︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠲᠤᠲᠤᠷᠭ᠎ᠠ ᠶᠢᠨ ᠲᠥᠷᠥᠯ ᠵᠦᠢᠯ ᠤᠨ ᠲᠤᠷᠰᠢᠯᠲᠠ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/3/13
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ︵ᠲᠠᠷᠢᠶᠠᠯᠠᠩ︶ ᠶᠢᠨ ᠮᠡᠷᠭᠡᠵᠢᠯ ᠳᠡᠯᠭᠡᠷᠡᠭᠦᠯᠬᠦ ᠲᠥᠪ᠂ ᠪᠠᠶᠠᠨᠨᠠᠭᠤᠷ ᠬᠤᠲᠠ ᠶᠢᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ ᠬᠥᠭᠵᠢᠯᠲᠡ ᠶᠢᠨ ᠲᠥᠪ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠭᠠᠵᠠᠷ᠂ ᠤᠯᠠᠭᠠᠨᠴᠠᠪ ᠬᠤᠲᠠ ᠶᠢᠨ ᠦᠷ᠎ᠡ ᠶᠢᠨ ᠦᠢᠯᠡᠰ ᠤᠨ ᠠᠵᠢᠯ ᠤᠨ ᠥᠷᠲᠡᠭᠡ᠂ ᠤᠰᠤᠨ ᠲᠤᠲᠤᠷᠭ᠎ᠠ ᠶᠢᠨ ᠲᠥᠷᠥᠯ ᠵᠦᠢᠯ ᠤᠨ ᠲᠤᠷᠰᠢᠯᠲᠠ ᠶᠢ ᠡᠷᠭᠢᠯᠡᠬᠦ ᠨᠢᠭᠡᠴᠢ ᠂ ᠳᠠᠭᠠᠭᠠᠨ ᠲᠤᠷᠰᠢᠬᠤ ᠨᠢᠭᠡᠴᠢ ᠂ ᠲᠤᠷᠰᠢᠯᠲᠠ ᠳᠤ ᠣᠷᠣᠯᠴᠠᠬᠤ ᠨᠢᠭᠡᠴᠢ ᠳᠤ᠄      ︽ᠭᠤᠣᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠠᠴᠠ 2023 ᠣᠨ ᠤ ᠥᠪᠡᠷᠲᠡᠭᠡᠨ ᠵᠠᠰᠠᠬᠤ ᠣᠷᠣᠨ ᠤ ᠤᠰᠤᠨ ᠲᠤᠲᠤᠷᠭ᠎ᠠ ᠶᠢᠨ ᠲᠥᠷᠥᠯ ᠵᠦᠢᠯ ᠤᠨ ᠲᠤᠷᠰᠢᠯᠲᠠ ᠶᠢᠨ ᠳ᠋ᠦᠩᠨᠡᠯᠲᠡ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠤᠷᠰᠢᠯᠲᠠ ᠳᠤ ᠣᠷᠣᠯᠴᠠᠭᠰᠠᠨ ᠡᠭᠦᠯᠳᠡᠷ ᠤᠨ ᠲᠠᠷᠢᠶᠠᠨ ᠭᠠᠵᠠᠷ ᠤᠨ ᠢᠯᠡᠷᠡᠯ ᠪᠠ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠶᠠᠷᠢᠯᠴᠠᠵᠤ᠂ ᠡᠭᠦᠯᠳᠡᠷ ᠤᠨ ᠲᠠᠰ ᠳᠡᠪᠰᠢᠭᠰᠡᠨ ᠪᠠᠶᠢᠳᠠᠯ ᠢ ᠲᠣᠳᠣᠷᠬᠠᠶᠢᠯᠠᠨ᠂ ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠲᠤᠲᠤᠷᠭ᠎ᠠ ᠶᠢᠨ ᠡᠭᠦᠯᠳᠡᠷ ᠤᠨ ᠲᠤᠷᠰᠢᠯᠲᠠ ᠶᠢᠨ ᠬᠡᠷᠡᠭᠵᠢᠭᠦᠯᠬᠦ ᠲᠥᠰᠥᠯ︾ ︵ᠳᠣᠷᠣᠭᠰᠢ ᠲᠥᠰᠥᠯ ᠭᠡᠵᠦ ᠲᠣᠪᠴᠢᠯᠠᠨ᠎ᠠ︶ ᠢ ᠲᠣᠭᠲᠠᠭᠠᠪᠠ᠂ ᠡᠳᠦᠭᠡ ᠲᠠᠨᠠᠷ ᠲᠤ ᠲᠥᠰᠥᠯ ᠢ ᠳᠠᠷᠤᠮᠠᠯᠯᠠᠨ ᠲᠠᠷᠬᠠᠭᠠᠯ᠎ᠠ᠂ ᠱᠠᠭᠠᠷᠳᠠᠯᠭ᠎ᠠ ᠶᠣᠰᠣᠭᠠᠷ ᠬᠢᠨᠠᠮᠠᠭᠠᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠡᠭᠦᠯᠳᠡᠷ ᠤᠨ ᠲᠤᠷᠰᠢᠯᠲᠠ ᠶᠢᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠭᠠᠷᠠᠢ᠃      ᠳᠠᠭᠠᠯᠳᠤᠭᠤᠯᠤᠯ ᠄ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠲᠤᠲᠤᠷᠭ᠎ᠠ ᠶᠢᠨ ᠲᠥᠷᠥᠯ ᠵᠦᠢᠯ ᠤᠨ ᠲᠤᠷᠰᠢᠯᠲᠠ ᠶᠢᠨ ᠬᠡᠷᠡᠭᠵᠢᠭᠦᠯᠬᠦ ᠲᠥᠰᠥᠯ                                 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                                 ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ                                     2024 ᠣᠨ ᠤ 3 ᠰᠠᠷ᠎ᠠ ᠶᠢᠨ 11 ᠤ ᠡᠳᠦᠷ    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号