ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠡᠭᠡᠭᠦᠯᠦᠨ ᠬᠤᠷᠢᠶᠠᠬᠤ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠪᠦᠲᠦᠭᠡᠯ ᠡᠯᠰᠡᠬᠦ ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/3/14
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠮᠠᠨᠵᠤᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠡᠷᠢᠶᠡᠨ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠤᠰᠤᠨ ᠤ ᠶᠠᠪᠤᠳᠠᠯ ᠤᠨ ᠲᠣᠪᠴᠢᠶ᠎ᠠ ᠳᠤ᠄      ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ   ᠲᠤᠭᠤᠰᠢᠯᠠᠭᠤᠯᠵᠤ᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ  ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ﹀ ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠡᠷᠭᠡ ᠳᠥᠷᠪᠡᠨ ᠳᠦᠷᠢᠮ ᠤᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠢ ᠰᠢᠭᠦᠬᠦ ᠲᠠᠷᠬᠠᠭᠠᠭᠰᠠᠨ ﹇2023﹈ 583 ᠳ᠋ᠤᠭᠠᠷ ᠲᠣᠭᠠᠲᠤ︶ ᠤᠨ ᠲᠣᠬᠢᠷᠠᠭᠤᠯᠤᠯᠲᠠ ᠶᠣᠰᠣᠭᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ︾ ᠢ ᠲᠤᠭᠤᠰᠢᠯᠠᠭᠤᠯᠤᠨ ᠬᠡᠷᠡᠭᠵᠢᠭᠦᠯᠵᠦ᠂ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠰᠤᠷᠭᠠᠨ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠡᠯ᠎ᠡ ᠬᠤᠯᠪᠣᠭᠳᠠᠯ ᠪᠦᠬᠦᠢ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠠᠷᠪᠢᠲᠠᠢ ᠡᠷᠴᠢᠮᠯᠢᠭ ᠡᠷᠭᠢᠯᠳᠦᠭᠦᠯᠦᠨ ᠠᠰᠢᠭᠯᠠᠬᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠨᠣᠯᠵᠢᠬᠤᠨ ᠢ ᠪᠣᠶ ᠪᠣᠯᠭᠠᠵᠤ᠂ ᠪᠥᠬᠦ ᠨᠡᠶᠢᠭᠡᠮ ᠢᠶᠠᠷ ᠢᠶᠠᠨ ᠲᠠᠷᠢᠶᠠᠯᠠᠩ ᠤᠨ ᠰᠦᠯᠢᠶᠥᠦ ᠪᠦᠷᠬᠦᠪᠴᠢ ᠶᠢᠨ ᠪᠣᠬᠢᠷᠲᠤᠯ ᠢ ᠵᠠᠰᠠᠬᠤ ᠶᠢ ᠠᠩᠬᠠᠷᠤᠨ ᠳᠡᠮᠵᠢᠬᠦ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠲᠠᠷᠢᠶᠠᠯᠠᠩ ᠤᠨ ᠵᠤᠯᠤᠮ᠎ᠠ ᠪᠦᠷᠬᠦᠪᠴᠢ ᠶᠢᠨ ᠪᠣᠬᠢᠷᠲᠤᠯ ᠢ ᠪᠦᠲᠦᠮᠵᠢᠲᠡᠶ ᠵᠠᠰᠠᠬᠤ ᠶᠢ ᠠᠬᠢᠭᠤᠯᠬᠤ ᠶᠢᠨ ᠲᠦᠯᠦᠭᠡ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠪᠥᠬᠦ ᠣᠷᠣᠨ ᠳᠤ ᠬᠠᠨᠳᠤᠭᠤᠯᠤᠨ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠪᠦᠲᠦᠭᠡᠯ ᠢ ᠡᠯᠰᠡᠨ ᠴᠤᠭᠯᠠᠭᠤᠯᠵᠤ ᠳᠡᠯᠭᠡᠨ ᠦᠵᠡᠭᠦᠯᠬᠦ ᠠᠵᠢᠯᠯᠠᠭ᠎ᠠ ᠥᠷᠨᠢᠭᠦᠯᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠃      ᠨᠢᠭᠡ ᠂ ᠵᠣᠬᠢᠶᠠᠯ ᠪᠦᠲᠦᠭᠡᠯ ᠤᠨ ᠱᠠᠭᠠᠷᠳᠠᠯᠭ᠎ᠠ      ︵ ᠨᠢᠭᠡ ︶ ᠪᠦᠲᠦᠭᠡᠯ ᠤᠨ ᠲᠤᠶᠢᠷᠦᠯ ᠵᠦᠢᠯ      ᠦᠰᠦᠭ ᠪᠢᠴᠢᠭ ᠤᠨ ᠪᠦᠲᠦᠭᠡᠯ᠂ ᠬᠠᠪᠲᠠᠭᠠᠢ ᠪᠦᠲᠦᠭᠡᠯ᠂ ᠳᠠᠭᠤᠨ ᠳᠠᠪᠲᠠᠮᠵᠢ᠂ ᠪᠢᠴᠢᠯ ᠸᠧᠳᠢᠤ᠋ ᠵᠡᠷᠭᠡ   ᠶᠢ ᠬᠡᠷᠡᠭᠯᠡᠵᠦ ᠪᠣᠯᠣᠨ᠎ᠠ᠃      ︵ᠬᠤᠶᠠᠷ ︶ ᠪᠦᠲᠦᠭᠡᠯ ᠤᠨ ᠠᠭᠤᠯᠭ᠎ᠠ ᠶᠢᠨ ᠱᠠᠭᠠᠷᠳᠠᠯᠭ᠎ᠠ      ᠪᠦᠲᠦᠭᠡᠯ ᠤᠨ ᠠᠭᠤᠯᠭ᠎ᠠ ᠨᠢ ᠡᠷᠡᠭᠦᠯ᠂ ᠢᠳᠡᠪᠬᠢ ᠬᠦᠴᠦᠨ ᠲᠠᠢ᠂ ᠨᠡᠯᠢᠶᠡᠳ ᠰᠠᠶᠢᠨ ᠤᠯᠠᠮᠵᠢᠯᠠᠨ ᠲᠠᠷᠬᠠᠭᠠᠬᠤ ᠬᠦᠴᠦᠨ ᠲᠠᠢ᠂ ᠨᠠᠮ ᠤᠨ ᠱᠤᠭᠤᠮ᠂ ᠴᠢᠭᠯᠡᠯᠲᠡ᠂ ᠲᠥᠷᠥ  ᠶᠢᠨ ᠪᠣᠳᠣᠯᠭ᠎ᠠ ᠳᠤ ᠨᠡᠶᠢᠴᠡᠵᠦ᠂ ᠤᠯᠤᠰ ᠪᠠ ᠣᠷᠣᠨ ᠨᠤᠲᠤᠭ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠡᠶᠢᠴᠡᠵᠦ᠂ ᠤᠯᠤᠰ ᠤᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ  ᠶᠢᠨ ᠪᠠᠶᠢᠭᠤᠯᠤᠯᠲᠠ  ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠳᠤ ᠨᠡᠶᠢᠴᠡᠬᠦ ᠬᠡᠷᠡᠭᠳᠡᠢ ᠃      ᠪᠦᠲᠦᠭᠡᠯ ᠳᠤ ᠭᠤᠣᠯ ᠰᠡᠳᠦᠪ  ᠢ ᠳᠣᠪᠤᠶᠢᠯᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠪᠣᠬᠢᠷᠲᠤᠯ  ᠢ ᠰᠡᠷᠭᠡᠶᠢᠯᠡᠨ ᠵᠠᠰᠠᠬᠤ ᠳᠦᠷᠢᠮ︾ ᠤᠨ ᠲᠣᠭᠤᠷᠢᠨ ᠳᠤ ︽ᠬᠠᠤᠯᠢ ᠶᠣᠰᠣᠭᠠᠷ ᠦᠢᠯᠡᠳᠪᠦᠷᠢᠯᠡᠬᠦ᠂ ᠲᠣᠭᠲᠠᠭᠠᠯ ᠳᠤ ᠨᠡᠶᠢᠴᠡᠭᠦᠯᠦᠨ ᠪᠣᠷᠣᠯᠠᠭᠤᠯᠬᠤ᠂ ᠶᠠᠰᠤ ᠴᠢᠨᠠᠷ  ᠢ ᠦᠨᠡᠨᠬᠦ ᠪᠠᠲᠤᠯᠠᠬᠤ︾᠂ ︽ᠡᠬᠢ ᠡᠭᠦᠰᠦᠯ ᠠᠴᠠ ᠨᠢ ᠬᠡᠮᠵᠢᠶ᠎ᠡ ᠶᠢ ᠪᠠᠭᠠᠰᠬᠠᠬᠤ᠂ ᠶᠠᠪᠤᠴᠠ ᠶᠢ ᠡᠵᠡᠮᠳᠡᠬᠦ᠂ ᠡᠴᠦᠰ ᠤᠨ ᠬᠡᠰᠡᠭ  ᠢ ᠬᠤᠷᠢᠶᠠᠨ ᠠᠪᠬᠤ︾᠂ ︽ᠥᠪᠡᠷ ᠤᠨ ᠪᠡᠶ᠎ᠡ ᠠᠴᠠ ᠪᠠᠨ ᠡᠬᠢᠯᠡᠵᠦ ᠬᠢᠬᠦ︾᠂ ︽ᠲᠥᠷᠥᠯ ᠬᠤᠪᠢᠶᠠᠨ ᠰᠢᠢᠳᠪᠦᠷᠢᠯᠡᠬᠦ᠂ ᠬᠠᠶᠠᠭᠳᠠᠮᠠᠯ  ᠢ ᠡᠷᠳᠡᠨᠢ ᠪᠣᠯᠭᠠᠬᠤ︾᠂ ︽ᠬᠤᠶᠠᠳᠠᠭᠢ ᠪᠣᠬᠢᠷᠲᠤᠯ   ᠠᠴᠠ ᠵᠠᠶᠢᠯᠠᠰᠬᠢᠬᠦ︾ ᠵᠡᠷᠭᠡ ᠠᠭᠤᠯᠭ᠎ᠠ ᠶᠢ ᠢᠯᠡᠷᠡᠭᠦᠯᠦᠨ ᠵᠣᠬᠢᠶᠠᠨ ᠪᠦᠲᠦᠭᠡᠬᠦ ᠬᠡᠷᠡᠭᠲᠡᠢ᠃      ᠪᠦᠲᠦᠭᠡᠯ ᠳᠡᠭᠡᠨ ᠰᠦᠯᠢᠶᠥᠦ ᠪᠦᠷᠬᠦᠪᠴᠢ ᠦᠢᠯᠡᠳᠪᠦᠷᠢᠯᠡᠬᠦ᠂ ᠪᠣᠷᠣᠯᠠᠭᠤᠯᠬᠤ᠂ ᠬᠡᠷᠡᠭᠯᠡᠬᠦ᠂ ᠬᠤᠷᠢᠶᠠᠨ ᠠᠪᠬᠤ᠂ ᠰᠢᠢᠳᠪᠦᠷᠢᠯᠡᠬᠦ᠂ ᠳᠠᠬᠢᠨ ᠠᠰᠢᠭᠯᠠᠬᠤ ᠵᠡᠷᠭᠡ ᠭᠤᠭᠴᠤᠭ᠎ᠠ ᠳᠤ ᠣᠶᠢᠷᠠᠲᠤᠭᠤᠯᠵᠤ᠂ ᠠᠭᠤᠯᠭ᠎ᠠ ᠨᠢ ᠣᠬᠤᠷ ᠮᠥᠷᠲᠡᠭᠡᠨ ᠨᠠᠷᠢᠯᠢᠭ᠂ ᠰᠢᠨᠵᠢᠯᠡᠬᠦ ᠤᠬᠠᠭᠠᠨᠴᠢ ᠴᠢᠨᠠᠷ᠂ ᠮᠡᠳᠡᠯᠭᠡ  ᠶᠢᠨ ᠴᠢᠨᠠᠷ᠂ ᠬᠢᠯᠪᠠᠷᠴᠢᠯᠠᠭᠰᠠᠨ ᠴᠢᠨᠠᠷ᠂ ᠤᠷᠠᠯᠢᠭᠴᠢ ᠴᠢᠨᠠᠷ᠂ ᠰᠣᠨᠢᠷᠬᠠᠯᠲᠤ ᠴᠢᠨᠠᠷ  ᠲᠠᠢ᠂ ᠦᠭᠡ ᠬᠡᠯᠡ ᠨᠢ ᠣᠶᠢᠯᠠᠭᠠᠮᠵᠢᠲᠠᠢ ᠪᠣᠷᠣᠭᠵᠢᠭᠤᠨ ᠪᠠᠶᠢᠵᠤ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠬᠡᠯᠪᠡᠷᠢ ᠪᠠᠷ ᠬᠢᠬᠦ ᠬᠡᠷᠡᠭᠲᠡᠢ ᠃      ᠪᠦᠲᠦᠭᠡᠯ ᠨᠢ 2023 ᠣᠨ ᠤ 9 ᠰᠠᠷ᠎ᠠ  ᠶᠢᠨ 27 ᠤ ᠡᠳᠦᠷ ᠠᠴᠠ 2024 ᠣᠨ ᠤ 4 ᠰᠠᠷ᠎ᠠ   ᠶᠢᠨ 15 ᠤ ᠡᠳᠦᠷ ᠪᠣᠯᠲᠠᠯᠠᠬᠢ ᠬᠤᠭᠤᠴᠠᠭᠠᠨ ᠳᠤ ᠪᠦᠳᠦᠭᠡᠵᠦ ᠳᠠᠭᠤᠰᠬᠠᠭᠰᠠᠨ ᠪᠥᠭᠡᠳ ᠳᠡᠯᠭᠡᠨ ᠦᠵᠡᠭᠦᠯᠦᠭᠰᠡᠨ ᠪᠤᠶᠤ ᠨᠡᠪᠲᠡᠷᠡᠭᠦᠯᠦᠭᠰᠡᠨ ᠠᠩᠬᠠᠨ ᠤ ᠪᠦᠲᠦᠭᠡᠯ ᠪᠠᠶᠢᠬᠤ ᠬᠡᠷᠡᠭᠳᠡᠢ ᠃ ᠤᠯᠤᠰ ᠤᠨ ᠳᠣᠲᠣᠭᠠᠳᠤ ᠶᠢᠨ ᠭᠤᠣᠯ ᠪᠣᠯᠬᠤ ᠰᠦᠯᠵᠢᠶᠡᠨ ᠤ ᠲᠠᠪᠴᠠᠩ ᠂ ᠰᠢᠨᠵᠢᠯᠡᠬᠦ ᠤᠬᠠᠭᠠᠨ ᠮᠡᠷᠭᠡᠵᠢᠯ ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠦᠷᠦᠯ ᠤᠨ ᠰᠦᠯᠵᠢᠶᠡᠨ ᠤ ᠦᠷᠲᠡᠭᠡ ᠪᠤᠶᠤ ᠥᠷᠭᠡᠨ ᠳᠡᠯᠭᠡᠷ ᠨᠥᠯᠥᠭᠡ ᠲᠠᠢ ᠲᠤᠰᠬᠠᠢ ᠰᠦᠯᠵᠢᠶᠡᠨ ᠤ ᠦᠷᠲᠡᠭᠡ ᠳᠤ ᠨᠠᠪᠲᠠᠷᠡᠭᠦᠯᠵᠦ᠂ ᠦᠰᠦᠭ ᠪᠢᠴᠢᠭ ᠪᠠ ᠬᠠᠪᠲᠠᠭᠠᠢ ᠶᠢᠨ ᠪᠦᠲᠦᠭᠡᠯ ᠢ ᠬᠥᠳᠡᠭᠡ ᠲᠣᠰᠬᠤᠨ ᠵᠡᠷᠭᠡ ᠭᠠᠵᠠᠷ ᠲᠤ ᠲᠠᠷᠬᠠᠭᠠᠨ ᠳᠡᠯᠭᠡᠨ ᠦᠵᠡᠭᠦᠯᠵᠦ ᠥᠩᠭᠡᠷᠡᠭᠰᠡᠨ ᠪᠥᠭᠡᠳ ᠵᠣᠬᠢᠴᠠᠩᠭᠤᠢ ᠭᠡᠷᠡᠴᠢᠯᠡᠯ ᠬᠠᠩᠭᠠᠨ᠎ᠠ ︵ᠳᠠᠭᠠᠯᠳᠤᠭᠤᠯᠤᠯ 2 ︶ ᠃      ︵ ᠭᠤᠷᠪᠠ ︶ ᠪᠦᠲᠦᠭᠡᠯ ᠤᠨ ᠵᠠᠭᠪᠤᠷ ᠤᠨ ᠱᠠᠭᠠᠷᠳᠠᠯᠭ᠎ᠠ      ᠦᠰᠦᠭ ᠪᠢᠴᠢᠭ ᠤᠨ ᠪᠦᠲᠦᠭᠡᠯ ᠨᠢ ᠵᠢᠵᠢᠭ ᠣᠬᠤᠷ ᠵᠣᠬᠢᠶᠠᠯ᠂ ᠤᠬᠠᠭᠤᠯᠭ᠎ᠠ  ᠶᠢᠨ ᠦᠭᠡ᠂ ᠰᠠᠨᠠᠭᠠᠴᠢᠯᠠᠭ᠎ᠠ  ᠶᠢᠨ ᠪᠢᠴᠢᠭ ᠵᠡᠷᠭᠡ ᠪᠠᠶᠢᠵᠤ ᠪᠣᠯᠣᠨ᠎ᠠ᠂ ᠦᠰᠦᠭ ᠤᠨ ᠲᠤᠭ᠎ᠠ  ᠶᠢ 500 ᠦᠰᠦᠭ ᠤᠨ ᠳᠣᠲᠣᠷ᠎ᠠ ᠬᠢᠵᠠᠭᠠᠷᠯᠠᠵᠤ᠂ WORD᠂ WPS ᠪᠢᠴᠢᠭᠯᠡᠯ ᠤᠨ ᠬᠡᠯᠪᠡᠷᠢ ᠪᠠᠷ ᠵᠣᠬᠢᠶᠠᠨ ᠪᠦᠲᠦᠭᠡᠵᠦ ᠪᠠᠷᠯᠠᠬᠤ ᠬᠡᠷᠡᠭᠲᠡᠢ᠂ ᠵᠢᠷᠤᠭ᠂ PDF ᠬᠡᠯᠪᠡᠷᠢ  ᠶᠢ ᠪᠢᠲᠡᠭᠡᠢ ᠬᠡᠷᠡᠭᠯᠡᠭᠡᠷᠡᠢ᠃      ᠬᠠᠪᠲᠠᠭᠠᠢ ᠪᠦᠲᠦᠭᠡᠯ ᠨᠢ ᠰᠣᠨᠢᠨ ᠰᠡᠳᠬᠦᠯ ᠤᠨ ᠵᠠᠷ ᠮᠡᠳᠡᠭᠡ᠂ ᠭᠡᠷ ᠤᠨ ᠭᠠᠳᠠᠨᠠᠬᠢ ᠵᠠᠷ ᠮᠡᠳᠡᠭᠡ᠂ ᠵᠠᠷᠯᠠᠯ᠂ ᠤᠬᠠᠭᠤᠯᠭ᠎ᠠ  ᠶᠢᠨ ᠬᠠᠭᠤᠳᠠᠰᠤ ᠵᠡᠷᠭᠡ ᠬᠡᠯᠪᠡᠷᠢ ᠪᠠᠶᠢᠵᠤ ᠪᠣᠯᠣᠨ᠎ᠠ᠂ ᠬᠡᠪ ᠪᠠᠷᠢᠮᠵᠢᠶ᠎ᠠ  ᠶᠢ ᠨᠢ ᠬᠢᠵᠠᠭᠠᠷᠯᠠᠬᠤ ᠦᠭᠡᠢ᠃ ᠪᠦᠲᠦᠭᠡᠯᠴᠢ ᠣᠨᠴᠠᠯᠢᠭ ᠢᠶᠠᠷ ᠢᠯᠡ ᠲᠣᠳᠣ᠂ ᠬᠠᠷᠠᠭᠠᠨ ᠤ ᠰᠡᠷᠡᠯ ᠤᠨ ᠳᠠᠭᠠᠷᠢᠯᠲᠠ   ᠶᠢᠨ ᠬᠦᠴᠦᠨ ᠪᠠ ᠤᠷᠠᠯᠢᠭ ᠤᠨ ᠨᠥᠯᠥᠭᠡᠯᠡᠬᠦ ᠬᠦᠴᠦᠨ  ᠢᠶᠠᠷ ᠴᠢᠩᠭ᠎ᠠ ᠪᠠᠶᠢᠬᠤ  ᠶᠢ ᠱᠠᠭᠠᠷᠳᠠᠳᠠᠭ᠃ ᠡᠬᠡ ᠪᠢᠴᠢᠭ ᠥᠭᠬᠦ ᠪᠦᠲᠦᠭᠡᠯ ᠤᠨ ᠬᠡᠪ ᠪᠠᠷᠢᠮᠵᠢᠶ᠎ᠠ ᠨᠢ JPG ᠪᠤᠶᠤ PNG ᠬᠡᠯᠪᠡᠷᠢ ᠪᠠᠶᠢᠵᠤ᠂ ᠶᠡᠭᠡ ᠪᠠᠭ᠎ᠠ ᠨᠢ 3M  ᠠᠴᠠ ᠳᠣᠣᠷ᠎ᠠ ᠪᠠᠶᠢᠵᠤ ᠪᠣᠯᠬᠤ ᠦᠭᠡᠢ᠃      ᠲᠠᠭᠤᠨ ᠤ ᠳᠠᠪᠲᠠᠮᠵᠢ  ᠶᠢᠨ ᠪᠦᠲᠦᠭᠡᠯ ᠨᠢ ᠳᠠᠭᠤᠤ ᠬᠥᠭᠵᠢᠮ ᠤᠨ ᠪᠦᠲᠦᠭᠡᠯ᠂ ᠰᠢ ᠵᠦᠴᠦᠭᠡ  ᠶᠢᠨ ᠳᠠᠭᠤᠷᠢᠯᠢᠭ᠂ ᠷᠠᠳᠢᠣ᠋ ᠵᠦᠴᠦᠭᠡ ᠵᠡᠷᠭᠡ ᠪᠠᠶᠢᠵᠤ ᠪᠣᠯᠣᠨ᠎ᠠ᠂ MP3᠂ WMA  ᠶᠢᠨ ᠬᠡᠯᠪᠡᠷᠢ  ᠶᠢᠨ ᠳ᠋ᠠᠶᠢᠲ᠋ᠠ ᠲᠠᠭᠤᠨ ᠤ ᠳᠠᠪᠲᠠᠮᠵᠢ  ᠶᠢᠨ ᠡᠯᠧᠺᠲᠷᠣᠨ ᠲᠧᠺᠰᠲ᠂ ᠳᠠᠭᠤᠤ ᠬᠥᠭᠵᠢᠮ ᠤᠨ ᠪᠦᠲᠦᠭᠡᠯ᠂ ᠰᠢ ᠵᠦᠴᠦᠭᠡ  ᠶᠢᠨ ᠳᠠᠭᠤᠷᠢᠯᠢᠭ ᠤᠨ ᠴᠠᠭ ᠤᠨ ᠣᠷᠳᠣ ᠨᠢ 7 ᠮᠢᠨᠦ᠋ᠲ ᠤᠨ ᠳᠣᠲᠣᠷ᠎ᠠ᠂ ᠲᠤᠭ᠎ᠠ ᠪᠠᠷᠢᠮᠲᠠ   ᠶᠢᠨ ᠪᠢᠴᠢᠭ ᠮᠠᠲ᠋ᠧᠷᠢᠶᠠᠯ  ᠨᠢ 10M  ᠶᠢᠨ ᠳᠣᠲᠣᠷ᠎ᠠ ᠪᠠᠶᠢᠪᠠᠯ᠂ ᠷᠠᠳᠢᠣ᠋ ᠵᠦᠴᠦᠭᠡ  ᠶᠢ ᠵᠦᠴᠦᠭᠡ  ᠶᠢᠨ ᠦᠶᠯᠡ ᠶᠠᠪᠤᠳᠠᠯ  ᠢ ᠦᠨᠳᠦᠰᠦᠯᠡᠵᠦ ᠥᠪᠡᠷ  ᠢᠶᠠᠨ ᠲᠣᠬᠢᠷᠠᠭᠤᠯᠤᠨ᠎ᠠ᠃      ᠪᠢᠴᠢᠯ ᠸᠧᠳᠢᠤ᠋  ᠶᠢᠨ ᠪᠦᠲᠦᠭᠡᠯ ᠤᠨᠬᠡᠯᠪᠡᠷᠢ ᠨᠢ ᠪᠢᠴᠢᠯ ᠺᠢᠨᠣ᠋᠂ ᠪᠣᠳᠠᠲᠤ ᠲᠡᠮᠳᠡᠭᠯᠡᠯ ᠤᠨ ᠣᠬᠤᠷ ᠹᠢᠯᠢᠮ᠂ ᠸᠧᠳᠢᠤ᠋  ᠶᠢᠨ ᠳᠢᠭᠯᠡᠯᠲᠡ᠂ ᠨᠡᠶᠢᠲᠡ  ᠶᠢᠨ ᠠᠰᠠᠷᠠᠮᠵᠢ  ᠶᠢᠨ ᠵᠠᠷ ᠮᠡᠳᠡᠭᠡ᠂ ᠺᠠᠷᠲ᠋ᠣᠨ ᠵᠢᠷᠤᠭ ᠵᠡᠷᠭᠡ ᠪᠠᠶᠢᠵᠤ ᠪᠣᠯᠣᠨ᠎ᠠ᠂ ᠠᠭᠤᠯᠭ᠎ᠠ  ᠶᠢ ᠨᠢ ᠨᠠᠷᠢᠯᠢᠭ ᠠᠪᠰᠠᠷᠬᠠᠨ᠂ ᠠᠶᠢᠵᠠᠮ ᠴᠣᠬᠢᠯᠭ᠎ᠠ   ᠶᠢ ᠨᠢ ᠠᠪᠰᠠᠷᠬᠠᠨ᠂ ᠬᠢᠲᠠᠳ ᠦᠰᠦᠭᠲᠦ ᠬᠥᠰᠢᠭᠡ  ᠶᠢ ᠲᠠᠭᠠᠷᠠᠭᠤᠯᠵᠤ᠂ 15 ᠮᠢᠨᠦ᠋ᠲ ᠤᠨ ᠳᠣᠲᠣᠷ᠎ᠠ AVI᠂ MP4 ᠬᠠᠷᠠᠭᠠᠨ ᠳᠠᠪᠲᠠᠮᠵᠢ  ᠶᠢᠨ ᠬᠡᠯᠪᠡᠷᠢ ᠪᠠᠷ ᠲᠤᠰᠢᠶᠠᠬᠤ  ᠶᠢ ᠱᠠᠭᠠᠷᠳᠠᠳᠠᠭ᠃      ᠬᠤᠶᠠᠷ ᠂ ᠡᠯᠰᠡᠬᠦ ᠴᠠᠭ      2024 ᠣᠨ ᠤ 3 ᠰᠠᠷ᠎ᠠ ᠶᠢᠨ 10 ᠠᠴᠠ 2023 ᠣᠨ ᠤ 4 ᠰᠠᠷ᠎ᠠ ᠶᠢᠨ 15  ᠤ ᠡᠳᠦᠷ ᠪᠣᠯᠲᠠᠯ᠎ᠠ ᠃      ᠭᠤᠷᠪᠠ ᠂ ᠬᠦᠷᠭᠡᠬᠦ ᠠᠷᠭ᠎ᠠ ᠮᠠᠶ᠋ᠢᠭ      ᠡᠯ᠎ᠡ ᠠᠶᠢᠮᠠᠭ ᠬᠤᠲᠠ ᠨᠤᠭᠤᠳ ᠤᠬᠠᠭᠤᠯᠭ᠎ᠠ ᠪᠠᠨ ᠨᠡᠮᠡᠭᠳᠡᠭᠦᠯᠵᠦ᠂ ᠰᠢᠰᠲ᠋ᠧᠮ ᠤᠨ ᠳᠣᠲᠣᠷᠠᠬᠢ ᠠᠵᠢᠯᠲᠠᠨ ᠠᠵᠢᠯᠴᠢᠨ ᠺᠠᠳ᠋ᠷᠴᠤᠳ ᠢ ᠵᠣᠬᠢᠶᠠᠨ ᠪᠠᠶᠢᠭᠤᠯᠤᠨ ᠳᠠᠶᠢᠴᠢᠯᠠᠵᠤ᠂ ︽ ᠲᠠᠷᠢᠶᠠᠯᠠᠩ ᠤᠨ ᠤᠬᠠᠭᠤᠯᠤᠨ ᠲᠠᠨᠢᠯᠴᠠᠭᠤᠯᠤᠭᠴᠢ ᠲᠤᠰᠢᠶᠠᠯᠳᠠᠨ ︾᠂ ᠮᠠᠯᠴᠢᠨ ᠲᠠᠷᠢᠶᠠᠴᠢᠨ ᠣᠯᠠᠨ ᠲᠦᠮᠡᠨ ᠵᠡᠷᠭᠡ ᠶᠢ ᠢᠳᠡᠪᠬᠢᠲᠡᠢ ᠣᠷᠣᠯᠴᠠᠭᠤᠯᠵᠤ᠂ ᠲᠣᠰ ᠤᠳᠠᠭᠠᠨ ᠤ ᠡᠯᠰᠡᠨ ᠴᠤᠭᠯᠠᠭᠤᠯᠬᠤ ᠠᠵᠢᠯᠯᠠᠭ᠎ᠠ ᠳᠤ ᠨᠡᠶᠢᠭᠡᠮ ᠤᠨ ᠡᠯ᠎ᠡ ᠡᠲᠡᠭᠡᠳ᠂ ᠬᠤᠪᠢ ᠬᠥᠮᠥᠨ ᠵᠢᠴᠢ ᠵᠣᠬᠢᠶᠠᠨ ᠪᠠᠶᠢᠭᠤᠯᠤᠯᠲᠠ ᠨᠤᠭᠤᠳ ᠴᠥᠮ ᠨᠡᠷ᠎ᠡ ᠮᠡᠳᠡᠭᠦᠯᠵᠦ ᠣᠷᠣᠯᠴᠠᠵᠤ ᠪᠣᠯᠣᠨ᠎ᠠ᠃ ᠡᠯ᠎ᠡ ᠠᠶᠢᠮᠠᠭ ᠬᠤᠲᠠ ᠶᠢᠨ ᠬᠢᠨ ᠪᠦᠲᠦᠭᠡᠯ ᠤᠨ ᠨᠡᠷ᠎ᠡ ᠮᠡᠳᠡᠭᠦᠯᠬᠦ ᠬᠦᠰᠦᠨᠦᠭᠲᠦ ︵ᠳᠠᠭᠠᠯᠳᠤᠭᠤᠯᠤᠯ 1︶ ᠪᠣᠯᠣᠨ ᠪᠦᠲᠦᠭᠡᠯ ᠤᠨ ᠡᠯᠧᠺᠲᠷᠣᠨ ᠬᠡᠪᠯᠡᠯ ᠢ ᠡᠯᠧᠺᠲᠷᠣᠨ ᠰᠢᠤᠳᠠᠨ ᠤ ᠬᠠᠶᠢᠷᠴᠠᠭ ᠲᠤ ᠶᠠᠪᠤᠭᠤᠯᠤᠭᠠᠷᠠᠢ᠂ ᠪᠦᠲᠦᠭᠡᠯ ᠲᠤᠰᠢᠶᠠᠬᠤ ᠭᠠᠷᠴᠠᠭ ᠤᠨ ᠵᠠᠭᠪᠤᠷ ᠢ ︽ ᠨᠢᠭᠡᠴᠢ ᠪᠤᠶᠤ ᠭᠠᠵᠠᠷ ᠣᠷᠣᠨ ᠤ ᠨᠢᠭᠡ ᠵᠣᠬᠢᠶᠠᠭᠴᠢ ᠶᠢᠨ ᠨᠡᠷ᠎ᠡ ︱ ᠪᠦᠲᠦᠭᠡᠯ ᠤᠨ ᠲᠥᠷᠥᠯ ᠵᠦᠢᠯ ︵ᠵᠣᠬᠢᠶᠠᠯ / ᠪᠢᠴᠢᠯ ᠸᠢᠳᠢᠤ᠋ / ᠬᠡᠷᠡᠯ ᠵᠢᠷᠤᠭ ᠵᠡᠷᠭᠡ︶ ︱ ᠪᠦᠲᠦᠭᠡᠯ ᠤᠨᠨᠡᠷ᠎ᠡ + ᠭᠠᠷ ᠤᠲᠠᠰᠤᠨ ᠤ ᠨᠣᠮᠧᠷ︾ ᠪᠣᠯᠭᠠᠨ ᠨᠢᠭᠡᠳᠬᠡᠭᠡᠷᠡᠢ᠂ ᠵᠢᠱᠢᠶᠡᠯᠡᠪᠡᠯ᠄ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︱ ᠵᠠᠩ ᠰᠠᠨ ︱ ᠪᠢᠴᠢᠯ ᠸᠢᠳᠢᠤ᠋ ︱ ᠭᠠᠵᠠᠷ ᠤᠨ ᠪᠦᠷᠬᠦᠭᠦᠯ ᠢ ᠬᠤᠷᠢᠶᠠᠨ ᠠᠪᠴᠢᠷᠠᠬᠤ ᠦᠭᠡᠢ ᠪᠣᠯ ᠦᠷ᠎ᠡ ᠳ᠋ᠦᠩ  ᠨᠢ ᠬᠦᠨᠳᠦ ᠨᠣᠴᠢᠲᠠᠢ ︱ 188XXXXXXXXX᠃      ᠳᠥᠷᠪᠡ᠂ ᠱᠠᠩᠨᠠᠯ ᠤᠨ ᠵᠦᠢᠯ ᠤᠨ ᠲᠣᠬᠢᠷᠠᠭᠤᠯᠤᠯᠲᠠ      ᠱᠠᠩᠨᠠᠯ ᠤᠨ ᠵᠦᠢᠯ ᠢ ᠵᠢᠷᠤᠭ ᠥᠰᠥᠭ ᠤᠨ ᠳᠤᠭᠤᠶᠢᠯᠠᠩ᠂ ᠲᠠᠭᠤ ᠳᠦᠷᠰᠦ ᠰᠢᠩᠭᠡᠭᠡᠯᠲᠡ ᠶᠢᠨ ᠳᠤᠭᠤᠶᠢᠯᠠᠩ ᠭᠡᠬᠦ ᠬᠤᠶᠠᠷ ᠳᠤᠭᠤᠶᠢᠯᠠᠩ ᠬᠤᠪᠢᠶᠠᠵᠤ ᠰᠢᠯᠭᠠᠷᠠᠭᠤᠯᠤᠨ᠎ᠠ᠃      ᠵᠢᠷᠤᠭ ᠦᠰᠦᠭ ᠪᠢᠴᠢᠭ ᠤᠨ ᠳᠤᠭᠤᠶᠢᠯᠠᠩ ᠤᠨ ᠱᠠᠩᠨᠠᠯ ᠳᠤ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ ᠂ ᠭᠤᠷᠪᠠᠳᠤᠭᠠᠷ ᠳᠡᠰ ᠤᠨ ᠱᠠᠩᠨᠠᠯ᠂ ᠰᠢᠯᠢᠳᠡᠭ ᠱᠠᠩᠨᠠᠯ ᠪᠠ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠂ ᠬᠠᠮᠤᠭ ᠤᠨ ᠰᠢᠯᠢᠳᠡᠭ ᠪᠦᠲᠦᠭᠡᠯᠴᠢ ᠰᠡᠳᠬᠢᠮᠵᠢ ᠶᠢᠨ ᠱᠠᠩᠨᠠᠯ  ᠲᠣᠬᠢᠷᠠᠭᠤᠯᠤᠨ᠎ᠠ ᠃ ᠡᠭᠦᠨ ᠳᠤ ᠨᠢᠭᠡᠳᠦᠭᠡᠷ ᠳᠡᠰ ᠤᠨ ᠱᠠᠩᠨᠠᠯ ᠳᠤ 1 ᠨᠡᠷ᠎ᠡ ︵ᠨᠡᠷ᠎ᠡ ᠪᠦᠷᠢ ᠨᠢ 1500 ᠲᠥᠭᠦᠷᠢᠭ + ᠦᠨᠡᠮᠯᠡᠯ︶᠂ ᠬᠤᠶᠠᠳᠤᠭᠠᠷ ᠳᠡᠰ ᠤᠨ ᠱᠠᠩᠨᠠᠯ ᠳᠤ 2 ᠨᠡᠷ᠎ᠡ ︵ᠨᠡᠷ᠎ᠡ ᠪᠦᠷᠢ ᠨᠢ 1000 ᠲᠥᠭᠦᠷᠢᠭ + ᠦᠨᠡᠮᠯᠡᠯ︶᠂ ᠭᠤᠷᠪᠠᠳᠤᠭᠠᠷ ᠳᠡᠰ ᠤᠨ ᠱᠠᠩᠨᠠᠯ ᠳᠤ 3 ᠨᠡᠷ᠎ᠡ ︵ᠨᠡᠷ᠎ᠡ ᠪᠦᠷᠢ ᠨᠢ 800 ᠲᠥᠭᠦᠷᠢᠭ + ᠦᠨᠡᠮᠯᠡᠯ︶᠂ ᠰᠢᠯᠢᠳᠡᠭ ᠱᠠᠩᠨᠠᠯ ᠳᠤ 10 ᠨᠡᠷ᠎ᠡ ︵ᠨᠡᠷ᠎ᠡ ᠪᠦᠷᠢ ᠨᠢ 300 ᠲᠥᠭᠦᠷᠢᠭ + ᠦᠨᠡᠮᠯᠡᠯ︶᠂ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠳᠤ 4 ᠨᠡᠷ᠎ᠡ ︵ᠦᠨᠡᠮᠯᠡᠯ︶᠂ ᠬᠠᠮᠤᠭ ᠤᠨ ᠰᠢᠯᠢᠳᠡᠭ ᠪᠦᠲᠦᠭᠡᠯᠴᠢ ᠰᠡᠳᠬᠢᠮᠵᠢ ᠶᠢᠨ ᠱᠠᠩᠨᠠᠯ ᠳᠤ 2 ᠨᠡᠷ᠎ᠡ ︵1000 ᠲᠥᠭᠦᠷᠢᠭ + ᠦᠨᠡᠮᠯᠡᠯ︶ ᠪᠣᠶ᠃      ᠲᠠᠭᠤ ᠳᠦᠷᠰᠦ ᠰᠢᠩᠭᠡᠭᠡᠯᠲᠡ ᠶᠢᠨ ᠳᠤᠭᠤᠶᠢᠯᠠᠩ ᠤᠨ ᠱᠠᠩᠨᠠᠯ ᠢ᠄ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ᠂ ᠭᠤᠷᠪᠠᠳᠤᠭᠠᠷ ᠳᠡᠰ ᠤᠨ ᠱᠠᠩᠨᠠᠯ᠂ ᠰᠢᠯᠢᠳᠡᠭ ᠱᠠᠩᠨᠠᠯ ᠪᠠ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ᠂ ᠬᠠᠮᠤᠭ ᠤᠨ ᠰᠢᠯᠢᠳᠡᠭ ᠪᠦᠲᠦᠭᠡᠯᠴᠢ ᠰᠡᠳᠬᠢᠮᠵᠢ ᠶᠢᠨ ᠱᠠᠩᠨᠠᠯ ᠭᠡᠵᠦ ᠬᠤᠪᠢᠶᠠᠨ᠎ᠠ᠃ ᠡᠭᠦᠨ ᠳᠤ ᠨᠢᠭᠡᠳᠦᠭᠡᠷ ᠳᠡᠰ ᠤᠨ ᠱᠠᠩᠨᠠᠯ ᠳᠤ 1 ᠨᠡᠷ᠎ᠡ ︵ᠨᠡᠷ᠎ᠡ ᠪᠦᠷᠢ ᠳᠤ 3000 ᠲᠥᠭᠦᠷᠢᠭ + ᠦᠨᠡᠮᠯᠡᠯ︶᠂ ᠬᠤᠶᠠᠳᠤᠭᠠᠷ ᠳᠡᠰ ᠤᠨ ᠱᠠᠩᠨᠠᠯ ᠳᠤ 2 ᠨᠡᠷ᠎ᠡ ︵ᠨᠡᠷ᠎ᠡ ᠪᠦᠷᠢ ᠳᠤ 2000 ᠲᠥᠭᠦᠷᠢᠭ + ᠦᠨᠡᠮᠯᠡᠯ︶᠂ ᠭᠤᠷᠪᠠᠳᠤᠭᠠᠷ ᠳᠡᠰ ᠤᠨ ᠱᠠᠩᠨᠠᠯ ᠳᠤ 3 ᠨᠡᠷ᠎ᠡ ︵ᠨᠡᠷ᠎ᠡ ᠪᠦᠷᠢ ᠳᠤ 1000 ᠲᠥᠭᠦᠷᠢᠭ + ᠦᠨᠡᠮᠯᠡᠯ︶᠂ ᠰᠢᠯᠢᠳᠡᠭ ᠱᠠᠩᠨᠠᠯ ᠳᠤ 10 ᠨᠡᠷ᠎ᠡ ︵ᠨᠡᠷ᠎ᠡ ᠪᠦᠷᠢ ᠳᠤ 300 ᠲᠥᠭᠦᠷᠢᠭ + ᠦᠨᠡᠮᠯᠡᠯ︶᠂ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠳᠤ 4 ᠨᠡᠷ᠎ᠡ ︵ᠦᠨᠡᠮᠯᠡᠯ︶᠂ ᠬᠠᠮᠤᠭ ᠤᠨ ᠰᠢᠯᠢᠳᠡᠭ ᠪᠦᠲᠦᠭᠡᠯᠴᠢ ᠰᠡᠳᠬᠢᠮᠵᠢ ᠶᠢᠨ ᠱᠠᠩᠨᠠᠯ ᠳᠤ 2 ᠨᠡᠷ᠎ᠡ ︵1500 ᠲᠥᠭᠦᠷᠢᠭ + ᠦᠨᠡᠮᠯᠡᠯ︶ ᠪᠣᠶ᠃      ᠰᠢᠯᠭᠠᠷᠠᠭᠤᠯᠬᠤ ᠦᠨᠳᠦᠰᠦᠯᠡᠯ ᠨᠢ ᠭᠤᠣᠯ ᠰᠡᠳᠦᠪ ᠨᠢ ᠲᠣᠪᠣᠶᠢᠮ᠎ᠠ᠂ ᠠᠭᠤᠯᠭ᠎ᠠ ᠨᠢ ᠰᠢᠨ᠎ᠡ ᠰᠣᠷᠭᠤᠭ᠂ ᠦᠭᠡ ᠬᠡᠯᠡ ᠨᠢ ᠢᠷᠠᠭᠤ ᠰᠠᠶᠢᠬᠠᠨ᠂ ᠬᠠᠷᠠᠭᠠᠨ ᠰᠡᠷᠡᠯ ᠤᠨ ᠨᠦᠯᠦᠭᠡᠯᠡᠬᠦ ᠬᠦᠴᠦᠨ ᠢᠶᠠᠷ ᠴᠢᠩᠭ᠎ᠠ᠂ ᠰᠦᠯᠵᠢᠶᠡᠨ ᠤ ᠭᠦᠶᠦᠯᠭᠡᠨ ᠦᠵᠡᠬᠦ ᠬᠡᠮᠵᠢᠶ᠎ᠡ᠂ ᠳᠠᠷᠤᠮᠠᠯᠯᠠᠨ ᠲᠠᠷᠬᠠᠭᠠᠬᠤ ᠬᠡᠮᠵᠢᠶ᠎ᠡ ᠵᠡᠷᠭᠡ ᠬᠦᠴᠦᠨ ᠵᠦᠢᠯ ᠳᠤ ᠬᠢᠵᠠᠭᠠᠷᠯᠠᠭᠳᠠᠬᠤ ᠦᠭᠡᠢ᠃      ᠲᠠᠪᠤ ᠂ ᠪᠤᠰᠤᠳ ᠱᠠᠭᠠᠷᠳᠠᠯᠭ᠎ᠠ      ︵ ᠨᠢᠭᠡ ︶ ᠪᠦᠲᠦᠭᠡᠯ ᠤᠨ ᠮᠡᠳᠡᠯᠭᠡ ᠶᠢᠨ ᠪᠦᠲᠦᠭᠡᠭᠳᠡᠬᠦᠨ ᠤ ᠡᠷᠬᠡ      ᠤᠷᠤᠯᠳᠤᠭᠠᠨ ᠳᠤ ᠣᠷᠣᠯᠴᠠᠭᠰᠠᠨ ᠪᠦᠲᠦᠭᠡᠯ ᠨᠢ ᠬᠦᠷᠦᠭ ᠵᠢᠷᠤᠭ ᠤᠨ ᠡᠷᠬᠡ ᠂ ᠵᠣᠬᠢᠶᠠᠯ ᠪᠦᠲᠦᠭᠡᠯ ᠤᠨ ᠡᠷᠬᠡ ᠂ ᠲᠠᠸᠠᠷ ᠤᠨ ᠲᠡᠮᠳᠡᠭᠲᠦ ᠶᠢᠨ ᠡᠷᠬᠡ ᠂ ᠨᠡᠷᠡᠶᠢᠳᠦᠯ ᠤᠨ ᠡᠷᠬᠡ ᠵᠡᠷᠭᠡ ᠬᠠᠤᠯᠢ ᠴᠠᠭᠠᠵᠠ ᠳᠤ ᠬᠤᠯᠪᠣᠭᠳᠠᠬᠤ ᠬᠤᠯᠪᠣᠭᠳᠠᠯ ᠪᠦᠬᠦᠢ ᠠᠰᠠᠭᠤᠳᠠᠯ ᠪᠦᠬᠦᠠ ᠢ ᠤᠷᠤᠯᠳᠤᠭᠠᠨ ᠳᠤ ᠣᠷᠣᠯᠴᠠᠭᠰᠠᠨ ᠨᠢᠭᠡᠴᠢ ᠪᠠ ᠤᠷᠤᠯᠳᠤᠭᠠᠨ ᠳᠤ ᠣᠷᠣᠯᠴᠠᠭᠰᠠᠨ ᠬᠤᠪᠢ ᠬᠥᠮᠥᠨ ᠬᠠᠷᠢᠭᠤᠴᠠᠨ᠎ᠠ ᠃ ᠵᠣᠬᠢᠶᠠᠯ ᠪᠦᠲᠦᠭᠡᠯ ᠢ ᠡᠷᠬᠡᠪᠰᠢ ᠡᠬᠡ ᠪᠢᠴᠢᠭ ᠶᠠᠪᠤᠭᠤᠯᠤᠭᠴᠢ ᠥᠪᠡᠷ ᠢᠶᠠᠨ ︵ ᠪᠤᠶᠤ ᠨᠢᠭᠡᠴᠢ︶ ᠵᠣᠬᠢᠶᠠᠭᠰᠠᠨ ᠪᠠᠶᠢᠬᠤ ᠬᠡᠷᠡᠭᠲᠡᠢ ᠂ ᠬᠤᠯᠠᠭᠠᠶᠢᠯᠠᠬᠤ ᠂ ᠬᠠᠭᠤᠯᠬᠤ ᠶᠢ ᠴᠢᠩᠭ᠎ᠠ ᠴᠠᠭᠠᠵᠠᠯᠠᠨ᠎ᠠ ᠃ ᠡᠬᠡ ᠪᠢᠴᠢᠭ ᠥᠭᠭᠦᠭᠰᠡᠳ ᠪᠦᠲᠦᠭᠡᠯ ᠤᠨ ᠪᠦᠷᠢᠨ ᠪᠦᠲᠦᠨ ᠵᠣᠬᠢᠶᠠᠯ ᠪᠦᠲᠦᠭᠡᠯ ᠤᠨ ᠬᠡᠪᠯᠡᠯ ᠤᠨ ᠡᠷᠬᠡ ᠲᠠᠢ ᠪᠠᠶᠢᠬᠤ ᠬᠡᠷᠡᠭᠲᠡᠢ ᠂ ᠪᠤᠰᠤᠳ ᠤᠨ ᠪᠦᠲᠦᠭᠡᠯ ᠢ ᠬᠠᠭᠤᠯᠬᠤ᠂ ᠳᠠᠭᠤᠷᠢᠶᠠᠬᠤ ᠂ ᠺᠣᠫᠢᠳᠠᠬᠤ ᠶᠢ ᠴᠢᠩᠭ᠎ᠠ ᠴᠠᠭᠠᠵᠠᠯᠠᠨ᠎ᠠ ᠃ ᠬᠡᠷᠪᠡ ᠪᠦᠲᠦᠭᠡᠯ ᠳᠡᠭᠡᠨ ᠪᠤᠰᠤᠳ ᠤᠨ ᠪᠦᠲᠦᠭᠡᠯ ᠢ ᠬᠡᠷᠡᠭᠯᠡᠭᠰᠡᠨ ᠪᠠᠶᠢᠪᠠᠯ ᠂ ᠡᠷᠬᠡᠪᠰᠢ ᠬᠠᠤᠯᠢ ᠶᠣᠰᠣᠨ ᠤ ᠡᠷᠬᠡ ᠣᠯᠭᠤᠯᠲᠠ ᠶᠢ ᠣᠯᠬᠤ ᠬᠡᠷᠡᠭᠲᠡᠢ ᠪᠥᠭᠡᠳ ᠬᠤᠯᠪᠣᠭᠳᠠᠯ ᠪᠦᠬᠦᠢ ᠡᠷᠬᠡ ᠣᠯᠭᠤᠯᠲᠠ ᠶᠢᠨ ᠪᠢᠴᠢᠭ ᠤᠨ ᠭᠡᠷᠡᠴᠢ ᠶᠢ ᠲᠤᠰᠢᠶᠠᠬᠤ ᠬᠡᠷᠡᠭᠲᠡᠢ᠃ ᠡᠰᠡ ᠲᠡᠭᠡᠪᠡᠯ ᠭᠤᠣᠯᠯᠠᠨ ᠡᠷᠭᠢᠯᠡᠭᠰᠡᠨ ᠲᠠᠯ᠎ᠠ ᠨᠢ ᠲᠡᠭᠦᠨ ᠤ ᠣᠷᠣᠯᠴᠠᠬᠤ ᠬᠢᠷᠢ ᠬᠡᠮ ᠢ ᠬᠦᠴᠦᠨ ᠦᠭᠡᠢ ᠪᠣᠯᠭᠠᠬᠤ ᠡᠷᠬᠡ ᠲᠠᠢ᠃ ᠠᠵᠢᠯᠯᠠᠭ᠎ᠠ ᠳᠤ ᠮᠠᠭᠤ ᠨᠥᠯᠥᠭᠡ ᠦᠵᠡᠭᠦᠯᠦᠭᠰᠡᠨ ᠪᠠᠶᠢᠪᠠᠯ᠂ ᠭᠤᠣᠯᠯᠠᠨ ᠡᠷᠭᠢᠯᠡᠭᠰᠡᠨ ᠲᠠᠯ᠎ᠠ   ᠠᠴᠠ ᠲᠡᠭᠦᠨ ᠠᠴᠠ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠭᠤᠣᠯᠯᠠᠨ ᠡᠷᠭᠢᠯᠡᠬᠦ ᠲᠠᠯ᠎ᠠ ᠨᠢ ᠡᠬᠡ ᠪᠢᠴᠢᠭ ᠥᠭᠭᠦᠭᠰᠡᠨ ᠪᠣᠶ ᠪᠦᠬᠦᠢ ᠪᠦᠲᠦᠭᠡᠯ ᠢ ᠦᠨ᠎ᠡ ᠲᠥᠯᠥᠪᠦᠷᠢ ᠦᠭᠡᠢ ᠪᠠᠷ ᠬᠡᠷᠡᠭᠯᠡᠬᠦ ᠡᠷᠬᠡ ᠲᠠᠢ᠂ ᠡᠭᠦᠨ ᠳᠤ ᠡᠬᠡ ᠪᠢᠴᠢᠭ ᠥᠭᠭᠦᠭᠰᠡᠨ ᠪᠣᠶ ᠪᠦᠬᠦᠢ ᠪᠦᠲᠦᠭᠡᠯ ᠳᠤ ᠲᠣᠰ ᠤᠳᠠᠭᠠᠨ ᠤ ᠡᠯᠰᠡᠨ ᠴᠤᠭᠯᠠᠭᠤᠯᠬᠤ ᠠᠵᠢᠯᠯᠠᠭ᠎ᠠ ᠶᠢᠨ ᠬᠡᠪᠴᠢᠶᠡᠨ ᠳᠠᠬᠢ ᠴᠡᠪᠡᠷ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠬᠡᠷᠡᠭᠴᠡᠭᠡ ᠶᠢ ᠦᠨ᠎ᠡ ᠲᠥᠯᠥᠪᠦᠷᠢ ᠦᠭᠡᠢ ᠪᠠᠷ ᠡᠳ᠋ᠯᠡᠬᠦ ᠡᠷᠬᠡ ᠲᠠᠢ ᠪᠠᠶᠢᠬᠤ ᠶᠢ ᠪᠠᠭᠲᠠᠭᠠᠨ᠎ᠠ ᠭᠡᠵᠦ ᠲᠣᠭᠲᠠᠭᠠᠭᠰᠠᠨ ᠪᠠᠶᠢᠨ᠎ᠠ ᠭᠡᠵᠦ ᠲᠣᠭᠲᠠᠭᠠᠭᠰᠠᠨ ᠪᠠᠶᠢᠨ᠎ᠠ᠂ ᠡᠭᠦᠨ ᠳᠤ ᠡᠬᠡ ᠪᠢᠴᠢᠭ ᠥᠭᠭᠦᠭᠰᠡᠨ ᠪᠣᠶ ᠪᠦᠬᠦᠢ ᠪᠦᠲᠦᠭᠡᠯ ᠳᠤ ᠦᠨ᠎ᠡ ᠲᠥᠯᠥᠪᠦᠷᠢ ᠦᠭᠡᠢ ᠪᠠᠷ ᠪᠠᠭᠤᠯᠭᠠᠬᠤ ᠡᠷᠬᠡ᠂ ᠳᠡᠯᠭᠡᠨ ᠦᠵᠡᠭᠦᠯᠬᠦ ᠡᠷᠬᠡ᠂ ᠺᠢᠨᠣ᠋ ᠭᠠᠷᠭᠠᠬᠤ ᠡᠷᠬᠡ᠂ ᠷᠠᠳᠢᠣ᠋ ᠨᠡᠪᠲᠡᠷᠡᠭᠦᠯᠭᠡ ᠶᠢᠨ ᠡᠷᠬᠡ᠂ ᠮᠡᠳᠡᠭᠡ ᠵᠠᠩᠭᠢ ᠶᠢᠨ ᠲᠣᠣᠷ ᠰᠦᠯᠵᠢᠶ᠎ᠡ ᠪᠠᠷ ᠤᠯᠠᠮᠵᠢᠯᠠᠨ ᠲᠠᠷᠬᠠᠭᠠᠬᠤ ᠡᠷᠬᠡ᠂ ᠰᠡᠭᠦᠳᠡᠷᠯᠡᠨ ᠦᠢᠯᠡᠳᠬᠦ ᠡᠷᠬᠡ᠂ ᠥᠭᠡᠷᠡᠴᠢᠯᠡᠨ ᠨᠠᠶᠢᠷᠠᠭᠤᠯᠬᠤ ᠡᠷᠬᠡ᠂ ᠣᠷᠴᠢᠭᠤᠯᠬᠤ ᠡᠷᠬᠡ᠂ ᠡᠮᠬᠢᠳᠬᠡᠨ ᠨᠠᠶᠢᠷᠠᠭᠤᠯᠬᠤ ᠡᠷᠬᠡ ᠵᠡᠷᠭᠡ ᠡᠷᠬᠡ ᠶᠢ ᠪᠠᠭᠲᠠᠭᠠᠨ᠎ᠠ᠃      ᠱᠠᠩᠨᠠᠯ ᠣᠯᠣᠭᠰᠠᠨ ᠪᠦᠲᠦᠭᠡᠯ ᠢ ᠬᠤᠳᠠᠯᠳᠤᠭᠠᠨ ᠤ ᠬᠡᠷᠡᠭᠴᠡᠭᠡᠨ ᠳᠤ ᠬᠡᠷᠡᠭᠯᠡᠬᠦ ᠳᠤ ᠭᠦᠷᠪᠡᠯ᠂ ᠭᠤᠣᠯᠯᠠᠨ ᠡᠷᠭᠢᠯᠡᠬᠦ ᠲᠠᠯ᠎ᠠ ᠨᠢ ᠡᠷᠬᠢᠨ ᠲᠣᠭᠤᠷᠢᠨ ᠤ ᠦᠢᠯᠡᠳᠬᠦᠨ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠪᠤᠶᠤ ᠨᠡᠭᠡᠭᠡᠨ ᠬᠥᠭᠵᠢᠭᠦᠯᠵᠦ᠂ ᠵᠢᠷᠤᠭᠯᠠᠨ ᠲᠥᠯᠥᠪᠯᠡᠬᠦ ᠴᠢᠬᠤᠯᠠᠲᠠᠢ ᠪᠣᠯ᠂ ᠱᠠᠩᠨᠠᠯ ᠣᠷᠣᠯᠴᠠᠭᠰᠠᠳ ᠪᠤᠶᠤ ᠵᠣᠬᠢᠬᠤ ᠤᠷᠤᠯᠳᠤᠭᠠᠨ ᠳᠤ ᠣᠷᠣᠯᠴᠠᠭᠰᠠᠨ ᠪᠦᠯᠬᠦᠮ ᠨᠡᠶᠢᠲᠡ ᠨᠢ ᠬᠠᠮᠵᠢᠯᠴᠠᠵᠤ᠂ ᠪᠣᠳᠠᠲᠠᠢ ᠬᠠᠮᠲᠤᠷᠠᠯᠴᠠᠬᠤ ᠵᠦᠢᠯ ᠵᠤᠷᠪᠤᠰ ᠢ ᠠᠰ ᠲᠤᠨᠢ ᠵᠥᠪᠳᠡᠯᠴᠡᠬᠦ ᠬᠡᠷᠡᠭᠲᠡᠢ᠃ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠲᠣᠰ ᠤᠳᠠᠭᠠᠨ ᠤ ᠠᠵᠢᠯᠯᠠᠭ᠎ᠠ ᠳᠤ ᠬᠠᠮᠤᠭ ᠤᠨ ᠡᠴᠦᠰ ᠤᠨ ᠲᠠᠶᠢᠯᠪᠤᠷᠢᠯᠠᠬᠤ ᠡᠷᠬᠡ ᠲᠠᠢ᠃      ᠪᠦᠲᠦᠭᠡᠯ ᠢ ᠵᠥᠪᠬᠡᠨ ᠨᠢᠭᠡᠴᠢ ᠠᠴᠠ ᠲᠠᠨᠢᠯᠴᠠᠭᠤᠯᠬᠤ ᠪᠤᠶᠤ ᠬᠤᠪᠢ ᠬᠥᠮᠥᠨ ︵ ᠪᠠᠶᠢᠭᠤᠯᠤᠮᠵᠢ ︶ ᠥᠪᠡᠷ ᠤᠨ ᠪᠡᠶ᠎ᠡ ᠪᠠᠨ ᠲᠠᠨᠢᠯᠴᠠᠭᠤᠯᠬᠤ ᠨᠢᠭᠡ ᠵᠦᠢᠯ ᠤᠨ ᠠᠷᠭ᠎ᠠ ᠮᠠᠶ᠋ᠢᠭ ᠢ ᠰᠣᠩᠭᠤᠵᠤ ᠰᠢᠯᠭᠠᠷᠠᠭᠤᠯᠤᠯᠲᠠ ᠳᠤ ᠣᠷᠣᠯᠴᠠᠭᠤᠯᠤᠨ᠎ᠠ ᠃ ᠬᠡᠷᠪᠡ ᠣᠯᠠᠨ ᠲᠠᠯ᠎ᠠ ᠠᠴᠠ ᠲᠠᠨᠢᠯᠴᠠᠭᠤᠯᠬᠤ ᠶᠢ ᠣᠯᠵᠤ ᠮᠡᠳᠡᠪᠡᠯ᠂ ᠰᠢᠯᠭᠠᠷᠠᠭᠤᠯᠬᠤ ᠬᠢᠷᠢ ᠬᠡᠮ ᠢ ᠨᠢ ᠬᠠᠰᠤᠨ᠎ᠠ᠃      ᠵᠢᠷᠭᠤᠭ᠎ᠠ᠂ ᠬᠠᠷᠢᠯᠴᠠᠬᠤ ᠠᠷᠭ᠎ᠠ ᠬᠡᠯᠪᠡᠷᠢ      ᠬᠠᠷᠢᠯᠴᠠᠬᠤ ᠬᠥᠮᠥᠨ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠭᠠᠵᠠᠷ    ᠾᠧ ᠫᠧᠩ ᠴᠧᠩ      ᠬᠠᠷᠢᠯᠴᠠᠬᠤ ᠤᠲᠠᠰᠤ᠄ 0471-6652156᠂ 18647408008      ᠢᠮᠧᠯ᠄ nmkjjyc@163.com      ᠳᠠᠭᠠᠯᠳᠤᠭᠤᠯᠤᠯ᠄ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠪᠦᠲᠦᠭᠡᠯ ᠤᠨ ᠨᠡᠷ᠎ᠡ ᠮᠡᠳᠡᠭᠦᠯᠬᠦ ᠬᠦᠰᠦᠨᠦᠭᠲᠦ       2.ᠪᠦᠲᠦᠭᠡᠯ ᠤᠨ ᠬᠤᠯᠪᠣᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ                            ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ                          ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                               2024 ᠣᠨ ᠤ 3 ᠰᠠᠷ᠎ᠠ ᠶᠢᠨ 11 ᠤ ᠡᠳᠦᠷ    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号