ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠡᠷᠳᠡᠨᠢ ᠰᠢᠰᠢ ᠰᠢᠷ᠎ᠠ ᠪᠤᠷᠴᠠᠭ ᠤᠨ ᠥᠨᠳᠥᠷ ᠤᠨᠠᠯᠲᠠ ᠶᠢᠨ ᠲᠥᠷᠥᠯ ᠵᠦᠢᠯ ᠤᠨ ᠤᠷᠤᠯᠳᠤᠭᠠᠨ ᠤ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/2/8
ᠬᠤᠯᠪᠣᠭᠳᠠᠯ ᠪᠦᠬᠦᠢ ᠨᠢᠭᠡᠴᠢ ᠨᠦᠭᠦᠳ ᠄      ︽ᠦᠷ᠎ᠡ ᠪᠣᠯ ᠲᠠᠷᠢᠶᠠᠯᠠᠩ ᠤᠨ ᠴᠢᠫ ᠮᠥᠨ︾᠂ ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠦᠢᠯᠡᠰ ᠤᠨ ᠡᠭᠦᠯᠳᠡᠷ ᠪᠣᠶᠢᠵᠢᠭᠤᠯᠤᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠡᠭᠦᠯᠳᠡᠷ ᠤᠨ ᠥᠨᠳᠥᠷ ᠤᠨᠠᠯᠲᠠ ᠶᠢᠨ ᠳᠠᠯᠳᠠ ᠬᠦᠴᠦᠨ ᠢ ᠳᠡᠯᠭᠡᠨ ᠦᠵᠡᠭᠦᠯᠵᠦ᠂ ᠰᠢᠨ᠎ᠡ ᠡᠭᠦᠯᠳᠡᠷ ᠪᠠ ᠥᠨᠳᠥᠷ ᠤᠨᠠᠯᠲᠠ ᠲᠠᠢ ᠳᠠᠷᠢᠵᠤ ᠪᠣᠶᠢᠵᠢᠭᠤᠯᠬᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ᠂ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠶᠢᠨ ᠲᠤᠰᠠᠳᠠ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠡᠷᠳᠡᠨᠢ ᠰᠢᠰᠢ ᠰᠢᠷ᠎ᠠ ᠪᠤᠷᠴᠠᠭ ᠤᠨ ᠥᠨᠳᠥᠷ ᠤᠨᠠᠯᠲᠠ ᠲᠠᠢ ᠡᠭᠦᠯᠳᠡᠷ ᠤᠨ ᠤᠷᠤᠯᠳᠤᠭᠠᠨ ᠤ ᠠᠵᠢᠯᠯᠠᠭ᠎ᠠ ᠶᠢ ᠡᠷᠭᠢᠯᠡᠬᠦ ᠪᠠᠷ ᠪᠠᠶᠢᠨ᠎ᠠ ᠃      ᠨᠢᠭᠡ᠂ ᠠᠵᠢᠯᠯᠠᠭ᠎ᠠ ᠶᠢᠨ ᠠᠭᠤᠯᠭ᠎ᠠ      ᠡᠷᠳᠡᠨᠢ ᠰᠢᠰᠢ᠂ ᠰᠢᠷ᠎ᠠ ᠪᠤᠷᠴᠠᠭ ᠤᠨ ᠲᠥᠷᠥᠯ ᠵᠦᠢᠯ ᠤᠨ ᠥᠨᠳᠥᠷ ᠤᠨᠠᠯᠲᠠ ᠶᠢᠨ ᠰᠢᠨᠵᠢ ᠪᠠᠶᠢᠳᠠᠯ ᠤᠨ ᠭᠦᠢᠴᠡᠳᠬᠡᠯ ᠲᠤᠭ᠎ᠠ ᠶᠢᠨ ᠲᠣᠭᠤᠷᠢᠨ ᠳᠤ᠂ ᠪᠥᠬᠦ ᠣᠷᠣᠨ  ᠤ ᠣᠶᠢᠷ᠎ᠠ ᠶᠢᠨ 5 ᠵᠢᠯ ᠤᠨ ᠳᠣᠲᠣᠷ᠎ᠠ ᠪᠡᠶ᠎ᠡ ᠪᠠᠨ ᠳᠠᠭᠠᠭᠠᠵᠤ ᠪᠤᠶᠢᠵᠢᠭᠤᠯᠤᠭᠰᠠᠨ ᠡᠷᠳᠡᠨᠢ ᠰᠢᠰᠢ᠂ ᠰᠢᠷ᠎ᠠ ᠪᠤᠷᠴᠠᠭ ᠤᠨ ᠲᠥᠷᠥᠯ ᠵᠦᠢᠯ ᠢ  ᠡᠯᠰᠡᠨ ᠴᠤᠭᠯᠠᠭᠤᠯᠵᠤ ᠂ ᠥᠨᠳᠥᠷ ᠤᠨᠠᠯᠲᠠ ᠶᠢᠨ ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠦᠨ᠎ᠡ᠃ ︽ᠰᠠᠶᠢᠨ ᠳᠤᠷ᠎ᠠ ᠶᠢᠨ᠂ ᠲᠥᠪ ᠭᠤᠥᠯᠴᠢ᠂ ᠢᠯᠡ ᠪᠠᠶᠢᠯᠭᠠᠬᠤ︾ ᠵᠠᠷᠴᠢᠮ ᠢ ᠪᠠᠷᠢᠮᠲᠠᠯᠠᠵᠤ᠂ ᠤᠷᠤᠯᠳᠤᠭᠠᠨ ᠳᠤ ᠣᠷᠣᠯᠴᠠᠬᠤ ᠨᠢᠭᠡᠴᠢ ᠠᠴᠠ ᠤᠷᠤᠯᠳᠤᠭᠠᠨ ᠳᠤ ᠣᠷᠣᠯᠴᠠᠬᠤ ᠲᠥᠷᠥᠯ ᠵᠦᠢᠯ ᠢ ᠡᠵᠡᠨ ᠮᠡᠳᠡᠨ ᠲᠣᠭᠲᠠᠭᠠᠵᠤ᠂ ᠲᠠᠷᠢᠶᠠᠨ ᠠᠵᠢᠯ ᠤᠨ ᠬᠠᠮᠢᠶᠠᠷᠤᠯᠲᠠ ᠶᠢ ᠥᠪᠡᠰᠦᠪᠡᠨ ᠥᠷᠨᠢᠭᠦᠯᠦᠨ᠎ᠡ᠃ ᠠᠶᠢᠮᠠᠭ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠭᠤᠯᠵᠤ ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠢᠶᠠᠷ ᠳᠠᠩᠰᠠᠯᠠᠭᠤᠯᠤᠭᠰᠠᠨ ᠤ ᠲᠠᠷᠠᠭ᠎ᠠ ᠂ ᠬᠤᠷᠢᠶᠠᠯᠲᠠ ᠶᠢᠨ ᠬᠤᠭᠤᠴᠠᠭ᠎ᠠ ᠶᠢ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠢ ᠵᠣᠬᠢᠶᠠᠨ ᠪᠠᠶᠢᠭᠤᠯᠤᠨ ᠤᠨᠠᠯᠲᠠ ᠶᠢ ᠬᠡᠮᠵᠢᠵᠦ ᠂ ᠢᠯᠡᠷᠡᠯ ᠢᠶᠠᠷ ᠲᠣᠪᠣᠶᠢᠮ᠎ᠠ ᠲᠦᠷᠦᠯ ᠵᠦᠢᠯ ᠢ ᠤᠬᠠᠭᠤᠯᠤᠨ ᠲᠠᠨᠢᠯᠴᠠᠭᠤᠯᠬᠤ ᠬᠡᠷᠡᠭᠲᠡᠢ ᠃      ᠬᠤᠶᠠᠷ᠂ ᠠᠵᠢᠯᠯᠠᠭᠠᠨ ᠤ ᠣᠷᠣᠨ ᠪᠦᠰᠡ      ︵ᠨᠢᠭᠡ︶ ᠤᠯᠠᠭᠠᠨᠬᠠᠳᠠ ᠬᠤᠲᠠ᠂ ᠲᠦᠩᠯᠢᠶᠣᠣ ᠬᠤᠲᠠ᠂ ᠪᠠᠶᠠᠨᠨᠠᠭᠤᠷ ᠬᠤᠲᠠ ᠳᠤ ᠳᠤᠮᠳᠠ ᠪᠠ ᠣᠷᠣᠢ ᠪᠣᠯᠪᠠᠰᠤᠷᠠᠬᠤ ᠡᠷᠳᠡᠨᠢ ᠰᠢᠰᠢ ᠶᠢᠨ ᠡᠭᠦᠯᠳᠡᠷ ᠤᠨ ᠥᠨᠳᠥᠷ ᠤᠨᠠᠯᠲᠠ ᠶᠢᠨ ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠦᠨ᠎ᠡ᠃      ︵ᠬᠤᠶᠠᠷ︶ ᠬᠥᠯᠥᠨ ᠪᠤᠶᠢᠷ ᠬᠤᠲᠠ᠂ ᠬᠢᠩᠭᠠᠨ ᠠᠶᠢᠮᠠᠭ ᠲᠤ ᠡᠷᠲᠡ᠂ ᠳᠤᠮᠳᠠ ᠡᠷᠲᠡ ᠪᠣᠯᠪᠠᠰᠤᠷᠠᠬᠤ ᠰᠢᠷ᠎ᠠ ᠪᠤᠷᠴᠠᠭ ᠤᠨ ᠲᠥᠷᠥᠯ ᠵᠦᠢᠯ ᠤᠨ ᠥᠨᠳᠥᠷ ᠤᠨᠠᠯᠲᠠ ᠶᠢᠨ ᠤᠷᠤᠯᠳᠤᠭᠠᠨ ᠤ ᠠᠵᠢᠯᠯᠠᠭ᠎ᠠ ᠶᠢᠥᠷᠨᠢᠭᠦᠯᠦᠨ᠎ᠡ᠃      ᠭᠤᠷᠪᠠ᠂ ᠠᠵᠢᠯᠯᠠᠭ᠎ᠠ ᠶᠢᠨ ᠲᠣᠬᠢᠷᠠᠭᠤᠯᠤᠯᠲᠠ      3 ᠰᠠᠷ᠎ᠠ ᠶᠢᠨ 31 ᠤ ᠡᠳᠦᠷ ᠠᠴᠠ ᠡᠮᠦᠨ᠎ᠡ ᠤᠷᠤᠯᠳᠤᠭᠠᠨ ᠳᠤ ᠣᠷᠣᠯᠴᠠᠬᠤ ᠨᠢᠭᠡᠴᠢ  ᠨᠢ ︽ᠥᠨᠳᠥᠷ ᠤᠨᠠᠯᠲᠠ ᠲᠠᠢ ᠲᠥᠷᠥᠯ ᠵᠦᠢᠯ ᠤᠨ ᠤᠷᠤᠯᠳᠤᠭᠠᠨ ᠤ ᠮᠡᠳᠡᠭᠦᠯᠬᠦ ᠬᠦᠰᠦᠨᠦᠭᠲᠦ︾ ︵ᠳᠠᠭᠠᠯᠳᠤᠭᠤᠯᠤᠯ ᠳᠤ ᠦᠵᠡ︶ ᠶᠢ ᠲᠠᠭᠯᠠᠵᠤ᠂ ᠬᠠᠷᠢᠶ᠎ᠠ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠲᠤᠰᠢᠶᠠᠵᠤ ᠬᠢᠨᠠᠭᠤᠯᠤᠭᠰᠠᠨ ᠤ ᠳᠠᠷᠠᠭ᠎ᠠ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ  ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃      5 ᠰᠠᠷ᠎ᠠ  ᠠᠴᠠ 9 ᠰᠠᠷ᠎ᠠ ᠪᠣᠯᠲᠠᠯ᠎ᠠ ᠤᠷᠤᠯᠳᠤᠭᠠᠨ ᠳᠤ ᠣᠷᠣᠯᠴᠠᠬᠤ ᠨᠢᠭᠡᠴᠢ ᠪᠡᠶ᠎ᠡ ᠪᠠᠨ ᠳᠠᠭᠠᠭᠠᠨ ᠲᠠᠷᠢᠶᠠᠨ ᠠᠵᠢᠯ ᠤᠨ ᠬᠠᠮᠢᠶᠠᠷᠤᠯᠲᠠ ᠶᠠᠪᠤᠭᠤᠯᠵᠤ᠂ ᠬᠠᠮᠢᠶᠠᠷᠤᠯᠲᠠ  ᠶᠢᠨ ᠰᠠᠯᠠᠭ᠎ᠠ ᠮᠥᠴᠢᠷ ᠠᠴᠠ ᠲᠣᠭᠲᠠᠭᠰᠠᠨ ᠴᠠᠭ ᠲᠤ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠨ᠎ᠠ᠃      9 ᠰᠠᠷ᠎ᠠ  ᠠᠴᠠ 10 ᠰᠠᠷ᠎ᠠ ᠪᠣᠯᠲᠠᠯ᠎ᠠ ᠤᠨᠠᠯᠲᠠ ᠶᠢ ᠬᠡᠮᠵᠢᠨ ᠰᠢᠯᠭᠠᠨ ᠠᠪᠬᠤ ᠳᠤ᠂ ᠡᠷᠬᠡᠪᠰᠢ ᠡᠭᠦᠯᠳᠡᠷ ᠢ ᠬᠢᠨᠠᠨ ᠲᠣᠭᠲᠠᠭᠠᠭᠰᠠᠨ ᠪᠠᠶᠢᠳᠠᠯ᠂ ᠳᠠᠷᠢᠭᠰᠠᠨ ᠭᠠᠵᠠᠷ᠂ ᠣᠨᠴᠠᠯᠢᠭ ᠰᠢᠨᠵᠢ᠂ ᠳᠠᠷᠢᠵᠤ ᠪᠣᠶᠢᠵᠢᠭᠤᠯᠬᠤ ᠭᠤᠣᠯᠳᠠᠯᠭ᠎ᠠ ᠵᠡᠷᠭᠡ ᠮᠠᠲ᠋ᠧᠷᠢᠶᠠᠯ ᠢ ᠲᠤᠰᠢᠶᠠᠬᠤ ᠬᠡᠷᠡᠭᠲᠡᠢ᠃      ᠳᠥᠷᠪᠡ᠂ ᠮᠡᠳᠡᠭᠦᠯᠬᠦ ᠨᠥᠬᠦᠴᠡᠯ      ︵ᠨᠢᠭᠡ︶ ᠤᠷᠤᠯᠳᠤᠭᠠᠨ ᠳᠤ ᠤᠷᠤᠯᠴᠠᠬᠤ ᠲᠥᠷᠥᠯ ᠵᠦᠢᠯ ᠨᠢ ᠣᠶᠢᠷ᠎ᠠ ᠶᠢᠨ ᠲᠠᠪᠤᠨ ᠵᠢᠯ ᠤᠨ ᠲᠤᠷᠰᠢ ᠮᠠᠨ ᠤ ᠣᠷᠣᠨ ᠤ ᠲᠠᠷᠢᠶᠠᠯᠠᠩ ᠳᠤ ᠬᠤᠯᠪᠣᠭᠳᠠᠬᠤ ᠳᠡᠭᠡᠳᠦ ᠰᠤᠷᠭᠠᠭᠤᠯᠢ ᠂ ᠰᠢᠨᠵᠢᠯᠡᠬᠦ ᠤᠬᠠᠭᠠᠨ  ᠤ  ᠰᠤᠳᠤᠯᠭᠠᠨ ᠤ ᠬᠦᠷᠢᠶᠡᠯᠡᠩ ᠭᠠᠵᠠᠷ ᠂ ᠦᠷ᠎ᠡ ᠶᠢᠨ ᠠᠵᠤ ᠠᠬᠤᠶᠢᠯᠠᠯ  ᠠᠴᠠ ᠪᠤᠶᠢᠵᠢᠭᠤᠯᠤᠭᠰᠠᠨ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠬᠢᠨᠠᠨ ᠲᠣᠭᠲᠠᠭᠠᠯᠲᠠ ᠶᠢ ᠥᠩᠭᠡᠷᠡᠭᠡᠭᠰᠡᠨ ᠳᠤᠮᠳᠠ ᠪᠠ ᠣᠷᠣᠢ ᠪᠣᠯᠪᠠᠰᠤᠷᠠᠬᠤ ᠡᠷᠳᠡᠨᠢ ᠰᠢᠰᠢ ᠶᠢᠨ ᠲᠥᠷᠥᠯ ᠵᠦᠢᠯ ᠪᠣᠯᠣᠨ ᠡᠷᠲᠡ ᠪᠣᠯᠪᠠᠰᠤᠷᠠᠬᠤ ᠂ ᠳᠤᠮᠳᠠ ᠡᠷᠲᠡ ᠪᠣᠯᠪᠠᠰᠤᠷᠠᠬᠤ ᠰᠢᠷ᠎ᠠ ᠪᠤᠷᠴᠠᠭ ᠤᠨ ᠲᠥᠷᠥᠯ ᠵᠦᠢᠯ ᠪᠠᠶᠢᠬᠤ ᠬᠡᠷᠡᠭᠲᠡᠢ ᠃ ᠡᠭᠦᠯᠳᠡᠷ ᠢ ᠬᠢᠨᠠᠨ ᠲᠣᠭᠲᠠᠭᠠᠬᠤ ᠠᠯᠪᠠᠨ ᠵᠠᠷ ᠤᠨ ᠳᠡᠯᠭᠡᠷᠡᠭᠦᠯᠬᠦ ᠳᠤ ᠲᠣᠬᠢᠷᠠᠮᠵᠢᠲᠠᠢ ᠣᠷᠣᠨ ᠪᠦᠰᠡ ᠳᠤ ᠳᠡᠭᠡᠷ᠎ᠡ ᠳᠤᠷᠠᠳᠤᠭᠰᠠᠨ ᠵᠢᠭᠠᠨ ᠲᠣᠭᠲᠠᠭᠠᠭᠰᠠᠨ ᠭᠠᠵᠠᠷ ᠣᠷᠣᠨ ᠢ ᠪᠠᠭᠲᠠᠭᠠᠵᠤ ᠂ ᠤᠷᠤᠯᠳᠤᠭᠠᠨ ᠳᠤ ᠣᠷᠣᠯᠴᠠᠬᠤ ᠡᠭᠦᠯᠳᠡᠷ ᠤᠨ ᠲᠤᠭ᠎ᠠ ᠬᠡᠮᠵᠢᠶ᠎ᠡ ᠶᠢ ᠬᠢᠵᠠᠭᠠᠷᠯᠠᠬᠤ ᠦᠭᠡᠢ ᠃      ︵ᠬᠤᠶᠠᠷ︶ ᠮᠡᠳᠡᠭᠦᠯᠦᠭᠰᠡᠨ ᠲᠥᠷᠥᠯ ᠵᠦᠢᠯ ᠢ ᠡᠷᠬᠡᠪᠰᠢ ᠵᠠᠯᠭᠠᠯᠳᠤᠭᠤᠯᠤᠨ ᠳᠠᠷᠢᠵᠤ ᠂ ᠲᠠᠯᠠᠪᠠᠢ ᠶᠢ ᠨᠢ 100 ᠮᠦ ᠠᠴᠠ ᠳᠤᠲᠠᠭᠤ ᠦᠭᠡᠢ ᠪᠠᠶᠢᠯᠭᠠᠵᠤ ᠂ ᠭᠠᠵᠠᠷ ᠣᠷᠣᠨ ᠂ ᠤᠰᠤ ᠪᠣᠷᠳᠣᠭᠤᠷ ᠤᠨ ᠨᠥᠬᠦᠴᠡᠯ ᠢ  ᠨᠢ ᠬᠢᠵᠠᠭᠠᠷᠯᠠᠬᠤ ᠦᠭᠡᠢ ᠃      ︵ᠭᠤᠷᠪᠠ︶ ᠡᠭᠦᠯᠳᠡᠷ ᠨᠢᠭᠡᠪᠦᠷᠢ ᠨᠢ ᠠᠳᠠᠯᠢ ᠨᠢᠭᠡᠨ ᠠᠮᠢ ᠠᠬᠤᠢ ᠶᠢᠨ ᠣᠷᠣᠨ ᠳᠤ ᠠᠳᠠᠯᠢ ᠪᠤᠰᠤ ᠬᠤᠰᠢᠭᠤ ︵ ᠰᠢᠶᠠᠨ ᠂ ᠲᠣᠭᠤᠷᠢᠭ ︶ 2 ᠬᠡᠰᠡᠭ ᠭᠠᠵᠠᠷ ᠢ ᠰᠣᠩᠭᠤᠵᠤ ᠤᠨᠠᠯᠲᠠ ᠶᠢ ᠬᠡᠮᠵᠢᠬᠦ ᠠᠵᠢᠯᠯᠠᠭ᠎ᠠ ᠳᠤ ᠣᠷᠣᠯᠴᠠᠭᠤᠯᠬᠤ ᠬᠡᠷᠡᠭᠲᠡᠢ ᠃      ᠲᠠᠪᠤ ᠂ ᠤᠨᠠᠯᠲᠠ ᠶᠢ ᠬᠡᠮᠵᠢᠵᠦ ᠠᠳᠠᠯᠢᠳᠬᠠᠨ ᠰᠢᠯᠭᠠᠷᠠᠭᠤᠯᠬᠤ ᠠᠯᠬᠤᠮ ᠳᠠᠷᠠᠭ᠎ᠠ      ︵ᠨᠢᠭᠡ︶ ᠠᠶᠢᠮᠠᠭ ᠬᠤᠳᠠ ᠨᠤᠭᠤᠳ ᠥᠪᠡᠷ ᠲᠡᠭᠡᠨ ᠭᠡᠮᠵᠢᠬᠦ ᠃ ᠬᠤᠷᠢᠶᠠᠯᠲᠠ ᠶᠢᠨ ᠬᠤᠭᠤᠴᠠᠭᠠᠨ ᠳᠤ ᠪᠠᠶᠢᠭ᠎ᠠ ᠠᠶᠢᠮᠠᠭ ᠬᠤᠲᠠ ᠨᠢ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠤᠨᠠᠯᠲᠠ ᠶᠢ ᠣᠨᠣᠯ ᠢᠶᠠᠷ ᠬᠡᠮᠵᠢᠬᠦ ᠶᠢᠨ ᠬᠠᠮᠲᠤ᠂ ᠲᠠᠷᠢᠶᠠᠨ ᠭᠠᠵᠠᠷ ᠤᠨ ᠣᠷᠣᠨ ᠪᠠᠶᠢᠷᠢ᠂ ᠳᠠᠷᠢᠭᠰᠠᠨ ᠲᠠᠯᠠᠪᠠᠶ᠂ ᠡᠭᠦᠯᠳᠡᠷ᠂ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠣᠯᠣᠨ ᠤᠨᠠᠯᠲᠠ ᠶᠢ ᠬᠡᠮᠵᠢᠭᠰᠡᠨ ᠦᠷ᠎ᠡ ᠳ᠋ᠦᠩ ᠵᠡᠷᠭᠡ ᠨᠠᠷᠢᠨ ᠪᠠᠶᠢᠳᠠᠯ ᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠳᠤ ᠮᠡᠳᠡᠭᠦᠯᠦᠨ ᠬᠦᠷᠭᠡᠬᠦ ᠬᠡᠷᠡᠭᠲᠡᠢ᠃      ︵ᠬᠤᠶᠠᠷ︶ ᠥᠪᠡᠷᠲᠡᠭᠡᠨ ᠵᠠᠰᠠᠬᠤ ᠣᠷᠣᠨ  ᠠᠴᠠ ᠳᠠᠬᠢᠨ ᠬᠡᠮᠵᠢᠬᠦ ᠃ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ  ᠨᠢ ᠡᠯ᠎ᠡ ᠠᠶᠢᠮᠠᠭ ᠬᠤᠲᠠ ᠶᠢᠨ ᠮᠡᠳᠡᠭᠦᠯᠦᠭᠰᠡᠨ ᠮᠠᠲ᠋ᠧᠷᠢᠶᠠᠯ ᠢ ᠦᠨᠳᠦᠰᠦᠯᠡᠨ ᠨᠢᠭᠡᠳᠦᠯᠲᠡᠢ ᠬᠢᠨᠠᠨ ᠬᠠᠷᠭᠤᠭᠤᠯᠬᠤ ᠶᠢᠨ ᠬᠠᠮᠲᠤ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠤᠨ ᠪᠣᠳᠠᠲᠠᠢ ᠬᠤᠷᠢᠶᠠᠯᠲᠠ ᠶᠢᠨ ᠬᠡᠮᠵᠢᠯᠲᠡ ᠶᠢ ᠬᠢᠵᠦ ᠤᠨᠠᠯᠲᠠ ᠶᠢᠨ ᠬᠡᠮᠵᠢᠯᠲᠡ ᠶᠢᠨ ᠮᠡᠳᠡᠭᠦᠯᠦᠯᠲᠡ ᠶᠢ ᠪᠣᠶ ᠪᠣᠯᠭᠠᠬᠤ ᠬᠡᠷᠡᠭᠲᠡᠢ᠃ ᠡᠯ᠎ᠡ ᠭᠠᠵᠠᠷ ᠤᠨ ᠡᠯ᠎ᠡ ᠲᠥᠷᠥᠯ ᠤᠨ ᠲᠠᠷᠢᠮᠠᠯ ᠤᠨ ᠤᠨᠠᠯᠲᠠ ᠶᠢ ᠬᠡᠮᠵᠢᠨ ᠭᠠᠷᠭᠠᠯᠲᠠ ᠶᠢᠨ ᠬᠡᠮᠵᠢᠶ᠎ᠡ ᠪᠠ ᠨᠡᠷᠡᠰ ᠤᠨ ᠵᠢᠭᠰᠠᠭᠠᠯᠲᠠ ᠶᠢ ᠡᠷᠬᠡᠪᠰᠢ ᠥᠪᠡᠷᠲᠡᠭᠡᠨ ᠵᠠᠰᠠᠬᠤ ᠣᠷᠣᠨ ᠢᠶᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠨᠡᠶᠢᠲᠡᠯᠡᠵᠦ ᠪᠣᠯᠣᠨ᠎ᠠ᠃      ᠵᠢᠷᠭᠤᠭ᠎ᠠ ᠂ ᠤᠨᠠᠯᠲᠠ ᠶᠢ ᠬᠡᠮᠵᠢᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠪᠦᠷᠢᠯᠳᠦᠯ      ︵ᠨᠢᠭᠡ︶ ᠤᠨᠠᠯᠲᠠ ᠶᠢ ᠬᠡᠮᠵᠢᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠨᠢ 5-7 ᠬᠥᠮᠥᠨ ᠢᠶᠠᠷ ᠪᠦᠷᠢᠯᠳᠦᠵᠦ᠂ ᠡᠭᠦᠨ ᠳᠤ ᠡᠭᠦᠯᠳᠡᠷ ᠪᠣᠶᠢᠵᠢᠭᠤᠯᠬᠤ ᠤᠬᠠᠭᠠᠨ᠂ ᠪᠣᠶᠢᠵᠢᠭᠤᠯᠬᠤ ᠤᠬᠠᠭᠠᠨ ᠪᠠ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠲᠤᠰᠬᠠᠢ ᠮᠡᠷᠭᠡᠵᠢᠯᠲᠡᠨ ᠪᠠᠭᠲᠠᠬᠤ ᠶᠢᠨ ᠬᠠᠮᠲᠤ ᠲᠤᠬᠠᠢ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠤᠷᠢᠵᠤ ᠲᠤᠬᠠᠢ ᠶᠢᠨ ᠭᠠᠵᠠᠷ  ᠲᠤᠨᠢ ᠣᠷᠣᠯᠴᠠᠭᠤᠯᠤᠨ᠎ᠠ᠃      ︵ᠬᠤᠶᠠᠷ︶ ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠦᠢᠯᠡᠰ ᠤᠨ ᠰᠠᠯᠠᠭ᠎ᠠ ᠮᠥᠴᠢᠷ ᠤᠳ ᠤᠨᠠᠯᠲᠠ ᠶᠢ ᠬᠡᠮᠵᠢᠬᠦ ᠶᠠᠪᠤᠴᠠ ᠳᠤ ᠪᠥᠬᠦ ᠶᠠᠪᠤᠴᠠ ᠪᠠᠷ ᠣᠷᠣᠯᠴᠠᠬᠤ ᠶᠢᠨ ᠬᠠᠮᠲᠤ ᠲᠤᠬᠠᠢ ᠶᠢᠨ ᠭᠠᠵᠠᠷ ᠤᠨ ᠬᠤᠯᠪᠣᠭᠳᠠᠯ ᠪᠦᠬᠦᠢ ᠦᠷ᠎ᠡ ᠶᠢᠨ ᠰᠢᠨᠵᠢᠯᠡᠬᠦ ᠤᠬᠠᠭᠠᠨ ᠠᠵᠤ ᠠᠬᠤᠶᠢᠯᠠᠯ ᠤᠨ ᠠᠵᠢᠯᠲᠠᠨ ᠢ ᠤᠷᠢᠵᠤ ᠤᠨᠠᠯᠲᠠ ᠶᠢ ᠬᠡᠮᠵᠢᠬᠦ ᠳᠤ ᠣᠷᠣᠯᠴᠠᠭᠤᠯᠵᠤ᠂ ᠤᠨᠠᠯᠲᠠ ᠶᠢ ᠬᠡᠮᠵᠢᠭᠰᠡᠨ ᠦᠷ᠎ᠡ ᠳ᠋ᠦᠩ ᠤᠨ ᠡᠷᠬᠡ ᠲᠡᠭᠰᠢ᠂ ᠲᠥᠪ ᠭᠤᠥᠯᠴᠢ ᠪᠠᠶᠢᠬᠤ ᠶᠢ ᠪᠠᠲᠤᠯᠠᠬᠤ ᠬᠡᠷᠡᠭᠲᠡᠢ᠃      ᠳᠣᠯᠤᠭ᠎ᠠ᠂ ᠤᠨᠠᠯᠲᠠ ᠶᠢ ᠬᠡᠮᠵᠢᠭᠰᠡᠨ ᠦᠷ᠎ᠡ ᠳ᠋ᠦᠩ ᠤᠨ ᠬᠡᠷᠡᠭᠯᠡᠯᠲᠡ      ︵ᠨᠢᠭᠡ︶ ᠤᠨᠠᠯᠲᠠ ᠶᠢ ᠬᠡᠮᠵᠢᠭᠰᠡᠨ ᠦᠷ᠎ᠡ ᠳ᠋ᠦᠩ ᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠠᠯᠪᠠᠨ ᠤ ᠰᠦᠯᠵᠢᠶ᠎ᠡ᠂ ᠸᠢᠴᠠᠲ ᠤᠨ ᠨᠡᠶᠢᠲᠡ ᠶᠢᠨ ᠳ᠋ᠤᠭᠠᠷ ᠵᠢᠴᠢ ᠬᠠᠮᠢᠶ᠎ᠠ ᠪᠦᠬᠦᠢ ᠵᠠᠭᠤᠴᠢᠯᠠᠭᠤᠷ ᠳᠡᠭᠡᠷ᠎ᠡ ᠨᠡᠶᠢᠲᠡᠯᠡᠬᠦ ᠶᠢᠨ ᠬᠠᠮᠲᠤ ᠲᠠᠷᠢᠮᠠᠯ ᠨᠢᠭᠡᠪᠦᠷᠢ ᠶᠢᠨ ᠡᠮᠦᠨ᠎ᠡ ᠡᠩᠨᠡᠭᠡᠨ ᠳᠤ ᠵᠢᠭᠰᠠᠭᠠᠭᠳᠠᠭᠰᠠᠨ ᠥᠨᠳᠥᠷ ᠤᠨᠠᠯᠲᠠ ᠲᠠᠢ ᠲᠥᠷᠥᠯ ᠵᠦᠢᠯ ᠢ ᠲᠤᠰᠬᠠᠢ ᠰᠡᠳᠦᠪᠲᠦ ᠬᠡᠯᠪᠡᠷᠢ ᠪᠠᠷ ᠤᠬᠠᠭᠤᠯᠬᠤ ᠶᠢᠨ ᠬᠠᠮᠲᠤ ᠲᠠᠨᠢᠯᠴᠠᠭᠤᠯᠬᠤ ᠬᠡᠷᠡᠭᠲᠡᠢ᠃      ︵ᠬᠤᠶᠠᠷ︶ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ 2025 ᠣᠨ ᠤ ᠭᠤᠣᠯᠯᠠᠬᠤ ᠡᠭᠦᠯᠳᠡᠷ ᠤᠨ ᠨᠡᠷᠡᠰ ᠤᠨ ᠵᠢᠭᠰᠠᠭᠠᠯᠲᠠ ᠳᠤ ᠣᠷᠣᠭᠤᠯᠬᠤ ᠪᠠᠷ ᠲᠠᠨᠢᠯᠴᠠᠭᠤᠯᠤᠨ᠎ᠠ᠃      ︵ᠭᠤᠷᠪᠠ︶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠥᠨᠳᠥᠷ ᠭᠠᠷᠤᠯᠲᠠ ᠲᠠᠢ ᠲᠥᠷᠥᠯ ᠵᠦᠢᠯ ᠢ ᠳᠡᠯᠭᠡᠷᠡᠭᠦᠯᠬᠦ ᠤᠬᠠᠭᠤᠯᠭ᠎ᠠ ᠶᠢ ᠪᠤᠰᠤᠳ ᠬᠡᠯᠪᠡᠷᠢ ᠪᠠᠷ ᠨᠡᠩ ᠪᠦᠲᠦᠮᠵᠢᠲᠡᠶ ᠪᠠᠷ ᠥᠷᠨᠢᠭᠦᠯᠵᠦ ᠂ ᠴᠢᠨᠠᠷ ᠰᠠᠶᠢᠲᠠᠢ ᠥᠨᠳᠥᠷ ᠭᠠᠷᠤᠯᠲᠠ ᠲᠠᠢ ᠲᠥᠷᠥᠯ ᠵᠦᠢᠯ ᠤᠨ ᠠᠯᠳᠠᠷᠰᠢᠯ ᠢ ᠳᠡᠭᠡᠭᠰᠢᠯᠡᠭᠦᠯᠦᠨ᠎ᠡ ᠃      ︵ᠳᠥᠷᠪᠡ︶ ᠤᠨᠠᠯᠲᠠ ᠶᠢ ᠬᠡᠮᠵᠢᠭᠰᠡᠨ ᠦᠷ᠎ᠡ ᠳ᠋ᠦᠩ ᠢᠶᠠᠷ ᠮᠠᠨ ᠤ ᠲᠢᠩᠬᠢᠮ ᠤᠨ ᠴᠢᠬᠤᠯᠠ ᠶᠡᠭᠡ ᠲᠥᠷᠥᠯ ᠵᠦᠢᠯ ᠢ ᠳᠡᠯᠭᠡᠷᠡᠭᠦᠯᠬᠦ ᠳᠤ ᠨᠥᠬᠦᠪᠦᠷᠢ ᠥᠭᠬᠦ ᠵᠡᠷᠭᠡ ᠲᠥᠷᠥᠯ ᠵᠦᠢᠯ ᠤᠨ ᠯᠠᠪᠯᠠᠯᠲᠠ ᠶᠢᠨ ᠦᠨᠳᠦᠰᠦᠯᠡᠯᠪᠣᠯᠭᠠᠨ᠎ᠠ᠃      ᠨᠠᠢᠮᠠ᠂ ᠠᠵᠢᠯᠯᠠᠭ᠎ᠠ ᠶᠢᠨ ᠱᠠᠭᠠᠷᠳᠠᠯᠭ᠎ᠠ      ︵ᠨᠢᠭᠡ︶ ᠡᠯ᠎ᠡ ᠠᠶᠢᠮᠠᠭ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠤᠭᠤᠳ ︽ ᠥᠨᠳᠥᠷ ᠤᠨᠠᠯᠲᠠ ᠲᠠᠢ ᠲᠥᠷᠥᠯ ᠵᠦᠢᠯ ᠤᠨ ᠤᠷᠤᠯᠳᠤᠭᠠᠨ ᠤ ᠮᠡᠳᠡᠭᠦᠯᠬᠦ ᠬᠦᠰᠦᠨᠦᠭᠲᠦ ︾ ᠶᠢᠨ ᠡᠯᠧᠺᠲᠷᠣᠨ  ᠬᠡᠪᠯᠡᠯ ᠤᠨ ᠪᠢᠴᠢᠭ ᠮᠠᠲ᠋ᠧᠷᠢᠶᠠᠯ ᠪᠣᠯᠣᠨ ᠲᠠᠮᠠᠭ᠎ᠠ ᠳᠠᠷᠤᠭᠰᠠᠨ ᠤ ᠳᠠᠷᠠᠭᠠᠬᠢ ᠰᠢᠷᠪᠢᠬᠦ ᠪᠢᠴᠢᠭ  ᠮᠠᠲ᠋ᠧᠷᠢᠶᠠᠯ ᠢ ᠵᠢᠭᠠᠨ ᠲᠣᠭᠲᠠᠭᠠᠭᠰᠠᠨ ᠰᠢᠤᠳᠠᠨ ᠤ ᠬᠠᠶᠢᠷᠴᠠᠭ ᠲᠤ ᠵᠡᠷᠭᠡ ᠪᠠᠷ ᠶᠠᠪᠤᠭᠤᠯᠵᠤ ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠳᠤ ᠲᠤᠰᠢᠶᠠᠵᠤ ᠳᠠᠩᠰᠠᠯᠠᠭᠤᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠲᠠᠷᠢᠮᠠᠯ ᠤᠨ ᠦᠢᠯᠡᠰ ᠤᠨ ᠬᠥᠭᠵᠢᠯᠲᠡ ᠶᠢᠨ ᠭᠠᠵᠠᠷ ᠲᠤ ᠬᠠᠭᠤᠯᠤᠨ ᠬᠦᠷᠭᠡᠬᠦ ᠬᠡᠷᠡᠭᠲᠡᠢ ᠃      ︵ᠬᠤᠶᠠᠷ︶ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠳᠤ ᠳᠠᠩᠰᠠᠯᠠᠭᠤᠯᠤᠭᠰᠠᠨ ᠤ ᠳᠠᠷᠠᠭ᠎ᠠ᠂ ᠤᠷᠤᠯᠳᠤᠭᠠᠨ ᠳᠤ ᠣᠷᠣᠯᠴᠠᠬᠤ ᠨᠢᠭᠡᠴᠢ  ᠨᠢ ᠤᠷᠤᠯᠳᠤᠭᠠᠨ ᠳᠤ ᠣᠷᠣᠯᠴᠠᠬᠤ ᠡᠭᠦᠯᠳᠡᠷ ᠤᠨ ᠦᠷ᠎ᠡ ᠶᠢᠨ ᠥᠯᠢᠭᠡᠷ ᠡᠳ᠋ ᠢ ᠬᠠᠷᠢᠶ᠎ᠠ ᠭᠠᠵᠠᠷ ᠤᠨ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠰᠢᠤᠳᠠᠨ ᠢᠶᠠᠷ ᠢᠯᠡᠭᠡᠵᠦ ᠥᠯᠢᠭᠡᠷ ᠦᠯᠡᠳᠡᠭᠡᠨ ᠪᠠᠶᠢᠴᠠᠭᠠᠬᠤ ᠳᠤ ᠪᠡᠯᠡᠳᠬᠡᠬᠦ ᠬᠡᠷᠡᠭᠲᠡᠢ᠃      ︵ᠭᠤᠷᠪᠠ︶ ᠰᠣᠩᠭᠤᠭᠤᠯᠢ ᠳᠤ ᠣᠷᠣᠯᠴᠠᠬᠤ ᠲᠥᠷᠥᠯ ᠵᠦᠢᠯ ᠳᠤ ᠨᠢᠭᠡᠳᠦᠯᠲᠡᠢ ᠤᠨᠠᠯᠲᠠ ᠶᠢ ᠬᠡᠮᠵᠢᠬᠦ ᠠᠷᠭ᠎ᠠ ᠪᠠᠷ ᠤᠨᠠᠯᠲᠠ ᠶᠢ ᠬᠡᠮᠵᠢᠵᠦ ᠂ ᠤᠨᠠᠯᠲᠠ ᠶᠢ ᠬᠡᠮᠵᠢᠬᠦ ᠠᠷᠭ᠎ᠠ ᠶᠢ ᠲᠤᠰᠬᠠᠢ ᠮᠡᠷᠭᠡᠵᠢᠯᠲᠡᠨ ᠤ ᠳᠤᠭᠤᠶᠢᠯᠠᠩ ᠠᠴᠠ ᠲᠣᠭᠲᠠᠭᠠᠵᠤ ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠢᠶᠠᠷ ᠨᠤᠲᠠᠯᠠᠭᠤᠯᠤᠭᠰᠠᠨ ᠤ ᠲᠠᠷᠠᠭ᠎ᠠ ᠨᠡᠶᠢᠲᠡᠯᠡᠨ ᠬᠡᠷᠡᠭᠵᠢᠭᠦᠯᠦᠨ᠎ᠡ ᠃      ︵ ᠳᠥᠷᠪᠡ ︶ ᠰᠣᠩᠭᠤᠭᠤᠯᠢ ᠳᠤ ᠣᠷᠣᠯᠴᠠᠬᠤ ᠨᠢᠭᠡᠴᠢ ᠠᠴᠠ ᠦᠷ᠎ᠡ ᠲᠠᠷᠢᠬᠤ ᠠᠴᠠ ᠬᠤᠷᠢᠶᠠᠯᠲᠠ ᠬᠦᠷᠲᠡᠯᠡᠬᠢ ᠪᠦᠬᠦ ᠶᠠᠪᠤᠴᠠ ᠳᠤ ᠣᠷᠣᠭᠤᠯᠤᠭᠰᠠᠨ ᠭᠠᠷᠤᠯᠲᠠ ᠶᠢ ᠡᠮᠬᠢᠳᠬᠡᠨ ᠲᠡᠮᠳᠡᠭᠯᠡᠬᠦ ᠶᠢ ᠬᠠᠷᠢᠭᠤᠴᠠᠨ᠎ᠠ ᠂ ᠡᠭᠦᠨ ᠳᠤ ᠦᠷ᠎ᠡ ᠰᠢᠢᠳᠪᠦᠷᠢᠯᠡᠬᠦ᠂ ᠦᠷ᠎ᠡ ᠲᠠᠷᠢᠬᠤ ᠂ ᠪᠣᠷᠳᠣᠭᠤᠷ ᠣᠷᠣᠭᠤᠯᠬᠤ ᠂ ᠤᠰᠤᠯᠠᠬᠤ ᠵᠢᠴᠢ ᠲᠠᠷᠢᠵᠤ ᠪᠣᠶᠢᠵᠢᠭᠤᠯᠬᠤ ᠬᠠᠮᠢᠶᠠᠷᠤᠯᠲᠠ ᠵᠡᠷᠭᠡ ᠠᠭᠤᠯᠭ᠎ᠠ ᠪᠠᠭᠲᠠᠨ᠎ᠠ ᠃      ︵ᠲᠠᠪᠤ︶ ᠰᠢᠯᠭᠠᠷᠠᠭᠤᠯᠤᠯᠲᠠ ᠳᠤ ᠣᠷᠣᠯᠴᠠᠬᠤ ᠶᠠᠪᠤᠴᠠ ᠳᠤ ᠶᠠᠮᠠᠷᠪᠠ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠦᠶᠯᠡ ᠠᠵᠢᠯᠯᠠᠭ᠎ᠠ ᠲᠠᠢ ᠪᠠᠶᠢᠪᠠᠯ᠂ ᠪᠠᠶᠢᠴᠠᠭᠠᠨ ᠲᠣᠳᠣᠯᠠᠬᠤ ᠪᠠᠷ ᠳᠡᠮᠵᠢᠨ ᠲᠡᠮᠳᠡᠭᠯᠡᠭᠳᠡᠬᠦ ᠦᠨᠡᠨᠴᠢ ᠢᠲᠡᠭᠡᠮᠵᠢ ᠲᠠᠢ ᠪᠠᠶᠢᠵᠤ᠂ ᠭᠤᠷᠪᠠᠨ ᠵᠢᠯ ᠤᠨ ᠳᠣᠲᠣᠷ᠎ᠠ ᠲᠣᠰ ᠠᠵᠢᠯᠯᠠᠭ᠎ᠠ ᠵᠢᠴᠢ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠬᠠᠮᠢᠶ᠎ᠠ ᠪᠦᠬᠦᠢ ᠠᠵᠢᠯᠯᠠᠭ᠎ᠠ ᠳᠤ ᠣᠷᠣᠯᠴᠠᠵᠤ ᠪᠣᠯᠬᠤ ᠦᠭᠡᠢ᠃       ᠶᠢᠰᠦ᠂ ᠬᠠᠷᠢᠯᠴᠠᠬᠤ ᠠᠷᠭ᠎ᠠ ᠬᠡᠯᠪᠡᠷᠢ      ︵ᠨᠢᠭᠡ︶ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ       ᠬᠠᠷᠢᠯᠴᠠᠬᠤ ᠬᠥᠮᠥᠨ᠄ ᠪᠠᠢ ᠢᠦᠢ ᠲᠢᠩ   ᠬᠠᠷᠢᠯᠴᠠᠬᠤ ᠤᠲᠠᠰᠤ᠄ 18848114650      ᠰᠢᠤᠳᠠᠨ ᠬᠠᠶᠢᠷᠴᠠᠭ᠄ nmgnmtzyc@163.com      ︵ᠬᠤᠶᠠᠷ︶ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ      ᠬᠠᠷᠢᠯᠴᠠᠬᠤ ᠬᠥᠮᠥᠨ᠄ ᠵᠠᠩ ᠫᠧᠩ ᠢᠦᠢ   ᠬᠠᠷᠢᠯᠴᠠᠬᠤ ᠤᠲᠠᠰᠤ᠄ 16604717162      ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠡᠷᠳᠡᠨᠢ ᠰᠢᠰᠢ ᠰᠢᠷ᠎ᠠ ᠪᠤᠷᠴᠠᠭ ᠤᠨ ᠥᠨᠳᠥᠷ ᠤᠨᠠᠯᠲᠠ ᠶᠢᠨ ᠲᠥᠷᠥᠯ ᠵᠦᠢᠯ ᠤᠨ ᠤᠷᠤᠯᠳᠤᠭᠠᠨ ᠤ ᠮᠡᠳᠡᠭᠦᠯᠬᠦ ᠬᠦᠰᠦᠨᠦᠭᠲᠦ                              ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ                            ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                                   2024 ᠣᠨ ᠤ 2 ᠰᠠᠷ᠎ᠠ ᠶᠢᠨ 8 ᠤ ᠡᠳᠦᠷ    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号