︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠪᠤᠭᠤᠳᠠᠢ ᠶᠢᠨ ᠡᠭᠦᠯᠳᠡᠷ ᠤᠨ ᠲᠤᠷᠰᠢᠯᠲᠠ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/2/7
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ︵ᠲᠠᠷᠢᠶᠠᠯᠠᠩ︶ ᠶᠢᠨ ᠮᠡᠷᠭᠡᠵᠢᠯ ᠳᠡᠯᠭᠡᠷᠡᠭᠦᠯᠬᠦ ᠲᠥᠪ᠂ ᠬᠥᠭᠵᠢᠭᠦᠯᠦᠯᠲᠡ ᠶᠢᠨ ᠲᠥᠪ᠂ ᠰᠤᠳᠤᠯᠭᠠᠨ ᠤ ᠭᠠᠵᠠᠷ᠂ ᠪᠤᠭᠤᠳᠠᠢ ᠶᠢᠨ ᠲᠥᠷᠥᠯ ᠵᠦᠢᠯ ᠤᠨ ᠲᠤᠷᠰᠢᠯᠲᠠ ᠶᠢ ᠡᠷᠭᠢᠯᠡᠬᠦ ᠨᠢᠭᠡᠴᠡ᠂ ᠳᠠᠭᠠᠭᠠᠨ ᠲᠤᠷᠰᠢᠬᠤ ᠨᠢᠭᠡᠴᠡ᠂ ᠲᠤᠷᠰᠢᠯᠲᠠ ᠳᠤ ᠣᠷᠣᠯᠴᠠᠬᠤ ᠨᠢᠭᠡᠴᠢ ᠳᠤ᠄      ᠲᠤᠷᠰᠢᠯᠲᠠ ᠳᠤ ᠣᠷᠣᠯᠴᠠᠭᠰᠠᠨ ᠰᠢᠨ᠎ᠡ ᠲᠥᠷᠥᠯ ᠵᠦᠢᠯ ᠤᠨ ᠶᠡᠷᠦᠩᠬᠡᠶᠢᠯᠡᠭᠰᠡᠨ ᠴᠢᠨᠠᠷ ᠪᠠ ᠲᠡᠰᠪᠦᠷᠢᠯᠡᠬᠦ ᠴᠢᠨᠠᠷ ᠤᠨ ᠢᠯᠡᠷᠡᠯ ᠢ ᠪᠤᠰᠤᠳᠴᠢ ᠂ ᠰᠢᠨᠵᠢᠯᠡᠬᠦ ᠤᠬᠠᠭᠠᠨᠴᠢ ᠂ ᠲᠥᠪ ᠭᠤᠣᠯᠴᠢ ᠪᠠᠷ ᠬᠢᠨᠠᠨ   ᠲᠣᠭᠲᠠᠭᠠᠵᠤ᠂ ᠮᠠᠨ ᠤ ᠣᠷᠣᠨ ᠤ ᠠᠳᠠᠯᠢ ᠪᠤᠰᠤ ᠠᠮᠢ ᠠᠬᠤᠢ ᠶᠢᠨ ᠣᠷᠣᠨ ᠳᠤ ᠲᠠᠷᠢᠬᠤ ᠳᠤ ᠲᠣᠬᠢᠷᠠᠬᠤ ᠲᠥᠷᠥᠯ ᠵᠦᠢᠯ ᠢ ᠰᠢᠯᠢᠨ ᠰᠣᠩᠭᠤᠵᠤ ᠂ ᠮᠠᠨ ᠤ ᠣᠷᠣᠨ ᠤ ᠪᠤᠭᠤᠳᠠᠢ ᠶᠢᠨ ᠲᠥᠷᠥᠯ ᠵᠦᠢᠯ ᠤᠨ ᠰᠢᠨᠡᠳᠬᠡᠨ ᠰᠣᠯᠢᠭᠳᠠᠬᠤ ᠶᠢ ᠲᠦᠷᠭᠡᠳᠬᠡᠬᠦ ᠶᠢᠨ ᠲᠦᠯᠦᠭᠡ᠂ 2024 ᠣᠨ ᠤ 1 ᠰᠠᠷ᠎ᠠ ᠶᠢᠨ 16 ᠤ ᠡᠳᠦᠷ᠂ ᠮᠠᠨ ᠤ ᠲᠥᠪ 2023 ᠣᠨ ᠤ ᠥᠪᠡᠷᠲᠡᠭᠡᠨ ᠵᠠᠰᠠᠬᠤ ᠣᠷᠣᠨ ᠤ ᠪᠤᠭᠤᠳᠠᠢ ᠶᠢᠨ ᠡᠭᠦᠯᠳᠡᠷ ᠤᠨ ᠲᠤᠷᠰᠢᠯᠲᠠ ᠶᠢᠨ ᠳ᠋ᠦᠩᠨᠡᠯᠲᠡ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ︽ᠭᠤᠣᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠵᠢᠴᠢ ᠬᠤᠷᠠᠯ ᠤᠨ ᠳ᠋ᠦᠩᠨᠡᠯᠲᠡ ᠶᠢ ᠦᠨᠳᠦᠰᠦᠯᠡᠨ᠂ ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠪᠤᠭᠤᠳᠠᠢ ᠶᠢᠨ ᠡᠭᠦᠯᠳᠡᠷ ᠤᠨ ᠲᠤᠷᠰᠢᠯᠲᠠ ᠶᠢᠨ ᠬᠡᠷᠡᠭᠵᠢᠭᠦᠯᠬᠦ ᠲᠥᠰᠥᠯ︾ ᠢ ᠲᠣᠭᠲᠠᠭᠠᠪᠠ᠂ ᠡᠳᠦᠭᠡ ᠳᠠᠷᠤᠮᠠᠯᠯᠠᠨ ᠲᠠᠷᠬᠠᠭᠠᠯ᠎ᠠ ᠂ ᠬᠡᠷᠡᠭᠵᠢᠭᠦᠯᠬᠦ ᠲᠥᠰᠥᠯ ᠤᠨ ᠱᠠᠭᠠᠷᠳᠠᠯᠭ᠎ᠠ ᠶᠣᠰᠣᠭᠠᠷ ᠬᠢᠨᠠᠮᠠᠭᠠᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠡᠭᠦᠯᠳᠡᠷ ᠤᠨ ᠲᠤᠷᠰᠢᠯᠲᠠ ᠶᠢᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃      ᠳᠠᠭᠠᠯᠳᠤᠭᠤᠯᠤᠯ᠄ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠪᠤᠭᠤᠳᠠᠢ ᠶᠢᠨ ᠡᠭᠦᠯᠳᠡᠷ ᠤᠨ ᠲᠤᠷᠰᠢᠯᠲᠠ ᠶᠢᠨ ᠬᠡᠷᠡᠭᠵᠢᠭᠦᠯᠬᠦ ᠲᠥᠰᠥᠯ                                  ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ                                 ᠮᠠᠯ ᠠᠵᠤ ᠠᠬᠤᠢ  ᠶᠢᠨ ᠮᠡᠷᠭᠡᠵᠢᠯ ᠳᠡᠯᠭᠡᠷᠡᠭᠦᠯᠬᠦ ᠲᠥᠪ                                        2024 ᠣᠨ ᠤ 2 ᠰᠠᠷ᠎ᠠ ᠶᠢᠨ 7 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号