ᠎ᠡ ᠱᠠᠲᠤᠨ ᠤ ᠡᠯ᠎ᠡ ᠲᠥᠷᠥᠯ ᠤᠨ ᠮᠦᠽᠧᠢ᠂ ᠦᠵᠡᠰᠬᠦᠯᠡᠩ ᠤᠨ ᠣᠷᠳᠣᠨ᠂ ᠭᠤᠣᠯ ᠰᠡᠳᠦᠪᠲᠦ ᠴᠡᠴᠡᠷᠯᠢᠭ ᠵᠡᠷᠭᠡ ᠲᠠᠯᠠᠪᠤᠷ ᠢ ᠭᠦᠢᠴᠡᠳ ᠠᠰᠢᠭᠯᠠᠵᠤ᠂ ᠪᠣᠳᠠᠲᠤ ᠦᠵᠡᠭᠦᠯᠭᠡ᠂ ᠬᠦᠷᠦᠭ ᠵᠢᠷᠤᠭ ᠢᠶᠠᠷ ᠳᠠᠬᠢᠨ ᠢᠯᠡᠷᠡᠭᠦᠯᠬᠦ᠂ ᠦᠵᠡᠭᠳᠡᠯ ᠢ ᠳᠠᠬᠢᠨ ᠰᠡᠷᠭᠦᠭᠡᠬᠦ᠂ ᠪᠡᠶᠡᠴᠢᠯᠡᠨ ᠣᠷᠤᠯᠴᠠᠬᠤ ᠵᠡᠷᠭᠡ ᠣᠯᠠᠨ ᠡᠰᠢᠲᠦ ᠢᠯᠡᠷᠡᠭᠦᠯᠬᠦ ᠠᠷᠭ᠎ᠠ ᠬᠡᠯᠪᠡᠷᠢ ᠪᠠᠷ ᠭᠦᠨᠵᠡᠭᠡᠢ ᠠᠭᠤᠳᠠᠯᠬᠤ᠂ ᠡᠮᠬᠢᠯᠡᠬᠦ᠂ ᠡᠯ᠎ᠡ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢᠨ ᠲᠡᠦᠬᠡ ᠰᠣᠶᠣᠯ ᠤᠨ ᠡᠬᠢ ᠪᠠᠶᠠᠯᠢᠭ ᠪᠠ ᠬᠤᠪᠢᠰᠬᠠᠯᠲᠤ ᠤᠳᠤᠮᠰᠢᠯ ᠢ ᠳᠡᠯᠭᠡᠨ ᠦᠵᠡᠭᠦᠯᠵᠦ᠂ ᠢᠳᠡᠪᠬᠢ ᠬᠦᠴᠦᠨ ᠢ ᠪᠠᠳᠠᠷᠠᠭᠤᠯᠵᠤ᠂ ᠭᠤᠣᠯ ᠬᠦᠭ ᠠᠶᠠᠰ ᠢ ᠴᠤᠤᠷᠢᠶᠠᠲᠤᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠰᠠᠶᠢᠲᠤᠷ ᠶᠠᠷᠢᠵᠤ᠂ ᠥᠪᠡᠷᠲᠡᠭᠡᠨ ᠵᠠᠰᠠᠬᠤ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠠᠮᠢᠳᠤᠯᠢᠭ ᠦᠢᠯᠡᠳᠦᠯᠭᠡ ᠪᠠ ᠡᠯᠪᠡᠭ ᠪᠠᠶᠠᠯᠢᠭ ᠦᠷ᠎ᠡ ᠪᠦᠲᠦᠭᠡᠯ ᠢ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃      ︽ᠲᠥᠰᠥᠯ︾ ᠳᠤ᠂ 2024 ᠣᠨ ᠠᠴᠠ ᠡᠬᠢᠯᠡᠵᠦ᠂ ᠵᠢᠯ ᠪᠦᠷᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ 25 ᠣᠷᠴᠢᠮ ᠬᠥᠮᠦᠵᠢᠯ ᠦᠢᠯᠡᠳᠦᠯᠭᠡ ᠶᠢᠨ ᠰᠠᠭᠤᠷᠢᠨ ᠢ ᠪᠠᠶᠢᠭᠤᠯᠬᠤ ᠶᠢ ᠳᠠᠮᠵᠢᠨ᠎ᠠ᠃ 2027 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ 100 ᠢᠯᠡᠭᠦᠦ  ᠪᠠᠶᠢᠭᠤᠯᠵᠤ᠂ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ 500 ᠢᠯᠡᠭᠦᠦ ᠶᠢ ᠪᠠᠶᠢᠭᠤᠯᠵᠤ᠂ ᠪᠦᠬᠦ ᠣᠷᠣᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠰᠢᠰᠲ᠋ᠧᠮ ᠢ ᠠᠩᠬ᠎ᠠ ᠠᠯᠬᠤᠮ ᠪᠠᠶᠢᠭᠤᠯᠤᠨ᠎ᠠ᠃ ᠡᠯ᠎ᠡ ᠰᠠᠭᠤᠷᠢᠨ ᠭᠠᠵᠠᠷ ᠨᠢ ᠪᠦᠲᠦᠮᠵᠢᠲᠡᠶ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠪᠠᠷ ᠳᠠᠮᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠭᠤᠯᠵᠤ᠂ ︽ᠭᠤᠷᠪᠠᠨ ᠰᠠᠯᠵᠤ ᠪᠣᠯᠣᠰᠢ ᠦᠭᠡᠢ︾᠂ ︽ᠳᠥᠷᠪᠡ ᠶᠢ ᠬᠠᠮᠲᠤᠳᠬᠠᠬᠤ︾᠂ ︽ᠲᠠᠪᠤᠨ ᠢᠵᠢᠯᠢᠰᠢᠯ︾ ᠵᠡᠷᠭᠡ ᠦᠵᠡᠯ ᠰᠠᠨᠠᠭᠠᠨ ᠤ ᠣᠶᠢᠯᠠᠭᠠᠭᠳᠠᠬᠤᠨ ᠢ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠡᠳᠬᠢᠯ ᠤᠨ ᠭᠦᠨ ᠳᠤ ᠦᠨᠳᠦᠰᠦᠯᠡᠭᠦᠯᠵᠦ᠂ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠡᠬᠡ ᠣᠷᠣᠨ ᠤ ᠬᠢᠯᠢ ᠬᠢᠵᠠᠭᠠᠷ ᠢ ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠤᠨ᠎ᠠ ᠭᠡᠵᠦ ᠲᠣᠳᠣᠷᠬᠠᠶᠢᠯᠠᠪᠠ᠃      ᠰᠤᠷᠪᠤᠯᠵᠢᠯᠠᠭᠴᠢ᠄ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠡᠷᠬᠢᠨ ᠰᠠᠶᠢᠲᠤᠷ ᠲᠥᠷᠥᠯ ᠬᠤᠪᠢᠶᠠᠨ ᠠᠬᠢᠭᠤᠯᠬᠤ ᠪᠣᠶ︖      ᠭᠤᠤ ᠵᠠᠨ ᠱᠧᠩ᠄ ᠪᠥᠬᠦ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠵᠤ᠂ ᠪᠢᠳᠡ ᠰᠣᠶᠣᠯ ᠮᠦᠽᠧᠢ ᠶᠢᠨ ᠲᠥᠷᠥᠯ᠂ ᠬᠤᠪᠢᠰᠬᠠᠯ ᠤᠨ ᠳᠤᠷᠠᠰᠬᠠᠯ ᠤᠨ ᠲᠥᠷᠥᠯ᠂ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠲᠥᠷᠥᠯ ᠵᠡᠷᠭᠡ ᠠᠳᠠᠯᠢ ᠪᠤᠰᠤ ᠣᠨᠴᠠᠯᠢᠭ ᠲᠠᠢ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ ᠲᠥᠷᠥᠯ ᠬᠤᠪᠢᠶᠠᠨ ᠪᠦᠲᠦᠭᠡᠨ ᠪᠠᠶᠢᠭᠤᠯᠤᠨ᠎ᠠ᠃      ᠰᠣᠶᠣᠯ ᠮᠦᠽᠧᠢ ᠶᠢᠨ ᠲᠥᠷᠥᠯ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠨᠢ ᠡᠯ᠎ᠡ ᠱᠠᠲᠤᠨ ᠤ ᠡᠯ᠎ᠡ ᠲᠥᠷᠥᠯ ᠤᠨ ᠮᠦᠽᠧᠢ᠂ ᠰᠣᠶᠣᠯ ᠤᠨ ᠣᠷᠳᠣᠨ᠂ ᠤᠷᠠᠯᠢᠭ ᠤᠨ ᠣᠷᠳᠣᠨ᠂ ᠰᠣᠶᠣᠯ ᠢᠷᠭᠡᠨᠰᠢᠯ ᠤᠨ ᠦᠵᠡᠮᠵᠢ ᠵᠡᠷᠭᠡ ᠣᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠳᠤ ᠲᠦᠰᠢᠭᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠰᠣᠶᠣᠯ ᠤᠨ ᠠᠭᠤᠯᠤᠭᠳᠠᠬᠤᠨ ᠤ ᠪᠠᠶᠢᠭᠤᠯᠤᠯᠲᠠ ᠶᠢ ᠴᠢᠩᠭᠠᠳᠬᠠᠬᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠳᠡᠯᠭᠡᠨ ᠦᠵᠡᠭᠦᠯᠭᠡ᠂ ᠤᠷᠠᠨ ᠰᠠᠶᠢᠬᠠᠨ ᠤ ᠲᠣᠭᠯᠠᠯᠲᠠ᠂ ᠰᠣᠶᠣᠯ ᠤᠨ ᠲᠠᠶᠢᠯᠪᠤᠷᠢᠯᠠᠯᠲᠠ ᠵᠡᠷᠭᠡ ᠠᠷᠭ᠎ᠠ ᠬᠡᠯᠪᠡᠷᠢ ᠶᠢ ᠠᠰᠢᠭᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠵᠣᠷᠢᠭ ᠰᠠᠨᠠᠭ᠎ᠠ ᠪᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠤᠯᠠᠮᠵᠢᠯᠠᠵᠤ᠂ ᠦᠨᠳᠦᠰᠦᠲᠡᠨ ᠤ ᠪᠦᠯᠬᠦᠮᠳᠡᠯ ᠤᠨ ᠥᠯᠢᠭᠡᠷ ᠢ ᠰᠠᠶᠢᠲᠤᠷ ᠶᠠᠷᠢᠵᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠰᠠᠶᠢᠨ ᠬᠡᠪ ᠰᠤᠷᠲᠠᠯ ᠢ ᠪᠠᠳᠠᠷᠠᠭᠤᠯᠤᠨ᠎ᠠ᠃      ᠬᠤᠪᠢᠰᠬᠠᠯ ᠤᠨ ᠳᠤᠷᠠᠰᠬᠠᠯ ᠤᠨ ᠲᠥᠷᠥᠯ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ  ᠨᠢ ᠬᠤᠪᠢᠰᠬᠠᠯ ᠤᠨ ᠳᠤᠷᠠᠰᠬᠠᠯ ᠤᠨ ᠣᠷᠳᠣᠨ᠂ ᠬᠤᠪᠢᠰᠬᠠᠯ ᠤᠨ ᠪᠠᠭᠤᠷᠢ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ᠂ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠵᠡᠷᠭᠡ ᠳᠤ ᠲᠦᠰᠢᠭᠯᠡᠵᠦ᠂ ᠤᠯᠤᠰ ᠢᠶᠠᠨ ᠬᠠᠶᠢᠷᠠᠯᠠᠵᠤ ᠴᠡᠷᠢᠭ ᠢᠶᠠᠨ ᠬᠦᠷᠢᠶᠡᠯᠡᠵᠦ᠂ ᠵᠠᠰᠠᠭ ᠢᠶᠠᠨ ᠳᠠᠮᠵᠢᠵᠤ ᠢᠷᠭᠡᠳ ᠢᠶᠠᠨ ᠬᠠᠶᠢᠷᠠᠯᠠᠭᠰᠠᠨ ᠲᠡᠷᠢᠭᠦᠨ ᠤ ᠨᠡᠶᠢᠲᠡᠯᠢᠭ ᠦᠶᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠤᠯᠤᠰ ᠢᠶᠠᠨ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠶᠢ ᠬᠥᠭᠵᠢᠭᠡᠵᠦ᠂ ᠦᠨᠳᠦᠰᠦᠲᠡᠨ ᠨᠦᠭᠦᠳ ᠤᠨ ᠡᠬᠡ ᠤᠯᠤᠰ ᠤᠨ ᠤᠮᠠᠷᠠᠲᠤ ᠬᠢᠯᠢ ᠶᠢ ᠬᠠᠮᠲᠤ ᠪᠠᠷ ᠰᠠᠶᠢᠲᠤᠷ ᠰᠠᠬᠢᠨ ᠬᠠᠮᠠᠭᠠᠯᠠᠳᠠᠭ ᠦᠨᠳᠦᠰᠦᠲᠡᠨ ᠤ ᠪᠦᠯᠬᠦᠮᠳᠡᠯ ᠤᠨ ᠣᠷᠳᠣ ᠴᠠᠭᠠᠨ ᠬᠡᠷᠡᠮ ᠢ ᠪᠠᠶᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠎ᠠ᠃      ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠲᠥᠷᠥᠯ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ  ᠨᠢ ᠬᠤᠲᠠ ᠶᠢᠨ ᠨᠡᠶᠢᠭᠡᠮ ᠲᠣᠭᠤᠷᠢᠭ᠂ ᠮᠠᠯᠵᠢᠬᠤ ᠲᠠᠷᠢᠶᠠᠯᠠᠬᠤ ᠣᠷᠣᠨ ᠤ ᠭᠠᠴᠠᠭ᠎ᠠ ᠲᠣᠰᠬᠤᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ ᠲᠦᠰᠢᠭᠯᠡᠵᠦ᠂ ᠬᠠᠷᠢᠯᠴᠠᠨ ᠰᠢᠬᠢᠳᠬᠡᠯᠳᠦ ᠮᠠᠶ᠋ᠢᠭ ᠤᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠂ ᠦᠨᠳᠦᠰᠦᠲᠡᠨ ᠨᠦᠭᠦᠳ ᠤᠨ ᠣᠯᠠᠨ ᠲᠦᠮᠡᠨ ᠬᠠᠮᠲᠤ ᠪᠠᠷ ᠠᠳᠠᠯ ᠦᠢᠯᠡᠰ ᠴᠣᠭᠴᠠᠯᠠᠬᠤ᠂ ᠶᠠᠳᠠᠭᠤ ᠬᠦᠴᠢᠷᠳᠡᠯᠲᠡᠢ ᠶᠢ ᠲᠤᠰᠠᠯᠠᠨ ᠳᠡᠮᠵᠢᠬᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠭᠠᠵᠠᠷ ᠣᠷᠣᠨ ︵ᠨᠢᠭᠡᠴᠢ︶ ᠢ ᠡᠭᠦᠳᠦᠨ ᠪᠠᠶᠢᠭᠤᠯᠤᠨ᠎ᠠ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠣᠷᠣᠰᠢᠨ ᠰᠠᠭᠤᠷᠢᠰᠢᠬᠤ ᠬᠠᠮᠲᠤ ᠪᠠᠷ ᠰᠤᠷᠤᠯᠴᠠᠬᠤ᠂ ᠬᠠᠮᠲᠤ ᠪᠠᠷ  ᠪᠠᠶᠢᠭᠤᠯᠬᠤ ᠬᠠᠮᠲᠤ ᠪᠠᠷ ᠭᠥᠷᠳᠡᠬᠦ᠂ ᠬᠠᠮᠲᠤ ᠪᠠᠷ ᠠᠵᠢᠯᠯᠠᠬᠤ ᠬᠠᠮᠲᠤ ᠪᠠᠷ ᠵᠢᠷᠭᠠᠬᠤ ᠨᠡᠶᠢᠭᠡᠮ ᠤᠨ ᠣᠷᠴᠢᠨ ᠨᠥᠬᠦᠴᠡᠯ ᠢ ᠪᠦᠷᠢᠯᠳᠦᠭᠦᠯᠬᠦ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠳᠠᠲᠠᠢ ᠲᠥᠷᠥᠭᠳᠡᠯ ᠲᠠᠢ ᠪᠦᠲᠦᠮᠵᠢᠲᠡᠶ ᠪᠠᠷ ᠪᠠᠲᠤᠳᠬᠠᠨ᠎ᠠ᠃      ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ ᠶᠠᠪᠤᠴᠠ ᠳᠤ᠂ ᠪᠢᠳᠡ ᠵᠦᠢ ᠵᠣᠬᠢᠰᠲᠠᠢ ᠪᠠᠶᠢᠷᠢᠯᠠᠭᠤᠯᠬᠤ ᠶᠢ ᠪᠣᠳᠣᠯᠬᠢᠯᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢᠶᠠᠷ ᠤᠬᠠᠭᠤᠯᠭ᠎ᠠ ᠬᠥᠮᠦᠵᠢᠯ ᠪᠣᠯᠣᠨ ᠦᠢᠯᠡᠴᠢᠯᠡᠬᠦ ᠡᠲᠡᠭᠡᠳ ᠢᠶᠠᠨ ᠪᠣᠯᠭᠠᠵᠤ᠂ ᠣᠷᠣᠨ ᠪᠦᠰᠡ᠂ ᠠᠵᠢᠯ ᠲᠥᠷᠥᠯ᠂ ᠬᠥᠮᠥᠨ ᠠᠮᠠ ᠶᠢᠨ ᠲᠠᠷᠬᠠᠯᠲᠠ ᠶᠢᠨ ᠣᠨᠴᠠᠯᠢᠭ ᠪᠣᠯᠣᠨ ᠲᠡᠦᠬᠡ ᠰᠣᠶᠣᠯ ᠤᠨ ᠡᠬᠢ ᠪᠠᠶᠠᠯᠢᠭ ᠢ ᠭᠦᠢᠴᠡᠳ ᠪᠣᠳᠣᠯᠬᠢᠯᠠᠵᠤ᠂ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠵᠦᠢ ᠵᠣᠬᠢᠰᠲᠠᠢ ᠪᠠᠶᠢᠷᠢᠯᠠᠭᠤᠯᠵᠤ᠂ ᠨᠢᠭᠡᠳᠦᠯᠲᠡᠢ ᠲᠥᠯᠥᠪᠵᠢᠭᠦᠯᠵᠦ᠂ ᠪᠦᠬᠦᠯᠢ ᠴᠣᠭᠴᠠ ᠪᠠᠷ ᠨᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠪᠦᠬᠦ ᠣᠷᠣᠨ ᠪᠦᠰᠡ ᠶᠢ ᠬᠠᠮᠤᠷᠴᠤ᠂ ᠪᠦᠬᠦ ᠠᠷᠠᠳ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠰᠢᠰᠲ᠋ᠧᠮ ᠢ ᠪᠠᠶᠢᠭᠤᠯᠬᠤ ᠬᠡᠷᠡᠭᠲᠡᠢ ᠭᠡᠵᠦ ᠳᠤᠷᠠᠳᠪᠠ᠃ ᠡᠯ᠎ᠡ ᠭᠠᠵᠠᠷ ᠤᠨ ᠬᠢᠨ ᠳᠠᠪᠠᠭᠤᠯᠢᠭ ᠲᠠᠯ᠎ᠠ ᠪᠠᠨ ᠪᠠᠳᠠᠷᠠᠭᠤᠯᠤᠨ ᠬᠦᠷᠦᠯᠴᠡᠬᠦ ᠦᠭᠡᠢ ᠲᠠᠯ᠎ᠠ ᠪᠠᠨ ᠨᠥᠬᠦᠪᠦᠷᠢᠯᠡᠵᠦ᠂ ᠴᠢᠳᠠᠮᠵᠢ ᠪᠠᠨ ᠲᠡᠭᠦᠯᠳᠡᠷᠵᠢᠭᠦᠯᠵᠦ᠂ ᠠᠳᠠᠯᠢ ᠪᠤᠰᠤ ᠲᠥᠷᠥᠯ ᠬᠡᠯᠪᠡᠷᠢ ᠶᠢᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠬᠠᠷᠢᠯᠴᠠᠨ ᠨᠥᠬᠦᠪᠦᠷᠢᠯᠡᠬᠦ ᠪᠠᠶᠢᠷᠢᠰᠢᠯ ᠢ ᠪᠣᠶ ᠪᠣᠯᠭᠠᠬᠤ ᠬᠡᠷᠡᠭᠲᠡᠢ᠃ ᠡᠯ᠎ᠡ ᠲᠥᠷᠥᠯ ᠤᠨ ᠰᠠᠭᠤᠷᠢᠨ ᠭᠠᠵᠠᠷ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠮᠡᠳᠡᠭᠡ ᠵᠠᠩᠭᠢᠴᠢᠯᠠᠬᠤ᠂ ᠳ᠋ᠢᠵᠢᠲ᠋ᠠᠯᠵᠢᠭᠤᠯᠬᠤ᠂ ᠲᠣᠣᠷ ᠰᠦᠯᠵᠢᠶᠡᠵᠢᠭᠦᠯᠬᠦ ᠪᠠᠶᠢᠭᠤᠯᠤᠯᠲᠠ ᠶᠢ ᠠᠬᠢᠭᠤᠯᠵᠤ᠂ ᠣᠨᠴᠠᠯᠢᠭ ᠲᠠᠢ᠂ ᠭᠢᠯᠠᠰ ᠴᠡᠭ ᠲᠠᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠰᠢᠨ᠎ᠡ ᠶᠢ ᠡᠭᠦᠳᠴᠦ᠂ ᠨᠥᠯᠥᠭᠡᠯᠡᠬᠦ ᠬᠦᠴᠦᠨ ᠢ ᠨᠢ ᠬᠠᠮᠤᠭ  ᠤᠨ ᠶᠡᠭᠡ ᠬᠡᠮᠵᠢᠶ᠎ᠡ ᠪᠠᠷ ᠨᠡᠮᠡᠭᠳᠡᠭᠦᠯᠦᠨ᠎ᠡ᠃      ᠰᠤᠷᠪᠤᠯᠵᠢᠯᠠᠭᠴᠢ᠄ ᠰᠠᠭᠤᠷᠢᠨ ᠭᠠᠵᠠᠷ ᠤᠨ ᠬᠠᠮᠢᠶᠠᠷᠤᠯᠲᠠ ᠶᠢᠨ ᠲᠠᠯ᠎ᠠ ᠪᠠᠷ ᠶᠠᠮᠠᠷ ᠬᠡᠯᠪᠡᠷᠢ ᠶᠢᠨ ᠲᠤᠷᠰᠢᠯᠭ᠎ᠠ ᠪᠣᠯᠣᠨ ᠠᠷᠭ᠎ᠠ ᠬᠢᠳᠡᠯ ᠪᠠᠶᠢᠬᠤ ᠪᠣᠶ︖      ᠭᠤᠤ ᠵᠠᠨ ᠱᠧᠩ᠄ ᠠᠵᠢᠯ ᠢᠶᠠᠨ ᠨᠡᠩ ᠰᠠᠶᠢᠲᠤᠷ ᠠᠬᠢᠭᠤᠯᠬᠤ ᠶᠢᠨ ᠲᠥᠯᠥᠭᠡ᠂ ᠪᠢᠳᠠ ᠲᠤᠰᠬᠠᠶᠢᠯᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ  ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠡᠷᠢᠭᠦᠯᠡᠭᠴᠢ ᠪᠠᠷ ᠬᠤᠣᠰ ᠳᠤᠭᠤᠶᠢᠯᠠᠩ ᠤᠨ ᠳᠠᠷᠤᠭ᠎ᠠ ᠪᠣᠯᠭᠠᠭᠰᠠᠨ ᠪᠦᠬᠦ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠠ᠃ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠦᠨᠳᠦᠰᠦᠲᠡᠨ ᠤ ᠵᠥᠪᠯᠡᠯ ᠴᠦ ᠵᠣᠬᠢᠴᠠᠩᠭᠤᠢ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠵᠤ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠳᠠᠯᠠᠵᠤ᠂ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ ᠵᠢᠯᠣᠭᠤᠳᠤᠨ ᠪᠦᠬᠦ ᠨᠡᠶᠢᠭᠡᠮ ᠳᠤ ᠬᠠᠨᠳᠤᠭᠤᠯᠤᠭᠰᠠᠨ ᠤᠬᠠᠭᠤᠯᠭ᠎ᠠ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠦ᠂ ᠲᠡᠷᠢᠭᠦᠨ ᠤ ᠨᠡᠶᠢᠲᠡᠯᠢᠭ ᠲᠤᠷᠰᠢᠯᠭ᠎ᠠ ᠶᠢ ᠪᠣᠶᠢᠵᠢᠭᠤᠯᠤᠨ ᠳᠡᠯᠭᠡᠷᠡᠭᠦᠯᠵᠦ᠂ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ ᠪᠤᠢ᠃ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠠᠯᠬᠤᠮ ᠳᠠᠷᠠᠭ᠎ᠠ ᠳᠤ ᠭᠤᠣᠯᠳᠠᠭᠤ᠂ ᠲᠠᠨᠢᠯᠴᠠᠭᠤᠯᠤᠨ ᠳᠡᠪᠰᠢᠭᠦᠯᠬᠦ᠂ ᠠᠩᠬ᠎ᠠ ᠰᠢᠯᠭᠠᠬᠤ᠂ ᠬᠢᠨᠠᠨ ᠲᠣᠭᠲᠠᠭᠠᠬᠤ᠂ ᠨᠡᠷᠡᠶᠢᠳᠬᠦ ᠵᠡᠷᠭᠡ 4 ᠱᠠᠲᠤ ᠪᠠᠭᠲᠠᠨ᠎ᠠ᠃ ᠪᠢᠳᠡ ᠰᠠᠭᠤᠷᠢᠨ ᠭᠠᠵᠠᠷ ᠢ ᠪᠠᠲᠤᠯᠠᠨ ᠲᠣᠭᠲᠠᠭᠠᠬᠤ ᠨᠠᠷᠢᠨ ᠲᠣᠳᠣᠷᠬᠠᠢ ᠨᠥᠬᠦᠴᠡᠯ ᠢ ᠲᠣᠭᠲᠠᠭᠠᠵᠤ᠂ ᠠᠩᠬᠠᠨ ᠤ ᠰᠢᠯᠭᠠᠯᠲᠠ ᠶᠢ ᠥᠩᠭᠡᠷᠡᠭᠦᠯᠦᠭᠰᠡᠨ ᠰᠠᠭᠤᠷᠢᠨ ᠭᠠᠵᠠᠷ ᠲᠤ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠦᠨᠡᠯᠡᠯᠲᠡ ᠬᠢᠯᠭᠡᠵᠦ᠂ ᠳᠡᠯᠭᠡᠨ ᠦᠵᠡᠭᠦᠯᠬᠦ ᠠᠭᠤᠯᠭ᠎ᠠ ᠶᠢ ᠴᠢᠩᠭ᠎ᠠ ᠠᠳᠬᠤᠵᠤ᠂ ᠬᠠᠮᠤᠭ ᠡᠴᠦᠰ ᠲᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠠᠴᠠ ᠨᠡᠷᠡᠶᠢᠳᠬᠦ ᠪᠠᠷ ᠪᠠᠶᠢᠭ᠎ᠠ ᠰᠠᠭᠤᠷᠢᠨ ᠭᠠᠵᠠᠷ ᠲᠤ ︽ᠪᠥᠬᠦ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ︾ ᠭᠡᠬᠦ ᠫᠠᠶᠢᠰᠠ ᠣᠯᠭᠤᠬᠤ ᠪᠣᠯᠣᠨ᠎ᠠ᠃      ᠦᠢᠯᠡᠳᠦᠯᠭᠡ ᠶᠢᠨ ᠰᠠᠭᠤᠷᠢᠨ ᠭᠠᠵᠠᠷ ᠲᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ 5 ᠵᠢᠯ ᠪᠦᠷᠢ ᠳᠤ ᠨᠢᠭᠡ ᠤᠳᠠᠭ᠎ᠠ ᠰᠢᠯᠭᠠᠨ ᠬᠢᠨᠠᠵᠤ ᠪᠠᠲᠤᠯᠠᠨ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠵᠢᠯ ᠪᠦᠷᠢ ᠪᠦᠬᠦ ᠣᠷᠣᠨ ᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠲᠤ ᠣᠨ ᠤ ᠬᠢᠨᠠᠨ ᠰᠢᠯᠭᠠᠯᠲᠠ ᠬᠢᠵᠦ᠂ ᠣᠨ ᠤ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠢ ᠪᠣᠯ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ︔ ᠬᠤᠶᠠᠷ ᠵᠢᠯ ᠳᠠᠷᠠᠭᠠᠯᠠᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠢ ᠪᠤᠶᠤ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ ᠮᠥᠨ ᠬᠦ ᠪᠠᠲᠤᠯᠠᠨ ᠲᠣᠭᠲᠠᠭᠠᠬᠤ ᠨᠥᠬᠦᠴᠡᠯ ᠳᠤ ᠨᠡᠶᠢᠴᠡᠭᠰᠡᠨ ᠦᠭᠡᠢ ᠪᠣᠯᠪᠠᠯ ᠨᠡᠷᠡᠶᠢᠳᠦᠯ ᠢ ᠨᠢ ᠬᠦᠴᠦᠨ ᠦᠭᠡᠢ ᠪᠣᠯᠭᠠᠨ᠎ᠠ᠃
 
ᠢᠷᠡᠯᠲᠡ᠄ ᠥᠪᠥᠷ ᠮᠣᠩᠭᠤᠯ ᠤᠨ ᠦᠨᠳᠦᠰᠦᠲᠡᠨ ᠰᠡᠳᠬᠦᠯ ᠸᠢᠴᠠᠲ ᠤᠯᠠᠨ ᠨᠡᠶᠢᠳᠡ ᠶᠢᠨ ᠳ᠋ᠤᠭᠠᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号