ᠮᠠᠯ ᠳᠤ ᠬᠡᠷᠡᠭᠯᠡᠬᠦ ᠠᠮᠢᠳᠤ ᠪᠣᠳᠠᠰ ᠤᠨ ᠪᠦᠲᠦᠭᠡᠭᠳᠡᠬᠦᠨ ᠤ ᠡᠵᠡᠩᠨᠡᠯᠲᠡ ᠶᠢᠨ ᠠᠵᠤ ᠠᠬᠤᠶᠢᠯᠠᠯ ᠤᠨ GSP ᠪᠠᠶᠢᠴᠠᠭᠠᠵᠤ ᠰᠢᠯᠭᠠᠨ ᠠᠪᠤᠭᠰᠠᠨ ᠪᠠᠶᠢᠳᠠᠯ ᠤᠨ ᠠᠯᠪᠠᠨ ᠵᠠᠷ
ᠨᠡᠶᠢᠲᠡᠯᠡᠭᠰᠡᠨ ᠴᠠᠭ᠄
2024/3/11
      ︽ᠮᠠᠯ ᠤᠨ ᠡᠮ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠡᠮ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠢ ᠬᠡᠷᠡᠭᠵᠢᠭᠦᠯᠬᠦ ᠨᠠᠷᠢᠨ ᠳᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠡᠮ ᠤᠨ GSP ᠰᠢᠯᠭᠠᠨ ᠪᠠᠶᠢᠴᠠᠭᠠᠵᠤ ᠰᠢᠯᠭᠠᠨ ᠲᠣᠭᠲᠠᠭᠠᠬᠤ ᠪᠠᠷᠢᠮᠵᠢᠶ᠎ᠠ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠲᠣᠮᠢᠯᠠᠵᠤ ᠶᠢᠨ ᠾᠧ ᠶᠢᠤ ᠪᠧᠨ ᠠᠮᠢᠳᠤ ᠪᠣᠳᠠᠰ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠶᠢᠨ ᠶᠤᠸᠠᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠤᠯᠠᠭᠠᠨᠴᠠᠪ ᠬᠤᠳᠠ ᠶᠢᠨ ᠳ᠋ᠢᠩ ᠰᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠦᠩ ᠰᠢᠨ ᠱᠧᠩ ᠳ᠋ᠦᠩ ᠪᠦᠦ ᠠᠷᠠᠯᠵᠢᠶᠠᠨ ᠤ ᠬᠢᠵᠠᠭᠠᠷᠲᠤ ᠺᠣᠮᠫᠠᠨᠢ᠂ ᠪᠤᠭᠤᠲᠤ ᠬᠤᠳᠠ ᠶᠢᠨ ᡂᠢ ᠯᠧ ᠺᠠᠩ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠪᠢ ᠸᠧᠢ ᠠᠨ ᠲᠠᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 6 ᠮᠠᠯ ᠤᠨ ᠡᠮ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠮᠠᠲ᠋ᠧᠷᠢᠶᠠᠯ ᠢ ᠬᠢᠨᠠᠨ ᠪᠠᠶᠢᠴᠠᠭᠠᠵᠤ᠂ ᠲᠤᠬᠠᠢ ᠶᠢᠨ ᠲᠠᠯᠠᠪᠠᠢ ᠶᠢᠨ ᠪᠠᠶᠢᠴᠠᠭᠠᠯᠲᠠ ᠬᠢᠵᠡᠢ᠃ ᠡᠳᠦᠭᠡ ᠦᠷ᠎ᠡ ᠳ᠋ᠦᠩ ᠢ ᠵᠠᠷᠯᠠᠨ ᠨᠡᠶᠢᠲᠡᠯᠡᠵᠦ ᠪᠠᠶᠢᠨ᠎ᠠ᠂ ᠵᠠᠷᠯᠠᠨ ᠨᠡᠶᠢᠲᠡᠯᠡᠬᠦ ᠬᠤᠭᠤᠴᠠᠭ᠎ᠠ  ᠨᠢ 2024 ᠣᠨ ᠤ 3 ᠰᠠᠷ᠎ᠠ ᠶᠢᠨ 11 ᠤ ᠡᠳᠦᠷ ᠠᠴᠠ 3 ᠰᠠᠷ᠎ᠠ ᠶᠢᠨ 15 ᠤ ᠡᠳᠦᠷ ᠪᠣᠯᠲᠠᠯ᠎ᠠ᠃ ᠰᠠᠨᠠᠭᠤᠯᠭ᠎ᠠ ᠰᠠᠨᠠᠯ ᠢᠶᠠᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠮᠠᠯ ᠡᠮᠨᠡᠯᠭᠡ ᠶᠢᠨ ᠲᠣᠪᠴᠢᠶ᠎ᠠ ᠳᠤ ᠳᠤᠰᠬᠠᠭᠠᠷᠠᠢ᠃ ᠬᠠᠷᠢᠯᠴᠠᠬᠤ ᠬᠡᠯᠪᠡᠷᠢ ᠨᠢ ᠳᠣᠣᠷᠠᠬᠢ ᠮᠡᠲᠦ᠄      ᠬᠠᠷᠢᠯᠴᠠᠬᠤ ᠬᠥᠮᠥᠨ᠄ ᠴᠧᠨ ᠬᠠᠢ ᠫᠢᠩ      ᠬᠢᠨᠠᠯᠲᠠ ᠲᠠᠯᠪᠢᠬᠤ ᠤᠲᠠᠰᠤ᠄ 0471-6651798      ᠹᠠᠺᠰ᠄ 0471-6652269      ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠡᠭᠡᠯᠢ ᠶᠢᠨ 70 ᠳ᠋ᠤᠭᠠᠷ ᠨᠣᠮᠧᠷ       ᠳᠠᠭᠠᠯᠳᠤᠭᠤᠯᠤᠯ᠄ ᠮᠠᠯ ᠤᠨ ᠡᠮ ᠤᠨ ᠡᠵᠡᠩᠨᠡᠯᠲᠡ ᠶᠢᠨ ᠠᠵᠤ ᠠᠬᠤᠶᠢᠯᠠᠯ ᠤᠨ GSP ᠲᠤᠬᠠᠢ ᠶᠢᠨ ᠲᠠᠯᠠᠪᠤᠷ ᠲᠤ ᠪᠠᠶᠢᠴᠠᠭᠠᠵᠤ ᠰᠢᠯᠭᠠᠨ ᠠᠪᠤᠭᠰᠠᠨ ᠪᠠᠶᠢᠳᠠᠯ ᠢ ᠵᠠᠷᠯᠠᠨ ᠨᠡᠶᠢᠲᠡᠯᠡᠬᠦ ᠬᠦᠰᠦᠨᠦᠭᠲᠦ                        ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                       ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                                2024 ᠣᠨ ᠤ 3 ᠰᠠᠷ᠎ᠠ ᠶᠢᠨ 9 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号