ᠲᠠᠷᠢᠶᠠᠨ ᠡᠮ ᠤᠨ ᠬᠡᠷᠡᠭᠯᠡᠯᠲᠡ ᠶᠢᠨ ᠠᠶᠤᠯᠭᠦᠢ ᠵᠠᠪᠰᠠᠷᠯᠠᠬᠤ ᠬᠤᠭᠤᠴᠠᠭ᠎ᠠ
ᠨᠡᠶᠢᠲᠡᠯᠡᠭᠰᠡᠨ ᠴᠠᠭ᠄
2024/3/10
      ᠲᠠᠷᠢᠶᠠᠨ ᠡᠮ ᠤᠨ ᠬᠡᠷᠡᠭᠯᠡᠯᠲᠡ ᠶᠢᠨ ᠠᠶᠤᠯᠭᠦᠢ ᠵᠠᠪᠰᠠᠷᠯᠠᠬᠤ ᠬᠤᠭᠤᠴᠠᠭ᠎ᠠ ᠭᠡᠳᠡᠭ ᠪᠣᠯ ᠬᠠᠮᠤᠭ ᠰᠡᠭᠦᠯᠴᠢ ᠶᠢᠨ ᠨᠢᠭᠡ ᠤᠳᠠᠭ᠎ᠠ ᠶᠢᠨ ᠲᠠᠷᠢᠶᠠᠨ ᠡᠮ ᠢ ᠬᠡᠷᠡᠭᠯᠡᠭᠰᠡᠨ ᠠᠴᠠ ᠲᠠᠷᠢᠶᠠᠯᠠᠩ ᠤᠨ ᠪᠦᠲᠦᠭᠡᠭᠳᠡᠬᠦᠨ ᠤ ᠬᠤᠷᠢᠶᠠᠯᠲᠠ ᠶᠢᠨ ᠡᠳᠦᠷ ᠤᠨ ᠲᠤᠭ᠎ᠠ ᠶᠢ ᠵᠢᠭᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠬᠤᠷᠢᠶᠠᠯᠲᠠ ᠶᠢᠨ ᠲᠠᠷᠢᠶᠠᠨ ᠡᠮ ᠤᠨ ᠦᠯᠡᠳᠡᠭᠳᠡᠯ ᠤᠨ ᠬᠡᠮᠵᠢᠶ᠎ᠡ ᠨᠢ ᠤᠯᠤᠰ ᠠᠴᠠ ᠲᠣᠭᠲᠠᠭᠠᠭᠰᠠᠨ ᠵᠥᠪᠰᠢᠶᠡᠷᠡᠬᠦ ᠪᠠᠷᠢᠮᠵᠢᠶ᠎ᠠ ᠠᠴᠠ ᠬᠡᠲᠦᠷᠡᠬᠦ ᠦᠭᠡᠢ ᠪᠠᠶᠢᠬᠤ ᠶᠢ ᠪᠠᠲᠤᠯᠠᠵᠤ᠂ ᠳᠠᠷᠤᠢ ᠬᠠᠮᠤᠭ ᠤᠨ ᠶᠡᠭᠡ ᠦᠯᠡᠳᠡᠭᠳᠡᠯ ᠤᠨ ᠬᠢᠵᠠᠭᠠᠷ ᠬᠡᠮᠵᠢᠶ᠎ᠡ ᠠᠴᠠ ᠳᠣᠣᠷ᠎ᠠ ᠪᠠᠶᠢᠯᠭᠠᠬᠤ ᠶᠢ ᠵᠢᠭᠠᠳᠠᠭ᠃ ᠲᠠᠷᠢᠶᠠᠯᠠᠩ ᠤᠨ ᠦᠢᠯᠡᠳᠪᠦᠷᠢᠯᠡᠯ ᠤᠨ ᠳᠤᠮᠳᠠ ᠬᠠᠮᠤᠭ ᠰᠡᠭᠦᠯᠴᠢ ᠶᠢᠨ ᠨᠢᠭᠡ ᠤᠳᠠᠭ᠎ᠠ ᠶᠢᠨ ᠡᠮ ᠰᠦᠷᠴᠢᠬᠦ ᠪᠠ ᠬᠤᠷᠢᠶᠠᠯᠲᠠ ᠶᠢᠨ ᠬᠤᠭᠤᠷᠣᠨᠳᠣᠬᠢ ᠬᠤᠭᠤᠴᠠᠭ᠎ᠠ ᠨᠢ ᠡᠷᠬᠡᠪᠰᠢ ᠠᠶᠤᠯᠭᠦᠢ ᠵᠠᠪᠰᠠᠷᠯᠠᠬᠤ ᠬᠤᠭᠤᠴᠠᠭ᠎ᠠ ᠠᠴᠠ ᠶᠡᠭᠡ ᠪᠠᠶᠢᠬᠤ ᠬᠡᠷᠡᠭᠲᠡᠢ᠂ ᠠᠶᠤᠯᠭᠦᠢ ᠵᠠᠪᠰᠠᠷᠯᠠᠬᠤ ᠬᠤᠭᠤᠴᠠᠭᠠᠨ ᠳᠤ ᠲᠠᠷᠢᠮᠠᠯ ᠢᠶᠠᠨ ᠬᠤᠷᠢᠶᠠᠵᠤ ᠪᠣᠯᠬᠤ ᠦᠭᠡᠢ᠃ ᠠᠳᠠᠯᠢ ᠪᠤᠰᠤ ᠲᠠᠷᠢᠶᠠᠨ ᠡᠮ ᠤᠨ ᠠᠰᠢᠭᠲᠤ ᠪᠦᠷᠢᠯᠳᠦᠭᠦᠨ ᠨᠢ ᠲᠡᠭᠦᠨ ᠤ ᠵᠠᠳᠠᠷᠠᠯᠲᠠ᠂ ᠰᠣᠯᠢᠯᠴᠠᠭ᠎ᠠ ᠶᠢᠨ ᠬᠤᠷᠳᠤᠴᠠ ᠶᠢᠨ ᠠᠳᠠᠯᠢ ᠪᠤᠰᠤ ᠪᠤᠶᠤ ᠠᠳᠠᠯᠢ ᠨᠢᠭᠡ ᠵᠦᠢᠯ ᠤᠨ ᠲᠠᠷᠢᠶᠠᠨ ᠡᠮ ᠢ ᠠᠳᠠᠯᠢ ᠪᠤᠰᠤ ᠥᠰᠦᠯᠲᠡ ᠶᠢᠨ ᠬᠠᠨᠳᠤᠰᠢ ᠪᠠ ᠤᠯᠠᠷᠢᠯ ᠤᠨ ᠲᠠᠷᠢᠮᠠᠯ ᠳᠤ ᠬᠡᠷᠡᠭᠯᠡᠪᠡᠯ ᠠᠶᠤᠯᠭᠦᠢ ᠵᠠᠪᠰᠠᠷᠯᠠᠬᠤ ᠬᠤᠭᠤᠴᠠᠭ᠎ᠠ ᠨᠢ ᠠᠳᠠᠯᠢ ᠦᠭᠡᠢ ᠪᠠᠶᠢᠳᠠᠭ᠃      ᠲᠠᠷᠢᠶᠠᠴᠢᠳ ᠲᠠᠷᠢᠶᠠᠨ ᠡᠮ ᠢ ᠬᠡᠷᠡᠭᠯᠡᠬᠦ ᠳᠡᠭᠡᠨ ᠲᠠᠷᠢᠶᠠᠨ ᠡᠮ ᠤᠨ ᠱᠣᠰᠢᠭ᠎ᠠ ᠳᠡᠭᠡᠷ᠎ᠡ ᠲᠣᠳᠣᠷᠬᠠᠶᠢᠯᠠᠭᠰᠠᠨ ᠲᠠᠷᠢᠶᠠᠨ ᠡᠮ ᠢ ᠬᠡᠷᠡᠭᠯᠡᠬᠦ ᠠᠶᠤᠯᠭᠦᠢ ᠵᠠᠪᠰᠠᠷᠯᠠᠬᠤ ᠬᠤᠭᠤᠴᠠᠭ᠎ᠠ ᠪᠠ ᠤᠯᠠᠷᠢᠯ ᠪᠦᠷᠢ ᠶᠢᠨ ᠬᠠᠮᠤᠭ ᠤᠨ ᠤᠯᠠᠨ ᠬᠡᠷᠡᠭᠯᠡᠬᠦ ᠡᠮ ᠤᠨ ᠲᠤᠭ᠎ᠠ ᠶᠢ ᠡᠷᠬᠡᠪᠰᠢ ᠲᠣᠳᠣᠷᠬᠠᠢ ᠮᠡᠳᠡᠬᠦ ᠬᠡᠷᠡᠭᠲᠡᠢ᠂ ᠲᠠᠷᠢᠶᠠᠯᠠᠩ ᠤᠨ ᠪᠦᠲᠦᠭᠡᠭᠳᠡᠬᠦᠨ ᠢ ᠲᠠᠷᠢᠶᠠᠨ ᠡᠮ ᠢ ᠬᠡᠷᠡᠭᠯᠡᠬᠦ ᠠᠶᠤᠯᠭᠦᠢ ᠵᠠᠪᠰᠠᠷᠯᠠᠬᠤ ᠬᠤᠭᠤᠴᠠᠭ᠎ᠠ ᠥᠩᠭᠡᠷᠡᠭᠰᠡᠨ ᠤ ᠲᠠᠷᠠᠭ᠎ᠠ ᠰᠠᠶ᠋ᠢ ᠬᠤᠷᠢᠶᠠᠵᠤ ᠠᠪᠬᠤ ᠶᠢ ᠦᠨᠡᠨ ᠬᠦ ᠪᠠᠲᠤᠯᠠᠬᠤ ᠬᠡᠷᠡᠭᠲᠡᠢ᠂ ᠲᠠᠷᠢᠶᠠᠨ ᠡᠮ ᠣᠷᠣᠭᠤᠯᠬᠤ ᠤᠳᠠᠭ᠎ᠠ ᠪᠠ ᠲᠠᠷᠢᠶᠠᠨ ᠡᠮ ᠤᠨ ᠬᠡᠮᠵᠢᠶ᠎ᠡ ᠶᠢ ᠳᠤᠷ᠎ᠠ ᠪᠠᠷ ᠢᠶᠠᠨ ᠨᠡᠮᠡᠭᠳᠡᠭᠦᠯᠵᠦ ᠪᠣᠯᠬᠤ ᠦᠭᠡᠢ᠂ ᠲᠠᠷᠢᠶᠠᠯᠠᠩ ᠤᠨ ᠪᠦᠲᠦᠭᠡᠭᠳᠡᠬᠦᠨ ᠤ ᠳᠣᠲᠣᠷᠠᠬᠢ ᠲᠠᠷᠢᠶᠠᠨ ᠡᠮ ᠤᠨ ᠦᠯᠡᠳᠡᠭᠳᠡᠯ ᠤᠨ ᠪᠠᠷᠢᠮᠵᠢᠶ᠎ᠠ ᠠᠴᠠ ᠬᠡᠲᠦᠷᠡᠬᠦ ᠶᠢ ᠰᠡᠷᠭᠡᠶᠢᠯᠡᠬᠦ ᠬᠡᠷᠡᠭᠲᠡᠢ᠃ 
图片1.png
       ︽ᠲᠠᠷᠢᠶᠠᠨ ᠡᠮ ᠤᠨ ᠱᠣᠰᠢᠭ᠎ᠠ ᠲᠡᠮᠳᠡᠭ ᠪᠠ ᠲᠣᠳᠣᠷᠬᠠᠶᠢᠯᠠᠯᠲᠠ ᠶᠢᠨ ᠪᠢᠴᠢᠭ ᠤᠨ ᠬᠠᠮᠢᠶᠠᠷᠤᠯᠲᠠ ᠶᠢᠨ ᠠᠷᠭ᠎ᠠ︾ ︵ᠤᠤᠯ ᠤᠨ ᠲᠠᠷᠢᠶᠠᠯᠠᠩ ᠤᠨ ᠶᠠᠮᠤᠨ ᠤ ᠵᠠᠷᠯᠢᠭ 2017 ᠣᠨ ᠤ 7 ᠳ᠋ᠤᠭᠠᠷ ᠲᠣᠭᠠᠲᠤ︶ ᠶᠢᠨ ᠲᠣᠭᠲᠠᠭᠠᠯ ᠢ ᠦᠨᠳᠦᠰᠦᠯᠡᠨ᠂ ᠢᠳᠡᠭᠡᠨ ᠳᠤ ᠭᠡᠷᠡᠭᠯᠡᠬᠦ ᠲᠠᠷᠢᠶᠠᠯᠠᠩ ᠤᠨ ᠪᠦᠲᠦᠭᠡᠭᠳᠡᠬᠦᠨ ᠳᠤ ᠬᠡᠷᠡᠭᠯᠡᠬᠦ ᠲᠠᠷᠢᠶᠠᠨ ᠡᠮ ᠳᠤ ᠠᠶᠤᠯᠭᠦᠢ ᠵᠠᠪᠰᠠᠷᠯᠠᠬᠤ ᠬᠤᠭᠤᠴᠠᠭ᠎ᠠ ᠶᠢ ᠲᠣᠳᠣᠷᠬᠠᠶᠢᠯᠠᠭᠰᠠᠨ ᠪᠠᠶᠢᠬᠤ ᠬᠡᠷᠡᠭᠲᠡᠢ᠂ ᠭᠡᠪᠡᠴᠦ ᠳᠣᠣᠷ᠎ᠠ ᠵᠢᠭᠰᠠᠭᠠᠭᠰᠠᠨ ᠪᠠᠶᠢᠳᠠᠯ ᠳᠤ ᠲᠣᠭᠠᠴᠠᠭᠳᠠᠬᠤ ᠨᠢ ᠡᠭᠦᠨ ᠳᠤ ᠪᠠᠭᠲᠠᠬᠤ ᠦᠭᠡᠢ᠄      ︵ᠨᠢᠭᠡ︶ ᠢᠳᠡᠭᠡᠨ ᠤ ᠪᠤᠰᠤ ᠲᠠᠷᠢᠮᠠᠯ ᠳᠤ ᠬᠡᠷᠡᠭᠯᠡᠬᠦ ᠲᠠᠷᠢᠶᠠᠨ ᠡᠮ︔      ︵ᠬᠤᠶᠠᠷ︶ ᠦᠷ᠎ᠡ ᠬᠤᠯᠢᠬᠤ᠂ ᠬᠠᠯᠢᠰᠤ ᠪᠣᠭᠤᠬᠤ᠂ ᠦᠷ᠎ᠡ ᠳᠡᠪᠲᠦᠭᠡᠬᠦ ᠵᠡᠷᠭᠡ ᠦᠷ᠎ᠡ ᠶᠢ ᠰᠢᠢᠳᠪᠦᠷᠢᠯᠡᠬᠦ ᠳᠤ ᠬᠡᠷᠡᠭᠯᠡᠬᠦ ᠲᠠᠷᠢᠶᠠᠨ ᠡᠮ︔      ︵ᠭᠤᠷᠪᠠ︶ ᠲᠠᠷᠢᠶᠠᠨ ᠭᠠᠵᠠᠷ ᠪᠤᠰᠤ ᠭᠠᠵᠠᠷ ︵ᠮᠠᠯᠵᠢᠯ ᠤᠨ ᠲᠠᠯᠠᠪᠠᠢ ᠠᠴᠠ ᠭᠠᠳᠠᠨ᠎ᠠ︶ ᠲᠤ ᠬᠡᠷᠡᠭᠯᠡᠬᠦ ᠲᠠᠷᠢᠶᠠᠨ ᠡᠮ︔      ︵ᠳᠥᠷᠪᠡ︶ ᠴᠢᠬᠢᠯᠡᠬᠦ ᠠᠴᠠ ᠡᠮᠦᠨᠡᠬᠢ ᠬᠥᠷᠥᠰᠥ ᠰᠢᠷᠣᠢ ᠶᠢ ᠰᠢᠢᠳᠪᠦᠷᠢᠯᠡᠬᠦ ᠡᠮ ᠳᠤ ᠬᠡᠷᠡᠭᠯᠡᠬᠦ ᠲᠠᠷᠢᠶᠠᠨ ᠡᠮ︔      ︵ᠲᠠᠪᠤ︶ ᠲᠠᠷᠢᠮᠠᠯ ᠤᠨ ᠴᠢᠬᠢᠯᠡᠬᠦ ᠬᠤᠭᠤᠴᠠᠭᠠᠨ ᠳᠤ ᠨᠢᠭᠡ ᠯᠡ ᠤᠳᠠᠭ᠎ᠠ ᠬᠡᠷᠡᠭᠯᠡᠳᠡᠭ ᠲᠠᠷᠢᠶᠠᠨ ᠡᠮ ︔      ︵ᠵᠢᠷᠭᠤᠭ᠎ᠠ︶ ᠪᠦᠬᠦ ᠲᠠᠯ᠎ᠠ ᠶᠢᠨ ᠪᠣᠰᠤ ᠰᠠᠴᠤᠵᠤ ᠬᠡᠷᠡᠭᠯᠡᠬᠦ ᠬᠤᠯᠤᠭᠠᠨ᠎ᠠ ᠠᠯᠠᠬᠤ ᠡᠮ︔      ︵ᠲᠤᠯᠤᠭ᠎ᠠ︶ ᠡᠷᠡᠭᠦᠯ ᠬᠠᠮᠠᠭᠠᠯᠠᠯ ᠳᠤ ᠬᠡᠷᠡᠭᠯᠡᠬᠦ ᠲᠠᠷᠢᠶᠠᠨ ᠡᠮ︔      ︵ᠨᠠᠢᠮᠠ︶ ᠪᠤᠰᠤᠳ ᠣᠨᠴᠠᠭᠠᠶ ᠪᠠᠶᠢᠳᠠᠯ᠃
 
ᠢᠷᠡᠯᠲᠡ᠄ ᠪᠥᠬᠦ ᠤᠯᠤᠰ ᠤᠨ ᠲᠠᠷᠢᠶᠠᠯᠠᠩ ᠤᠨ ᠮᠡᠷᠭᠡᠵᠢᠯ ᠤᠨ ᠳᠡᠯᠭᠡᠷᠡᠭᠦᠯᠦᠯᠲᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号