ᠦᠬᠡᠷ ᠲᠡᠵᠢᠭᠡᠬᠦ ᠠᠷᠭ᠎ᠠ
ᠨᠡᠶᠢᠲᠡᠯᠡᠭᠰᠡᠨ ᠴᠠᠭ᠄
2024/3/1
      ᠲᠡᠵᠢᠭᠡᠨ ᠠᠷᠠᠴᠢᠯᠠᠬᠤ ᠪᠣᠯ ᠦᠬᠡᠷ ᠲᠡᠵᠢᠭᠡᠨ ᠦᠷᠡᠵᠢᠭᠦᠯᠬᠦ ᠶᠢᠨ ᠴᠢᠬᠤᠯᠠ ᠵᠠᠩᠭᠢᠯᠠᠭ᠎ᠠ ᠪᠠᠶᠢᠵᠤ᠂ ᠦᠬᠡᠷ ᠤᠨ ᠥᠰᠦᠯᠲᠡ᠂ ᠡᠷᠡᠭᠦᠯ ᠴᠢᠬᠢᠷᠠᠭ ᠪᠠ ᠭᠠᠷᠤᠯᠳᠠ ᠶᠢ ᠰᠢᠭᠤᠳ ᠨᠥᠯᠥᠭᠡᠯᠡᠳᠡᠭ᠃ ᠲᠡᠵᠢᠭᠡᠬᠦ ᠳᠤ ᠳᠣᠣᠷᠠᠬᠢ ᠬᠡᠳᠦᠨ ᠲᠠᠯ᠎ᠠ ᠶᠢ ᠠᠩᠬᠠᠷᠬᠤ ᠬᠡᠷᠡᠭᠲᠡᠢ᠄      ᠲᠣᠭᠲᠠᠭᠰᠠᠨ ᠴᠠᠭ ᠲᠤᠨᠢ ᠬᠡᠮᠵᠢᠶ᠎ᠡ ᠪᠠᠷ ᠲᠡᠵᠢᠭᠡᠬᠦ᠄ ᠲᠣᠭᠲᠠᠭᠰᠠᠨ ᠴᠠᠭ ᠲᠤ ᠲᠣᠭᠲᠠᠭᠰᠠᠨ ᠬᠡᠮᠵᠢᠶ᠎ᠡ ᠪᠠᠷ ᠲᠡᠵᠢᠭᠡᠵᠦ᠂ ᠬᠡᠲᠦᠷᠬᠡᠢ ᠴᠠᠳᠬᠠᠬᠤ ᠪᠤᠶᠤ ᠬᠡᠲᠦᠷᠬᠡᠢ ᠦᠯᠦᠰᠭᠡᠬᠦ ᠡᠴᠡ ᠬᠢᠴᠢᠶᠡᠵᠦ ᠂ ᠦᠬᠡᠷ ᠤᠨ ᠰᠢᠩᠭᠡᠭᠡᠯᠲᠡ ᠶᠢ  ᠨᠦᠯᠦᠭᠡᠯᠡᠬᠦ ᠠᠴᠠ ᠵᠠᠶᠢᠯᠠᠰᠬᠢᠨ᠎ᠠ᠃ ᠡᠩ ᠤᠨ ᠪᠠᠶᠢᠳᠠᠯ ᠳᠤ ᠡᠳᠦᠷ ᠪᠦᠷᠢ 3 ᠤᠳᠠᠭ᠎ᠠ ᠲᠡᠵᠢᠭᠡᠵᠦ᠂ ᠥᠷᠯᠥᠭᠡ ᠦᠳᠡ ᠣᠷᠣᠢ ᠲᠤᠰ ᠪᠦᠷᠢ ᠨᠢᠭᠡ ᠤᠳᠠᠭ᠎ᠠ ᠲᠡᠵᠢᠭᠡᠵᠦ᠂ ᠤᠳᠠᠭ᠎ᠠ ᠪᠦᠷᠢ ᠲᠡᠵᠢᠭᠡᠬᠦ ᠠᠴᠠ ᠪᠠᠨ ᠡᠮᠦᠨ᠎ᠡ ᠣᠩᠭᠤᠴᠠ ᠪᠠ ᠤᠰᠤᠨ ᠣᠩᠭᠤᠴᠠ ᠪᠠᠨ ᠴᠡᠪᠡᠷᠯᠡᠵᠦ᠂ ᠠᠷᠢᠭᠤᠨ ᠴᠡᠪᠡᠷ ᠢ ᠪᠠᠲᠤᠯᠠᠬᠤ ᠬᠡᠷᠡᠭᠲᠡᠢ᠃      ᠤᠷᠢᠳ ᠢᠶᠠᠷ ᠡᠪᠡᠰᠦ ᠳᠠᠷᠠᠭ᠎ᠠ ᠪᠠᠷ ᠨᠢ ᠪᠣᠷᠳᠤᠭ᠎ᠠ᠄ ᠲᠡᠵᠢᠭᠡᠬᠦ ᠳᠡᠭᠡᠨ ᠤᠷᠢᠳ ᠢᠶᠠᠷ ᠦᠬᠡᠷ ᠲᠤ ᠡᠪᠡᠰᠦ ᠢᠳᠡᠭᠦᠯᠵᠦ᠂ ᠳᠠᠷᠠᠭ᠎ᠠ ᠨᠢ ᠦᠬᠡᠷ ᠲᠤ ᠪᠣᠷᠳᠤᠭ᠎ᠠ ᠢᠳᠡᠭᠦᠯᠦᠨ᠎ᠡ᠂ ᠢᠩᠭᠢᠪᠡᠯ ᠦᠬᠡᠷ ᠤᠨ ᠪᠦᠳᠦᠭᠦᠨ ᠰᠢᠷᠬᠡᠭᠯᠢᠭ ᠢ ᠭᠦᠢᠴᠡᠳ ᠰᠢᠩᠭᠡᠬᠡᠨ ᠠᠪᠬᠤ ᠶᠢ ᠪᠠᠲᠤᠯᠠᠵᠤ᠂ ᠦᠬᠡᠷ ᠤᠨ ᠭᠦᠵᠡᠭᠡᠨ ᠤ ᠠᠵᠢᠯᠯᠠᠭ᠎ᠠ ᠶᠢ ᠠᠬᠢᠭᠤᠯᠵᠤ᠂ ᠰᠢᠮ᠎ᠡ ᠲᠡᠵᠢᠭᠡᠯ ᠤᠨ ᠠᠰᠢᠭᠯᠠᠮᠵᠢ ᠶᠢ ᠳᠡᠭᠡᠭᠰᠢᠯᠡᠭᠦᠯᠵᠦ ᠴᠢᠳᠠᠨ᠎ᠠ᠃ ᠡᠪᠡᠰᠦ ᠪᠣᠷᠳᠤᠭ᠎ᠠ ᠶᠢ ᠰᠢᠨ᠎ᠡ ᠰᠣᠷᠭᠤᠭ ᠴᠡᠪᠡᠷ ᠪᠠᠶᠢᠯᠭᠠᠬᠤ ᠬᠡᠷᠡᠭᠲᠡᠢ᠂ ᠸᠠᠯᠠᠬᠤ ᠪᠤᠶᠤ ᠣᠨᠳᠣᠣ ᠦᠨᠦᠷ ᠭᠠᠷᠴᠤ ᠪᠣᠯᠬᠤ ᠦᠭᠡᠢ᠃      ᠵᠤᠨ ᠤ ᠤᠯᠠᠷᠢᠯ ᠳᠤ ᠨᠣᠭᠤᠭᠠᠨ ᠡᠪᠡᠰᠦ ᠢᠯᠡᠭᠦᠬᠡᠨ ᠲᠡᠵᠢᠭᠡᠨ᠎ᠡ᠄ ᠵᠤᠨ ᠤ ᠤᠯᠠᠷᠢᠯ ᠳᠤ ᠠᠭᠠᠷ ᠤᠨ ᠳᠤᠯᠠᠭᠠᠨ ᠥᠨᠳᠥᠷ᠂ ᠦᠬᠡᠷ ᠤᠨ ᠢᠳᠡᠭᠡᠨ ᠤ ᠳᠤᠷᠠᠰᠢᠯ ᠪᠠᠭᠤᠷᠠᠵᠤ ᠮᠡᠳᠡᠨ᠎ᠡ᠂ ᠡᠶᠢᠮᠦ ᠠᠴᠠ ᠴᠠᠷᠭᠠᠰᠤ᠂ ᠭᠤᠷᠪᠠᠨ ᠨᠠᠪᠴᠢᠲᠤ ᠡᠪᠡᠰᠦ᠂ ᠡᠷᠳᠡᠨᠢ ᠰᠢᠰᠢ ᠶᠢᠨ ᠰᠦᠷᠡᠯ ᠵᠡᠷᠭᠡ ᠶᠢ ᠢᠯᠡᠭᠦᠬᠡᠨ ᠢᠳᠡᠭᠦᠯᠵᠦ᠂ ᠦᠬᠡᠷ ᠤᠨ ᠸᠢᠲ᠋ᠠᠮᠢᠨ ᠤ ᠰᠢᠩᠭᠡᠭᠡᠯᠲᠡ ᠶᠢ ᠨᠡᠮᠡᠭᠳᠡᠭᠦᠯᠦᠨ᠂ ᠢᠳᠡᠭᠡᠨ ᠤ ᠳᠤᠷᠠᠰᠢᠯ ᠪᠠ ᠰᠢᠩᠭᠡᠭᠡᠯᠲᠡ ᠶᠢ ᠠᠬᠢᠭᠤᠯᠤᠨ᠎ᠠ᠃      ᠡᠪᠡᠰᠦ ᠪᠣᠷᠳᠤᠭ᠎ᠠ ᠪᠣᠯ ᠦᠬᠡᠷ ᠤᠨ ᠭᠤᠣᠯ ᠢᠳᠡᠭᠡᠨ ᠤ ᠢᠷᠡᠯᠲᠡ ᠪᠣᠯᠬᠤᠷ ᠲᠤᠭ᠎ᠠ ᠪᠠ ᠴᠢᠨᠠᠷ ᠢ ᠨᠢ ᠪᠠᠲᠤᠯᠠᠬᠤ ᠬᠡᠷᠡᠭᠲᠡᠢ᠃ ᠲᠡᠵᠢᠭᠡᠯ ᠡᠪᠡᠰᠦ ᠪᠣᠷᠳᠤᠭ᠎ᠠ ᠶᠢ ᠣᠯᠠᠨ ᠶᠠᠩᠵᠤ ᠶᠢᠨ ᠪᠠᠶᠢᠯᠭᠠᠬᠤ ᠬᠡᠷᠡᠭᠲᠡᠢ᠂ ᠡᠭᠦᠨ ᠳᠤ ᠳᠣᠣᠷᠠᠬᠢ ᠬᠡᠳᠦᠨ ᠵᠦᠢᠯ ᠪᠠᠭᠲᠠᠨ᠎ᠠ᠄      ᠨᠠᠷᠢᠯᠢᠭ ᠪᠣᠷᠳᠤᠭ᠎ᠠ᠄ ᠨᠠᠷᠢᠯᠢᠭ ᠪᠣᠷᠳᠤᠭ᠎ᠠ ᠭᠡᠳᠡᠭ ᠨᠢ ᠡᠨᠧᠷᠭᠢ ᠪᠠ ᠤᠭᠤᠷᠠᠭ ᠡᠯᠪᠡᠭ ᠠᠭᠤᠯᠤᠭᠰᠠᠨ ᠪᠣᠷᠳᠤᠭ᠎ᠠ ᠶᠢ ᠵᠢᠭᠠᠵᠤ ᠪᠠᠶᠢᠨ᠎ᠠ᠂ ᠵᠢᠱᠢᠶᠡᠯᠡᠪᠡᠯ ᠡᠷᠳᠡᠨᠢ ᠰᠢᠰᠢ᠂ ᠪᠤᠷᠴᠠᠭ ᠤᠨ ᠰᠢᠭᠠᠷᠤ᠂ ᠬᠥᠪᠥᠩ ᠤᠨ ᠦᠷ᠎ᠡ ᠶᠢᠨ ᠰᠢᠭᠠᠷᠤ ᠵᠡᠷᠭᠡ ᠪᠣᠯᠣᠨ᠎ᠠ᠃ ᠨᠠᠷᠢᠯᠢᠭ ᠪᠣᠷᠳᠤᠭ᠎ᠠ ᠨᠢ ᠦᠬᠡᠷ ᠤᠨ ᠥᠰᠦᠯᠲᠡ ᠶᠢᠨ ᠬᠤᠷᠳᠤᠴᠠ ᠪᠠ ᠤᠨᠠᠯᠲᠠ ᠶᠢ ᠳᠡᠭᠡᠭᠰᠢᠯᠡᠭᠦᠯᠵᠦ ᠴᠢᠳᠠᠨ᠎ᠠ᠂ ᠭᠡᠪᠡᠴᠦ ᠬᠡᠲᠦᠷᠬᠡᠢ ᠠᠷᠪᠢᠨ ᠪᠤᠶᠤ ᠬᠡᠲᠦᠷᠬᠡᠢ ᠪᠠᠭ᠎ᠠ ᠪᠠᠶᠢᠯᠭᠠᠵᠤ ᠪᠣᠯᠬᠤ ᠦᠭᠡᠢ᠂ ᠡᠰᠡ ᠲᠡᠭᠡᠪᠡᠯ ᠲᠠᠷᠭᠤᠯᠠᠬᠤ ᠪᠤᠶᠤ ᠰᠢᠮ᠎ᠡ ᠲᠡᠵᠢᠭᠡᠯ ᠳᠤᠲᠠᠭᠳᠠᠬᠤ ᠪᠣᠯᠣᠨ᠎ᠠ᠃ ᠶᠡᠷᠦ ᠳᠡᠭᠡᠨ ᠡᠳᠦᠷ ᠪᠦᠷᠢ ᠦᠬᠡᠷ ᠪᠦᠷᠢ ᠶᠢᠨ ᠨᠠᠷᠢᠯᠢᠭ ᠪᠣᠷᠳᠤᠭ᠎ᠠ ᠶᠢᠨ ᠬᠡᠷᠡᠭᠯᠡᠬᠦ ᠬᠡᠮᠵᠢᠶ᠎ᠡ ᠨᠢ 2 ᠺᠢᠯᠣᠭ᠍ᠷᠠᠮ ᠠᠴᠠ 4 ᠺᠢᠯᠣᠭ᠍ᠷᠠᠮ ᠤᠨ ᠬᠤᠭᠤᠷᠣᠨᠳᠤ ᠪᠠᠶᠢᠳᠠᠭ᠃      ᠪᠦᠳᠦᠭᠦᠯᠢᠭ ᠲᠡᠵᠢᠭᠡᠯ ᠪᠣᠷᠳᠤᠭ᠎ᠠ᠄ ᠪᠦᠳᠦᠭᠦᠯᠢᠭ ᠲᠡᠵᠢᠭᠡᠯ ᠪᠣᠷᠳᠤᠭ᠎ᠠ ᠭᠡᠳᠡᠭ ᠨᠢ ᠰᠢᠷᠬᠡᠭᠯᠢᠭ ᠡᠳ᠋ ᠪᠠ ᠤᠰᠤ ᠡᠯᠪᠡᠭ ᠠᠭᠤᠯᠤᠭᠰᠠᠨ ᠲᠡᠵᠢᠭᠡᠯ ᠪᠣᠷᠳᠤᠭ᠎ᠠ ᠶᠢ ᠵᠢᠭᠠᠵᠤ ᠪᠠᠶᠢᠨ᠎ᠠ᠂ ᠵᠢᠱᠢᠶᠡᠯᠡᠪᠡᠯ ᠬᠠᠭᠤᠷᠠᠢ ᠡᠪᠡᠰᠦ᠂ ᠨᠣᠭᠤᠭᠠᠨ ᠨᠥᠭᠡᠴᠡ᠂ ᠡᠰᠢ ᠰᠦᠷᠡᠯ ᠵᠡᠷᠭᠡ᠃ ᠪᠦᠳᠦᠭᠦᠯᠢᠭ ᠪᠣᠷᠳᠤᠭ᠎ᠠ ᠨᠢ ᠦᠬᠡᠷ ᠤᠨ ᠪᠦᠳᠦᠭᠦᠨ ᠰᠢᠷᠬᠡᠭᠯᠢᠭ ᠤᠨ ᠬᠡᠷᠡᠭᠴᠡᠭᠡ ᠶᠢ ᠬᠠᠩᠭᠠᠵᠤ᠂ ᠭᠦᠵᠡᠭᠡᠨ ᠤ ᠠᠵᠢᠯᠯᠠᠭ᠎ᠠ ᠪᠠ ᠰᠢᠩᠭᠡᠭᠡᠯᠲᠡ ᠶᠢᠨ ᠵᠠᠮ ᠤᠨ ᠭᠦᠷᠪᠡᠯᠵᠡᠬᠦ ᠶᠢ ᠠᠬᠢᠭᠤᠯᠵᠤ᠂ ᠬᠤᠷᠭᠤᠰᠤᠯᠠᠬᠤ ᠪᠠ ᠬᠡᠢ ᠳᠦᠭᠦᠷᠬᠦ ᠶᠢ ᠰᠡᠷᠭᠡᠶᠢᠯᠡᠨ᠎ᠡ᠃ ᠶᠡᠷᠦ ᠳᠡᠭᠡᠨ ᠡᠳᠦᠷ ᠪᠦᠷᠢ ᠶᠢᠨ ᠦᠬᠡᠷ ᠪᠦᠷᠢ ᠶᠢᠨ ᠪᠦᠳᠦᠭᠦᠯᠢᠭ ᠪᠣᠷᠳᠤᠭ᠎ᠠ ᠶᠢᠨ ᠬᠡᠷᠡᠭᠯᠡᠬᠦ ᠬᠡᠮᠵᠢᠶ᠎ᠡ ᠨᠢ 10 ᠺᠢᠯᠣᠭ᠍ᠷᠠᠮ ᠠᠴᠠ 15 ᠺᠢᠯᠣᠭ᠍ᠷᠠᠮ ᠤᠨ ᠬᠤᠭᠤᠷᠣᠨᠳᠤ ᠪᠠᠶᠢᠳᠠᠭ᠃      ᠨᠣᠭᠤᠭᠠᠨ ᠲᠡᠵᠢᠭᠡᠯ ᠪᠣᠷᠳᠤᠭ᠎ᠠ᠄ ᠨᠣᠭᠤᠭᠠᠨ ᠲᠡᠵᠢᠭᠡᠯ ᠪᠣᠷᠳᠤᠭ᠎ᠠ ᠭᠡᠳᠡᠭ ᠨᠢ ᠰᠢᠨ᠎ᠡ ᠰᠣᠷᠭᠤᠭ ᠨᠣᠭᠤᠭᠠᠨ ᠤᠷᠭᠤᠮᠠᠯ ᠤᠨ ᠴᠢᠨᠠᠷᠲᠠᠢ ᠲᠡᠵᠢᠭᠡᠯ ᠪᠣᠷᠳᠤᠭ᠎ᠠ ᠶᠢ ᠵᠢᠭᠠᠵᠤ ᠪᠠᠶᠢᠨ᠎ᠠ᠂ ᠵᠢᠱᠢᠶᠡᠯᠡᠪᠡᠯ ᠴᠠᠷᠭᠠᠰᠤ᠂ ᠭᠤᠷᠪᠠᠨ ᠨᠠᠪᠴᠢᠲᠤ ᠡᠪᠡᠰᠦ᠂ ᠡᠷᠳᠡᠨᠢ ᠰᠢᠰᠢ ᠶᠢᠨ ᠰᠦᠷᠡᠯ ᠵᠡᠷᠭᠡ᠃ ᠨᠣᠭᠤᠭᠠᠨ ᠲᠡᠵᠢᠭᠡᠯ ᠪᠣᠷᠳᠤᠭ᠎ᠠ ᠨᠢ ᠦᠬᠡᠷ ᠤᠨ ᠸᠢᠲ᠋ᠠᠮᠢᠨ ᠪᠠ ᠡᠷᠦᠳᠡᠰᠦ ᠶᠢᠨ ᠬᠡᠷᠡᠭᠴᠡᠭᠡ ᠶᠢ ᠬᠠᠩᠭᠠᠵᠤ᠂ ᠢᠳᠡᠭᠡᠨ ᠤ ᠳᠤᠷᠠᠰᠢᠯ ᠪᠠ ᠠᠮᠲᠠ ᠶᠢ ᠨᠡᠮᠡᠭᠳᠡᠭᠦᠯᠦᠨ᠂ ᠰᠢᠮ᠎ᠡ ᠲᠡᠵᠢᠭᠡᠯ ᠤᠨ ᠥᠷᠲᠡᠭ ᠢ ᠳᠡᠭᠡᠭᠰᠢᠯᠡᠭᠦᠯᠵᠦ ᠪᠣᠯᠣᠨ᠎ᠠ᠃ ᠶᠡᠷᠦ ᠳᠡᠭᠡᠨ ᠡᠳᠦᠷ ᠪᠦᠷᠢ ᠶᠢᠨ ᠦᠬᠡᠷ ᠪᠦᠷᠢ ᠶᠢᠨ ᠨᠣᠭᠤᠭᠠᠨ ᠪᠣᠷᠳᠤᠭ᠎ᠠ ᠶᠢᠨ ᠬᠡᠷᠡᠭᠯᠡᠬᠦ ᠬᠡᠮᠵᠢᠶ᠎ᠡ ᠨᠢ 5 ᠺᠢᠯᠣᠭ᠍ᠷᠠᠮ ᠠᠴᠠ 10 ᠺᠢᠯᠣᠭ᠍ᠷᠠᠮ ᠤᠨ ᠬᠤᠭᠤᠷᠣᠨᠳᠤ ᠪᠠᠶᠢᠳᠠᠭ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号