︵2021 ᠣᠨ ᠤ 7 ᠰᠠᠷ᠎ᠠ ᠶᠢᠨ 29 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠬᠤᠷᠢᠨ ᠳᠣᠯᠣᠳᠤᠭᠠᠷ ᠬᠤᠷᠠᠯ ᠠᠴᠠ ᠪᠠᠲᠤᠯᠠᠪᠠ ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠵᠠᠷᠯᠠᠯ ︵ᠲᠠᠪᠢᠨ ᠵᠢᠷᠭᠤᠳᠤᠭᠠᠷ | ᠲᠣᠭᠠᠲᠤ︶ | 2021 ᠣᠨ ᠤ 7 ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠬᠤᠷᠢᠨ ᠳᠣᠯᠣᠳᠤᠭᠠᠷ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ | ᠲᠠᠩᠴᠡᠬᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠲᠦᠷᠢᠮ︾ ᠢ ᠪᠠᠲᠤᠯᠠᠪᠠ᠂ | ᠤᠳᠤ ᠨᠡᠶᠢᠲᠡᠯᠡᠰᠤᠭᠡᠢ᠂ 2021 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | 2021 ᠣᠨ ᠤ 7 ᠰᠠᠷ᠎ᠠ ᠶᠢᠨ 29 ᠤ ᠡᠳᠦᠷ | ᠨᠢᠭᠡᠳᠦᠭᠡᠷ ᠵᠦᠢᠯ ᠬᠠᠤᠯᠢ ᠶᠤᠰᠤᠭᠠᠷ ᠨᠤᠲᠤᠭ ᠪᠡᠯᠴᠢᠭᠡᠷ ᠢ ᠬᠠᠮᠠᠭᠠᠯᠠᠨ ᠠᠮᠢ ᠠᠬᠤᠶ ᠶᠢᠨ ᠠᠮᠤᠷ ᠲᠦᠪᠰᠢᠨ ᠢ | ᠬᠠᠮᠠᠭᠠᠯᠠᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠥᠨᠢᠳᠡ ᠦᠷᠭᠦᠯᠵᠢᠯᠡᠨ ᠠᠰᠢᠡᠡᠯᠠᠬᠤ ᠶᠢ ᠪᠡᠶᠡᠯᠡᠭᠦᠯᠵᠦ᠂ | ᠪᠡᠯᠴᠢᠬᠡᠷ ᠤᠨ ᠮᠠᠯ ᠠᠵᠤ ᠠᠬᠤᠶ ᠶᠢᠨ ᠬᠥᠭᠵᠢᠯᠲᠡ ᠬᠢᠭᠡᠳ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢ | ᠬᠠᠷᠢᠯᠴᠠᠨ ᠵᠣᠬᠢᠴᠠᠭᠤᠯᠬᠤ ᠶᠢᠨ ᠲᠦᠯᠦᠭᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ | ᠪᠡᠯᠴᠢᠭᠡᠷ ᠤᠨ ᠬᠠᠤᠯᠢ︾ ᠪᠣᠯᠤᠨ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ | ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠪᠠᠶᠢᠭᠠᠯᠢ ᠶᠢᠨ | ᠨᠤᠲᠤᠭ ᠪᠡᠯᠴᠢᠭᠡᠷ ᠢ ᠠᠰᠢᠡᠡᠯᠠᠨ ᠮᠠᠯ ᠠᠵᠤ ᠠᠬᠤᠶ ᠶᠢᠨ ᠦᠢᠯᠡᠳᠪᠤᠷᠢᠯᠡᠯ ᠡᠵᠡᠩᠨᠡᠯᠲᠡ ᠶᠢᠨ ᠠᠵᠢᠯᠯᠠᠭ᠎ᠠ ᠡᠷᠬᠢᠯᠡᠵᠦ᠂ | ᠬᠠᠮᠢᠶ᠎ᠠ ᠪᠥᠬᠦᠶ ᠬᠢᠨᠠᠯᠲᠠ ᠬᠠᠮᠢᠶᠠᠷᠤᠯᠲᠠ ᠶᠢᠨ ᠠᠵᠢᠯ ᠥᠷᠨᠢᠭᠦᠯᠬᠦ ᠳᠤ ᠲᠣᠰ ᠲᠦᠷᠢᠮ ᠢ ᠵᠢᠷᠤᠮᠯᠠᠨ᠎ᠠ᠃ | ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ | ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠠᠵᠢᠯ ᠳᠤ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ | ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ︔ ᠨᠤᠲᠤᠭ ᠪᠡᠯᠴᠢᠭᠡᠷ ᠤᠨ ᠠᠮᠢ ᠠᠬᠤᠶ ᠶᠢ | ᠬᠠᠮᠠᠭᠠᠯᠠᠬᠤ ᠪᠠᠷ ᠬᠠᠷᠠᠯᠲᠠ ᠪᠣᠯᠭᠠᠵᠤ᠂ ᠠᠶᠠᠨᠳᠠᠭᠠᠨ ᠰᠡᠷᠭᠦᠬᠦ ᠪᠠᠷ ᠭᠤᠣᠯ ᠪᠣᠯᠭᠠᠬᠤ ᠴᠢᠭᠯᠡᠯᠲᠡ ᠶᠢ ᠪᠠᠷᠢᠮᠲᠠᠯᠠᠨ᠎ᠠ︔ | ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ ᠲᠥᠷᠥᠯ ᠬᠤᠪᠢᠶᠠᠨ ᠵᠢᠯᠣᠭᠤᠳᠬᠤ᠂ ᠪᠡᠯᠴᠢᠭᠡᠷ ᠤᠨ | ᠪᠠᠶᠢᠳᠠᠯ ᠢᠶᠠᠷ ᠮᠠᠯ ᠤᠨ ᠲᠤᠭ᠎ᠠ ᠶᠢ ᠳᠤᠭᠳᠠᠭᠠᠵᠤ ᠬᠥᠳᠡᠯᠦᠩᠭᠦᠶ ᠲᠡᠩᠴᠡᠭᠦᠷᠢ ᠶᠢ ᠪᠠᠳᠤᠯᠠᠬᠤ᠂ ᠡᠷᠬᠡ ᠬᠠᠷᠢᠭᠤᠴᠠᠯᠭ᠎ᠠ ᠶᠢ | ᠲᠣᠳᠣᠷᠬᠠᠶᠢᠯᠠᠵᠤ ᠱᠠᠩᠨᠠᠵᠤ ᠲᠤᠷᠭᠠᠬᠤ ᠶᠢ ᠵᠡᠷᠭᠡ ᠪᠠᠷ ᠬᠡᠷᠡᠭᠵᠢᠭᠦᠯᠬᠦ ᠵᠠᠷᠴᠢᠮ ᠢ ᠪᠠᠷᠢᠮᠲᠠᠯᠠᠨ᠎ᠠ᠃ | ᠳᠥᠷᠪᠡᠳᠦᠭᠡᠷ ᠵᠦᠢᠯ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ | ᠪᠡᠯᠴᠢᠭᠡᠷ ᠢ ᠰᠡᠷᠭᠦᠭᠡᠬᠦ ᠠᠵᠢᠯ ᠢ ᠨᠠᠶᠢᠳᠠᠪᠤᠷᠢᠵᠢᠭᠤᠯᠬᠤ ᠳᠠᠭᠠᠨ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠵᠤ | ᠰᠡᠷᠭᠦᠭᠡᠨ ᠵᠠᠰᠠᠬᠤ ᠢᠨᠵᠧᠨᠧᠷᠢᠩ ᠤᠨ ᠲᠥᠷᠥᠯ ᠵᠦᠢᠯ ᠲᠠᠢ ᠤᠶᠠᠯᠳᠤᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ | ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ | ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ | ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠣᠯᠠᠨ ᠡᠰᠢᠵᠢᠭᠰᠡᠨ ᠨᠥᠬᠦᠪᠥᠷᠢ ᠤᠯᠭᠤᠬᠤ ᠲᠣᠭᠲᠠᠴᠠ ᠶᠢ | ᠪᠠᠶᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠭᠰᠠᠨ ᠦᠷ᠎ᠡ ᠪᠦᠲᠦᠮᠵᠢ ᠶᠢ ᠨᠦᠬᠦᠪᠤᠷᠢ ᠪᠠ ᠱᠠᠩᠨᠠᠯ ᠤᠨ | ᠮᠥᠩᠭᠦ ᠶᠢᠨ ᠬᠤᠪᠢᠶᠠᠷᠢᠯᠠᠯᠲᠠ ᠲᠠᠢ ᠬᠤᠯᠪᠣᠭᠳᠠᠭᠤᠯᠬᠤ ᠤᠷᠮᠠᠰᠢᠭᠤᠯᠵᠤ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠭᠰᠠᠳ ᠲᠤ ᠨᠥᠬᠦᠪᠥᠷᠢ ᠤᠯᠭᠤᠵᠤ ᠨᠤᠲᠤᠭ | ᠪᠡᠯᠴᠢᠭᠡᠷ ᠤᠨ ᠠᠮᠢ ᠠᠬᠤᠢ ᠶᠢ ᠬᠤᠬᠢᠷᠠᠭᠤᠯᠤᠭᠰᠠᠳ ᠠᠴᠠ ᠲᠦᠯᠦᠪᠤᠷᠢ ᠠᠪᠬᠤ ᠳᠦᠷᠢᠮ ᠢ ᠴᠢᠩᠭ᠎ᠠ ᠬᠡᠷᠡᠭᠵᠢᠭᠦᠯᠦᠨ᠎ᠡ᠃ | ᠵᠢᠷᠭᠤᠳᠤᠭᠠᠷ ᠵᠦᠢᠯ ᠨᠤᠲᠤᠭ ᠪᠡᠯᠴᠢᠭᠡᠷ ᠤᠨ ᠬᠡᠷᠡᠭᠯᠡᠭᠴᠢᠳ᠂ ᠨᠤᠲᠤᠭ ᠪᠡᠯᠴᠢᠭᠡᠷ ᠤᠨ ᠳᠠᠭᠠᠭᠠᠴᠢᠯᠠᠨ | ᠡᠵᠡᠩᠨᠡᠭᠴᠢ ᠪᠣᠯ ᠨᠤᠲᠤᠭ ᠪᠡᠯᠴᠢᠭᠡᠷ ᠢ ᠬᠠᠮᠠᠭᠠᠯᠠᠬᠤ ᠭᠤᠣᠯ ᠴᠣᠭᠴᠠ ᠪᠤᠯᠬᠤᠷ ᠨᠤᠲᠤᠭ ᠪᠡᠯᠴᠢᠭᠡᠷ ᠢ ᠬᠠᠤᠯᠢ ᠶᠣᠰᠣᠭᠠᠷ | ᠬᠠᠮᠠᠭᠠᠯᠠᠨ ᠵᠦᠢ ᠵᠣᠬᠢᠰᠲᠠᠶ ᠠᠰᠢᠡᠡᠯᠠᠵᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ | ᠵᠤᠭᠰᠤᠭᠠᠨ ᠪᠡᠯᠴᠢᠭᠡᠷ ᠢ ᠰᠡᠷᠭᠦᠭᠡᠬᠦ ᠳᠦᠷᠢᠮ ᠢ ᠵᠢᠷᠤᠮᠯᠠᠵᠤ᠂ ᠨᠤᠲᠤᠭ ᠪᠡᠯᠴᠢᠭᠡᠷ ᠢ ᠬᠠᠮᠠᠭᠠᠯᠠᠬᠤ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠶ᠃ | ᠳᠣᠯᠣᠳᠤᠭᠠᠷ ᠵᠦᠢᠯ ᠨᠤᠲᠤᠭ ᠪᠡᠯᠴᠢᠭᠡᠷ ᠤᠨ ᠬᠡᠷᠡᠭᠯᠡᠭᠴᠢᠳ᠂ ᠨᠤᠲᠤᠭ ᠪᠡᠯᠴᠢᠭᠡᠷ ᠤᠨ ᠳᠠᠭᠠᠭᠠᠴᠢᠯᠠᠨ | ᠡᠵᠡᠩᠨᠡᠭᠴᠢᠳ ᠤᠨ ᠳᠠᠷᠢᠵᠤ ᠲᠡᠵᠢᠭᠡᠬᠦ ᠶᠢ ᠤᠶᠠᠯᠳᠤᠭᠤᠯᠬᠤ᠂ ᠬᠠᠰᠢᠶᠠᠯᠠᠨ ᠲᠡᠵᠢᠭᠡᠬᠦ᠂ ᠡᠭᠦᠯᠳᠡᠷ ᠰᠠᠶᠢᠵᠢᠷᠠᠭᠤᠯᠬᠤ᠂ | ᠰᠦᠷᠦᠭ ᠤᠨ ᠪᠦᠲᠦᠴᠡ ᠪᠠᠨ ᠰᠢᠯᠢᠳᠡᠭᠵᠢᠭᠦᠯᠬᠦ᠂ ᠰᠦᠷᠦᠭ ᠤᠨ ᠡᠷᠭᠢᠯᠲᠡ ᠪᠠᠨ ᠲᠦᠷᠭᠡᠳᠬᠡᠬᠦ᠂ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ ᠪᠡᠯᠴᠢᠬᠡᠷ ᠤᠨ ᠮᠠᠯ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠵᠤ᠂ ᠪᠡᠯᠴᠢᠭᠡᠷ ᠤᠨ ᠳᠠᠷᠤᠭᠠᠰᠤ ᠶᠢ ᠬᠥᠩᠭᠡᠷᠡᠭᠦᠯᠬᠦ ᠶᠢ ᠵᠣᠷᠢᠭᠵᠢᠭᠤᠯᠤᠨ᠎ᠠ᠃ | ᠨᠠᠢᠮᠠᠳᠣᠭᠠᠷ ᠵᠦᠢᠯ ᠲᠣᠰ ᠲᠦᠷᠢᠮ ᠳᠤ ᠬᠡᠯᠡᠵᠦ ᠪᠠᠶᠢᠭ᠎ᠠ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ | ᠭᠡᠳᠡᠭ ᠨᠢ ᠨᠤᠳᠤᠭ ᠪᠡᠯᠴᠢᠭᠡᠷ ᠤᠨ ᠡᠪᠡᠰᠤᠨ ᠤ ᠤᠨᠠᠯᠳᠠ ᠪᠤᠯᠤᠨ ᠵᠦᠶ ᠵᠣᠬᠢᠰᠲᠠᠶ ᠠᠰᠢᠡᠡᠯᠠᠯᠳᠠ ᠳᠤ ᠬᠠᠩᠭᠠᠵᠤ | ᠪᠤᠯᠬᠤᠢᠢᠴᠠ ᠲᠠᠵᠢᠬᠡᠯ ᠡᠪᠡᠰᠦᠨ ᠤ ᠬᠡᠮᠵᠢᠶ᠎ᠡ ᠬᠢᠬᠡᠳ ᠪᠡᠯᠴᠢᠬᠡᠷᠯᠡᠬᠦᠯᠦᠨ ᠮᠠᠯᠵᠢᠬᠤ ᠮᠠᠯ ᠤᠨᠤᠭ᠎ᠠ ᠶᠢᠨ ᠬᠡᠷᠡᠭᠰᠡᠬᠦ ᠲᠠᠵᠢᠬᠡᠯ | ᠡᠪᠡᠰᠦᠨ ᠤ ᠬᠡᠮᠵᠢᠶ᠎ᠡ ᠯᠦᠭᠡ ᠶᠢᠨ ᠬᠥᠳᠡᠯᠦᠩᠭᠦᠶ ᠲᠡᠩᠴᠡᠭᠦᠷᠢ ᠶᠢ ᠪᠠᠳᠤᠯᠠᠬᠤ ᠶᠢ ᠵᠢᠭᠠᠵᠤ ᠪᠠᠶᠢᠨ᠎ᠠ᠃ | ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠣᠷᠣᠨ ᠳᠤ ᠨᠤᠲᠤᠭ ᠪᠡᠯᠴᠢᠭᠡᠷ ᠤᠨ ᠬᠦᠯᠢᠶᠡᠨ ᠠᠪᠬᠤ | ᠴᠢᠳᠠᠪᠤᠷᠢ ᠶᠢ ᠦᠨᠳᠦᠰᠦᠯᠡᠨ ᠲᠣᠬᠢᠷᠠᠮᠵᠢᠳᠠᠢ ᠲᠠᠭᠠᠭᠠᠴᠠ ᠶᠢ ᠬᠢᠨᠠᠨ ᠲᠣᠭᠲᠠᠭᠠᠵᠤ᠂ ᠪᠡᠯᠴᠢᠭᠡᠷᠯᠡᠭᠦᠯᠬᠦ ᠶᠢ ᠵᠤᠭᠰᠤᠭᠠᠨ | ᠪᠡᠯᠴᠢᠭᠡᠷ ᠢ ᠰᠡᠷᠭᠦᠭᠡᠬᠦ ᠳᠦᠷᠢᠮ ᠢ ᠴᠢᠩᠭ᠎ᠠ ᠬᠡᠷᠡᠭᠵᠢᠭᠦᠯᠵᠤ᠂ ᠪᠡᠯᠴᠢᠭᠡᠷ ᠢᠶᠠᠨ ᠬᠡᠰᠡᠭᠯᠡᠨ ᠰᠡᠯᠭᠦᠨ ᠮᠠᠯᠵᠢᠬᠤ ᠶᠢ | ᠵᠣᠷᠢᠭᠵᠢᠭᠤᠯᠤᠨ᠎ᠠ᠃ | ᠶᠢᠰᠦᠳᠦᠭᠡᠷ ᠵᠦᠢᠯ ᠲᠣᠰ ᠲᠦᠷᠢᠮ ᠳᠤ ᠬᠡᠯᠡᠵᠦ ᠪᠠᠶᠢᠭ᠎ᠠ ᠪᠡᠯᠴᠢᠭᠡᠷ ᠢ ᠰᠡᠷᠭᠦᠭᠡᠬᠦ ᠭᠡᠳᠡᠭ ᠨᠢ ᠮᠠᠯ ᠪᠡᠯᠴᠢᠭᠡᠷ ᠤᠨ | ᠲᠡᠩᠴᠡᠭᠦᠷᠢ ᠶᠢ ᠪᠠᠳᠤᠯᠠᠬᠤ ᠤᠷᠤᠨ ᠳᠤ ᠤᠯᠠᠷᠢᠯ ᠤᠨ ᠴᠢᠨᠠᠷᠲᠠᠶ ᠪᠠᠷ ᠪᠡᠯᠴᠢᠭᠡᠷᠯᠡᠭᠦᠯᠬᠦ ᠶᠢ ᠵᠤᠭᠰᠤᠭᠠᠬᠤ ᠶᠢ ᠵᠢᠭᠠᠵᠤ | ᠪᠠᠶᠢᠨ᠎ᠠ᠃ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠲᠤᠬᠠᠶ ᠶᠢᠨ ᠭᠠᠵᠠᠷ ᠤᠨ ᠢᠶᠠᠨ ᠠᠭᠤᠷ | ᠠᠮᠢᠰᠬᠤᠯ ᠤᠨ ᠨᠥᠬᠦᠴᠡᠯ ᠪᠣᠯᠤᠨ ᠪᠡᠯᠴᠢᠬᠡᠷ ᠡᠪᠡᠰᠦ ᠪᠡᠯᠴᠢᠭᠡᠷ ᠤᠨ ᠤᠷᠭᠤᠯᠲᠠ ᠶᠢᠨ ᠵᠢᠮ᠎ᠡ ᠶᠣᠰᠣ ᠶᠢ ᠦᠨᠳᠦᠰᠦᠯᠡᠨ᠂ | ᠵᠢᠯ ᠪᠦᠷᠢ ᠶᠢᠨ ᠡᠪᠡᠰᠦ ᠪᠡᠯᠴᠢᠭᠡᠷ ᠨᠣᠭᠤᠭᠠᠷᠠᠬᠤ ᠬᠤᠭᠤᠴᠠᠭᠠᠨ ᠳᠤ ᠪᠡᠯᠴᠢᠭᠡᠷ ᠢ ᠰᠡᠷᠭᠦᠭᠡᠬᠦ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠪᠡᠯᠴᠢᠭᠡᠷ ᠢ ᠰᠡᠷᠭᠦᠭᠡᠬᠦ ᠬᠤᠭᠤᠴᠠᠭ᠎ᠠ ᠶᠢ ᠳᠥᠴᠢᠨ ᠲᠠᠪᠤᠨ ᠡᠳᠦᠷ ᠠᠴᠠ ᠳᠤᠤᠷ᠎ᠠ ᠪᠠᠶᠢᠯᠭᠠᠵᠤ ᠪᠣᠯᠬᠤ | ᠥᠬᠡᠶ᠃ | ᠠᠷᠪᠠᠳᠤᠭᠠᠷ ᠵᠦᠢᠯ ᠲᠤᠰ ᠲᠦᠷᠢᠮ ᠳᠤ ᠬᠡᠯᠡᠵᠦ ᠪᠠᠶᠢᠭ᠎ᠠ ᠰᠡᠯᠭᠦᠨ ᠮᠠᠯᠵᠢᠬᠤ ᠭᠡᠳᠡᠭ ᠨᠢ ᠨᠤᠲᠤᠭ ᠪᠡᠯᠴᠢᠭᠡᠷ ᠤᠨ | ᠦᠢᠯᠡᠳᠪᠦᠷᠢᠯᠡᠯ ᠤᠨ ᠬᠦᠴᠦᠨ ᠪᠣᠯᠤᠨ ᠪᠡᠯᠴᠢᠬᠡᠷᠯᠡᠬᠦᠯᠦᠨ ᠮᠠᠯᠵᠢᠬᠤ ᠮᠠᠯ ᠤᠨᠤᠭ᠎ᠠ ᠶᠢᠨ ᠬᠡᠷᠡᠭᠴᠡᠭᠡ ᠶᠢ ᠦᠨᠳᠦᠰᠦᠯᠡᠨ᠂ | ᠮᠠᠯᠵᠢᠯ ᠤᠨ ᠪᠡᠯᠴᠢᠭᠡᠷ ᠢᠶᠠᠨ ᠡᠳᠦᠶ ᠲᠡᠳᠦᠶ ᠬᠡᠰᠡᠭ ᠬᠤᠪᠢᠶᠠᠵᠤ᠂ ᠪᠠᠯᠴᠢᠬᠡᠷᠯᠡᠬᠦᠯᠦᠨ ᠮᠠᠯᠵᠢᠬᠤ ᠳᠡᠰ ᠳᠠᠷᠠᠭᠠᠯᠠᠯ ᠪᠣᠯᠤᠨ | ᠦᠶᠡᠯᠡᠯ ᠤᠨ ᠬᠤᠭᠤᠴᠠᠭ᠎ᠠ ᠶᠢ ᠲᠣᠭᠲᠠᠭᠠᠬᠤ ᠠᠷᠭ᠎ᠠ ᠬᠡᠮᠵᠢᠶ᠎ᠡ ᠶᠢ ᠵᠢᠭᠠᠵᠤ ᠪᠠᠶᠢᠨ᠎ᠠ᠃ | ᠨᠤᠲᠤᠭ ᠪᠡᠯᠴᠢᠭᠡᠷ ᠤᠨ ᠬᠡᠷᠡᠭᠯᠡᠭᠴᠢᠳ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠭᠴᠢᠳ ᠤᠨ ᠡᠷᠦᠬᠡ | ᠬᠤᠯᠪᠣᠭᠠᠯᠠᠨ ᠡᠵᠡᠩᠨᠡᠭ᠊᠂ ᠬᠤᠷᠰᠢᠨ ᠡᠵᠡᠩᠨᠡᠬᠦ ᠵᠡᠷᠭᠡ ᠵᠠᠭᠪᠤᠷ ᠢᠶᠠᠷ ᠳᠠᠮᠵᠢᠨ ᠪᠡᠯᠴᠢᠭᠡᠷ ᠢᠶᠠᠨ ᠬᠡᠰᠡᠭᠯᠡᠨ ᠰᠡᠯᠭᠦᠨ | ᠮᠠᠯᠵᠢᠬᠤ ᠶᠢ ᠵᠣᠷᠢᠭᠵᠢᠭᠤᠯᠤᠨ ᠳᠡᠮᠵᠢᠨ᠎ᠡ᠃ | ᠠᠷᠪᠠᠨ ᠨᠢᠭᠡᠳᠦᠭᠡᠷ ᠵᠦᠢᠯ ᠲᠤᠰ ᠲᠦᠷᠢᠮ ᠳᠤ ᠬᠡᠯᠡᠵᠦ ᠪᠠᠶᠢᠭ᠎ᠠ ᠪᠡᠯᠴᠢᠭᠡᠷᠯᠡᠭᠦᠯᠬᠦ ᠶᠢ ᠵᠤᠭᠰᠤᠭᠠᠬᠤ ᠭᠡᠳᠡᠭ ᠨᠢ | ᠨᠤᠲᠤᠭ ᠪᠡᠯᠴᠢᠭᠡᠷ ᠲᠤ ᠨᠢᠭᠡ ᠵᠢᠯ ᠠᠴᠠ ᠳᠡᠭᠡᠭᠰᠢ ᠮᠠᠯ ᠪᠡᠯᠴᠢᠭᠡᠷᠯᠡᠭᠦᠯᠬᠦ ᠶᠢ ᠵᠤᠭᠰᠤᠭᠠᠬᠤ ᠬᠠᠮᠠᠭᠠᠯᠠᠯᠲᠠ ᠶᠢᠨ ᠠᠷᠭ᠎ᠠ | ᠬᠡᠮᠵᠢᠶ᠎ᠡ ᠶᠢ ᠵᠢᠭᠠᠵᠤ ᠪᠠᠶᠢᠨ᠎ᠠ᠃ ᠳᠣᠣᠷᠠᠬᠢ ᠮᠡᠳᠤ ᠶᠢᠨ ᠨᠤᠲᠤᠭ ᠪᠡᠯᠴᠢᠭᠡᠷ ᠢ ᠪᠡᠯᠴᠢᠭᠡᠷᠯᠡᠭᠦᠯᠬᠦ ᠶᠢ ᠵᠤᠭᠰᠤᠭᠠᠬᠤ | ᠣᠷᠣᠨ ᠢᠶᠠᠷ ᠵᠠᠭᠠᠭᠯᠠᠨ ᠲᠣᠭᠲᠠᠭᠠᠬᠤ ᠬᠡᠷᠡᠭᠳᠠᠢ᠄ ︵ᠨᠢᠭᠡ︶ ᠬᠦᠨᠳᠦ ᠨᠣᠴᠢᠲᠠᠶ ᠲᠠᠴᠢᠷᠰᠢᠭᠰᠠᠨ ᠪᠠ ᠡᠯᠡᠰᠦᠷᠬᠡᠭᠵᠢᠭᠰᠡᠨ | ᠨᠤᠲᠤᠭ ᠪᠡᠯᠴᠢᠭᠡᠷ︔ ︵ᠬᠤᠶᠠᠷ︶ ᠮᠠᠯ ᠪᠡᠯᠴᠢᠭᠡᠷᠯᠡᠭᠦᠯᠬᠦ ᠳᠤ ᠲᠣᠬᠢᠷᠠᠬᠤ ᠦᠭᠡᠶ ᠲᠠᠴᠢᠷᠰᠢᠭᠰᠠᠨ ᠪᠠ ᠡᠯᠡᠰᠦᠷᠬᠡᠭᠵᠢᠭᠰᠡᠨ | ᠨᠤᠲᠤᠭ ᠪᠡᠯᠴᠢᠭᠡᠷ︔ ︵ᠭᠤᠷᠪᠠ︶ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠴᠢᠬᠤᠯᠠ ᠨᠤᠭᠤ ᠭᠠᠵᠠᠷ ᠤᠨ ᠨᠤᠲᠤᠭ | ᠪᠡᠯᠴᠢᠭᠡᠷ︔ ︵ᠳᠥᠷᠪᠡ︶ ᠪᠡᠯᠴᠢᠭᠡᠷᠯᠡᠭᠦᠯᠬᠦ ᠶᠢ ᠵᠤᠭᠰᠤᠭᠠᠬᠤ ᠴᠢᠬᠤᠯᠠᠲᠠᠶ ᠪᠤᠰᠤᠳ ᠨᠤᠲᠤᠭ ᠪᠡᠯᠴᠢᠭᠡᠷ᠃ | ᠠᠷᠪᠠᠨ ᠬᠤᠶᠠᠳᠤᠭᠠᠷ ᠵᠦᠢᠯ ᠪᠡᠯᠴᠢᠭᠡᠷᠯᠡᠭᠦᠯᠬᠦ ᠶᠢ ᠵᠤᠭᠰᠤᠭᠠᠬᠤ ᠣᠷᠣᠨ ᠢ ᠲᠠᠪᠤᠨ ᠵᠢᠯ ᠪᠦᠷᠢ ᠳᠤ ᠨᠢᠭᠡ | ᠤᠳᠠᠭ᠎ᠠ ᠵᠠᠭᠠᠭᠯᠠᠨ ᠲᠣᠭᠲᠠᠭᠠᠨ᠎ᠠ᠃ ᠪᠡᠯᠴᠢᠭᠡᠷᠯᠡᠭᠦᠯᠬᠦ ᠶᠢ ᠵᠤᠭᠰᠤᠭᠠᠭᠰᠠᠨ ᠣᠷᠣᠨ ᠳᠠᠬᠢ ᠪᠡᠯᠴᠢᠭᠡᠷ ᠠᠴᠠ ᠡᠪᠡᠰᠦ | ᠬᠠᠳᠤᠬᠤ ᠶᠢ ᠴᠢᠩᠭ᠎ᠠ ᠬᠢᠵᠠᠭᠠᠷᠯᠠᠨ᠎ᠠ᠃ ᠤᠷᠭᠤᠮᠠᠯ ᠤᠨ ᠪᠦᠷᠬᠦᠴᠡ ᠨᠢ ᠨᠡᠯᠢᠶᠡᠳ ᠰᠠᠶᠢᠨ ᠰᠡᠷᠭᠦᠭᠰᠡᠨ ᠪᠡᠯᠴᠢᠭᠡᠷᠯᠡᠭᠦᠯᠬᠦ ᠶᠢ | ᠵᠤᠭᠰᠤᠭᠠᠬᠰᠠᠨ ᠣᠷᠣᠨ ᠳᠤ ᠪᠤᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ | ᠬᠠᠮᠠᠭᠠᠯᠠᠯᠲᠠ ᠶᠢᠨ ᠴᠢᠨᠠᠷᠲᠠᠶ ᠪᠠᠷ ᠡᠪᠡᠰᠦ ᠬᠠᠳᠤᠵᠤ ᠪᠣᠯᠤᠨ᠎ᠠ᠃ | ᠤᠷᠭᠤᠮᠠᠯ ᠤᠨ ᠪᠦᠷᠬᠦᠴᠡ ᠨᠢ ᠪᠦᠲᠦᠮᠵᠢᠲᠡᠶ ᠰᠡᠷᠭᠦᠭᠰᠡᠨ ᠪᠡᠯᠴᠢᠭᠡᠷᠯᠡᠭᠦᠯᠬᠦ ᠶᠢ ᠵᠤᠭᠰᠤᠭᠠᠭᠰᠠᠨ ᠣᠷᠣᠨ ᠳᠠᠬᠢ | ᠨᠤᠲᠤᠭ ᠪᠡᠯᠴᠢᠭᠡᠷ ᠢ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠣᠷᠣᠨ ᠪᠣᠯᠭᠠᠨ ᠲᠣᠬᠢᠷᠠᠭᠤᠯᠵᠤ᠂ ᠰᠢᠨᠵᠢᠯᠡᠬᠦ | ᠤᠬᠠᠭᠠᠨᠴᠢ ᠪᠠᠷ ᠪᠡᠯᠴᠢᠭᠡᠷᠯᠡᠭᠦᠯᠦᠨ ᠠᠰᠢᠬᠯᠠᠵᠤ ᠪᠣᠯᠤᠨ᠎ᠠ᠃ ᠪᠣᠳᠠᠲᠠᠶ ᠲᠣᠬᠢᠷᠠᠭᠤᠯᠬᠤ ᠠᠷᠭ᠎ᠠ ᠬᠡᠮᠵᠢᠶ᠎ᠠ ᠶᠢ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃ | ᠠᠷᠪᠠᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ | ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠬᠦᠷᠢᠶ᠎ᠠ ᠬᠡᠪᠴᠢᠶ᠎ᠡ᠂ ᠪᠡᠯᠴᠢᠬᠡᠷ ᠢ ᠰᠡᠷᠬᠦᠬᠡᠬᠦ ᠴᠠᠭ | ᠬᠤᠭᠤᠴᠠᠭᠠᠨ ᠤ ᠬᠢᠵᠠᠭᠠᠷ ᠵᠡᠷᠭᠡ ᠶᠢ ᠨᠡᠶᠢᠲᠡᠯᠡᠬᠦ ᠶᠢᠨ ᠬᠠᠮᠲᠤ ᠢᠯᠡᠬᠡᠨ ᠭᠠᠵᠠᠷ ᠲᠤ ᠬᠠᠮᠢᠶ᠎ᠠ ᠪᠦᠬᠦᠢ ᠫᠠᠶᠢᠰᠠ ᠲᠡᠮᠳᠡᠭ ᠢ | ᠪᠤᠰᠬᠠᠵᠤ ᠲᠠᠯᠪᠢᠨ᠎ᠠ᠃ ᠶᠠᠮᠠᠷᠪᠠ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠪᠡᠯᠴᠢᠭᠡᠷᠯᠡᠭᠦᠯᠬᠦ ᠶᠢ ᠵᠤᠭᠰᠤᠭᠠᠨ | ᠪᠡᠯᠴᠢᠭᠡᠷ ᠢ ᠰᠡᠷᠭᠦᠭᠡᠬᠦ ᠫᠠᠶᠢᠰᠠ ᠲᠡᠮᠳᠡᠭ ᠢ ᠡᠪᠳᠡᠵᠦ ᠪᠤᠯᠬᠤ ᠦᠬᠡ᠊ ᠢ᠂ ᠳᠤᠷ᠎ᠠ ᠪᠠᠷ ᠢᠶᠠᠨ ᠰᠢᠯᠵᠢᠭᠦᠯᠵᠦ ᠪᠣᠯᠬᠤ ᠦᠭᠡᠶ᠃ | ᠠᠷᠪᠠᠨ ᠳᠥᠷᠪᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠮᠠᠯ ᠪᠡᠯᠴᠢᠭᠡᠷ ᠤᠨ | ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠤᠬᠠᠭᠤᠯᠭ᠎ᠠ ᠬᠥᠮᠦᠵᠢᠯ | ᠥᠷᠨᠢᠭᠦᠯᠵᠦ᠂ ᠪᠦᠬᠦ ᠨᠡᠶᠢᠭᠡᠮ ᠤᠨ ᠬᠢᠨ ᠤ ᠬᠠᠤᠯᠢ ᠶᠣᠰᠣᠭᠠᠷ ᠨᠤᠲᠤᠭ ᠪᠡᠯᠴᠢᠭᠡᠷ ᠢ ᠬᠠᠮᠠᠭᠠᠯᠠᠬᠤ ᠦᠵᠡᠯ ᠤᠬᠠᠮᠰᠠᠷ ᠢ | ᠲᠠᠬᠡᠭᠰᠢᠯᠡᠬᠦᠯᠤᠨ᠎ᠠ᠃ | ᠠᠷᠪᠠᠨ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ | ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠳᠦᠷᠢᠮ ᠢ ᠨᠠᠶᠢᠳᠠᠪᠤᠷᠢᠵᠢᠭᠤᠯᠬᠤ ᠵᠠᠰᠠᠭ ᠤᠨ ᠣᠷᠳᠣᠨ ᠤ | ᠬᠢᠨᠠᠯᠳᠠ ᠬᠠᠮᠢᠶᠠᠷᠤᠯᠳᠠ ᠶᠢᠨ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠠᠴᠠ ᠪᠥᠬᠦ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ | ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠠᠵᠢᠯ ᠢ ᠨᠢᠭᠡᠳᠦᠯᠲᠡᠶ ᠲᠥᠯᠥᠪᠯᠡᠨ᠎ᠡ᠃ ᠠᠶᠢᠮᠠᠭ ᠤᠨ ᠵᠠᠰᠠᠭ | ᠵᠠᠬᠢᠷᠭᠠᠨ ᠤ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ | ᠵᠠᠬᠢᠷᠭᠠᠨ ᠤ ᠣᠷᠣᠨ ᠤ ᠪᠠᠨ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ | ᠪᠡᠯᠴᠢᠭᠡᠷ ᠢ ᠰᠡᠷᠭᠦᠭᠡᠬᠦ ᠠᠵᠢᠯ ᠢ ᠵᠢᠯᠣᠭᠤᠳᠴᠦ ᠬᠢᠨᠠᠯᠲᠠ ᠲᠠᠯᠪᠢᠨ᠎ᠠ᠃ ᠬᠤᠰᠢᠭᠤ ᠰᠢᠶᠠᠨ ᠤ ᠱᠠᠲᠤᠨ ᠤ ᠠᠷᠠᠳ ᠤᠨ | ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ | ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠠᠵᠢᠯ ᠢ ᠪᠣᠳᠠᠲᠠᠶ ᠬᠠᠷᠢᠭᠤᠴᠠᠨ᠎ᠠ᠃ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠤᠰ ᠬᠠᠷᠢᠶ᠎ᠠ | ᠣᠷᠣᠨ ᠤ ᠪᠠᠨ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ | ᠰᠡᠷᠭᠦᠭᠡᠬᠦ ᠠᠵᠢᠯ ᠢ ᠪᠣᠳᠠᠲᠠᠶ ᠵᠣᠬᠢᠶᠠᠨ ᠪᠠᠶᠢᠭᠤᠯᠵᠤ ᠬᠡᠷᠡᠭᠵᠢᠭᠦᠯᠤᠨ᠎ᠠ᠃ | ᠠᠷᠪᠠᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠬᠠᠮᠢᠶ᠎ᠠ ᠪᠦᠬᠦᠢ ᠰᠠᠯᠠᠭ᠎ᠠ ᠮᠥᠴᠢᠷ ᠨᠢ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ | ᠪᠡᠯᠴᠢᠭᠡᠷ ᠢ ᠰᠡᠷᠭᠦᠭᠡᠬᠦ ᠳᠤ ᠬᠢᠨᠠᠯᠲᠠ ᠲᠠᠯᠪᠢᠨ ᠬᠠᠮᠢᠶᠠᠷᠬᠤ ᠠᠵᠢᠯ ᠤᠨ ᠳᠤᠮᠳᠠ ᠪᠠᠨ ᠳᠣᠣᠷᠠᠬᠢ ᠡᠭᠦᠷᠭᠡ ᠬᠠᠷᠢᠭᠤᠴᠠᠯᠭ᠎ᠠ ᠶᠢ | ᠭᠦᠢᠴᠡᠳᠬᠡᠨ᠎ᠠ᠄ ︵ᠨᠢᠭᠡ︶ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ | ᠲᠤᠰ ᠵᠠᠰᠠᠭ ᠵᠠᠬᠢᠷᠭᠠᠨ ᠤ ᠣᠷᠣᠨ ᠤ ᠪᠠᠨ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ | ᠵᠤᠭᠰᠤᠭᠠᠨ ᠪᠡᠯᠴᠢᠭᠡᠷ ᠢ ᠰᠡᠷᠭᠦᠭᠡᠬᠦ ᠳᠤ ᠬᠢᠨᠠᠯᠲᠠ ᠲᠠᠯᠪᠢᠨ ᠪᠠᠶᠢᠴᠠᠭᠠᠬᠤ᠂ ᠲᠤᠬᠠᠶᠢᠯᠠᠭᠰᠠᠨ ᠠᠵᠢᠯ ᠢ ᠵᠢᠯᠣᠭᠤᠳᠬᠤ ᠵᠢᠴᠢ | ᠲᠤᠬᠢᠷᠠᠮᠵᠢᠳᠠᠢ ᠪᠡᠯᠴᠢᠭᠡᠷ ᠤᠨ ᠲᠠᠭᠠᠭᠠᠴᠠ ᠶᠢ ᠬᠢᠨᠠᠨ ᠲᠣᠭᠲᠠᠭᠠᠬᠤ ᠵᠡᠷᠭᠡ ᠠᠵᠢᠯ ᠢ ᠬᠠᠷᠢᠭᠤᠴᠠᠵᠤ᠂ ᠲᠠᠷᠢᠶᠠᠯᠠᠩ ᠮᠠᠯ ᠠᠵᠤ | ᠠᠬᠤᠶ ᠶᠢᠨ ᠰᠠᠯᠠᠭ᠎ᠠ ᠮᠥᠴᠢᠷ ᠲᠠᠢ ᠬᠠᠮᠲᠤᠷᠠᠨ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠨᠦᠬᠦᠪᠦᠷᠢ ᠪᠠ | ᠱᠠᠩᠨᠠᠯ ᠤᠨ ᠪᠠᠷᠢᠮᠵᠢᠶ᠎ᠠ ᠵᠢᠴᠢ ᠠᠷᠭ᠎ᠠ ᠬᠡᠮᠵᠢᠶ᠎ᠠ ᠶᠢ ᠲᠣᠭᠲᠠᠭᠠᠨ᠎ᠠ︔ ︵ᠬᠤᠶᠠᠷ︶ ᠲᠠᠷᠢᠶᠠᠯᠠᠩ ᠮᠠᠯ ᠠᠵᠤ ᠠᠬᠤᠶ ᠶᠢᠨ | ᠰᠠᠯᠠᠭ᠎ᠠ ᠮᠥᠴᠢᠷ ᠨᠢ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠳᠤ ᠨᠦᠬᠦᠪᠦᠷᠢ ᠪᠠ ᠱᠠᠩᠨᠠᠯ ᠤᠨ ᠮᠥᠩᠭᠦ | ᠣᠯᠭᠤᠬᠤ ᠡᠬᠡ ᠳᠠᠩᠰᠠ ᠪᠠᠶᠢᠭᠤᠯᠬᠤ ᠶᠢ ᠬᠠᠷᠢᠭᠤᠴᠠᠵᠤ᠂ ᠪᠡᠯᠴᠢᠭᠡᠷ ᠤᠨ ᠮᠠᠯ ᠠᠵᠤ ᠠᠬᠤᠶ ᠶᠢᠨ ᠬᠡᠯᠪᠡᠷᠢ ᠶᠢ | ᠬᠤᠪᠢᠷᠠᠭᠤᠯᠤᠨ ᠳᠡᠰ ᠳᠡᠪᠰᠢᠬᠦᠯᠬᠦ ᠪᠠ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ︔ ︵ᠭᠤᠷᠪᠠ︶ ᠡᠳ᠋ ᠤᠨ | ᠵᠠᠰᠠᠭ ᠤᠨ ᠰᠠᠯᠠᠭ᠎ᠠ ᠮᠥᠴᠢᠷ ᠨᠢ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠦᠬᠦᠪᠦᠷᠢ ᠪᠠ ᠱᠠᠩᠨᠠᠯ ᠤᠨ | ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠬᠤ ᠶᠢ ᠬᠠᠷᠢᠭᠤᠴᠠᠵᠤ᠂ ᠳᠤᠭᠳᠠᠭᠰᠠᠨ ᠴᠠᠭ ᠲᠤ ᠣᠨᠣᠪᠴᠢᠲᠠᠶ ᠪᠠᠷ | ᠣᠯᠭᠤᠬᠤ ᠶᠢ ᠪᠠᠲᠤᠯᠠᠨ᠎ᠠ᠃ | ᠠᠷᠪᠠᠨ ᠳᠣᠯᠣᠳᠤᠭᠠᠷ ᠵᠦᠢᠯ ᠨᠤᠲᠤᠭ ᠪᠡᠯᠴᠢᠭᠡᠷ ᠤᠨ ᠬᠡᠷᠡᠭᠯᠡᠭᠴᠢᠳ᠂ ᠨᠤᠲᠤᠭ ᠪᠡᠯᠴᠢᠭᠡᠷ ᠤᠨ ᠳᠠᠭᠠᠭᠠᠴᠢᠯᠠᠨ | ᠡᠵᠡᠩᠨᠡᠭᠴᠢᠳ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ | ᠰᠡᠷᠭᠦᠭᠡᠬᠦ ᠡᠭᠦᠷᠭᠡ ᠪᠠᠨ ᠭᠦᠢᠴᠡᠳᠬᠡᠵᠦ᠂ ᠬᠢᠨᠠᠨ ᠲᠣᠭᠲᠠᠭᠠᠭᠰᠠᠨ ᠪᠡᠯᠴᠢᠭᠡᠷ ᠤᠨ ᠲᠠᠭᠠᠭᠠᠴᠠ ᠠᠴᠠ ᠬᠡᠲᠦᠷᠡᠭᠦᠯᠦᠨ ᠮᠠᠯ | ᠪᠡᠯᠴᠢᠬᠡᠷᠯᠡᠬᠦᠯᠵᠤ ᠪᠣᠯᠬᠤ ᠦᠭᠡᠶ᠂ ᠪᠡᠯᠴᠢᠭᠡᠷᠯᠡᠭᠦᠯᠬᠦ ᠶᠢ ᠵᠤᠭᠰᠤᠭᠠᠭᠰᠠᠨ ᠣᠷᠣᠨ ᠪᠠ ᠪᠡᠯᠴᠢᠬᠡᠷ ᠢ ᠰᠡᠷᠬᠦᠬᠡᠬᠦ | ᠬᠤᠭᠤᠴᠠᠭᠠᠨ ᠳᠤ ᠮᠠᠯ ᠪᠡᠯᠴᠢᠬᠡᠷᠯᠡᠬᠦᠯᠵᠤ ᠪᠣᠯᠬᠤ ᠦᠭᠡᠶ᠃ ᠡᠵᠡᠩᠨᠡᠯᠳᠡ ᠶᠢᠨ ᠡᠷᠬᠡ ᠶᠢ ᠭᠦᠢᠯᠭᠡᠬᠡᠵᠤ ᠠᠪᠤᠭᠠᠳ ᠨᠤᠳᠤᠭ | ᠪᠡᠯᠴᠢᠬᠡᠷ ᠢ ᠨᠢ ᠡᠵᠡᠩᠨᠡᠵᠤ ᠪᠠᠶᠢᠭ᠎ᠠ ᠵᠣᠬᠢᠶᠠᠨ ᠪᠠᠶᠢᠭᠤᠯᠤᠯᠳᠠ ᠪᠤᠯᠤᠨ ᠬᠤᠪᠢ ᠬᠥᠮᠦᠨ ᠮᠠᠯ ᠪᠡᠯᠴᠢᠭᠡᠷ ᠤᠨ ᠲᠡᠩᠴᠡᠭᠦᠷᠢ ᠶᠢ | ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠳᠦᠷᠢᠮ ᠢ ᠵᠢᠷᠤᠮᠯᠠᠨ ᠰᠠᠬᠢᠵᠤ᠂ | ᠳᠠᠭᠠᠭᠠᠴᠢᠯᠠᠯᠲᠠ ᠶᠢᠨ ᠭᠡᠷ᠎ᠡ ᠵᠢᠴᠢ ᠡᠵᠡᠩᠨᠡᠯᠳᠡ ᠶᠢᠨ ᠡᠷᠬᠡ ᠶᠢ ᠭᠦᠢᠯᠭᠡᠬᠡᠯᠡᠬᠦ ᠭᠡᠷ᠎ᠡ ᠳᠤ ᠪᠣᠯᠵᠣᠨ ᠲᠣᠭᠲᠠᠭᠰᠠᠨ ᠬᠡᠷᠡᠭᠴᠡᠭᠡ | ᠶᠣᠰᠣᠭᠠᠷ ᠨᠤᠲᠤᠭ ᠪᠡᠯᠴᠢᠭᠡᠷ ᠢ ᠵᠦᠢ ᠵᠣᠬᠢᠰᠲᠠᠶ ᠠᠰᠢᠬᠯᠠᠬᠤ ᠬᠡᠷᠡᠭᠲᠡᠶ᠃ | ᠠᠷᠪᠠᠨ ᠨᠠᠢᠮᠠᠳᠣᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ | ᠠᠵᠢᠯ ᠢ ᠲᠤᠰ ᠱᠠᠲᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠡᠭᠡᠨ | ᠣᠷᠣᠭᠤᠯᠵᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ | ᠠᠵᠢᠯ ᠳᠤ ᠬᠡᠷᠡᠭᠰᠡᠬᠦ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠲᠡᠭᠡᠨ ᠣᠷᠣᠭᠤᠯᠬᠤ ᠬᠡᠷᠡᠭᠲᠡᠶ᠃ | ᠠᠷᠪᠠ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠨᠡᠶᠢᠭᠡᠮ ᠤᠨ | ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠵᠦ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ | ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠳᠦᠷᠢᠮ ᠤᠨ ᠲᠣᠭᠲᠠᠭᠠᠯ ᠠᠴᠠ ᠵᠥᠷᠢᠴᠡᠭᠰᠡᠳ ᠢ ᠵᠠᠭᠠᠯᠳᠤᠵᠤ | ᠢᠯᠡᠴᠢᠯᠡᠨ ᠮᠡᠳᠡᠭᠦᠯᠬᠦ ᠤᠳᠠᠰᠤ ᠪᠠ ᠵᠠᠬᠢᠳᠠᠯ ᠤᠨ ᠬᠠᠶᠢᠷᠴᠠᠭ ᠭᠠᠷᠭᠠᠨ ᠨᠡᠶᠢᠲᠡᠯᠡᠵᠦ᠂ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠴᠠᠭ ᠲᠤᠬᠠᠶ ᠳᠤᠨᠢ ᠬᠢᠨᠠᠨ ᠬᠠᠷᠭᠤᠭᠤᠯᠵᠤ ᠰᠢᠢᠳᠪᠣᠷᠢᠯᠡᠬᠦ ᠬᠡᠷᠡᠭᠲᠡᠶ᠃ ᠶᠠᠮᠠᠷᠪᠠ ᠵᠣᠬᠢᠶᠠᠨ ᠪᠠᠶᠢᠭᠤᠯᠤᠯᠲᠠ | ᠪᠤᠯᠤᠠ ᠬᠤᠪᠢ ᠬᠥᠮᠦᠨ ᠪᠦᠷ ᠨᠤᠲᠤᠭ ᠪᠡᠯᠴᠢᠭᠡᠷ ᠢ ᠬᠠᠮᠠᠭᠠᠯᠠᠬᠤ ᠡᠭᠦᠷᠭᠡ ᠲᠠᠢ᠂ ᠮᠠᠯ ᠪᠡᠯᠴᠢᠭᠡᠷ ᠤᠨ ᠲᠡᠩᠴᠡᠭᠦᠷᠢ ᠶᠢ | ᠪᠠᠳᠤᠯᠠᠬᠤ ᠤᠷᠤᠨ ᠳᠤ ᠪᠡᠯᠴᠢᠬᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯ ᠪᠡᠯᠴᠢᠭᠡᠷᠯᠡᠭᠦᠯᠬᠦ ᠪᠤᠯᠤᠨ ᠪᠡᠯᠴᠢᠭᠡᠷᠯᠡᠭᠦᠯᠬᠦ ᠶᠢ | ᠵᠤᠭᠰᠤᠭᠠᠬᠰᠠᠨ ᠣᠷᠣᠨ᠂ ᠪᠡᠯᠴᠢᠭᠡᠷ ᠢ ᠰᠡᠷᠭᠦᠭᠡᠬᠦ ᠬᠤᠭᠤᠴᠠᠭᠠᠨ ᠳᠤ ᠮᠠᠯ ᠪᠡᠯᠴᠢᠭᠡᠷᠯᠡᠭᠦᠯᠬᠦ ᠦᠢᠯᠡ ᠠᠵᠢᠯᠯᠠᠭ᠎ᠠ ᠶᠢ | ᠬᠤᠷᠢᠬᠯᠠᠨ ᠵᠣᠭᠰᠣᠭᠠᠬᠤ ᠪᠠ ᠢᠯᠡᠴᠢᠯᠡᠨ ᠮᠡᠳᠡᠭᠦᠯᠬᠦ ᠡᠷᠬᠡ ᠲᠠᠢ᠃ | ᠬᠤᠷᠢᠳᠤᠭᠠᠷ ᠵᠦᠢᠯ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ᠂ ᠰᠤᠮᠤ ᠰᠢᠶᠠᠩ | ᠪᠠᠯᠭᠠᠰᠤ᠂ ᠭᠠᠴᠠᠭ᠎ᠠ ᠲᠣᠰᠬᠤᠨ ᠲᠠᠪᠤᠨ ᠱᠠᠲᠤᠨ ᠤ ᠣᠶ ᠰᠢᠭᠤᠶ ︵ᠨᠤᠲᠤᠭ ᠪᠡᠯᠴᠢᠭᠡᠷ︶ ᠶᠢᠨ ᠳᠠᠷᠤᠭ᠎ᠠ ᠶᠢᠨ ᠲᠦᠷᠢᠮ ᠤᠨ | ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠲᠤᠳᠤᠷᠬᠠᠢᠢᠯᠠᠨ᠎ᠠ᠃ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠨᠢ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ | ᠪᠡᠯᠴᠢᠬᠡᠷ ᠢ ᠰᠡᠷᠬᠦᠬᠡᠬᠦ ᠲᠦᠷᠢᠮ ᠢ ᠨᠠᠶᠢᠳᠠᠪᠤᠷᠢᠵᠢᠭᠤᠯᠬᠤ ᠠᠵᠢᠯ ᠢ ᠵᠢᠯ ᠤᠨ ᠬᠠᠷᠠᠯᠲᠠᠲᠤ ᠬᠢᠨᠠᠨ ᠰᠢᠯᠭᠠᠯᠳᠡ ᠳᠠᠭᠠᠨ | ᠣᠷᠣᠭᠤᠯᠵᠤ᠂ ᠬᠢᠨᠠᠨ ᠰᠢᠯᠭᠠᠬᠤ ᠭᠦᠢᠴᠡᠳᠭᠡᠯ ᠲᠤᠭ᠎ᠠ ᠶᠢ ᠨᠠᠷᠢᠯᠢᠬᠵᠢᠭᠤᠯᠬᠤ ᠬᠡᠷᠡᠭᠳᠡᠢ᠃ | ᠬᠤᠷᠢᠨ ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠠᠷᠢᠶᠠᠯᠠᠩ ᠮᠠᠯ ᠠᠵᠤ ᠠᠬᠤᠶ ᠶᠢᠨ | ᠰᠠᠯᠠᠭ᠎ᠠ ᠮᠥᠴᠢᠷ ᠲᠠᠢ ᠬᠠᠮᠳᠤᠷᠡᠵᠤ᠂ ᠠᠳᠠᠯᠢ ᠪᠤᠰᠤ ᠨᠤᠲᠤᠭ ᠪᠡᠯᠴᠢᠭᠡᠷ ᠤᠨ ᠲᠥᠷᠥᠯ ᠬᠡᠯᠪᠡᠷᠢ ᠶᠢᠨ ᠣᠨᠴᠠᠯᠢᠭ᠂ ᠪᠠᠶᠢᠳᠠᠯ | ᠵᠢᠴᠢ ᠠᠭᠤᠷ ᠠᠮᠢᠰᠬᠤᠯ ᠤᠨ ᠡᠯᠧᠮᠧᠨᠲ ᠵᠡᠷᠭᠡ ᠶᠢ ᠦᠨᠳᠦᠰᠦᠯᠡᠨ᠂ ᠤᠯᠤᠰ ᠤᠨ ᠬᠤᠯᠪᠣᠭᠳᠠᠯ ᠪᠦᠬᠦᠢ ᠪᠠᠷᠢᠮᠵᠢᠶ᠎ᠠ ᠪᠠᠷ | ᠦᠨᠳᠦᠰᠦᠯᠡᠯ ᠪᠤᠯᠭᠠᠵᠤ᠂ ᠠᠳᠠᠯᠢ ᠪᠤᠰᠤ ᠲᠥᠷᠥᠯ ᠤᠨ ᠨᠤᠲᠤᠭ ᠪᠡᠯᠴᠢᠭᠡᠷ ᠤᠨ ᠲᠤᠬᠢᠷᠠᠮᠵᠢᠳᠠᠢ ᠲᠠᠭᠠᠭᠠᠴᠠ ᠶᠢ ᠲᠣᠭᠲᠠᠮᠠᠯ | ᠬᠤᠭᠤᠴᠠᠭ᠎ᠠ ᠲᠠᠢ ᠪᠠᠷ ᠨᠡᠶᠢᠳᠡᠯᠡᠨ᠎ᠠ᠃ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠥᠪᠡᠷᠲᠡᠭᠡᠨ | ᠵᠠᠰᠠᠬᠤ ᠣᠷᠣᠨ ᠤ ᠨᠡᠶᠢᠲᠡᠯᠡᠭᠰᠡᠨ ᠲᠤᠬᠢᠷᠠᠮᠵᠢᠳᠡᠢ ᠪᠡᠯᠴᠢᠬᠡᠷ ᠤᠨ ᠲᠠᠭᠠᠭᠠᠴᠠ ᠶᠢ ᠦᠨᠳᠦᠰᠦᠯᠡᠵᠤ᠂ ᠲᠤᠬᠠᠶ ᠶᠢᠨ | ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠪᠣᠳᠠᠲᠠᠶ | ᠪᠡᠯᠴᠢᠬᠡᠷ ᠤᠨ ᠲᠠᠭᠠᠭᠠᠴᠠ ᠶᠢ ᠬᠢᠨᠠᠨ ᠲᠣᠭᠲᠠᠭᠠᠬᠤ ᠶᠢᠨ ᠬᠠᠮᠲᠤ ᠨᠡᠶᠢᠲᠡᠯᠡᠨ᠎ᠠ᠃ ᠤᠨᠴᠡ ᠶᠡᠭᠡ ᠭᠠᠩ ᠬᠠᠭᠰᠠᠷᠠᠭᠠᠨ | ᠲᠣᠬᠢᠶᠠᠯᠳᠤᠪᠠᠯ ᠲᠤᠬᠠᠢ ᠶᠢᠨ ᠵᠢᠯ ᠤᠨ ᠢᠶᠠᠨ ᠪᠣᠳᠠᠲᠠᠢ ᠪᠡᠯᠴᠢᠬᠡᠷ ᠤᠨ ᠲᠠᠭᠠᠭᠠᠴᠠ ᠳᠤ ᠲᠣᠬᠢᠷᠠᠭᠤᠯᠤᠯᠲᠠ ᠬᠢᠨ᠎ᠠ᠃ ᠪᠣᠳᠠᠲᠠᠶ | ᠪᠡᠯᠴᠢᠬᠡᠷ ᠤᠨ ᠲᠠᠭᠠᠭᠠᠴᠠ ᠶᠢ ᠬᠢᠨᠠᠨ ᠲᠣᠭᠲᠠᠭᠠᠬᠤ ᠳᠠᠭᠠᠨ ᠨᠤᠲᠤᠭ ᠪᠡᠯᠴᠢᠭᠡᠷ ᠤᠨ ᠬᠡᠷᠡᠭᠯᠡᠭᠴᠢᠳ᠂ ᠨᠤᠲᠤᠭ | ᠪᠡᠯᠴᠢᠭᠡᠷ ᠤᠨ ᠳᠠᠭᠠᠭᠠᠴᠢᠯᠠᠨ ᠡᠵᠡᠩᠨᠡᠭᠴᠢᠳ ᠤᠨ ᠰᠠᠨᠠᠯ ᠢ ᠭᠦᠢᠴᠡᠳ ᠰᠣᠨᠣᠰᠴᠤ᠂ ᠲᠤᠰᠬᠠᠶ ᠮᠡᠷᠭᠡᠵᠢᠯᠲᠡᠳ ᠢ ᠵᠣᠬᠢᠶᠠᠨ | ᠪᠠᠶᠢᠭᠤᠯᠵᠤ ᠨᠤᠳᠠᠯᠠᠯᠳᠠ ᠬᠢᠯᠬᠡᠬᠦ ᠬᠡᠷᠡᠭᠲᠡᠶ᠃ ᠪᠣᠳᠠᠲᠠᠶ ᠪᠡᠯᠴᠢᠬᠡᠷ ᠤᠨ ᠲᠠᠭᠠᠭᠠᠴᠠ ᠶᠢ ᠨᠤᠲᠤᠭ ᠪᠡᠯᠴᠢᠭᠡᠷ ᠤᠨ ᠬᠡᠷᠡᠭᠯᠡᠭᠴᠢ᠂ | ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠭᠴᠢ ᠳᠤ ᠡᠷᠦᠬᠡ ᠳᠠᠷᠠᠭᠠᠯᠠᠨ ᠨᠠᠶᠢᠳᠠᠪᠤᠷᠢᠵᠢᠭᠤᠯᠤᠨ᠎ᠠ᠃ | ᠬᠤᠷᠢᠨ ᠬᠤᠶᠠᠳᠤᠭᠠᠷ ᠵᠦᠢᠯ ᠲᠠᠷᠢᠵᠤ ᠲᠡᠵᠢᠭᠡᠬᠦ ᠶᠢ ᠤᠶᠠᠯᠳᠤᠭᠤᠯᠬᠤ ᠪᠠ ᠬᠠᠰᠢᠶᠠᠯᠠᠨ ᠲᠡᠵᠢᠭᠡᠬᠦ ᠨᠥᠬᠦᠴᠡᠯ ᠢ | ᠪᠦᠷᠢᠯᠳᠦᠭᠦᠯᠦᠭᠰᠡᠨ ᠬᠠᠭᠠᠰ ᠮᠠᠯᠵᠢᠬᠤ ᠬᠠᠭᠠᠰ ᠲᠠᠷᠢᠶᠠᠯᠠᠬᠤ ᠣᠷᠣᠨ ᠤ ᠬᠢᠨ ᠮᠠᠯ ᠪᠡᠯᠴᠢᠭᠡᠷ ᠤᠨ ᠲᠡᠩᠴᠡᠬᠦᠷᠢ ᠶᠢ | ᠪᠠᠲᠤᠯᠠᠭᠰᠠᠨ ᠤᠷᠢᠲᠠᠯ ᠳᠣᠣᠷ᠎ᠠ᠂ ᠲᠠᠷᠢᠮᠠᠯ ᠡᠪᠡᠰᠦ ᠪᠣᠷᠳᠣᠭᠠᠨ ᠤ ᠬᠠᠩᠭᠠᠯᠭ᠎ᠠ ᠶᠢᠨ ᠪᠠᠶᠢᠳᠠᠯ ᠢᠶᠠᠨ ᠦᠨᠳᠦᠰᠦᠯᠡᠨ᠂ ᠮᠠᠯ | ᠤᠨᠤᠭ᠎ᠠ ᠲᠡᠵᠢᠭᠡᠬᠦ ᠬᠡᠮᠵᠢᠶ᠎ᠡ ᠪᠠᠨ ᠵᠣᠬᠢᠰᠲᠠᠶ ᠪᠠᠷ ᠨᠡᠮᠡᠭᠳᠡᠭᠦᠯᠵᠦ ᠪᠣᠯᠤᠨ᠎ᠠ᠃ | ᠬᠤᠷᠢᠨ ᠭᠤᠷᠪᠠᠳᠤᠭᠠᠷ ᠵᠦᠢᠯ ᠨᠤᠲᠤᠭ ᠪᠡᠯᠴᠢᠭᠡᠷ ᠤᠨ ᠬᠡᠷᠡᠭᠯᠡᠭᠴᠢᠳ᠂ ᠨᠤᠲᠤᠭ ᠪᠡᠯᠴᠢᠭᠡᠷ ᠤᠨ ᠳᠠᠭᠠᠭᠠᠴᠢᠯᠠᠨ | ᠡᠵᠡᠩᠨᠡᠭᠴᠢᠳ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠢᠨᠠᠨ ᠲᠣᠭᠲᠠᠭᠠᠭᠰᠠᠨ ᠪᠣᠳᠠᠲᠠᠶ | ᠪᠡᠯᠴᠢᠬᠡᠷ ᠤᠨ ᠲᠠᠭᠠᠭᠠᠴᠠ ᠳᠤ ᠣᠨᠳᠣᠣ ᠰᠠᠨᠠᠯ ᠲᠠᠢ ᠪᠣᠯ ᠨᠡᠶᠢᠲᠡᠯᠡᠭᠰᠡᠨ ᠡᠳᠦᠷ ᠠᠴᠠ ᠨᠢ ᠡᠬᠢᠯᠡᠨ ᠭᠤᠴᠢᠨ ᠡᠳᠦᠷ ᠤᠨ | ᠳᠣᠲᠣᠷ᠎ᠠ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠳᠠᠭᠠᠨ ᠳᠠᠬᠢᠨ ᠬᠢᠨᠠᠭᠤᠯᠬᠤ ᠪᠠᠷ | ᠭᠤᠶᠤᠴᠢᠯᠠᠵᠤ ᠪᠣᠯᠤᠨ᠎ᠠ᠃ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠳᠠᠬᠢᠨ ᠬᠢᠨᠠᠭᠤᠯᠬᠤ | ᠭᠤᠶᠤᠴᠢᠯᠠᠯ ᠢ ᠭᠠᠷᠳᠠᠭᠰᠠᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ ᠳᠠᠬᠢᠨ ᠬᠢᠨᠠᠭᠰᠠᠨ ᠲᠣᠭᠲᠠᠭᠠᠯ | ᠭᠠᠷᠭᠠᠬᠤ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠳᠤᠯᠠᠩ ᠤᠨ | ᠬᠠᠮᠢᠶᠠᠷᠤᠯᠲᠠ ᠶᠢ ᠵᠢᠷᠤᠮᠵᠢᠭᠤᠯᠵᠤ᠂ ᠡᠪᠡᠰᠦ ᠬᠠᠳᠤᠬᠤ ᠬᠤᠭᠤᠴᠠᠭ᠎ᠠ᠂ ᠡᠪᠡᠰᠤᠨ ᠦᠷ᠎ᠡ ᠲᠡᠬᠦᠬᠦ ᠬᠤᠭᠤᠴᠠᠭ᠎ᠠ᠂ | ᠭᠤᠤᠷᠰᠤ ᠦᠯᠡᠳᠡᠭᠡᠬᠦ ᠦᠨᠳᠤᠷ ᠤᠨ ᠬᠡᠮᠵᠢᠶ᠎ᠡ᠂ ᠬᠠᠳᠤᠵᠤ ᠬᠤᠷᠢᠶᠠᠬᠤ ᠡᠷᠴᠢᠮ᠂ ᠰᠡᠯᠬᠦᠨ ᠬᠠᠳᠤᠵᠤ ᠰᠡᠯᠬᠦᠨ ᠲᠡᠬᠦᠬᠦ᠂ | ᠤᠷᠢᠳᠴᠢᠯᠠᠨ ᠦᠯᠡᠳᠡᠭᠡᠭᠰᠡᠨ ᠡᠪᠡᠰᠦᠨ ᠦᠷ᠎ᠡ ᠶᠢᠨ ᠪᠦᠰᠡ ᠵᠡᠷᠭᠡ ᠳᠤ ᠲᠣᠳᠣᠷᠬᠠᠶ ᠲᠣᠭᠲᠠᠭᠠᠯ ᠭᠠᠷᠭᠠᠵᠤ᠂ ᠬᠢᠨᠠᠯᠲᠠ | ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠎ᠠ᠃ ᠨᠤᠲᠤᠭ ᠪᠡᠯᠴᠢᠭᠡᠷ ᠤᠨ ᠬᠡᠷᠡᠭᠯᠡᠭᠴᠢᠳ᠂ ᠨᠤᠲᠤᠭ ᠪᠡᠯᠴᠢᠭᠡᠷ ᠤᠨ | ᠳᠠᠭᠠᠭᠠᠴᠢᠯᠠᠨ ᠡᠵᠡᠩᠨᠡᠭᠴᠢᠳ ᠲᠣᠭᠲᠠᠭᠠᠯ ᠢ ᠴᠢᠩᠭ᠎ᠠ ᠵᠢᠷᠤᠮᠯᠠᠨ ᠡᠪᠡᠰᠦ ᠬᠠᠳᠤᠬᠤ ᠬᠡᠷᠡᠭᠲᠡᠶ᠃ | ᠬᠤᠷᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠤᠲᠤᠭ | ᠪᠡᠯᠴᠢᠭᠡᠷ ᠤᠨ ᠲᠠᠯᠠᠪᠠᠶ᠂ ᠳᠡᠰ᠂ ᠤᠷᠭᠤᠮᠠᠯ ᠤᠨ ᠪᠦᠷᠬᠦᠴᠡ ᠶᠢᠨ ᠪᠦᠷᠢᠯᠳᠦᠯ᠂ ᠦᠢᠯᠡᠳᠪᠦᠷᠢᠯᠡᠯ ᠤᠨ ᠴᠢᠳᠠᠪᠤᠷᠢ᠂ ᠠᠮᠢᠳᠤ | ᠪᠣᠳᠠᠰ ᠤᠨ ᠭᠠᠮᠰᠢᠭ ᠵᠡᠷᠭᠡ ᠨᠤᠲᠤᠭ ᠪᠡᠯᠴᠢᠭᠡᠷ ᠤᠨ ᠦᠨᠳᠦᠰᠦᠨ ᠪᠠᠶᠢᠳᠠᠯ ᠳᠤ ᠬᠦᠳᠡᠯᠦᠩᠬᠦᠢ ᠬᠢᠨᠠᠨ ᠬᠡᠮᠵᠢᠯᠲᠡ ᠬᠢᠨ᠎ᠠ︔ | ᠵᠢᠯ ᠪᠦᠷᠢ ᠡᠪᠡᠰᠦ ᠪᠡᠯᠴᠢᠬᠡᠷ ᠤᠨ ᠨᠣᠭᠤᠭᠠᠷᠠᠯᠳᠠ᠂ ᠡᠪᠡᠰᠤ ᠪᠡᠯᠴᠢᠬᠡᠷ ᠤᠨ ᠤᠷᠭᠤᠯᠲᠠ᠂ ᠡᠪᠡᠰᠤ ᠬᠠᠯᠢᠭᠤᠷᠠᠬᠤ | ᠬᠤᠭᠤᠴᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠬᠡᠮᠵᠢᠨ᠎ᠡ︔ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ | ᠳᠦᠷᠢᠮ᠂ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠦᠷ᠎ᠡ ᠳ᠋ᠦᠩ ᠳᠤ ᠬᠢᠨᠠᠨ ᠬᠡᠮᠵᠢᠯᠳᠡ ᠬᠢᠬᠦ ᠪᠠ | ᠦᠨᠡᠯᠡᠯᠲᠡ ᠬᠢᠵᠦ᠂ ᠲᠤᠰ ᠱᠠᠲᠤᠨ ᠤ ᠵᠠᠰᠠᠭ ᠤᠨ ᠣᠷᠳᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ | ᠬᠥᠳᠡᠯᠦᠩᠭᠦᠶ ᠬᠢᠨᠠᠨ ᠬᠡᠮᠵᠢᠯᠳᠡ ᠪᠤᠯᠤᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠤᠢᠢᠯᠡᠴᠢᠯᠡᠭᠡ ᠶᠢ ᠴᠠᠭ ᠲᠤᠬᠠᠶ ᠳᠤᠨᠢ | ᠬᠠᠩᠭᠠᠵᠤ᠂ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ | ᠵᠢᠴᠢ ᠰᠡᠯᠭᠦᠨ ᠮᠠᠯᠵᠢᠬᠤ ᠠᠵᠢᠯ ᠥᠷᠨᠢᠭᠦᠯᠬᠦ ᠳᠤ ᠦᠨᠳᠦᠰᠦᠯᠡᠯ ᠬᠠᠩᠭᠠᠨ᠎ᠠ᠃ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠨᠢ | ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢ ᠬᠠᠪᠰᠤᠷᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠪᠠᠶᠢᠳᠠᠯ ᠪᠣᠯᠤᠨ ᠮᠠᠯ | ᠪᠡᠯᠴᠢᠭᠡᠷ ᠤᠨ ᠲᠡᠩᠴᠡᠬᠦᠷᠢ ᠶᠢ ᠪᠠᠳᠤᠯᠠᠭᠰᠠᠨ᠂ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠬᠡᠷ ᠢ ᠰᠡᠷᠬᠦᠬᠡᠭᠰᠡᠨ ᠪᠠᠶᠢᠳᠠᠯ ᠢ | ᠲᠣᠭᠲᠠᠮᠠᠯ ᠬᠤᠭᠤᠴᠠᠭ᠎ᠠ ᠲᠠᠢ ᠪᠠᠷ ᠡᠷᠦᠬᠡ ᠳᠠᠷᠠᠭᠠᠯᠠᠨ ᠬᠢᠨᠠᠨ ᠬᠡᠮᠵᠢᠨ᠎ᠠ᠂ ᠨᠤᠲᠤᠭ ᠪᠡᠯᠴᠢᠭᠡᠷ ᠤᠨ ᠬᠡᠷᠡᠭᠯᠡᠭᠴᠢᠳ᠂ | ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠭᠴᠢᠳ ᠡᠬᠦᠨ ᠳᠤ ᠬᠠᠮᠵᠢᠯᠴᠠᠬᠤ ᠬᠡᠷᠡᠭᠲᠡᠶ᠃ | ᠬᠤᠷᠢᠨ ᠵᠢᠷᠭᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠢᠨ ᠣᠳᠣᠬᠢᠴᠢᠯᠠᠭᠰᠠᠨ᠂ | ᠮᠡᠳᠡᠭᠡ ᠵᠠᠩᠭᠢᠴᠢᠯᠠᠭᠰᠠᠨ᠂ ᠣᠶᠣᠨᠴᠢᠯᠠᠭᠰᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠵᠤ ᠪᠠᠶᠢᠭᠠᠳ ᠮᠠᠯ | ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠬᠡᠷ ᠢ ᠰᠡᠷᠬᠦᠬᠡᠬᠦ ᠠᠵᠢᠯ ᠳᠤ | ᠬᠢᠨᠠᠯᠲᠠ ᠲᠠᠯᠪᠢᠨ ᠬᠠᠮᠢᠶᠠᠷᠬᠤ ᠴᠢᠳᠠᠪᠤᠷᠢ ᠵᠢᠴᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠶ᠃ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠨᠢ ᠡᠪᠡᠰᠦᠨ ᠤ ᠡᠭᠦᠯᠳᠡᠷ ᠢ ᠰᠣᠩᠭᠤᠨ ᠪᠤᠶᠢᠵᠢᠭᠤᠯᠬᠤ᠂ ᠡᠪᠡᠰᠦᠨ ᠦᠷ᠎ᠡ ᠶᠢᠨ | ᠦᠢᠯᠡᠳᠪᠦᠷᠢᠯᠡᠯ᠂ ᠲᠠᠴᠢᠷᠰᠢᠭᠰᠠᠨ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ ᠰᠡᠷᠭᠦᠭᠡᠬᠦ᠂ ᠲᠠᠷᠢᠮᠠᠯ ᠪᠡᠯᠴᠢᠭᠡᠷ ᠢ | ᠪᠦᠲᠦᠭᠡᠨ ᠪᠠᠶᠢᠭᠤᠯᠬᠤ᠂ ᠨᠤᠲᠤᠭ ᠪᠡᠯᠴᠢᠭᠡᠷ ᠢ ᠵᠦᠢ ᠵᠣᠬᠢᠰᠲᠠᠶ ᠪᠠᠷ ᠠᠰᠢᠬᠯᠠᠬᠤ᠂ ᠨᠤᠲᠤᠭ ᠪᠡᠯᠴᠢᠭᠡᠷ ᠤᠨ ᠬᠥᠨᠥᠭᠡᠯᠳᠤ | ᠠᠮᠢᠳᠤ ᠪᠣᠳᠠᠰ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠶᠢᠨ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠰᠤᠳᠤᠯᠤᠨ | ᠬᠦᠭᠵᠢᠬᠦᠯᠵᠤ ᠲᠦᠭᠡᠮᠡᠯᠵᠢᠬᠦᠯᠬᠦ ᠪᠠᠨ ᠴᠢᠩᠭᠠᠳᠬᠠᠵᠤ᠂ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠨᠣᠷᠮ᠎ᠠ ᠪᠣᠯᠤᠨ ᠲᠧᠭᠨᠢᠭ ᠮᠡᠷᠭᠡᠵᠢᠯ ᠲᠣᠨᠣᠭᠯᠠᠯ ᠤᠨ ᠲᠦᠪᠰᠢᠨ ᠢ | ᠳᠡᠭᠡᠭᠰᠢᠯᠡᠭᠦᠯᠤᠨ᠎ᠠ᠃ | ᠬᠤᠷᠢᠨ ᠳᠣᠯᠣᠳᠤᠭᠠᠷ ᠵᠦᠢᠯ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠦᠬᠦᠪᠤᠷᠢ ᠪᠠ | ᠱᠠᠩᠨᠠᠯ ᠤᠨ ᠮᠥᠩᠭᠦ ᠶᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠮᠠᠯ | ᠪᠡᠯᠴᠢᠭᠡᠷ ᠤᠨ ᠲᠡᠩᠴᠡᠬᠦᠷᠢ ᠶᠢ ᠪᠠᠳᠤᠯᠠᠬᠰᠠᠨ᠂ ᠪᠡᠯᠴᠢᠭᠡᠷᠯᠡᠭᠦᠯᠬᠦ ᠶᠢ ᠵᠤᠭᠰᠤᠭᠠᠬᠤ ᠳᠦᠷᠢᠮ ᠢ ᠨᠠᠶᠢᠳᠠᠪᠤᠷᠢᠵᠢᠭᠤᠯᠤᠭᠰᠠᠨ | ᠨᠤᠲᠤᠭ ᠪᠡᠯᠴᠢᠭᠡᠷ ᠤᠨ ᠬᠡᠷᠡᠭᠯᠡᠭᠴᠢᠳ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠭᠴᠢᠳ ᠲᠤ ᠴᠠᠭ ᠲᠤᠬᠠᠶ ᠳᠤᠨᠢ | ᠬᠦᠢᠴᠡᠳ ᠲᠤᠭ᠎ᠠ ᠪᠠᠷ ᠣᠯᠭᠤᠬᠤ ᠬᠡᠷᠡᠭᠲᠡᠶ᠂ ᠶᠠᠮᠠᠷᠪᠠ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ | ᠳᠤᠮᠳᠠ ᠠᠴᠠ ᠨᠢ ᠦᠯᠡᠳᠡᠭᠡᠬᠦ ᠪᠤᠶᠤ ᠰᠢᠯᠵᠢᠬᠦᠯᠦᠨ ᠬᠡᠷᠡᠭᠯᠡᠵᠦ ᠪᠣᠯᠬᠤ ᠦᠭᠡᠶ᠃ | ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠪᠠ ᠱᠠᠩᠨᠠᠯ ᠤᠨ ᠮᠥᠩᠭᠦ ᠶᠢ ᠣᠯᠭᠤᠭᠰᠠᠨ | ᠪᠠᠶᠢᠳᠠᠯ ᠢ ᠭᠠᠴᠠᠭ᠎ᠠ ᠲᠣᠰᠬᠤᠨ ᠢᠶᠠᠷ ᠨᠢᠭᠡᠴᠢ ᠪᠣᠯᠭᠠᠨ ᠵᠠᠷᠯᠠᠨ ᠨᠡᠶᠢᠲᠡᠯᠡᠬᠦ ᠬᠡᠷᠡᠭᠲᠡᠶ᠃ | ᠬᠤᠷᠢᠨ ᠨᠠᠢᠮᠠᠲᠣᠭᠠᠷ ᠵᠦᠢᠯ ᠨᠣᠲᠤᠬ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠪᠠ | ᠱᠠᠩᠨᠠᠯ ᠤᠨ ᠮᠦᠩᠬᠦ ᠶᠢ ᠲᠠᠷᠬᠠᠭᠠᠬᠤ ᠳᠠᠭᠠᠨ ᠬᠦᠮᠦᠨ ᠲᠣᠮᠲᠠᠴᠢ ᠶᠢᠨ ᠨᠣᠲᠤᠬ ᠪᠡᠯᠴᠢᠭᠡᠷ ᠤᠨ ᠲᠠᠯᠠᠪᠠᠢ ᠶᠢᠨ ᠶᠡᠭᠡ ᠪᠠᠭ᠎ᠠ | ᠵᠡᠷᠭᠡ ᠡᠯᠧᠮᠧᠨ᠋ᠲ ᠢ ᠶᠡᠷᠦᠩᠬᠡᠶᠢᠯᠡᠨ ᠪᠣᠲᠣᠯᠬᠢᠯᠠᠵᠦ᠂ ᠨᠦᠬᠦᠪᠦᠷᠢ ᠪᠠ ᠱᠠᠩᠨᠠᠯ ᠤᠨ ᠲᠦᠷᠦ ᠶᠢᠨ ᠪᠣᠲᠣᠯᠭ᠎ᠠ ᠶᠢᠨ ᠡᠷᠭᠡ ᠲᠡᠭᠰᠢ᠂ | ᠲᠦᠪ ᠭᠤᠣᠯᠴᠢ ᠴᠢᠨᠠᠷ ᠢ ᠬᠦᠢᠴᠡᠳ ᠢᠯᠡᠷᠡᠬᠦᠯᠬᠦ ᠬᠡᠷᠡᠭᠲᠡᠢ᠃ ᠬᠦᠮᠦᠨ ᠲᠣᠮᠲᠠᠴᠢ ᠶᠢᠨ ᠨᠣᠲᠤᠬ ᠪᠡᠯᠴᠢᠭᠡᠷ ᠤᠨ ᠲᠠᠯᠠᠪᠠᠢ | ᠪᠠᠭ᠎ᠠ ᠭᠠᠵᠠᠷ ᠣᠷᠣᠨ ᠳᠤ ᠨᠦᠬᠦᠪᠦᠷᠢ ᠪᠠ ᠱᠠᠩᠨᠠᠯ ᠤᠨ ᠪᠠᠷᠢᠮᠵᠢᠶ᠎ᠠ ᠶᠢ ᠵᠣᠬᠢᠰᠲᠠᠢ ᠪᠠᠷ ᠲᠡᠭᠡᠭᠰᠢᠯᠡᠬᠦᠯᠵᠦ ᠪᠣᠯᠣᠨ᠎ᠠ᠃ | ᠨᠦᠬᠦᠴᠡᠯ ᠲᠠᠢ ᠭᠠᠵᠠᠷ ᠣᠷᠣᠨ ᠨᠢ ᠨᠣᠲᠤᠬ ᠪᠡᠯᠴᠢᠭᠡᠷ ᠤᠨ ᠲᠠᠯᠠᠪᠠᠢ ᠪᠠᠷ ᠪᠠᠭ᠎ᠠ᠂ ᠣᠷᠣᠯᠭ᠎ᠠ ᠲᠣᠣᠷ᠎ᠠ ᠮᠠᠯᠴᠢᠳ ᠲᠤ | ᠲᠣᠬᠠᠢ ᠶᠢᠨ ᠭᠠᠵᠠᠷ ᠣᠷᠣᠨ ᠤ ᠨᠠᠭᠠᠲᠣ ᠵᠠᠬ᠎ᠠ ᠶᠢᠨ ᠠᠮᠢᠲᠣᠷᠠᠯ ᠤᠨ ᠪᠠᠲᠣᠯᠠᠭ᠎ᠠ ᠶᠢᠨ ᠪᠠᠷᠢᠮᠵᠢᠶ᠎ᠠ ᠠᠴᠠ ᠲᠤᠤᠷ᠎ᠠ ᠦᠬᠡᠢ | ᠪᠠᠶᠢᠬᠤ ᠨᠦᠬᠦᠪᠦᠷᠢ ᠶᠢᠨ ᠲᠦᠷᠦ ᠶᠢᠨ ᠪᠣᠲᠣᠯᠭ᠎ᠠ ᠶᠢ ᠬᠡᠷᠡᠭᠵᠢᠬᠦᠯᠦᠨ᠋ ᠡ᠃ | ᠬᠤᠷᠢ ᠶᠢᠰᠦᠲᠦᠭᠡᠷ ᠵᠦᠢᠯ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠪᠠ ᠪᠡᠯᠴᠢᠭᠡᠷᠯᠡᠬᠦᠯᠬᠦ ᠶᠢ | ᠵᠣᠬᠰᠣᠭᠠᠬᠤ ᠲᠦᠷᠢᠮ ᠢ ᠬᠡᠷᠡᠭᠵᠢᠬᠦᠯᠥᠭᠡᠳᠤᠢ᠂ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠣᠷᠣᠨ ᠳᠤ ᠪᠡᠯᠴᠢᠬᠡᠷ ᠤᠨ | ᠲᠠᠭᠠᠭᠠᠴᠠ ᠠᠴᠠ ᠬᠡᠲᠦᠷᠡᠬᠦᠯᠤᠨ ᠮᠠᠯ ᠪᠡᠯᠴᠢᠬᠡᠷᠯᠡᠬᠦᠯᠦᠭᠰᠡᠨ ᠨᠣᠷᠮ᠎ᠠ ᠨᠢ 10% ᠠᠴᠠ ᠲᠠᠪᠠᠭᠰᠠᠨ ᠪᠣᠶᠣ | ᠪᠡᠯᠴᠢᠭᠡᠷᠯᠡᠬᠦᠯᠬᠦ ᠶᠢ ᠵᠣᠬᠰᠣᠭᠠᠬᠰᠠᠨ ᠣᠷᠣᠨ ᠳᠤ ᠬᠤᠶᠠᠷ ᠠᠴᠠ ᠲᠡᠭᠡᠭᠰᠢ ᠣᠲᠠᠭ᠎ᠠ ᠮᠠᠯ ᠪᠡᠯᠴᠢᠭᠡᠷᠯᠡᠬᠦᠯᠦᠭᠰᠡᠨ ᠪᠠᠶᠢᠪᠠᠯ | ᠨᠣᠲᠤᠬ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠪᠠ ᠱᠠᠩᠨᠠᠯ ᠤᠨ ᠮᠦᠩᠬᠦ ᠶᠢ ᠨᠢ ᠰᠠᠭᠤᠯᠭᠠᠨ | ᠠᠪᠴᠦ ᠪᠣᠯᠣᠨ᠎ᠠ᠃ ᠪᠣᠲᠠᠲᠠᠢ ᠠᠷᠭ᠎ᠠ ᠶᠢ ᠦᠪᠡᠷᠲᠡᠭᠡᠨ ᠵᠠᠰᠠᠬᠤ ᠣᠷᠣᠨ ᠤ ᠵᠠᠰᠠᠬ ᠤᠨ ᠣᠷᠲᠣᠨ ᠠᠴᠠ ᠲᠣᠬᠲᠠᠭᠠᠨ᠎ᠠ᠃ | ᠭᠤᠴᠢᠲᠣᠭᠠᠷ ᠵᠦᠢᠯ ᠰᠠᠭᠤᠯᠭᠠᠨ ᠠᠪᠣᠬᠰᠠᠨ ᠨᠣᠲᠤᠬ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ | ᠨᠦᠬᠦᠪᠦᠷᠢ ᠪᠠ ᠱᠠᠩᠨᠠᠯ ᠤᠨ ᠮᠦᠩᠬᠦ ᠶᠢ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠬ ᠤᠨ ᠣᠷᠲᠣᠨ ᠠᠴᠠ | ᠨᠢᠭᠡᠲᠦᠯᠲᠡᠢ ᠲᠦᠯᠦᠪᠵᠢᠬᠦᠯᠦᠨ ᠲᠣᠬᠢᠷᠠᠭᠤᠯᠵᠦ᠂ ᠨᠣᠲᠤᠬ ᠪᠡᠯᠴᠢᠭᠡᠷ ᠢ ᠬᠠᠮᠠᠭᠠᠯᠠᠵᠦ ᠪᠦᠲᠦᠭᠡᠨ ᠪᠠᠶᠢᠭᠤᠯᠬᠤ ᠳᠤ ᠲᠣᠰᠬᠠᠢ | ᠬᠡᠷᠡᠭᠯᠡᠨ᠎ᠡ᠃ | ᠭᠤᠴᠢᠨ ᠨᠢᠭᠡᠲᠦᠭᠡᠷ ᠵᠦᠢᠯ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠬ ᠤᠨ ᠣᠷᠲᠣᠨ᠂ ᠵᠡᠭᠡᠯᠢ | ᠭᠤᠲᠣᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠲᠣᠰᠬᠠᠢ ᠲᠣᠰᠢᠶᠠᠯᠲᠣ ᠪᠣᠶᠣ ᠲᠣᠰᠢᠶᠠᠯ ᠬᠠᠪᠰᠣᠷᠭᠠᠬᠰᠠᠨ ᠨᠣᠲᠤᠬ | ᠪᠡᠯᠴᠢᠭᠡᠷ ᠤᠨ ᠬᠠᠮᠢᠶᠠᠷᠣᠨ ᠬᠠᠮᠠᠭᠠᠯᠠᠬᠴᠢ ᠲᠣᠬᠢᠷᠠᠭᠤᠯᠵᠦ᠂ ᠬᠠᠮᠢᠶᠠᠷᠴᠦ ᠬᠠᠮᠠᠭᠠᠯᠠᠬᠤ ᠬᠠᠷᠢᠭᠤᠴᠠᠯᠭ᠎ᠠ ᠶᠢᠨ ᠣᠷᠣᠨ | ᠲᠣᠬᠲᠠᠭᠠᠵᠦ᠂ ᠲᠣᠣᠷᠵᠢᠭᠤᠯᠤᠭᠰᠠᠨ ᠬᠠᠮᠢᠶᠠᠷᠣᠯᠲᠠ ᠶᠢ ᠬᠡᠷᠡᠭᠵᠢᠬᠦᠯᠬᠦ ᠬᠡᠷᠡᠭᠲᠡᠢ᠃ ᠨᠣᠲᠤᠬ ᠪᠡᠯᠴᠢᠭᠡᠷ ᠤᠨ ᠬᠠᠮᠢᠶᠠᠷᠣᠨ | ᠬᠠᠮᠠᠭᠠᠯᠠᠬᠴᠢ ᠲᠣᠣᠷᠠᠬᠢ ᠮᠡᠲᠦ ᠶᠢᠨ ᠲᠣᠰᠢᠶᠠᠯ ᠬᠠᠷᠢᠭᠤᠴᠠᠯᠭ᠎ᠠ ᠶᠢ ᠬᠦᠢᠴᠡᠳᠭᠡᠨ᠎ᠡ᠄ ︵ᠨᠢᠭᠡ︶ ᠬᠠᠮᠢᠶᠠᠷᠴᠦ ᠬᠠᠮᠠᠭᠠᠯᠠᠬᠤ | ᠣᠷᠣᠨ ᠤ ᠪᠠᠨ ᠨᠣᠲᠤᠬ ᠪᠡᠯᠴᠢᠭᠡᠷ ᠢ ᠴᠠᠬᠲᠠᠨ ᠪᠠᠶᠢᠴᠠᠭᠠᠵᠦ᠂ ᠨᠣᠲᠤᠬ ᠪᠡᠯᠴᠢᠭᠡᠷ ᠤᠨ ᠬᠡᠷᠡᠭᠯᠡᠭᠴᠢᠳ᠂ ᠨᠣᠲᠤᠬ | ᠪᠡᠯᠴᠢᠭᠡᠷ ᠤᠨ ᠲᠠᠭᠠᠭᠠᠴᠢᠯᠠᠨ ᠡᠵᠡᠩᠨᠡᠭᠴᠢᠳ ᠤᠨ ᠮᠠᠯ ᠣᠨᠤᠭ᠎ᠠ ᠶᠢᠨ ᠲᠤᠭ᠎ᠠ ᠶᠢ ᠡᠵᠡᠮᠲᠡᠨ᠂ ᠮᠠᠯ ᠪᠡᠯᠴᠢᠭᠡᠷ ᠤᠨ | ᠲᠡᠩᠴᠡᠬᠦᠷᠢ ᠶᠢ ᠪᠠᠳᠤᠯᠠᠬᠤ ᠪᠠ ᠪᠡᠯᠴᠢᠭᠡᠷᠯᠡᠬᠦᠯᠬᠦ ᠶᠢ ᠵᠣᠬᠰᠣᠭᠠᠨ ᠪᠡᠯᠴᠢᠭᠡᠷ ᠢ ᠰᠡᠷᠬᠦᠭᠡᠬᠦ ᠲᠦᠷᠢᠮ ᠢ | ᠨᠠᠶᠢᠲᠠᠪᠣᠷᠢᠵᠢᠭᠤᠯᠣᠨ᠎ᠠ︔ ︵ᠬᠤᠶᠠᠷ︶ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠪᠠ ᠪᠡᠯᠴᠢᠭᠡᠷᠯᠡᠬᠦᠯᠬᠦ ᠶᠢ | ᠵᠣᠬᠰᠣᠭᠠᠨ ᠪᠡᠯᠴᠢᠭᠡᠷ ᠢ ᠰᠡᠷᠬᠦᠭᠡᠬᠦ ᠲᠦ᠋ᠷᠢᠮ ᠠᠴᠠ ᠵᠦᠷᠢᠴᠡᠭᠰᠡᠨ ᠵᠢᠴᠢ ᠨᠣᠲᠤᠬ ᠪᠡᠯᠴᠢᠭᠡᠷ ᠤᠨ ᠣᠷᠭᠤᠮᠠᠯ ᠤᠨ | ᠪᠦᠷᠬᠦᠴᠡ ᠶᠢ ᠡᠪᠲᠡᠭᠰᠡᠨ ᠪᠣᠰᠣᠳ ᠬᠠᠣᠯᠢ ᠠᠴᠠ ᠵᠦᠷᠢᠴᠡᠭᠰᠡᠨ ᠠᠵᠢᠯᠯᠠᠭ᠎ᠠ ᠶᠢ ᠬᠤᠷᠢᠬᠯᠠᠵᠦ᠂ ᠢᠯᠡᠴᠢᠯᠡᠨ ᠮᠡᠲᠡᠬᠦᠯᠦᠨᠡ︔ | ︵ᠭᠤᠷᠪᠠ︶ ᠨᠤᠳᠤᠭ ᠪᠡᠯᠴᠢᠬᠡᠷ ᠤᠨ ᠲᠦᠢᠮᠠᠷ ᠪᠤᠯᠤᠨ ᠬᠤᠯᠣᠭᠠᠨ᠎ᠠ ᠶᠢᠨ ᠬᠦᠨᠦᠭᠡᠯ᠂ ᠬᠤᠷᠣᠬᠠᠢ ᠰᠢᠪᠡᠵᠢ ᠶᠢᠨ ᠬᠦᠨᠦᠭᠡᠯ | ᠵᠡᠷᠭᠡ ᠪᠠᠶᠢᠭᠠᠯᠢ᠂ ᠠᠮᠢᠲᠣ ᠪᠣᠲᠠᠰ ᠤᠨ ᠭᠠᠮᠰᠢᠬ ᠤᠨ ᠪᠠᠶᠢᠲᠠᠯ ᠢ ᠮᠡᠲᠡᠬᠦᠯᠵᠦ ᠰᠢᠢᠳᠪᠦᠷᠢᠯᠡᠨ᠎ᠡ︔ ︵ᠲᠦᠷᠪᠡ︶ ᠬᠠᠮᠢᠶ᠎ᠠ | ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠨᠣᠲᠤᠬ ᠪᠡᠯᠴᠢᠭᠡᠷ ᠤᠨ ᠦᠢᠯᠡᠳᠪᠦᠷᠢᠯᠡᠯ ᠤᠨ ᠬᠦᠴᠦᠨ ᠢ ᠬᠢᠨᠠᠨ ᠬᠡᠮᠵᠢᠬᠦ | ᠵᠡᠷᠭᠡ ᠨᠣᠲᠤᠬ ᠪᠡᠯᠴᠢᠭᠡᠷ ᠢ ᠬᠠᠮᠠᠭᠠᠯᠠᠵᠤ ᠬᠠᠮᠢᠶᠠᠷᠬᠤ ᠪᠣᠰᠣᠳ ᠪᠣᠲᠠᠲᠠᠢ ᠠᠵᠢᠯ ᠤᠳ ᠢ ᠦᠷᠨᠢᠬᠦᠯᠦᠨ᠎ᠠ᠃ | ᠭᠤᠴᠢᠨ ᠬᠤᠶᠠᠲᠣᠭᠠᠷ ᠵᠦᠢᠯ ᠲᠣᠰ ᠲᠦᠷᠢᠮ ᠤᠨ ᠲᠣᠬᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ | ᠣᠯᠣᠰ ᠤᠨ ᠬᠤᠯᠪᠣᠬᠲᠠᠯ ᠪᠦᠬᠦᠢ ᠬᠠᠣᠯᠢ ᠴᠠᠭᠠᠵᠠ᠂ ᠬᠠᠣᠯᠢ ᠲᠣᠬᠲᠠᠭᠠᠯ ᠳᠤ ᠨᠢᠭᠡᠨᠲᠡ ᠪᠣᠲᠠᠲᠠᠢ ᠰᠢᠢᠳᠭᠡᠬᠦ ᠲᠣᠬᠲᠠᠭᠠᠯ | ᠲᠣᠬᠲᠠᠭᠠᠬᠰᠠᠨ ᠪᠣᠯ ᠲᠣᠬᠲᠠᠭᠠᠯ ᠶᠣᠰᠣᠭᠠᠷ ᠨᠢ ᠬᠡᠷᠡᠭᠵᠢᠬᠦᠯᠦᠨ᠎ᠡ᠃ | ᠭᠤᠴᠢᠨ ᠭᠤᠷᠪᠠᠲᠣᠭᠠᠷ ᠵᠦᠢᠯ ᠲᠣᠰ ᠲᠦᠷᠢᠮ ᠤᠨ ᠠᠷᠪᠠᠨ ᠬᠤᠶᠠᠲᠣᠭᠠᠷ ᠵᠦᠢᠯ᠂ ᠬᠤᠷᠢᠨ ᠲᠦᠷᠪᠡᠲᠦᠭᠡᠷ | ᠵᠦᠢᠯ ᠠᠴᠠ ᠵᠦᠷᠢᠴᠡᠵᠦ᠂ ᠲᠣᠬᠲᠠᠭᠠᠯ ᠶᠣᠰᠣᠭᠠᠷ ᠡᠪᠡᠰᠦ ᠬᠠᠲᠣᠬᠰᠠᠨ ᠦᠭᠡᠢ ᠪᠠᠶᠢᠪᠠᠯ ᠰᠣᠮᠣ ᠰᠢᠶᠠᠩ ᠪᠠᠯᠭᠠᠰᠣ ᠶᠢᠨ | ᠠᠷᠠᠳ ᠤᠨ ᠵᠠᠰᠠᠬ ᠤᠨ ᠣᠷᠲᠣᠨ ᠪᠣᠶᠣ ᠵᠡᠭᠡᠯᠢ ᠭᠤᠲᠣᠮᠵᠢ ᠶᠢᠨ ᠬᠡᠷᠡᠭ ᠡᠷᠬᠢᠯᠡᠬᠦ ᠭᠠᠵᠠᠷ ᠠᠴᠠ ᠮᠦ ᠪᠦᠷᠢ ᠳᠤ 200 | ᠲᠦᠬᠦᠷᠢᠭ ᠠᠴᠠ ᠲᠡᠭᠡᠭᠰᠢ 500 ᠲᠦᠬᠦᠷᠢᠭ ᠠᠴᠠ ᠲᠣᠷᠣᠬᠰᠢ ᠵᠣᠭᠤᠰ ᠢᠶᠠᠷ ᠲᠣᠷᠭᠠᠨ᠎ᠠ᠃ | ᠭᠤᠴᠢᠨ ᠲᠦᠷᠪᠡᠲᠦᠭᠡᠷ ᠵᠦᠢᠯ ᠲᠣᠰ ᠲᠦᠷᠢᠮ ᠤᠨ ᠠᠷᠪᠠᠨ ᠭᠤᠷᠪᠠᠲᠣᠭᠠᠷ ᠵᠦᠢᠯ ᠠᠴᠠ ᠵᠦᠷᠢᠴᠡᠵᠦ᠂ | ᠪᠡᠯᠴᠢᠭᠡᠷᠯᠡᠬᠦᠯᠬᠦ ᠶᠢ ᠵᠣᠬᠰᠣᠭᠠᠨ ᠪᠡᠯᠴᠢᠭᠡᠷ ᠢ ᠰᠡᠷᠬᠦᠭᠡᠬᠦ ᠫᠠᠶᠢᠰᠠ ᠲᠡᠮᠲᠡᠭ ᠢ ᠡᠪᠲᠡᠭᠰᠡᠨ ᠪᠤᠶᠤ ᠲᠣᠷ᠎ᠠ ᠪᠠᠷ | ᠰᠢᠯᠵᠢᠬᠦᠯᠦᠭᠰᠡᠨ ᠪᠠᠶᠢᠪᠠᠯ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠬ ᠤᠨ ᠣᠷᠲᠣᠨ ᠪᠣᠶᠣ ᠵᠡᠭᠡᠯᠢ ᠭᠤᠲᠣᠮᠵᠢ ᠶᠢᠨ | ᠬᠡᠷᠡᠭ ᠡᠷᠬᠢᠯᠡᠬᠦ ᠭᠠᠵᠠᠷ ᠠᠴᠠ ᠬᠠᠣᠯᠢ ᠠᠴᠠ ᠵᠦᠷᠢᠴᠡᠭᠰᠡᠨ ᠠᠵᠢᠯᠯᠠᠭ᠎ᠠ ᠶᠢ ᠨᠢ ᠵᠠᠷᠯᠢᠬᠲᠠᠨ ᠵᠣᠬᠰᠣᠭᠠᠵᠦ᠂ ᠬᠤᠭᠤᠴᠠᠭ᠎ᠠ | ᠲᠣᠬᠲᠠᠭᠠᠨ ᠣᠣᠯ ᠪᠠᠶᠢᠲᠠᠯ ᠢ ᠨᠢ ᠰᠡᠷᠬᠦᠬᠡᠯᠭᠡᠨᠡ︔ ᠲᠣᠬᠲᠠᠭᠰᠠᠨ ᠬᠤᠭᠤᠴᠠᠭᠠᠨ ᠲᠣᠲᠣᠷ᠎ᠠ ᠣᠣᠯ ᠪᠠᠶᠢᠲᠠᠯ ᠢ ᠨᠢ | ᠰᠡᠷᠬᠦᠭᠡᠭᠰᠡᠨ ᠦᠭᠡᠢ ᠪᠣᠯ ᠡᠪᠲᠡᠭᠲᠡᠭᠰᠡᠨ ᠲᠦᠬᠦᠭᠡᠷᠦᠮᠵᠢ ᠶᠢᠨ ᠣᠣᠯ ᠤᠨ ᠦᠨ᠎ᠡ ᠬᠠᠩᠰᠢ ᠶᠢᠨ ᠨᠢᠭᠡ ᠲᠠᠬᠢᠨ ᠠᠴᠠ | ᠲᠡᠭᠡᠭᠰᠢ ᠲᠠᠪᠣᠨ ᠲᠠᠬᠢᠨ ᠠᠴᠠ ᠲᠣᠷᠣᠬᠰᠢ ᠵᠣᠭᠤᠰ ᠢᠶᠠᠷ ᠲᠣᠷᠭᠠᠨ᠎ᠠ᠃ | ᠭᠤᠴᠢᠨ ᠲᠠᠪᠣᠲᠣᠭᠠᠷ ᠵᠦᠢᠯ ᠲᠣᠰ ᠲᠦᠷᠢᠮ ᠤᠨ ᠠᠷᠪᠠᠨ ᠲᠣᠯᠣᠲᠣᠭᠠᠷ ᠵᠦᠢᠯ ᠠᠴᠠ ᠵᠦᠷᠢᠴᠡᠵᠦ᠂ ᠬᠢᠨᠡᠨ | ᠲᠣᠬᠲᠠᠭᠠᠬᠰᠠᠨ ᠲᠣᠬᠢᠷᠠᠮᠵᠢᠲᠠᠢ ᠪᠡᠯᠴᠢᠬᠡᠷ ᠤᠨ ᠲᠠᠭᠠᠭᠠᠴᠠ ᠠᠴᠠ ᠬᠡᠲᠦᠷᠡᠬᠦᠯᠤᠨ ᠮᠠᠯ ᠪᠡᠯᠴᠢᠭᠡᠷᠯᠡᠬᠦᠯᠦᠭᠰᠡᠨ ᠪᠠᠶᠢᠪᠠᠯ ᠰᠣᠮᠣ | ᠰᠢᠶᠠᠩ ᠪᠠᠯᠭᠠᠰᠣ ᠶᠢᠨ ᠠᠷᠠᠳ ᠤᠨ ᠵᠠᠰᠠᠬ ᠤᠨ ᠣᠷᠲᠣᠨ ᠪᠣᠶᠣ ᠵᠡᠭᠡᠯᠢ ᠭᠤᠲᠣᠮᠵᠢ ᠶᠢᠨ ᠬᠡᠷᠡᠭ ᠡᠷᠬᠢᠯᠡᠬᠦ ᠭᠠᠵᠠᠷ ᠠᠴᠠ | ᠬᠤᠭᠤᠴᠠᠭ᠎ᠠ ᠲᠣᠬᠲᠠᠭᠠᠨ ᠵᠠᠯᠠᠷᠠᠭᠤᠯᠣᠨ᠎ᠠ︔ ᠲᠣᠬᠲᠠᠬᠰᠠᠨ ᠬᠤᠭᠤᠴᠠᠭᠠᠨ ᠲᠣᠲᠣᠷ᠎ᠠ ᠵᠠᠯᠠᠷᠠᠭᠤᠯᠣᠬᠰᠠᠨ ᠦᠬᠡᠢ ᠪᠤᠯ | ᠪᠡᠯᠴᠢᠬᠡᠷ ᠤᠨ ᠲᠠᠭᠠᠭᠠᠴᠠ ᠠᠴᠠ ᠭᠡᠳᠦᠷᠡᠬᠦᠯᠤᠨ ᠪᠡᠯᠴᠢᠬᠡᠷᠯᠡᠬᠦᠯᠥᠭᠰᠡᠨ ᠮᠠᠯ ᠤᠨᠤᠭ᠎ᠠ ᠳᠤ ᠬᠤᠨᠢᠴᠢᠯᠠᠭᠰᠠᠨ ᠨᠢᠭᠡᠴᠢ ᠪᠠᠷ | ᠨᠢᠭᠡᠴᠢ ᠪᠦᠷᠢ ᠶᠢ 100 ᠲᠦᠬᠦᠷᠢᠭ ᠢᠶᠠᠷ ᠲᠣᠷᠭᠠᠨ᠎ᠠ᠃ ᠪᠡᠯᠴᠢᠭᠡᠷᠯᠡᠬᠦᠯᠬᠦ ᠶᠢ ᠵᠣᠬᠰᠣᠭᠠᠬᠰᠠᠨ ᠣᠷᠣᠨ ᠪᠣᠶᠣ ᠪᠡᠯᠴᠢᠭᠡᠷ ᠢ | ᠰᠡᠷᠬᠦᠭᠡᠬᠦ ᠬᠤᠭᠤᠴᠠᠭᠠᠨ ᠳᠤ ᠮᠠᠯ ᠪᠡᠯᠴᠢᠭᠡᠷᠯᠡᠬᠦᠯᠦᠭᠰᠡᠨ ᠪᠠᠶᠢᠪᠠᠯ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠬ ᠤᠨ | ᠣᠷᠲᠣᠨ ᠪᠣᠶᠣ ᠵᠡᠭᠡᠯᠢ ᠭᠤᠲᠣᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠠᠷᠯᠢᠬᠲᠠᠨ ᠵᠠᠯᠠᠷᠠᠭᠤᠯᠵᠦ᠂ ᠬᠠᠣᠯᠢ ᠠᠴᠠ | ᠵᠦᠷᠢᠴᠡᠨ ᠪᠡᠯᠴᠢᠭᠡᠷᠯᠡᠬᠦᠯᠦᠭᠰᠡᠨ ᠮᠠᠯ ᠤᠨᠤᠭ᠎ᠠ ᠳᠤ ᠬᠤᠨᠢᠴᠢᠯᠠᠭᠰᠠᠨ ᠨᠢᠭᠡᠴᠢ ᠪᠠᠷ ᠨᠢᠭᠡᠴᠢ ᠪᠦᠷᠢ ᠶᠢ 120 | ᠲᠦᠬᠦᠷᠢᠭ ᠢᠶᠠᠷ ᠲᠣᠷᠭᠠᠨ᠎ᠠ᠃ | ᠭᠤᠴᠢᠨ ᠵᠢᠷᠭᠤᠲᠣᠭᠠᠷ ᠵᠦᠢᠯ ᠲᠣᠰ ᠲᠦᠷᠢᠮ ᠤᠨ ᠬᠤᠷᠢᠨ ᠲᠣᠯᠣᠲᠣᠭᠠᠷ ᠵᠦᠢᠯ ᠠᠴᠠ ᠵᠦᠷᠢᠴᠡᠵᠤ᠂ ᠨᠣᠲᠤᠬ | ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠪᠠ ᠱᠠᠩᠨᠠᠯ ᠤᠨ ᠮᠦᠩᠬᠦ ᠶᠢ ᠲᠤᠮᠳᠠ ᠠᠴᠠ ᠨᠢ ᠦᠯᠡᠲᠡᠭᠡᠬᠦ | ᠪᠤᠶᠤ ᠰᠢᠯᠵᠢᠬᠦᠯᠦᠨ ᠬᠡᠷᠡᠭᠯᠡᠭᠰᠡᠨ ᠪᠠᠶᠢᠪᠠᠯ ᠰᠢᠭᠤᠳ ᠬᠠᠷᠢᠭᠤᠴᠠᠬᠤ ᠭᠤᠤᠯᠯᠠᠨ ᠬᠠᠮᠢᠶᠠᠷᠬᠤ ᠬᠦᠮᠦᠨ ᠪᠤᠯᠤᠨ ᠪᠣᠰᠣᠳ | ᠰᠢᠭᠤᠳ ᠬᠠᠷᠢᠭᠤᠴᠠᠯᠭᠠᠲᠠᠨ ᠳᠤ ᠬᠠᠣᠯᠢ ᠶᠣᠰᠣᠭᠠᠷ ᠰᠢᠢᠳᠭᠡᠯ ᠦᠭᠬᠦᠨ᠎ᠡ︔ ᠶᠠᠯ᠎ᠠ ᠪᠣᠯᠵᠦ ᠪᠦᠷᠢᠯᠲᠦᠭᠰᠡᠨ ᠪᠠᠶᠢᠪᠠᠯ | ᠬᠠᠣᠯᠢ ᠶᠣᠰᠣᠭᠠᠷ ᠡᠷᠡᠬᠦᠦ ᠶᠢᠨ ᠬᠡᠷᠡᠭ ᠤᠨ ᠬᠠᠷᠢᠭᠤᠴᠠᠯᠭ᠎ᠠ ᠨᠡᠭᠡᠮᠵᠢᠯᠡᠨ᠎ᠡ᠃ | ᠭᠤᠴᠢᠨ ᠲᠣᠯᠣᠲᠣᠭᠠᠷ ᠵᠦᠢᠯ ᠨᠣᠲᠤᠬ ᠪᠡᠯᠴᠢᠭᠡᠷ ᠤᠨ ᠵᠠᠰᠠᠬ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ | ᠮᠦᠴᠢᠷ ᠪᠣᠯᠣᠨ ᠪᠣᠰᠣᠳ ᠣᠯᠣᠰ ᠤᠨ ᠪᠠᠶᠢᠭᠤᠯᠭ᠎ᠠ ᠶᠢᠨ ᠠᠵᠢᠯᠲᠠᠨ ᠲᠣᠣᠷᠠᠬᠢ ᠶᠢᠨ ᠠᠵᠢᠯᠯᠠᠭ᠎ᠠ ᠶᠢᠨ ᠨᠢᠭᠡ ᠨᠢ ᠪᠠᠶᠢᠪᠠᠯ᠂ | ᠰᠢᠭᠤᠳ ᠬᠠᠷᠢᠭᠤᠴᠠᠬᠤ ᠭᠤᠤᠯᠯᠠᠨ ᠬᠠᠮᠢᠶᠠᠷᠬᠤ ᠬᠦᠮᠦᠨ ᠪᠤᠯᠤᠨ ᠪᠣᠰᠣᠳ ᠰᠢᠭᠤᠳ ᠬᠠᠷᠢᠭᠤᠴᠠᠯᠭᠠᠲᠠᠨ ᠳᠤ ᠬᠠᠣᠯᠢ | ᠶᠣᠰᠣᠭᠠᠷ ᠰᠢᠢᠳᠭᠡᠯ ᠦᠭᠬᠦᠨ᠎ᠡ︔ ᠶᠠᠯ᠎ᠠ ᠪᠣᠯᠵᠦ ᠪᠦᠷᠢᠯᠲᠦᠭᠰᠡᠨ ᠪᠠᠶᠢᠪᠠᠯ ᠬᠠᠣᠯᠢ ᠶᠣᠰᠣᠭᠠᠷ ᠡᠷᠡᠬᠦᠦ ᠶᠢᠨ ᠬᠡᠷᠡᠭ ᠤᠨ | ᠬᠠᠷᠢᠭᠤᠴᠠᠯᠭ᠎ᠠ ᠨᠡᠭᠡᠮᠵᠢᠯᠡᠨ᠎ᠡ︔ ︵ᠨᠢᠭᠡ︶ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠪᠠ ᠪᠡᠯᠴᠢᠭᠡᠷᠯᠡᠬᠦᠯᠬᠦ ᠶᠢ | ᠵᠣᠬᠰᠣᠭᠠᠨ ᠪᠡᠯᠴᠢᠭᠡᠷ ᠢ ᠰᠡᠷᠬᠦᠭᠡᠬᠦ ᠲᠦᠷᠢᠮ ᠢ ᠬᠠᠣᠯᠢ ᠶᠣᠰᠣᠭᠠᠷ ᠬᠡᠷᠡᠭᠵᠢᠬᠦᠯᠬᠦ ᠦᠭᠡᠢ︔ ︵ᠬᠤᠶᠠᠷ︶ ᠬᠠᠣᠯᠢ ᠠᠴᠠ | ᠵᠦᠷᠢᠴᠡᠭᠰᠡᠨ ᠠᠵᠢᠯᠯᠠᠭ᠎ᠠ ᠶᠢ ᠣᠯᠵᠦ ᠮᠡᠲᠡᠬᠡᠳ ᠪᠠᠶᠢᠴᠠᠭᠠᠬᠤ ᠦᠭᠡᠢ ᠪᠣᠶᠣ ᠡᠰᠡᠬᠦᠯ᠎ᠡ ᠪᠠᠶᠢᠴᠠᠭᠠᠬᠰᠠᠨ ᠨᠢ ᠵᠣᠬᠢᠰ ᠦᠭᠡᠢ︔ | ︵ᠭᠤᠷᠪᠠ︶ ᠲᠣᠰᠢᠶᠠᠯ ᠢᠶᠠᠨ ᠭᠤᠲᠣᠭᠠᠭᠰᠠᠨ᠂ ᠡᠷᠭᠡ ᠪᠠᠨ ᠲᠣᠷ᠎ᠠ ᠪᠠᠷ ᠬᠡᠷᠡᠭᠯᠡᠭᠰᠡᠨ᠂ ᠬᠤᠪᠢ ᠪᠠᠨ ᠪᠣᠷᠲᠣᠵᠦ ᠭᠡᠮ | ᠬᠢᠭᠰᠡᠨ ᠪᠣᠰᠣᠳ ᠠᠵᠢᠯᠯᠠᠭ᠎ᠠ᠃ | ᠭᠤᠴᠢᠨ ᠨᠠᠢᠮᠠᠲᠣᠭᠠᠷ ᠵᠦᠢᠯ ᠲᠣᠰ ᠲᠦᠷᠢᠮ ᠢ 2021 ᠤᠨ ᠤ 10 ᠰᠠᠷ᠎ᠠ ᠶᠢᠨ 1 ᠤ ᠡᠳᠦᠷ ᠠᠴᠠ ᠡᠬᠢᠯᠡᠨ | ᠬᠡᠷᠡᠭᠵᠢᠬᠦᠯᠦᠨ᠎ᠠ᠃ |