ᠭᠠᠭ᠋ᠠᠢ ᠨᠢᠲᠤᠯᠬᠤ ᠶᠢᠨ ᠬᠢᠵᠢᠭ ᠪᠠᠶᠢᠴᠠᠭᠠᠬᠤ ᠶᠠᠪᠤᠴᠠ
ᠨᠡᠶᠢᠲᠡᠯᠡᠭᠰᠡᠨ ᠴᠠᠭ᠄
2024/3/13
      ᠨᠢᠭᠡ᠂ ᠬᠢᠵᠢᠭ ᠤᠨ ᠪᠠᠶᠢᠴᠠᠭᠠᠯᠲᠠ ᠬᠢᠯᠭᠡᠬᠦ ᠪᠠᠷ ᠮᠡᠳᠡᠭᠦᠯᠬᠦ      1. ᠪᠠᠷᠠᠭᠠᠨ ᠤ ᠡᠵᠡᠨ ᠨᠢ ᠨᠢᠲᠤᠯᠬᠤ ᠠᠴᠠ 6 ᠴᠠᠭ ᠤᠨ ᠡᠮᠦᠨ᠎ᠡ ᠪᠠᠶᠢᠭ᠎ᠠ ᠭᠠᠵᠠᠷ ᠤᠨ ᠢᠶᠠᠨ ᠠᠮᠢᠲᠠᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠢᠵᠢᠭ ᠤᠨ ᠪᠠᠶᠢᠴᠠᠭᠠᠯᠲᠠ ᠬᠢᠯᠭᠡᠬᠦ ᠪᠠᠷ ᠮᠡᠳᠡᠭᠦᠯᠬᠦ ᠬᠡᠷᠡᠭᠲᠡᠢ᠂ ᠪᠠᠴᠢᠮ ᠨᠢᠳᠤᠯᠪᠠᠯ ᠬᠡᠵᠢᠶ᠎ᠡ ᠴᠦ ᠭᠡᠰᠡᠨ ᠮᠡᠳᠡᠭᠦᠯᠵᠦ ᠪᠣᠯᠣᠨ᠎ᠠ᠃      2. ᠬᠢᠵᠢᠭ ᠤᠨ ᠪᠠᠶᠢᠴᠠᠭᠠᠯᠲᠠ ᠬᠢᠯᠭᠡᠬᠦ ᠪᠠᠷ ᠮᠡᠳᠡᠭᠦᠯᠬᠦ ᠳᠡᠭᠡᠨ ᠬᠢᠵᠢᠭ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢᠨ ᠬᠠᠭᠤᠳᠠᠰᠤ᠂ ᠠᠮᠢᠳᠤ ᠭᠠᠭ᠋ᠠᠢ ᠶᠢ ᠲᠠᠯᠠᠪᠠᠢ ᠳᠤ ᠣᠷᠣᠭᠤᠯᠬᠤ ᠦᠶ᠎ᠡ ᠳᠤ ᠳᠠᠭᠠᠯᠳᠤᠭᠤᠯᠤᠭᠰᠠᠨ ᠠᠮᠢᠲᠠᠨ ᠤ ᠬᠢᠵᠢᠭ ᠤᠨ ᠪᠠᠶᠢᠴᠠᠭᠠᠯᠲᠠ ᠶᠢᠨ ᠲᠡᠮᠳᠡᠭᠯᠡᠯ᠂ ᠠᠮᠢᠳᠤ ᠭᠠᠭ᠋ᠠᠢ ᠶᠢ ᠲᠠᠯᠠᠪᠠᠢ ᠳᠤ ᠣᠷᠣᠭᠤᠯᠬᠤ ᠪᠠᠶᠢᠴᠠᠭᠠᠨ ᠰᠢᠯᠭᠠᠯᠲᠠ ᠶᠢᠨ ᠳᠠᠩᠰᠠᠯᠠᠯ᠂ ᠨᠢᠳᠤᠯᠬᠤ ᠶᠢ ᠬᠦᠯᠢᠶᠡᠵᠦ ᠲᠣᠭᠤᠷᠢᠨ ᠪᠠᠶᠢᠴᠠᠭᠠᠭᠰᠠᠨ ᠵᠡᠷᠭᠡ ᠲᠡᠮᠳᠡᠭᠯᠡᠯ ᠢ ᠬᠠᠩᠭᠠᠬᠤ ᠬᠡᠷᠡᠭᠲᠡᠢ᠃      3. ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠬᠢᠵᠢᠭ ᠤᠨ ᠪᠠᠶᠢᠴᠠᠭᠠᠯᠲᠠ ᠬᠢᠯᠭᠡᠬᠦ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ ᠮᠡᠳᠡᠭᠦᠯᠦᠭᠰᠡᠨ ᠮᠠᠲ᠋ᠧᠷᠢᠶᠠᠯ ᠢᠶᠠᠨ ᠴᠠᠭ ᠲᠤᠬᠠᠢ ᠳᠤᠨᠢ ᠬᠢᠨᠠᠨ ᠪᠠᠶᠢᠴᠠᠭᠠᠬᠤ ᠬᠡᠷᠡᠭᠲᠡᠢ᠃ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ᠂ ᠬᠦᠯᠢᠶᠡᠨ ᠠᠪᠴᠤ ᠰᠢᠢᠳᠪᠦᠷᠢᠯᠡᠨ᠎ᠡ᠂ ᠲᠣᠮᠢᠯᠠᠨ ᠰᠠᠭᠤᠯᠭᠠᠭᠰᠠᠨ ︵ᠭᠠᠷᠭᠠᠬᠤ︶ ᠠᠯᠪᠠᠨ ᠤ ᠮᠠᠯ ᠤᠨ ᠡᠮᠴᠢ ᠪᠠᠷ ᠬᠢᠵᠢᠭ ᠤᠨ ᠪᠠᠶᠢᠴᠠᠭᠠᠯᠲᠠ ᠬᠢᠯᠭᠡᠨ᠎ᠡ᠃ ᠠᠯᠪᠠᠨ ᠤ ᠮᠠᠯ ᠤᠨ ᠡᠮᠴᠢ ᠠᠮᠢᠳᠤ ᠭᠠᠭ᠋ᠠᠢ ᠶᠢ ᠲᠠᠯᠠᠪᠠᠢ ᠳᠤ ᠣᠷᠣᠭᠤᠯᠬᠤ ᠦᠶ᠎ᠡ ᠳᠤ ᠳᠠᠭᠠᠯᠳᠤᠭᠤᠯᠤᠭᠰᠠᠨ ᠠᠮᠢᠲᠠᠨ ᠤ ᠬᠢᠵᠢᠭ ᠤᠨ ᠪᠠᠶᠢᠴᠠᠭᠠᠯᠲᠠ ᠶᠢᠨ ᠭᠡᠷᠡᠴᠢᠯᠡᠯ ᠢ ᠬᠤᠷᠢᠶᠠᠨ ᠠᠪᠬᠤ ᠶᠢᠨ ᠬᠠᠮᠲᠤ ᠬᠤᠯᠪᠣᠭᠳᠠᠯ ᠪᠦᠬᠦᠢ ᠮᠡᠳᠡᠭᠡ ᠵᠠᠩᠭᠢ ᠶᠢ ᠠᠮᠢᠲᠠᠨ ᠤ ᠬᠢᠵᠢᠭ ᠤᠨ ᠪᠠᠶᠢᠴᠠᠭᠠᠯᠲᠠ ᠶᠢᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠰᠢᠰᠲ᠋ᠧᠮ ᠳᠤ ᠳᠠᠮᠵᠢᠭᠤᠯᠬᠤ ᠬᠡᠷᠡᠭᠲᠡᠢ᠃      ᠬᠤᠶᠠᠷ᠂ ᠨᠢᠳᠤᠯᠬᠤ ᠠᠴᠠ ᠡᠮᠦᠨᠡᠬᠢ ᠪᠠᠶᠢᠴᠠᠭᠠᠯᠲᠠ      1. ᠮᠡᠳᠡᠭᠦᠯᠦᠭᠰᠡᠨ ᠮᠠᠲ᠋ᠧᠷᠢᠶᠠᠯ ᠨᠢ ᠨᠢᠳᠤᠯᠬᠤ ᠪᠠᠷ ᠪᠠᠶᠢᠭ᠎ᠠ ᠭᠠᠭ᠋ᠠᠢ ᠶᠢᠨ ᠮᠡᠳᠡᠭᠡ ᠵᠠᠩᠭᠢ ᠯᠤᠭ᠎ᠠ ᠨᠡᠶᠢᠴᠡᠬᠦ ᠡᠰᠡᠬᠦ ᠶᠢ ᠲᠤᠬᠠᠢ ᠶᠢᠨ ᠲᠠᠯᠠᠪᠠᠢ ᠳᠤᠨᠢ ᠬᠢᠨᠠᠨ ᠪᠠᠶᠢᠴᠠᠭᠠᠬᠤ ᠶᠢᠨ ᠬᠠᠮᠲᠤ ᠡᠮᠴᠢᠯᠡᠭᠡᠨ ᠤ ᠪᠠᠶᠢᠴᠠᠭᠠᠯᠲᠠ ᠬᠢᠵᠦ᠂ ᠲᠣᠭᠲᠠᠩᠭᠤᠢ ᠪᠠᠶᠢᠳᠠᠯ᠂ ᠬᠥᠳᠡᠯᠦᠩᠭᠦᠢ ᠪᠠᠶᠢᠳᠠᠯ ᠪᠠ ᠢᠳᠡᠭᠡᠨ ᠤ ᠪᠠᠶᠢᠳᠠᠯ ᠵᠡᠷᠭᠡ ᠲᠠᠯ᠎ᠠ ᠪᠠᠷ ᠭᠠᠭ᠋ᠠᠢ ᠶᠢᠨ ᠰᠦᠷᠦᠭᠵᠢᠯ ᠤᠨ ᠣᠶᠣᠨ ᠰᠠᠨᠠᠭᠠᠨ ᠤ ᠪᠠᠶᠢᠳᠠᠯ᠂ ᠠᠮᠢᠰᠬᠤᠯ ᠤᠨ ᠪᠠᠶᠢᠳᠠᠯ᠂ ᠬᠥᠳᠡᠯᠭᠡᠭᠡᠨ ᠤ ᠪᠠᠶᠢᠳᠠᠯ᠂ ᠤᠤᠭᠤᠬᠤ ᠤᠰᠤ ᠢᠳᠡᠭᠡᠨ ᠤᠮᠳᠠᠭᠠᠨ ᠤ ᠪᠠᠶᠢᠳᠠᠯ ᠵᠢᠴᠢ ᠢᠯᠭᠠᠳᠠᠰᠤ ᠶᠢᠨ ᠰᠢᠨᠵᠢ ᠪᠠᠶᠢᠳᠠᠯ ᠵᠡᠷᠭᠡ ᠶᠢ ᠪᠠᠶᠢᠴᠠᠭᠠᠨ᠎ᠠ᠃ ᠦᠵᠡᠵᠦ ᠣᠨᠣᠰᠢᠯᠠᠬᠤ᠂ ᠬᠦᠷᠦᠯᠴᠡᠵᠦ ᠣᠨᠣᠰᠢᠯᠠᠬᠤ ᠪᠠ ᠴᠢᠩᠨᠠᠵᠤ ᠣᠨᠣᠰᠢᠯᠠᠬᠤ ᠵᠡᠷᠭᠡ ᠠᠷᠭ᠎ᠠ ᠪᠠᠷ ᠭᠠᠭ᠋ᠠᠢ ᠶᠢᠨ ᠪᠣᠳᠠᠭᠠᠯᠢ ᠪᠡᠶ᠎ᠡ ᠶᠢᠨ ᠣᠶᠣᠨ ᠰᠠᠨᠠᠭᠠᠨ ᠤ ᠪᠠᠶᠢᠳᠠᠯ᠂ ᠪᠡᠶ᠎ᠡ ᠶᠢᠨ ᠳᠤᠯᠠᠭᠠᠨ᠂ ᠠᠮᠢᠰᠬᠤᠯ᠂ ᠠᠷᠠᠰᠤ᠂ ᠬᠥᠨᠵᠢᠯᠡ ᠶᠢᠨ ᠦᠰᠦ᠂ ᠦᠵᠡᠭᠳᠡᠬᠦ ᠰᠠᠯᠢᠰᠤᠲᠤ ᠪᠦᠷᠬᠦᠪᠴᠢ᠂ ᠬᠡᠩᠬᠦᠳᠡᠭ ᠤᠨ ᠬᠥᠨᠳᠡᠢ᠂ ᠬᠡᠪᠡᠯᠢ ᠶᠢᠨ ᠬᠡᠰᠡᠭ ᠵᠢᠴᠢ ᠪᠡᠶ᠎ᠡ ᠶᠢᠨ ᠭᠠᠳᠠᠷᠭᠤ ᠶᠢᠨ ᠯᠢᠮᠹᠠ ᠶᠢᠨ ᠵᠠᠩᠭᠢᠯᠠᠭ᠎ᠠ᠂ ᠢᠯᠭᠠᠨ ᠭᠠᠷᠭᠠᠬᠤ ᠬᠥᠳᠡᠯᠭᠡᠭᠡᠨ ᠵᠢᠴᠢ ᠢᠯᠭᠠᠳᠠᠰᠤ ᠶᠢᠨ ᠰᠢᠨᠵᠢ ᠪᠠᠶᠢᠳᠠᠯ ᠵᠡᠷᠭᠡ ᠶᠢ ᠪᠠᠶᠢᠴᠠᠭᠠᠨ᠎ᠠ᠃      ᠭᠤᠷᠪᠠ᠂ ᠵᠡᠷᠭᠡᠪᠡᠷ ᠬᠢᠵᠢᠭ ᠪᠠᠶᠢᠴᠠᠭᠠᠬᠤ      1. ᠨᠢᠲᠤᠯᠬᠤ ᠠᠵᠢᠯᠯᠠᠭ᠎ᠠ ᠲᠠᠢ ᠵᠣᠬᠢᠴᠠᠯᠳᠤᠭᠤᠯᠤᠨ᠂ ᠠᠳᠠᠯᠢ ᠨᠢᠭᠡᠨ ᠭᠠᠭ᠋ᠠᠢ ᠶᠢᠨ ᠬᠡᠩᠬᠦᠳᠡᠭ ᠵᠢᠴᠢ ᠳᠣᠲᠣᠷ ᠡᠷᠬᠡᠲᠡᠨ᠂ ᠲᠤᠭᠤᠷᠠᠢ᠂ ᠲᠣᠯᠣᠭᠠᠢ ᠵᠡᠷᠭᠡ ᠶᠢᠨ ᠨᠢᠭᠡᠳᠦᠯᠲᠡᠢ ᠳ᠋ᠤᠭᠠᠷᠯᠠᠯ ᠳᠤ ᠬᠢᠵᠢᠭ ᠤᠨ ᠪᠠᠶᠢᠴᠠᠭᠠᠯᠲᠠ ᠬᠢᠨ᠎ᠡ᠃      2. ᠭᠠᠭ᠋ᠠᠢ ᠶᠢᠨ ᠬᠢᠵᠢᠭ ᠤᠨ ᠪᠠᠶᠢᠴᠠᠭᠠᠯᠲᠠ ᠳᠤ ᠬᠤᠯᠪᠣᠭᠳᠠᠬᠤ ᠬᠢᠵᠢᠭ ᠪᠠᠶᠢᠴᠠᠭᠠᠯᠲᠠ ᠶᠢᠨ ᠳ᠋ᠦᠢᠰᠢᠶᠠᠩ ᠳᠤ ᠰᠢᠯᠦᠬᠡᠢ ᠡᠪᠡᠳᠴᠢᠨ᠂ ᠠᠹᠷᠢᠺᠠ ᠲᠢᠪ ᠤᠨ ᠭᠠᠭ᠋ᠠᠢ ᠶᠢᠨ ᠬᠢᠵᠢᠭ᠂ ᠭᠠᠭ᠋ᠠᠢ ᠶᠢᠨ ᠬᠢᠵᠢᠭ᠂ ᠭᠠᠭ᠋ᠠᠢ ᠶᠢᠨ ᠦᠷᠡᠵᠢᠯ ᠬᠢᠭᠡᠳ ᠠᠮᠢᠰᠬᠤᠯ ᠤᠨ ᠬᠠᠮ ᠭᠡᠮ᠂ ᠪᠣᠭᠤᠮ᠎ᠠ ᠡᠪᠡᠳᠴᠢᠨ᠂ ᠭᠠᠭ᠋ᠠᠢ ᠶᠢᠨ ᠭᠠᠯ ᠬᠠᠪᠤᠳᠠᠷ᠂ ᠤᠭᠤᠲᠠᠲᠤ ᠰᠡᠭᠦᠯᠲᠦ ᠠᠪᠠᠭᠠᠯᠳᠠᠢ ᠶᠢᠨ ᠡᠪᠡᠳᠴᠢᠨ᠂ ᠮᠤᠰᠬᠢᠷᠠᠭ᠎ᠠ ᠦᠰᠦᠲᠦ ᠬᠤᠷᠣᠬᠠᠢ ᠶᠢᠨ ᠡᠪᠡᠳᠴᠢᠨ ᠪᠠᠭᠲᠠᠨ᠎ᠠ᠃      3. ᠲᠠᠯᠠᠪᠠᠶ ᠳᠤ ᠰᠠᠭᠤᠭ᠎ᠠ ᠠᠯᠪᠠᠨ ᠤ ᠮᠠᠯ ᠤᠨ ᠡᠮᠴᠢ ᠶᠢᠨ ᠬᠢᠨᠠᠯᠲᠠ ᠲᠠᠯᠪᠢᠬᠤ ᠲᠠᠯᠠᠪᠠᠶ ᠶᠢᠨ ᠲᠠᠯ᠎ᠠ ᠶᠢᠨ  ᠬᠢᠨ ᠲᠣᠭᠲᠠᠭᠠᠯ ᠶᠣᠰᠣᠭᠠᠷ ᠠᠹᠷᠢᠺᠠ ᠲᠢᠪ ᠤᠨ ᠭᠠᠭ᠋ᠠᠢ ᠶᠢᠨ ᠬᠢᠵᠢᠭ ᠢ ᠲᠦᠷᠭᠡᠨ ᠪᠠᠶᠢᠴᠠᠭᠠᠨ ᠰᠢᠯᠭᠠᠬᠤ ᠠᠵᠢᠯ ᠢ ᠥᠷᠨᠢᠭᠦᠯᠦᠨ᠎ᠡ᠃ ᠤᠳᠠᠭ᠎ᠠ ᠪᠦᠷᠢ ᠶᠢᠨ ᠨᠢᠲᠤᠯᠤᠭᠰᠠᠨ ᠭᠠᠭ᠋ᠠᠢ ᠶᠢᠨ ᠴᠢᠰᠤ ᠶᠢ ᠴᠤᠭᠯᠠᠭᠤᠯᠵᠤ᠂ ᠴᠢᠰᠤᠨ ᠤ ᠲᠤᠩᠭᠠᠯᠠᠭ ᠢ ᠴᠤᠭᠯᠠᠭᠤᠯᠤᠭᠰᠠᠨ ᠤ ᠳᠠᠷᠠᠭ᠎ᠠ ᠲᠡᠷᠡ ᠳᠠᠷᠤᠢ ᠳᠤᠨᠢ ᠰᠢᠯᠭᠠᠨ ᠪᠠᠶᠢᠴᠠᠭᠠᠬᠤ ᠪᠤᠶᠤ ᠬᠥᠯᠳᠡᠭᠡᠵᠦ ᠬᠠᠳᠠᠭᠠᠯᠠᠬᠤ ᠳᠤ ᠪᠡᠯᠡᠳᠬᠡᠨ᠎ᠡ᠃ P C R᠂ ᠪᠥᠭᠡᠮ ᠬᠦᠴᠢᠯ ᠵᠡᠷᠭᠡ ᠳᠤᠯᠠᠭᠠᠨ ᠤ ᠥᠷᠭᠡᠳᠬᠡᠯ ᠵᠢᠴᠢE L I S A ᠵᠡᠷᠭᠡ ᠡᠪᠡᠳᠴᠢᠨ ᠡᠭᠦᠰᠬᠡᠭᠴᠢ ᠶᠢᠨ ᠰᠤᠳᠤᠯᠤᠯ ᠤᠨ ᠰᠢᠯᠭᠠᠨ ᠪᠠᠶᠢᠴᠠᠭᠠᠬᠤ ᠠᠷᠭ᠎ᠠ ᠶᠢᠬᠡᠷᠡᠭᠯᠡᠨ᠎ᠡ᠃      ᠳᠥᠷᠪᠡ᠂ ᠬᠢᠵᠢᠭ ᠪᠠᠶᠢᠴᠠᠭᠠᠭᠰᠠᠨ ᠦᠷ᠎ᠡ ᠳ᠋ᠦᠩ ᠢ ᠰᠢᠢᠳᠪᠦᠷᠢᠯᠡᠬᠦ      1. ᠠᠮᠢᠲᠠᠨ ᠤ ᠬᠢᠵᠢᠭ ᠢ ᠪᠠᠶᠢᠴᠠᠭᠠᠭᠰᠠᠨ ᠭᠡᠷᠡᠴᠢᠯᠡᠯ ᠬᠢᠵᠦ ᠥᠭᠬᠦ᠂ ᠬᠢᠵᠢᠭ ᠢ ᠪᠠᠶᠢᠴᠠᠭᠠᠵᠤ ᠰᠢᠯᠭᠠᠭᠰᠠᠨ ᠲᠠᠮᠠᠭ᠎ᠠ ᠶᠢ ᠳᠠᠷᠤᠬᠤ ᠪᠤᠶᠤ ᠬᠢᠵᠢᠭ ᠢ ᠪᠠᠶᠢᠴᠠᠭᠠᠭᠰᠠᠨ ᠪᠤᠰᠤᠳ ᠲᠡᠮᠳᠡᠭ ᠲᠠᠯᠪᠢᠬᠤ ᠬᠡᠷᠡᠭᠲᠡᠢ᠃      2. ᠠᠯᠪᠠᠨ ᠤ ᠮᠠᠯ ᠤᠨ ᠡᠮᠴᠢ ᠬᠢᠵᠢᠭ ᠤᠨ ᠪᠠᠶᠢᠴᠠᠭᠠᠯᠲᠠ ᠶᠢᠨ ᠲᠡᠮᠳᠡᠭᠯᠡᠯ ᠢ ᠰᠠᠶᠢᠲᠤᠷ ᠬᠢᠬᠦ ᠬᠡᠷᠡᠭᠲᠡᠢ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号