ᠲᠢᠩᠬᠢᠮ ᠤᠨ ᠪᠠᠶᠢᠭᠤᠯᠤᠯᠭ᠎ᠠ ᠶᠢᠨ ᠡᠯ᠎ᠡ ᠭᠠᠵᠠᠷ ᠠᠯᠪᠠᠨ ᠭᠡᠷ ᠲᠣᠪᠴᠢᠶ᠎ᠠ᠂ ᠲᠢᠩᠬᠢᠮ ᠤᠨ ᠬᠠᠷᠢᠶ᠎ᠠ ᠬᠠᠮᠢᠶ᠎ᠠ ᠪᠦᠬᠦᠢ | ᠨᠢᠭᠡᠴᠢ ᠳᠤ᠄ | ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠤᠷᠤᠨ ᠤ ᠲᠢᠩᠬᠢᠮ ᠤᠨ 2024 ᠣᠨ ᠤ ᠬᠠᠤᠯᠢᠵᠢᠯ ᠤᠨ ᠠᠵᠢᠯ ᠤᠨ ᠭᠤᠣᠯᠳᠠᠯᠭ᠎ᠠ︾ ᠶᠢ | ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠲᠤᠭᠠᠢ᠃ | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ | 2024 ᠣᠨ ᠤ 3 ᠰᠠᠷ᠎ᠠ ᠶᠢᠨ 18 ᠤ ᠡᠳᠦᠷ | | | 2024 ᠣᠨ ᠤ ᠬᠠᠤᠯᠢᠵᠢᠯ ᠤᠨ ᠠᠵᠢᠯ ᠤᠨ ᠭᠤᠣᠯᠳᠠᠯᠭ᠎ᠠ | 2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠮᠥᠨ ᠂ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ | ᠵᠢᠯ ᠮᠥᠨ ᠃ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠤᠷᠤᠨ ᠤ ᠲᠢᠩᠬᠢᠮ ᠨᠢ 2024 ᠣᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠶᠣᠰᠣᠭᠠᠷ ᠣᠷᠣᠨ ᠢᠶᠠᠨ ᠵᠠᠰᠠᠬᠤ ᠬᠤᠷᠢᠶ᠎ᠠ ᠶᠢᠨ ᠠᠵᠢᠯ ᠤᠨ ᠭᠤᠣᠯᠳᠠᠯᠭ᠎ᠠ᠂ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠠᠤᠯᠢ ᠲᠣᠭᠲᠠᠭᠠᠯ ᠤᠨ ᠵᠤᠷᠭᠠᠨ ᠤ ᠠᠵᠢᠯ ᠤᠨ ᠭᠤᠣᠯᠳᠠᠯᠭ᠎ᠠ ᠪᠠ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ | ᠨᠢᠭᠲᠠ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ | ᠪᠤᠢ ᠪᠣᠯᠭᠠᠬᠤ ᠡᠨᠡᠬᠦ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠠᠤᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠂ ᠮᠠᠯ ᠠᠵᠤ ᠠᠬᠤᠢ ᠲᠠᠷᠢᠶᠠᠯᠠᠩ ᠮᠠᠯᠵᠢᠬᠤ | ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠬᠦ ᠳᠤ ᠬᠦᠴᠦᠲᠡᠢ ᠬᠠᠤᠯᠢᠵᠢᠯ ᠤᠨ ᠦᠢᠯᠡᠴᠢᠯᠡᠭᠡ ᠪᠠ | ᠪᠠᠲᠤᠯᠠᠭ᠎ᠠ ᠬᠠᠩᠭᠠᠬᠤ ᠬᠡᠷᠡᠭᠲᠡᠢ᠃ | ᠨᠢᠭᠡ ᠂ ᠬᠠᠤᠯᠢ ᠲᠣᠭᠲᠠᠭᠠᠬᠤ ᠠᠵᠢᠯ ᠢ ᠴᠢᠩᠭᠠᠳᠬᠠᠨ᠎ᠠ | ︵ ᠨᠢᠭᠡ ︶ ᠭᠤᠣᠯᠳᠠᠯᠭ᠎ᠠ ᠲᠠᠢ ᠬᠠᠤᠯᠢ ᠲᠣᠭᠲᠠᠭᠠᠬᠤ ᠵᠦᠢᠯᠡᠰ ᠢ ᠵᠣᠬᠢᠴᠠᠭᠤᠯᠤᠨ ᠠᠬᠢᠭᠤᠯᠤᠨ᠎ᠠ ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ 2024 ᠣᠨ ᠤ ᠬᠠᠤᠯᠢ ᠲᠣᠭᠲᠠᠭᠠᠬᠤ ᠬᠠᠤᠯᠢ ᠲᠣᠭᠲᠠᠭᠠᠯ ᠤᠨ ᠭᠠᠵᠠᠷ ᠠᠴᠠ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ᠂ ᠵᠢᠭᠠᠰᠤᠨ ᠤ ᠠᠵᠤ ᠠᠬᠤᠢ | ᠵᠢᠭᠠᠰᠤᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢ ᠵᠣᠬᠢᠴᠠᠭᠤᠯᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠬᠠᠤᠯᠢ ᠴᠠᠭᠠᠵᠠ ᠶᠢᠨ ᠲᠢᠩᠬᠢᠮ ᠲᠠᠢ ᠬᠠᠮᠵᠢᠯᠴᠠᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠷ᠎ᠠ ᠬᠥᠷᠥᠰᠥ ᠶᠢ ᠬᠠᠮᠠᠭᠠᠯᠠᠬᠤ ᠳᠦᠷᠢᠮ︾ ᠢ ᠲᠤᠭᠤᠷᠪᠢᠬᠤ᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠵᠢᠭᠠᠰᠤᠨ ᠤ ᠠᠵᠤ ᠠᠬᠤᠢ ᠶᠢᠨ ᠬᠠᠤᠯᠢ﹀ ᠶᠢ | ᠬᠡᠷᠡᠭᠵᠢᠭᠦᠯᠬᠦ ᠠᠷᠭ᠎ᠠ︾ ᠳᠤ ᠵᠠᠰᠠᠪᠤᠷᠢ ᠮᠠᠯ ᠠᠵᠤ ᠠᠬᠤᠢ ᠶᠢᠨ ᠲᠣᠪᠴᠢᠶ᠎ᠠ᠂ ᠬᠥᠭᠵᠢᠭᠦᠯᠦᠯᠲᠡ ᠶᠢᠨ | ᠲᠥᠯᠦᠪᠵᠢᠭᠦᠯᠭᠡ ᠶᠢᠨ ᠭᠠᠵᠠᠷ ᠢ ᠵᠣᠬᠢᠴᠠᠭᠤᠯᠵᠤ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠲᠠᠢ ᠬᠠᠮᠵᠢᠯᠴᠠᠨ ︽ᠥᠪᠥᠷ ᠮᠣᠩᠭᠤᠯ ᠤᠨ ᠮᠠᠯ ᠵᠢᠭᠦᠷᠲᠡᠨ ᠢ ᠨᠢᠲᠤᠯᠬᠤ | ᠬᠠᠮᠢᠶᠠᠷᠤᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ | ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢᠨ ᠬᠠᠤᠯᠢ ᠲᠣᠭᠲᠠᠭᠠᠬᠤ ᠪᠠᠶᠢᠴᠠᠭᠠᠨ ᠰᠤᠳᠤᠯᠬᠤ ᠠᠵᠢᠯ ᠢ ᠰᠠᠶᠢᠲᠤᠷ ᠬᠢᠬᠦ | ᠬᠡᠷᠡᠭᠲᠡᠢ᠃ ︵ᠬᠠᠤᠯᠢ ᠲᠣᠭᠲᠠᠭᠠᠯ ᠤᠨ ᠭᠠᠵᠠᠷ ᠲᠦᠷᠦᠭᠦᠯᠡᠵᠦ᠂ ᠬᠥᠭᠵᠢᠭᠦᠯᠦᠯᠲᠡ ᠲᠥᠯᠦᠪᠵᠢᠭᠦᠯᠭᠡ ᠶᠢᠨ ᠭᠠᠵᠠᠷ᠂ | ᠮᠠᠯ ᠠᠵᠤ ᠠᠬᠤᠢ ᠶᠢᠨ ᠲᠣᠪᠴᠢᠶ᠎ᠠ᠂ ᠵᠢᠭᠠᠰᠤᠨ ᠤ ᠠᠵᠤ ᠠᠬᠤᠢ ᠵᠢᠭᠠᠰᠤᠨ ᠶᠠᠪᠤᠳᠠᠯ ᠤᠨ ᠬᠠᠮᠢᠶᠠᠷᠤᠯᠲᠠ ᠶᠢᠨ | ᠲᠣᠪᠴᠢᠶ᠎ᠠ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ ᠪᠣᠳᠠᠲᠠᠢ | ᠬᠠᠷᠢᠭᠤᠴᠠᠨ᠎ᠠ︶ | ᠬᠤᠶᠠᠷ ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠳᠠᠯᠠᠨ᠎ᠠ | ︵ ᠬᠤᠶᠠᠷ ︶ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢᠵᠢᠯ ᠤᠨ ᠪᠠᠶᠢᠭᠤᠯᠤᠯᠲᠠ ᠶᠢ ᠲᠦᠯᠬᠢᠨ | ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠪᠣᠯᠬᠤ ᠲᠤᠰᠢᠶᠠᠯ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ ᠃ | ᠨᠠᠮ ᠤᠨ ᠤᠳᠤᠷᠢᠳᠤᠯᠭ᠎ᠠ ᠶᠢ ᠵᠠᠰᠠᠭ ᠵᠠᠬᠢᠷᠭᠠᠨ ᠤ ᠬᠠᠤᠯᠢ ᠲᠣᠭᠲᠠᠭᠠᠬᠤ ᠂ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠲᠣᠭᠲᠠᠭᠠᠬᠤ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠂ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠵᠡᠷᠭᠡ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠦᠬᠦ ᠶᠠᠪᠤᠴᠠ | ᠪᠠ ᠡᠯ᠎ᠡ ᠲᠠᠯ᠎ᠠ ᠳᠤ ᠲᠤᠭᠤᠰᠢᠯᠠᠭᠤᠯᠬᠤ ᠶᠢ ᠪᠠᠷᠢᠮᠲᠠᠯᠠᠨ᠎ᠠ ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ | ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ᠂ ᠮᠠᠨ ᠤ ᠲᠢᠩᠬᠢᠮ ᠤᠨ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠬᠤ ᠵᠡᠷᠭᠡ ᠬᠠᠤᠯᠢᠵᠢᠯ ᠤᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ ᠰᠤᠳᠤᠯᠪᠠ ᠃ | ᠲᠢᠩᠬᠢᠮ ᠤᠨ ᠭᠤᠣᠯ ᠬᠠᠷᠢᠭᠤᠴᠠᠯᠭᠠᠲᠠᠨ ᠬᠠᠤᠯᠢᠵᠢᠯ ᠤᠨ ᠪᠠᠶᠢᠭᠤᠯᠤᠯᠲᠠ ᠶᠢᠨ ᠴᠢᠬᠤᠯᠠ ᠠᠵᠢᠯ ᠢ ᠪᠡᠶ᠎ᠡ ᠪᠠᠷ ᠢᠶᠠᠨ | ᠪᠠᠶᠢᠷᠢᠯᠠᠭᠤᠯᠬᠤ ᠂ ᠴᠢᠬᠤᠯᠠ ᠶᠡᠭᠡ ᠠᠰᠠᠭᠤᠳᠠᠯ ᠢ ᠪᠡᠶ᠎ᠡ ᠪᠠᠷ ᠢᠶᠠᠨ ᠬᠠᠮᠢᠶᠠᠷᠬᠤ ᠂ ᠭᠤᠣᠯᠳᠠᠯᠭ᠎ᠠ ᠲᠠᠢ ᠭᠤᠭᠴᠤᠭ᠎ᠠ ᠶᠢ | ᠪᠡᠶ᠎ᠡ ᠪᠠᠷ ᠢᠶᠠᠨ ᠵᠣᠬᠢᠴᠠᠭᠤᠯᠬᠤ᠂ ᠴᠢᠬᠤᠯᠠ ᠡᠭᠦᠷᠭᠡ ᠶᠢ ᠪᠡᠶ᠎ᠡ ᠪᠠᠷ ᠢᠶᠠᠨ ᠰᠢᠪᠠᠳᠠᠨ ᠰᠢᠢᠳᠪᠦᠷᠢᠯᠡᠭᠦᠯᠬᠦ ᠡᠷᠴᠢᠮ ᠢᠶᠠᠨ | ᠴᠢᠩᠭᠠᠳᠬᠠᠪᠠ ᠃ ︵ᠬᠠᠤᠯᠢ ᠲᠣᠭᠲᠠᠭᠠᠯ ᠤᠨ ᠭᠠᠵᠠᠷ ᠲᠦᠷᠦᠭᠦᠯᠡᠵᠦ᠂ ᠡᠯ᠎ᠡ ᠭᠠᠵᠠᠷ ᠠᠯᠪᠠᠨ ᠭᠡᠷ ᠲᠣᠪᠴᠢᠶ᠎ᠠ | ᠬᠠᠮᠵᠢᠯᠴᠠᠨ᠎ᠠ︶ | ︵ᠭᠤᠷᠪᠠ︶ ᠬᠠᠤᠯᠢ ᠳᠦᠷᠢᠮ ᠤᠨ ᠬᠢᠨᠠᠨ ᠬᠠᠷᠭᠤᠭᠤᠯᠤᠯᠲᠠ ᠶᠢᠨ ᠪᠣᠭᠤᠮᠲᠠ ᠶᠢ ᠠᠳᠬᠤᠬᠤ ᠶᠢ | ᠴᠢᠩᠭᠠᠳᠬᠠᠨ᠎ᠠ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ | ᠴᠢᠨᠠᠷ ᠤᠨ ᠬᠢᠨᠠᠨ ᠬᠠᠷᠭᠤᠭᠤᠯᠤᠯᠲᠠ ᠶᠢ ᠴᠢᠩᠳᠠᠯᠠᠵᠤ᠂ ᠵᠢᠭᠠᠪᠤᠷᠢ ᠠᠪᠬᠤ ᠵᠡᠷᠭᠡ ᠪᠤᠰᠤᠳ ᠪᠢᠴᠢᠭ ᠮᠠᠲ᠋ᠧᠷᠢᠶᠠᠯ ᠤᠨ | ᠬᠢᠨᠠᠨ ᠬᠠᠷᠭᠤᠭᠤᠯᠤᠯᠲᠠ ᠳᠤ ᠬᠠᠤᠯᠢ ᠴᠠᠭᠠᠵᠠ ᠶᠢᠨ ᠪᠣᠭᠤᠮᠲᠠ ᠶᠢ ᠰᠠᠶᠢᠲᠤᠷ ᠠᠳᠬᠤᠨ᠎ᠠ᠃ ᠲᠢᠩᠬᠢᠮ | ᠲᠠᠷᠬᠠᠭᠠᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠢᠩᠬᠢᠮ ᠤᠨ ᠠᠯᠪᠠᠨ | ᠭᠡᠷ ᠠᠴᠠ ᠨᠢᠭᠡᠳᠦᠯᠲᠡᠢ ᠳ᠋ᠤᠭᠠᠷᠯᠠᠬᠤ ᠨᠢ ︽ ᠦᠪᠦᠷ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠲᠣᠭᠲᠠᠭᠠᠯ | ︵2024︶* ᠲᠣᠭᠠᠲᠤ︾ ᠪᠠᠶᠢᠵᠤ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠨᠢᠭᠡᠳᠦᠯᠲᠡᠢ ᠳᠠᠩᠰᠠᠯᠠᠬᠤ᠂ | ᠨᠢᠭᠡᠳᠦᠯᠲᠡᠢ ᠳ᠋ᠤᠭᠠᠷᠯᠠᠬᠤ᠂ ᠨᠢᠭᠡᠳᠦᠯᠲᠡᠢ ᠨᠡᠶᠢᠲᠡᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠣᠨ ᠤ | ᠰᠢᠯᠭᠠᠨ ᠬᠢᠨᠠᠬᠤ ᠱᠠᠭᠠᠷᠳᠠᠯᠭ᠎ᠠ ᠶᠣᠰᠣᠭᠠᠷ ᠵᠢᠴᠢ ᠴᠠᠭ ᠲᠤᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠮᠡᠳᠡᠭᠡᠨ ᠤ ᠲᠠᠰᠤᠭ ᠪᠠ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ | ᠲᠢᠩᠬᠢᠮ ᠳᠤ ᠮᠡᠳᠡᠭᠦᠯᠦᠨ ᠳᠠᠩᠰᠠᠯᠠᠭᠤᠯᠵᠤ᠂ ᠪᠢᠴᠢᠭ ᠮᠠᠲ᠋ᠧᠷᠢᠶᠠᠯ ᠲᠠᠷᠬᠠᠭᠠᠬᠤ ᠭᠠᠵᠠᠷ ᠠᠯᠪᠠᠨ ᠭᠡᠷ ᠨᠢ | ᠳᠠᠩᠰᠠᠯᠠᠭᠤᠯᠬᠤ ᠳᠤ ᠬᠡᠷᠡᠭᠰᠡᠬᠦ ᠮᠠᠲ᠋ᠧᠷᠢᠶᠠᠯ ᠢ ᠢᠳᠡᠪᠬᠢᠲᠡᠢ ᠬᠠᠮᠵᠢᠯᠴᠠᠨ ᠬᠠᠩᠭᠠᠬᠤ ᠬᠡᠷᠡᠭᠲᠡᠢ᠃ ᠬᠥᠳᠡᠯᠦᠩᠭᠦᠢ ᠪᠠᠷ | ᠥᠪᠡᠷ ᠢ ᠪᠠᠨ ᠪᠠᠶᠢᠴᠠᠭᠠᠵᠤ ᠢᠯᠭᠠᠷᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠪᠠᠶᠢᠩᠭᠤᠵᠢᠭᠤᠯᠤᠭᠰᠠᠨ | ᠥᠪᠡᠷ ᠢ ᠪᠠᠨ ᠪᠠᠶᠢᠴᠠᠭᠠᠵᠤ ᠢᠯᠭᠠᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠡᠷᠬᠡ | ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠠᠵᠢᠯ ᠤᠨ ᠬᠠᠮᠲᠤᠷᠠᠭᠰᠠᠨ ᠬᠤᠷᠠᠯ ᠤᠨ ᠳᠦᠷᠢᠮ ᠢ | ᠲᠣᠭᠲᠠᠭᠠᠵᠤ᠂ ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠤᠯᠲᠠ ᠶᠢ ᠡᠷᠬᠡ ᠲᠡᠭᠰᠢ ᠪᠠᠷ ᠥᠷᠢᠰᠦᠯᠳᠦᠬᠦ ᠶᠢ | ᠬᠢᠨᠠᠨ ᠪᠠᠶᠢᠴᠠᠭᠠᠬᠤ ᠯᠤᠭ᠎ᠠ ᠪᠦᠲᠦᠮᠵᠢᠲᠡᠶ ᠵᠣᠯᠭᠠᠭᠤᠯᠬᠤ ᠬᠡᠷᠡᠭᠲᠡᠢ᠃ ︵ᠬᠠᠤᠯᠢ ᠲᠣᠭᠲᠠᠭᠠᠯ ᠤᠨ ᠭᠠᠵᠠᠷ | ᠲᠦᠷᠦᠭᠦᠯᠡᠵᠦ᠂ ᠠᠯᠪᠠᠨ ᠭᠡᠷ ᠬᠠᠮᠵᠢᠯᠴᠠᠨ᠂ ᠡᠯ᠎ᠡ ᠭᠠᠵᠠᠷ ᠠᠯᠪᠠᠨ ᠭᠡᠷ ᠲᠣᠪᠴᠢᠶ᠎ᠠ ᠪᠣᠳᠠᠲᠠᠢ ᠬᠠᠷᠢᠭᠤᠴᠠᠨ᠎ᠠ︶ | ︵ᠳᠥᠷᠪᠡ︶ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ | ᠳᠠᠷᠠᠭᠠᠯᠠᠯ ᠢ ᠬᠠᠤᠯᠢ ᠶᠣᠰᠣᠭᠠᠷ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠭᠠᠵᠠᠷ ᠠᠯᠪᠠᠨ ᠭᠡᠷ ᠲᠣᠪᠴᠢᠶ᠎ᠠ ᠶᠢ | ᠵᠣᠬᠢᠴᠠᠭᠤᠯᠵᠤ ᠪᠠᠶᠢᠭᠠᠳ 2024 ᠣᠨ ᠤ ᠮᠠᠨ ᠤ ᠲᠢᠩᠬᠢᠮ ᠤᠨ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠶᠢᠨ ᠵᠦᠢᠯᠡᠰ ᠢ ᠬᠠᠤᠯᠢ ᠶᠣᠰᠣᠭᠠᠷ ᠲᠦᠯᠬᠢᠨ ᠠᠬᠢᠭᠤᠯᠵᠤ᠂ ᠣᠯᠠᠨ ᠨᠡᠶᠢᠲᠡ ᠪᠠᠷ ᠢᠶᠠᠨ | ᠣᠷᠣᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ | ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠬᠤ ᠲᠠᠪᠤᠨ ᠶᠡᠭᠡ ᠬᠠᠤᠯᠢ ᠪᠠᠷ ᠲᠣᠭᠲᠠᠭᠠᠭᠰᠠᠨ ᠲᠠᠰ | ᠳᠠᠷᠠᠭᠠᠯᠠᠯ ᠢ ᠪᠥᠬᠦ ᠲᠠᠯ᠎ᠠ ᠪᠠᠷ ᠭᠦᠢᠴᠡᠳᠬᠡᠨ᠎ᠡ ᠃ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠶᠢᠨ | ᠠᠵᠤ ᠠᠬᠤᠢ ᠶᠢᠨ ᠠᠵᠢᠯᠯᠠᠭ᠎ᠠ ᠵᠡᠷᠭᠡ ᠳᠤ ᠬᠤᠯᠪᠣᠭᠳᠠᠬᠤ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠨᠡᠶᠢᠲᠡᠯᠡᠬᠦ ᠳᠤ ᠂ ᠲᠥᠪ ᠭᠤᠥᠯᠴᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ︵ᠬᠠᠤᠯᠢ | ᠲᠣᠭᠲᠠᠭᠠᠯ ᠤᠨ ᠭᠠᠵᠠᠷ᠂ ᠠᠯᠪᠠᠨ ᠭᠡᠷ ᠠᠴᠠ ᠲᠦᠷᠦᠭᠦᠯᠡᠵᠦ᠂ ᠡᠯ᠎ᠡ ᠭᠠᠵᠠᠷ ᠠᠯᠪᠠᠨ ᠭᠡᠷ ᠲᠣᠪᠴᠢᠶ᠎ᠠ ᠪᠣᠳᠠᠲᠠᠢ | ᠬᠠᠷᠢᠭᠤᠴᠠᠨ᠎ᠠ︶ | ︵ᠲᠠᠪᠤ︶ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠵᠦ ᠬᠢᠨᠠᠯᠲᠠ | ᠲᠠᠯᠪᠢᠬᠤ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠬᠡᠷᠡᠭ ᠢ ᠬᠠᠤᠯᠢ ᠳᠦᠷᠢᠮ ᠢᠶᠠᠷ ᠬᠢᠨᠠᠨ ᠬᠠᠷᠭᠤᠭᠤᠯᠤᠨ᠎ᠠ ᠃ ᠪᠥᠬᠦ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠱᠠᠭᠠᠷᠳᠠᠨ ᠪᠠᠶᠢᠴᠠᠭᠠᠬᠤ ᠠᠵᠢᠯ ᠢ | ᠦᠷᠨᠢᠭᠦᠯᠦᠨ᠎ᠡ᠃ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠰᠢᠳᠬᠡᠯ | ᠲᠣᠷᠭᠠᠭᠤᠯᠢ ᠶᠢᠨ ᠬᠡᠷᠡᠭ ᠢ ᠦᠨᠡᠯᠡᠨ ᠪᠠᠶᠢᠴᠠᠭᠠᠨ᠎ᠠ ︵ᠬᠠᠤᠯᠢ ᠲᠣᠭᠲᠠᠭᠠᠯ ᠤᠨ ᠭᠠᠵᠠᠷ ᠲᠦᠷᠦᠬᠦᠯᠡᠨᠡ ︶ | ︵ᠵᠢᠷᠭᠤᠭ᠎ᠠ︶ ᠬᠠᠤᠯᠢ ᠴᠠᠭᠠᠵᠠ ᠶᠢᠨ ᠵᠥᠪᠯᠡᠭᠴᠢ ᠶᠢᠨ ᠦᠢᠯᠡᠳᠦᠯ ᠢ ᠪᠠᠳᠠᠷᠠᠭᠤᠯᠤᠨ᠎ᠠ ᠃ ᠮᠠᠨ ᠤ ᠲᠢᠩᠬᠢᠮ | ᠲᠦᠷᠦᠭᠦᠯᠡᠨ ᠬᠠᠤᠯᠢ ᠲᠣᠭᠲᠠᠭᠠᠯ ᠳᠦᠷᠢᠮ ᠲᠣᠭᠲᠠᠭᠠᠯ ᠤᠨ ᠲᠥᠰᠥᠯ ᠢ ᠲᠤᠭᠤᠷᠪᠢᠵᠤ᠂ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠵᠤ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠭᠠᠷᠭᠠᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ | ᠵᠠᠬᠢᠷᠭᠠᠨ ᠤ ︵ᠢᠷᠭᠡᠨ ᠤ ᠬᠡᠷᠡᠭ︶ ᠵᠠᠷᠭᠤ ᠬᠦᠯᠢᠶᠡᠬᠦ᠂ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠵᠡᠷᠭᠡ ᠬᠠᠤᠯᠢ | ᠴᠠᠭᠠᠵᠠ ᠳᠤ ᠬᠤᠯᠪᠣᠭᠳᠠᠬᠤ ᠲᠠᠯ᠎ᠠ ᠶᠢᠨ ᠬᠡᠷᠡᠭ ᠶᠠᠪᠤᠳᠠᠯ ᠳᠤ ᠣᠷᠣᠯᠴᠠᠵᠤ᠂ ᠬᠠᠤᠯᠢ ᠴᠠᠭᠠᠵᠠ ᠶᠢᠨ ᠵᠥᠪᠯᠡᠭᠴᠢ ᠶᠢᠨ | ᠦᠢᠯᠡᠳᠦᠯ ᠢ ᠪᠦᠲᠦᠮᠵᠢᠲᠡᠶ ᠪᠠᠳᠠᠷᠠᠭᠤᠯᠬᠤ ᠶᠢ ᠳᠠᠶᠢᠴᠢᠯᠠᠨ᠂ ᠲᠢᠩᠬᠢᠮ ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠭᠡᠷ | ᠲᠣᠪᠴᠢᠶ᠎ᠠ ᠶᠢ ᠬᠠᠮᠵᠢᠨ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠮᠢᠶ᠎ᠠ | ᠪᠦᠬᠦᠢ ᠠᠵᠢᠯ ᠢ ᠰᠠᠶᠢᠲᠤᠷ ᠬᠢᠪᠡ᠃ ︵ᠬᠠᠤᠯᠢ ᠲᠣᠭᠲᠠᠭᠠᠯ ᠤᠨ ᠭᠠᠵᠠᠷ ᠠᠴᠠ ᠲᠦᠷᠦᠭᠦᠯᠡᠵᠦ᠂ ᠡᠯ᠎ᠡ ᠭᠠᠵᠠᠷ | ᠠᠯᠪᠠᠨ ᠭᠡᠷ ᠲᠣᠪᠴᠢᠶ᠎ᠠ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ ᠪᠣᠳᠠᠲᠠᠢ ᠬᠠᠷᠢᠭᠤᠴᠠᠨ᠎ᠠ︶ | ︵ᠳᠣᠯᠤᠭ᠎ᠠ︶ ᠲᠢᠩᠬᠢᠮ ᠤᠨ ᠰᠢᠰᠲ᠋ᠧᠮ ᠤᠨ ᠺᠠᠳ᠋ᠷ ᠤᠨ ᠬᠠᠤᠯᠢᠵᠢᠯ ᠤᠨ ᠬᠡᠪ ᠪᠣᠯᠪᠠᠰᠤᠷᠠᠯ ᠢ | ᠳᠡᠭᠡᠭᠰᠢᠯᠡᠭᠦᠯᠦᠨ᠎ᠡ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ | 2024 ᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠠᠤᠯᠢ ᠰᠤᠷᠤᠯᠴᠠᠬᠤ ᠲᠥᠯᠥᠪᠯᠡᠭᠡ ᠪᠠ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ | ᠰᠤᠷᠤᠯᠴᠠᠬᠤ ᠠᠭᠤᠯᠭ᠎ᠠ ᠳᠤ ᠣᠷᠣᠭᠤᠯᠵᠤ᠂ ᠪᠠᠶᠢᠭᠤᠯᠤᠯᠭ᠎ᠠ ᠶᠢᠨ ᠠᠵᠢᠯᠲᠠᠨ ᠤ ᠠᠩᠬᠠᠨ ᠤ ᠲᠤᠰᠢᠶᠠᠯ ᠤᠨ | ᠪᠣᠯᠪᠠᠰᠤᠷᠠᠯ᠂ ᠲᠤᠰᠢᠶᠠᠯ ᠤᠨ ᠪᠣᠯᠪᠠᠰᠤᠷᠠᠯ ᠤᠨ ᠠᠭᠤᠯᠭ᠎ᠠ ᠳᠤ ᠣᠷᠣᠭᠤᠯᠵᠤ ᠂ ᠰᠢᠨ᠎ᠡ ᠪᠠᠷ ᠲᠤᠰᠢᠶᠠᠯ ᠳᠤ | ᠭᠠᠷᠤᠭᠰᠠᠨ ᠭᠠᠵᠠᠷ ᠤᠨ ᠲᠡᠰ ᠤᠨ ᠺᠠᠳ᠋ᠷ ᠲᠤ ᠬᠠᠤᠯᠢ ᠴᠠᠭᠠᠵᠠ ᠶᠢᠨ ᠮᠡᠳᠡᠯᠭᠡ ᠶᠢᠨ ᠰᠢᠯᠭᠠᠯᠲᠠ ᠬᠢᠵᠦ ᠂ | ᠦᠨᠳᠦᠰᠦᠨ ᠬᠠᠤᠯᠢ ᠳᠤ ᠲᠠᠩᠭᠠᠷᠢᠭᠯᠠᠬᠤ ᠠᠵᠢᠯ ᠢ ᠥᠷᠨᠢᠭᠦᠯᠪᠡ ᠃ ᠬᠠᠤᠯᠢᠵᠢᠯ ᠤᠨ ᠲᠤᠰᠬᠠᠢ ᠰᠡᠳᠦᠪᠲᠦ | ᠲᠠᠶᠢᠯᠤᠮᠵᠢ ᠡᠷᠭᠢᠯᠡᠵᠦ᠂ ᠲᠢᠩᠬᠢᠮ ᠤᠨ ᠰᠢᠭᠦᠯᠲᠡ ᠶᠢᠨ ᠬᠠᠷᠠᠭᠠᠨ ᠳᠠᠪᠲᠠᠮᠵᠢ ᠶᠢ ᠵᠣᠬᠢᠶᠠᠨ ᠪᠠᠶᠢᠭᠤᠯᠤᠨ ᠦᠵᠡᠵᠦ᠂ | ᠤᠳᠤᠷᠢᠳᠬᠤ ᠺᠠᠳ᠋ᠷᠴᠤᠳ ᠤᠨ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ | ᠮᠠᠯᠴᠢᠳ ᠤᠨ ᠠᠵᠢᠯ ᠢ ᠬᠠᠤᠯᠢ ᠶᠣᠰᠣᠭᠠᠷ ᠲᠦᠯᠬᠢᠨ ᠠᠬᠢᠭᠤᠯᠬᠤ ᠤᠯᠤᠰ ᠲᠥᠷᠥ ᠶᠢᠨ ᠤᠬᠠᠮᠰᠠᠷ᠂ ᠦᠵᠡᠯ | ᠰᠠᠨᠠᠭᠠᠨ ᠤ ᠤᠬᠠᠮᠰᠠᠷ ᠪᠠ ᠦᠶᠯᠡ ᠠᠵᠢᠯᠯᠠᠭᠠᠨ ᠤ ᠤᠬᠠᠮᠰᠠᠷ ᠢ ᠦᠷᠭᠦᠯᠵᠢᠯᠡᠨ ᠴᠢᠩᠭᠠᠳᠬᠠᠪᠠ᠃ | ︵ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠠᠵᠢᠯᠲᠠᠨ ᠤ ᠶᠠᠪᠤᠳᠠᠯ ᠤᠨ ᠭᠠᠵᠠᠷ᠂ ᠬᠠᠤᠯᠢ ᠲᠣᠭᠲᠠᠭᠠᠯ ᠤᠨ ᠭᠠᠵᠠᠷ | ᠬᠠᠷᠢᠭᠤᠴᠠᠨ᠎ᠠ︶ | ᠭᠤᠷᠪᠠ᠂ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠦᠨ᠎ᠡ | ︵ᠨᠠᠢᠮᠠ︶ ᠬᠠᠤᠯᠢ ᠬᠡᠷᠡᠭᠵᠢᠭᠦᠯᠬᠦ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠲᠠᠷᠢᠶᠠᠯᠠᠩ ᠬᠥᠳᠡᠭᠡ | ᠲᠣᠰᠬᠤᠨ ᠤ ᠶᠠᠮᠤᠨ ᠤ ︽ᠲᠠᠷᠢᠶᠠᠯᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ | ᠬᠢᠭᠡᠳ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠮᠵᠢᠯᠴᠠᠬᠤ ᠲᠣᠭᠲᠠᠴᠠ ᠶᠢ ᠪᠦᠷᠢᠨᠰᠢᠭᠦᠯᠬᠦ ᠲᠤᠬᠠᠢ | ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠱᠠᠭᠠᠷᠳᠠᠯᠭ᠎ᠠ ᠶᠣᠰᠣᠭᠠᠷ᠂ ᠲᠠᠷᠢᠶᠠᠯᠠᠩ ᠮᠠᠯ ᠠᠵᠤ ᠠᠬᠤᠢ ᠶᠢᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠠᠵᠢᠯ ᠲᠥᠷᠥᠯ ᠤᠨ | ᠬᠢᠨᠠᠯᠲᠠ ᠬᠠᠮᠢᠶᠠᠷᠤᠯᠲᠠ ᠬᠢᠭᠡᠳ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠪᠦᠲᠦᠮᠵᠢᠲᠡᠶ ᠵᠣᠯᠭᠠᠭᠤᠯᠬᠤ᠂ | ᠨᠢᠭᠡ ᠴᠣᠭᠴᠠᠵᠢᠭᠤᠯᠤᠨ ᠦᠢᠯᠡᠴᠢᠯᠡᠬᠦ ᠶᠢ ᠠᠬᠢᠭᠤᠯᠤᠨ᠎ᠠ᠃ ᠪᠥᠬᠦ ᠤᠯᠤᠰ ᠤᠨ ᠲᠠᠷᠢᠶᠠᠯᠠᠩ ᠤᠨ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢᠨ ᠰᠢᠰᠲ᠋ᠧᠮ ᠢ ᠰᠠᠶᠢᠲᠤᠷ ᠬᠡᠷᠡᠭᠯᠡᠵᠦ᠂ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠮᠡᠳᠡᠭᠡ | ᠲᠠᠷᠢᠶᠠᠯᠠᠩ ᠮᠠᠯ ᠠᠵᠤ ᠠᠬᠤᠢ ᠶᠢᠨ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠶᠢᠨ ᠨᠥᠬᠦᠴᠡᠯ ᠢ ᠪᠠᠲᠤᠯᠠᠬᠤ | ᠲᠥᠷᠥ ᠶᠢᠨ ᠪᠣᠳᠣᠯᠭ᠎ᠠ ᠶᠢ ᠠᠶᠢᠮᠠᠭ ᠬᠤᠲᠠ ᠶᠢᠨ ᠬᠤᠭᠤᠷᠣᠨᠳᠣᠬᠢ ᠬᠠᠤᠯᠢ ᠬᠡᠷᠡᠭᠵᠢᠭᠦᠯᠬᠦ ᠡᠩᠨᠡᠭᠡ ᠶᠢᠨ | ︽ᠬᠤᠣᠰᠯᠠᠨ ᠬᠠᠪᠰᠤᠷᠤᠯᠴᠠᠵᠤ︾ ︽ᠰᠣᠯᠪᠢᠴᠠᠭᠤᠯᠤᠨ ᠬᠠᠤᠯᠢ ᠬᠡᠷᠡᠭᠵᠢᠭᠦᠯᠬᠦ︾ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠰᠣᠯᠢᠯᠴᠠᠵᠤ ᠬᠠᠷᠢᠯᠴᠠᠨ ᠲᠣᠯᠢᠯᠠᠬᠤ᠂ ᠬᠠᠮᠲᠤᠪᠠᠷ ᠳᠡᠭᠡᠭᠰᠢᠯᠡᠭᠦᠯᠬᠦ ᠶᠢ | ᠠᠬᠢᠭᠤᠯᠤᠨ᠎ᠠ᠃ | ︵ᠶᠢᠰᠦ︶ ᠬᠠᠤᠯᠢ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠲᠠᠷᠢᠶᠠᠯᠠᠩ ᠮᠠᠯ ᠠᠵᠤ | ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ︽ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠵᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠶᠢᠨ | ᠬᠡᠷᠡᠭᠵᠢᠭᠦᠯᠬᠦ ᠲᠥᠰᠥᠯ︾ ᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠪᠥᠬᠦ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠳᠠᠲᠤ ᠶᠠᠪᠤᠳᠠᠯ ᠤᠨ ᠰᠢᠷᠢᠰ | ᠪᠣᠯᠪᠠᠰᠤᠷᠠᠯ ᠪᠠ ᠵᠡᠪᠰᠡᠭ ᠤᠨ ᠡᠷᠳᠡᠮ ᠤᠨ ᠮᠥᠷᠥᠶᠢᠴᠡᠭᠡᠨ ᠴᠡᠷᠢᠭ ᠤᠨ ᠪᠣᠯᠪᠠᠰᠤᠷᠠᠯ ᠤᠨ ᠠᠵᠢᠯᠯᠠᠭ᠎ᠠ ᠶᠢ ᠡᠷᠭᠢᠯᠡᠵᠦ᠂ | ᠵᠢᠯ ᠤᠨ ᠳᠣᠲᠣᠷ᠎ᠠ ᠨᠠᠭᠠᠲᠤ ᠵᠠᠬ᠎ᠠ ᠳᠠᠭᠠᠨ 40% ᠶᠢᠨ ᠬᠠᠤᠯᠢ ᠬᠡᠷᠡᠭᠵᠢᠭᠦᠯᠬᠦ ᠠᠵᠢᠯᠲᠠᠨ ᠢ ᠳᠠᠬᠢᠨ ᠡᠭᠡᠯᠵᠢᠯᠡᠨ | ᠪᠣᠯᠪᠠᠰᠤᠷᠠᠭᠤᠯᠤᠨ᠎ᠠ᠃ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠᠶᠢᠴᠠᠭᠠᠨ ᠰᠤᠳᠤᠯᠤᠯᠲᠠ ᠲᠠᠢ | ᠤᠶᠠᠯᠳᠤᠭᠤᠯᠤᠨ ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠠᠵᠢᠯ ᠤᠨ ᠲᠤᠬᠠᠢ ᠶᠢᠨ | ᠲᠠᠯᠠᠪᠤᠷ ᠤᠨ ᠵᠢᠯᠣᠭᠤᠳᠤᠯᠭ᠎ᠠ ᠶᠢ ᠴᠢᠩᠭᠠᠳᠬᠠᠵᠤ ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠠᠵᠢᠯᠲᠠᠨ ᠢ | ᠲᠠᠶᠢᠴᠢᠯᠠᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠦᠨ᠎ᠡ ᠃ | ᠥᠪᠡᠷᠲᠡᠭᠡᠨ ᠵᠠᠰᠠᠬᠤ ᠣᠷᠣᠨ ᠤ ᠬᠠᠤᠯᠢ ᠬᠡᠷᠡᠭᠵᠢᠭᠦᠯᠬᠦ ᠲᠤᠰᠬᠠᠢ ᠮᠡᠷᠭᠡᠵᠢᠯᠲᠡᠨ ᠤ ᠬᠥᠮᠥᠷᠭᠡ ᠳᠤ ᠲᠣᠬᠢᠷᠠᠭᠤᠯᠤᠯᠲᠠ | ᠬᠢᠵᠦ᠂ ᠬᠠᠤᠯᠢ ᠬᠡᠷᠡᠭᠵᠢᠭᠦᠯᠬᠦ ᠪᠠᠭᠰᠢ ᠶᠢᠨ ᠬᠥᠮᠥᠷᠭᠡ ᠶᠢ ᠵᠣᠬᠢᠶᠠᠨ ᠪᠠᠶᠢᠭᠤᠯᠤᠨ᠎ᠠ᠃ ᠪᠥᠬᠦ ᠤᠯᠤᠰ ᠤᠨ | ᠲᠠᠷᠢᠶᠠᠯᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠢᠱᠢᠶ᠎ᠡ ᠦᠵᠡᠭᠦᠯᠬᠦ | ᠴᠣᠩᠬᠤ ︵ᠨᠢᠭᠡᠴᠢ ︶ ᠶᠢ ᠡᠭᠦᠳᠦᠨ ᠪᠠᠶᠢᠭᠤᠯᠬᠤ ᠵᠢᠴᠢ ᠡᠯ᠎ᠡ ᠲᠥᠷᠥᠯ ᠤᠨ ᠵᠢᠯᠣᠭᠤᠳᠤᠯᠭ᠎ᠠ ᠶᠢᠨ ᠴᠢᠨᠠᠷᠲᠠᠢ | ᠬᠡᠷᠡᠭ ᠤᠨ ᠵᠢᠱᠢᠶ᠎ᠡ᠂ ᠨᠡᠶᠢᠲᠡᠯᠢᠭ ᠬᠡᠷᠡᠭ ᠤᠨ ᠵᠢᠱᠢᠶ᠎ᠡ ᠶᠢ ᠰᠢᠯᠭᠠᠷᠠᠭᠤᠯᠬᠤ᠂ ᠬᠡᠷᠡᠭ ᠤᠨ ᠡᠪᠬᠡᠮᠡᠯ ᠢ ᠦᠨᠡᠯᠡᠨ | ᠪᠠᠶᠢᠴᠠᠭᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠪᠥᠬᠦ ᠣᠷᠣᠨ ᠤ ᠬᠠᠤᠯᠢ ᠬᠡᠷᠡᠭᠵᠢᠭᠦᠯᠦᠭᠰᠡᠨ ᠨᠡᠶᠢᠲᠡᠯᠢᠭ | ᠬᠡᠷᠡᠭ ᠤᠨ ᠵᠢᠱᠢᠶ᠎ᠡ ᠶᠢ ᠴᠠᠭ ᠲᠤᠨᠢ ᠲᠣᠬᠢᠷᠠᠭᠤᠯᠤᠨ ᠨᠡᠶᠢᠲᠡᠯᠡᠨ᠎ᠡ᠃ | ︵ ᠠᠷᠪᠠ ︶ ᠲᠠᠷᠢᠶᠠᠯᠠᠩ ᠢ ᠬᠠᠯᠳᠠᠨ ᠲᠠᠷᠢᠶᠠᠴᠢᠳ ᠢ ᠬᠤᠬᠢᠷᠠᠭᠤᠯᠬᠤ ᠠᠵᠢᠯᠯᠠᠭ᠎ᠠ ᠳᠤ ᠴᠣᠬᠢᠯᠲᠠ ᠥᠭᠭᠦᠨ᠎ᠡ ᠃ | ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢᠨ ︽ᠨᠣᠭᠤᠭᠠᠨ ᠰᠡᠯᠡᠮ᠎ᠡ ᠪᠠᠷ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ︾ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠮᠤ ᠪᠤᠳᠠᠭᠠᠨ ᠤ ᠠᠮᠤᠷ ᠲᠦᠪᠰᠢᠨ᠂ ᠲᠠᠷᠢᠶᠠᠨ ᠭᠠᠵᠠᠷ ᠤᠨ | ᠬᠠᠮᠠᠭᠠᠯᠠᠯᠲᠠ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ᠂ ᠠᠮᠢᠲᠠᠨ ᠤᠷᠭᠤᠮᠠᠯ ᠤᠨ | ᠬᠢᠵᠢᠭ ᠤᠨ ᠪᠠᠶᠢᠴᠠᠭᠠᠯᠲᠠ᠂ ᠬᠠᠲᠤᠨ ᠭᠤᠣᠯ ᠤᠨ ᠵᠢᠭᠠᠰᠤ ᠠᠩᠨᠠᠬᠤ ᠶᠢ ᠴᠠᠭᠠᠵᠠᠯᠠᠬᠤ᠂ ᠠᠮᠢᠳᠤ ᠪᠣᠳᠠᠰ ᠤᠨ | ᠡᠭᠦᠯᠳᠡᠷ ᠪᠣᠶᠢᠵᠢᠭᠤᠯᠤᠯᠲᠠ ᠶᠢ ᠠᠵᠤ ᠦᠶᠢᠯᠡᠰᠵᠢᠭᠦᠯᠦᠨ ᠬᠡᠷᠡᠭᠯᠡᠬᠦ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ | ᠠᠩᠬᠠᠷᠤᠯ ᠢᠶᠠᠨ ᠲᠥᠪᠯᠡᠷᠡᠭᠦᠯᠦᠨ᠂ ᠲᠠᠷᠢᠶᠠᠴᠢᠳ ᠢ ᠬᠢᠬᠠᠵᠤ ᠲᠠᠷᠢᠶᠠᠴᠢᠳ ᠢ ᠬᠤᠬᠢᠷᠠᠭᠤᠯᠬᠤ ᠬᠠᠤᠯᠢ ᠲᠣᠭᠲᠠᠭᠠᠯ | ᠠᠴᠠ ᠵᠥᠷᠢᠴᠡᠭᠰᠡᠨ ᠡᠯ᠎ᠡ ︽ ᠵᠠᠬᠢᠶᠠᠯᠠᠭ᠎ᠠ ᠶᠢᠨ ᠲᠠᠷᠢᠶᠠᠯᠠᠩ ︾ ᠭᠡᠬᠦ ᠨᠡᠷ᠎ᠡ ᠪᠠᠷ ᠮᠡᠬᠡᠯᠡᠯ ᠭᠠᠷᠭᠠᠵᠤ ᠲᠠᠷᠢᠶᠠᠴᠢᠳ ᠢ | ᠮᠡᠬᠡᠯᠡᠵᠦ ᠲᠠᠷᠢᠶᠠᠴᠢᠳ ᠲᠤ ᠬᠤᠬᠢᠷᠠᠯ ᠤᠴᠠᠷᠠᠭᠤᠯᠬᠤ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ | ᠥᠷᠨᠢᠭᠦᠯᠵᠦ ᠂ ᠨᠢᠭᠡ ᠪᠦᠯᠦᠭ ᠨᠡᠶᠢᠲᠡᠯᠢᠭ ᠬᠡᠷᠡᠭ ᠤᠨ ᠵᠢᠱᠢᠶ᠎ᠡ ᠶᠢ ᠴᠤᠭᠯᠠᠭᠤᠯᠪᠠ ᠃ ᠳᠣᠲᠣᠭᠠᠳᠤ ᠶᠢ ᠬᠠᠮᠠᠭᠠᠯᠠᠬᠤ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠯᠦᠭᠡ ᠶᠢᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠬᠠᠮᠵᠢᠯᠴᠠᠭ᠎ᠠ ᠶᠢ ᠴᠢᠩᠭᠠᠳᠬᠠᠵᠤ᠂ ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠠᠤᠯᠢ | ᠬᠡᠷᠡᠭᠵᠢᠭᠦᠯᠬᠦ ᠶᠢ ᠠᠬᠢᠭᠤᠯᠤᠨ᠎ᠠ᠃ | ︵ᠠᠷᠪᠠᠨ ᠨᠢᠭᠡ︶ ᠰᠤᠷᠲᠠᠯ ᠤᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠨᠠᠮᠴᠢ ᠴᠢᠨᠠᠷ ᠤᠨ ᠬᠥᠮᠦᠵᠢᠯ ᠢ | ᠴᠢᠩᠭᠠᠳᠬᠠᠵᠤ᠂ ᠠᠷᠠᠳ ᠤᠨ ᠲᠥᠯᠥᠭᠡ ᠵᠢᠳᠬᠦᠬᠦ ᠰᠡᠳᠬᠢᠯ ᠢ ᠪᠠᠲᠤ ᠰᠠᠬᠢᠵᠤ᠂ ᠰᠤᠷᠲᠠᠯ ᠢ ᠲᠥᠪ ᠪᠣᠯᠭᠠᠨ | ᠰᠠᠬᠢᠯᠭ᠎ᠠ ᠪᠠᠲᠤ ᠶᠢ ᠴᠢᠩᠳᠠᠯᠠᠬᠤ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠤᠯᠤᠰ | ᠲᠥᠷᠥ ᠶᠢᠨ ᠦᠨᠡᠨᠴᠢ ᠰᠢᠳᠤᠷᠭᠤ ᠶᠢ ᠪᠠᠲᠤ ᠪᠠᠬᠢ ᠪᠠᠶᠢᠭᠤᠯᠵᠤ᠂ ᠬᠠᠷᠢᠭᠤᠴᠠᠯᠭ᠎ᠠ ᠡᠭᠦᠷᠭᠡᠯᠡᠯ ᠢ ᠪᠠᠲᠤ ᠰᠠᠬᠢᠭᠤᠯᠬᠤ | ᠬᠡᠷᠡᠭᠲᠡᠢ᠃ ᠴᠢᠩᠭ᠎ᠠ ᠵᠢᠷᠤᠮᠵᠢᠯ ᠲᠠᠢ ᠲᠥᠪ ᠭᠤᠥᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠠᠷᠢᠮᠲᠠᠯᠠᠨ᠂ | ᠬᠢᠷᠢ ᠬᠡᠮ ᠤᠨ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠤᠷᠪᠠᠨ ᠵᠦᠢᠯ ᠤᠨ ᠳᠦᠷᠢᠮ︾ ᠵᠡᠷᠭᠡ | ᠬᠠᠤᠯᠢ ᠬᠡᠷᠡᠭᠵᠢᠭᠦᠯᠬᠦ ᠳᠦᠷᠢᠮ ᠤᠨ ᠵᠢᠷᠤᠮᠵᠢᠯ ᠢ ᠲᠡᠭᠦᠯᠳᠡᠷᠵᠢᠭᠦᠯᠦᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠢᠳᠬᠠᠨ ᠬᠥᠮᠥᠵᠢᠭᠦᠯᠬᠦ᠂ ᠢᠳᠬᠠᠨ ᠵᠢᠱᠢᠶ᠎ᠡ ᠦᠵᠡᠭᠦᠯᠬᠦ᠂ ᠰᠡᠷᠡᠮᠵᠢᠯᠡᠭᠦᠯᠦᠨ | ᠰᠠᠨᠠᠭᠤᠯᠬᠤ᠂ ᠵᠢᠭᠠᠨ ᠵᠢᠯᠤᠭᠤᠳᠴᠤ ᠪᠣᠯᠵᠣᠨ ᠶᠠᠷᠢᠯᠴᠠᠬᠤ ᠵᠡᠷᠭᠡ ᠠᠷᠭ᠎ᠠ ᠶᠢ ᠲᠠᠷᠢᠶᠠᠯᠠᠩ ᠮᠠᠯ ᠠᠵᠤ ᠠᠬᠤᠢ ᠶᠢᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠥᠷᠭᠡᠨ ᠢᠶᠠᠷ ᠬᠡᠷᠡᠭᠯᠡᠬᠦ ᠶᠢ ᠠᠬᠢᠭᠤᠯᠤᠨ᠎ᠠ᠃ ᠡᠯ᠎ᠡ ᠱᠠᠲᠤᠨ ᠤ | ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ︽ᠲᠣᠷᠭᠠᠬᠤ ᠪᠠᠷ | ᠬᠠᠮᠢᠶᠠᠷᠤᠯᠲᠠ ᠶᠢ ᠣᠷᠣᠯᠠᠭᠤᠯᠬᠤ︾ ᠵᠡᠷᠭᠡ ᠠᠰᠠᠭᠤᠳᠠᠯ ᠳᠤ ᠴᠢᠭᠯᠡᠭᠦᠯᠦᠨ ᠥᠪᠡᠷ ᠢ ᠪᠠᠨ ᠪᠠᠶᠢᠴᠠᠭᠠᠵᠤ | ᠥᠪᠡᠷ ᠢ ᠪᠠᠨ ᠥᠭᠡᠷᠡᠴᠢᠯᠡᠨ᠎ᠡ᠃ ᠪᠠᠭᠲᠠᠭᠠᠮᠵᠢᠲᠠᠢ ᠬᠢᠨᠠᠭᠤᠷ ᠪᠣᠯᠭᠤᠮᠵᠢᠲᠠᠢ ᠬᠠᠤᠯᠢ ᠬᠡᠷᠡᠭᠵᠢᠭᠦᠯᠬᠦ ᠬᠢᠨᠠᠯᠲᠠ | ᠬᠠᠮᠢᠶᠠᠷᠤᠯᠲᠠ ᠶᠢᠨ 4 ᠨᠠᠷᠢᠨ ᠳᠠᠩᠰᠠ ᠶᠢ ᠰᠤᠳᠤᠯᠤᠨ ᠲᠣᠭᠲᠠᠭᠠᠪᠠ ᠃ | ︵ᠠᠷᠪᠠᠨ ᠬᠤᠶᠠᠷ︶ ᠨᠡᠶᠢᠲᠡᠯᠢᠭ ᠵᠢᠱᠢᠶ᠎ᠡ ᠶᠢᠨ ᠤᠬᠠᠭᠤᠯᠭ᠎ᠠ ᠶᠢ ᠴᠢᠩᠭᠠᠳᠬᠠᠨ᠎ᠠ᠃ ᠡᠯ᠎ᠡ ᠲᠥᠷᠥᠯ ᠤᠨ | ᠵᠠᠭᠤᠴᠢᠯᠠᠭᠤᠷ ᠤᠨ ᠤᠬᠠᠭᠤᠯᠭ᠎ᠠ ᠶᠢᠨ ᠬᠠᠤᠯᠢ ᠬᠡᠷᠡᠭᠵᠢᠭᠦᠯᠬᠦ ᠡᠩᠨᠡᠭᠡ ᠶᠢᠨ ᠠᠵᠢᠯ ᠤᠨ ᠦᠷ᠎ᠡ ᠪᠦᠲᠦᠮᠵᠢ ᠶᠢ | ᠭᠦᠢᠴᠡᠳ ᠠᠰᠢᠭᠯᠠᠨ᠂ ᠨᠢᠭᠡ ᠪᠦᠯᠦᠭ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠦᠭᠰᠡᠨ ᠨᠡᠶᠢᠲᠡᠯᠢᠭ ᠬᠡᠷᠡᠭ ᠤᠨ | ᠵᠢᠱᠢᠶ᠎ᠡ ᠶᠢ ᠭᠦᠨᠵᠡᠭᠡᠢ ᠠᠭᠤᠳᠠᠯᠵᠤ᠂ ᠨᠢᠭᠡ ᠪᠦᠯᠦᠭ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠣᠩᠭᠤᠨ ᠪᠣᠶ ᠪᠣᠯᠭᠠᠵᠤ᠂ | ᠮᠡᠳᠡᠭᠡ ᠵᠠᠩᠭᠢ ᠶᠢ ᠭᠠᠳᠠᠭᠠᠳᠤ ᠳᠤ ᠭᠠᠷᠭᠠᠬᠤ ᠶᠢ ᠬᠢᠨᠠᠨ ᠬᠠᠷᠭᠤᠭᠤᠯᠵᠤ ᠪᠣᠭᠤᠮᠲᠠ ᠰᠠᠬᠢᠬᠤ ᠶᠢ ᠴᠢᠩᠭᠠᠳᠬᠠᠨ᠂ | ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠵᠦ᠂ ︽ᠲᠠᠷᠢᠶᠠᠯᠠᠩ ᠮᠠᠯ ᠠᠵᠤ | ᠠᠬᠤᠢ ᠶᠢᠨ ᠬᠠᠤᠯᠢ ᠬᠡᠷᠡᠭᠵᠢᠭᠦᠯᠦᠭᠰᠡᠨ ᠥᠯᠢᠭᠡᠷ︾ ᠢ ᠰᠠᠶᠢᠲᠤᠷ ᠶᠠᠷᠢᠵᠤ᠂ ᠬᠠᠤᠯᠢ ᠬᠡᠷᠡᠭᠵᠢᠭᠦᠯᠬᠦ ᠪᠠᠷ | ᠲᠠᠷᠢᠶᠠᠯᠠᠩ ᠤᠨ ᠲᠥᠯᠥᠭᠡ ᠲᠠᠷᠢᠶᠠᠯᠠᠩ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ | ᠬᠡᠷᠡᠭᠲᠡᠢ᠃ | ᠳᠥᠷᠪᠡ᠂ ᠮᠠᠯᠵᠢᠬᠤ ᠲᠠᠷᠢᠶᠠᠯᠠᠬᠤ ᠣᠷᠣᠨ ᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠯᠠᠪᠳᠠᠭᠤᠨ ᠢᠶᠠᠷ | ᠠᠬᠢᠭᠤᠯᠤᠨ᠎ᠠ | ︵ᠠᠷᠪᠠᠨ ᠭᠤᠷᠪᠠ︶ ᠬᠠᠤᠯᠢᠵᠢᠯ ᠤᠨ ᠬᠥᠳᠡᠭᠡ ᠲᠣᠰᠬᠤᠨ ᠤ ᠪᠠᠶᠢᠭᠤᠯᠤᠯᠲᠠ ᠪᠠ ᠮᠠᠯᠴᠢᠨ ᠲᠠᠷᠢᠶᠠᠴᠢᠨ ᠤ | ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠨ᠎ᠠ᠃ ᠬᠠᠤᠯᠢ ᠴᠠᠭᠠᠵᠠ ᠬᠠᠤᠯᠢ ᠲᠣᠭᠲᠠᠭᠠᠯ ᠢ ᠲᠣᠭᠲᠠᠭᠠᠬᠤ | ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠭᠰᠠᠨ ᠪᠠᠶᠢᠳᠠᠯ ᠲᠠᠢ ᠤᠶᠠᠯᠳᠤᠭᠤᠯᠤᠨ ᠂ ︽ ᠬᠡᠨ ᠬᠠᠤᠯᠢ | ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ᠂ ᠬᠡᠨ ᠬᠠᠮᠢᠶᠠᠷᠪᠠᠯ ᠬᠡᠨ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ᠂ ᠬᠡᠨ ᠦᠢᠯᠡᠴᠢᠯᠡᠪᠡᠯ ᠬᠡᠨ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ ᠃ ᠣᠨ ᠤ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠭᠲᠠᠭᠠᠨ | ᠲᠡᠭᠦᠯᠳᠡᠷᠵᠢᠭᠦᠯᠵᠦ᠂ ᠬᠠᠷᠢᠭᠤᠴᠠᠯᠭᠠᠲᠤ ᠨᠢᠭᠡᠴᠢ ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠡᠲᠡᠭᠡᠳ᠂ ᠤᠬᠠᠭᠤᠯᠭ᠎ᠠ ᠶᠢᠨ ᠠᠭᠤᠯᠭ᠎ᠠ᠂ ᠠᠵᠢᠯᠯᠠᠭ᠎ᠠ ᠶᠢᠨ ᠬᠡᠯᠪᠡᠷᠢ ᠪᠠ ᠴᠠᠭ ᠤᠨ ᠱᠠᠭᠠᠷᠳᠠᠯᠭ᠎ᠠ ᠶᠢ | ᠲᠣᠳᠣᠷᠬᠠᠶᠢᠯᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠠᠷᠢᠶᠠᠯᠠᠩ ᠮᠠᠯ ᠠᠵᠤ ᠠᠬᠤᠢ ᠮᠠᠯᠵᠢᠬᠤ | ᠲᠠᠷᠢᠶᠠᠯᠠᠬᠤ ᠣᠷᠣᠨ ᠤ ᠬᠠᠤᠯᠢ ᠲᠣᠭᠲᠠᠭᠠᠬᠤ᠂ ᠬᠠᠤᠯᠢ ᠬᠡᠷᠡᠭᠵᠢᠭᠦᠯᠬᠦ ᠪᠠ ᠬᠠᠮᠢᠶᠠᠷᠤᠯᠲᠠ ᠦᠢᠯᠡᠴᠢᠯᠡᠭᠡᠨ ᠤ ᠪᠥᠬᠦ | ᠶᠠᠪᠤᠴᠠ ᠳᠤ ᠠᠭᠤᠰᠬᠠᠨ ᠣᠷᠣᠭᠤᠯᠤᠨ᠎ᠠ᠃ ᠰᠢᠨ᠎ᠡ ᠪᠠᠷ ᠨᠡᠶᠢᠲᠡᠯᠡᠭᠰᠡᠨ ᠲᠠᠷᠢᠶᠠᠯᠠᠩ ᠮᠠᠯ ᠠᠵᠤ ᠠᠬᠤᠢ ᠳᠤ | ᠬᠤᠯᠪᠣᠭᠳᠠᠭᠰᠠᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠤᠭᠤᠰᠢᠯᠠᠭᠤᠯᠬᠤ ᠶᠢ ᠴᠢᠩᠭᠠᠳᠬᠠᠵᠤ᠂ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠶᠢᠨ ᠨᠠᠷᠠᠲᠤ ᠲᠥᠷᠥᠯ ᠲᠡᠮᠳᠡᠭᠲᠦ ᠶᠢ | ᠪᠣᠶ ᠪᠣᠯᠭᠠᠵᠤ᠂ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ᠂ ᠳᠤᠮᠳᠠᠳᠤ ᠤᠯᠤᠰ ᠤᠨ ᠲᠠᠷᠢᠶᠠᠴᠢᠳ ᠤᠨ | ᠡᠯᠪᠡᠭ ᠬᠤᠷᠢᠶᠠᠯᠲᠠ ᠶᠢᠨ ᠪᠠᠶᠠᠷ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠢ ᠠᠰᠢᠭᠯᠠᠨ ᠨᠡᠶᠢᠭᠡᠮ ᠤᠨ ᠬᠠᠮᠤᠷᠬᠤ | ᠬᠡᠪᠴᠢᠶ᠎ᠡ ᠪᠠᠷ ᠥᠷᠭᠡᠨ᠂ ᠮᠠᠯᠴᠢᠨ ᠲᠠᠷᠢᠶᠠᠴᠢᠨ ᠣᠯᠠᠨ ᠲᠦᠮᠡᠨ ᠤ ᠣᠷᠣᠯᠴᠠᠬᠤ ᠬᠡᠮᠵᠢᠶ᠎ᠡ ᠪᠠᠷ ᠥᠨᠳᠥᠷ | ᠥᠪᠡᠷᠮᠢᠴᠡ ᠣᠨᠴᠠᠯᠢᠭ ᠲᠠᠢ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠶᠢ | ᠥᠷᠭᠡᠨ ᠢᠶᠠᠷ ᠥᠷᠨᠢᠭᠦᠯᠦᠨ᠎ᠡ᠃ ᠬᠠᠤᠯᠢ ᠴᠠᠭᠠᠵᠠ ᠶᠢᠨ ᠲᠢᠩᠬᠢᠮ ᠲᠠᠢ ᠬᠠᠮᠲᠤᠷᠠᠨ ᠰᠦᠯᠵᠢᠶᠡᠨ ᠳᠡᠭᠡᠷᠡᠬᠢ ᠪᠠ | ᠰᠦᠯᠵᠢᠶᠡᠨ ᠠᠴᠠ ᠭᠠᠳᠠᠭᠤᠷᠬᠢ ᠪᠣᠯᠪᠠᠰᠤᠷᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠮᠣᠳᠣ ᠰᠣᠩᠭᠤᠵᠤ | ᠬᠠᠤᠯᠢ ᠰᠤᠷᠴᠤ ᠬᠠᠤᠯᠢ ᠬᠡᠷᠡᠭᠯᠡᠬᠦ ᠵᠢᠱᠢᠶ᠎ᠡ ᠦᠵᠡᠭᠦᠯᠬᠦ ᠡᠷᠦᠬᠡ ᠶᠢ ᠪᠣᠶᠢᠵᠢᠭᠤᠯᠵᠤ᠂ ︽︿ᠨᠠᠢᠮᠠᠳᠤᠭᠠᠷ ᠲᠠᠪᠤᠨ ᠵᠢᠯ﹀ | ᠤᠨ ᠬᠠᠤᠯᠢ ᠲᠦᠭᠡᠮᠡᠯᠵᠢᠭᠦᠯᠬᠦ ᠶᠠᠪᠤᠴᠠ︾ ᠶᠢᠨ ᠰᠢᠭᠤᠳ ᠨᠡᠪᠲᠡᠷᠡᠭᠦᠯᠬᠦ ᠰᠣᠷᠪᠤᠯᠵᠢᠯᠠᠭ᠎ᠠ ᠶᠢᠨ ᠫᠷᠣᠭ᠍ᠷᠠᠮ ᠢ | ᠲᠠᠨᠢᠯᠴᠠᠭᠤᠯᠬᠤ ᠳᠤ ᠣᠷᠣᠯᠴᠠᠬᠤ ᠶᠢ ᠵᠣᠬᠢᠶᠠᠨ ᠪᠠᠶᠢᠭᠤᠯᠤᠨ ᠲᠠᠨᠢᠯᠴᠠᠭᠤᠯᠵᠤ᠂ ᠵᠢᠱᠢᠶ᠎ᠡ ᠦᠵᠡᠭᠦᠯᠬᠦ ᠡᠷᠦᠬᠡ ᠶᠢᠨ | ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠬᠤ᠂ ᠬᠠᠤᠯᠢ ᠴᠠᠭᠠᠵᠠ ᠶᠢᠨ ᠦᠢᠯᠡᠴᠢᠯᠡᠭᠡ ᠪᠠᠷ ᠬᠥᠲᠥᠯᠥᠨ | ᠵᠢᠯᠤᠭᠤᠳᠬᠤ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ᠂ ᠬᠥᠳᠡᠭᠡ ᠲᠣᠰᠬᠤᠨ ᠤ ᠵᠠᠰᠠᠯᠲᠠ ᠳᠤ ᠣᠷᠣᠯᠴᠠᠬᠤ | ᠲᠠᠯ᠎ᠠ ᠶᠢᠨ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠪᠠ ᠨᠥᠯᠥᠭᠡᠯᠡᠨ ᠳᠠᠶᠢᠴᠢᠯᠠᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯᠲᠠᠨ ᠪᠠ | ᠵᠢᠱᠢᠶ᠎ᠡ ᠦᠵᠡᠭᠦᠯᠬᠦ ᠡᠷᠦᠬᠡ ᠶᠢᠨ ︽ᠬᠤᠣᠰᠯᠠᠯ ᠪᠠᠶᠢᠭᠤᠯᠬᠤ︾ ᠲᠣᠭᠲᠠᠴᠠ ᠶᠢ ᠪᠠᠶᠢᠭᠤᠯᠤᠨ᠎ᠠ᠃ ᠲᠤᠰᠬᠠᠢ | ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠡᠯ᠎ᠡ ᠠᠶᠢᠮᠠᠭ ᠬᠤᠲᠠ ᠶᠢᠨ ᠲᠤᠬᠠᠢ ᠶᠢᠨ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠤᠨ ᠮᠠᠯᠵᠢᠬᠤ ᠲᠠᠷᠢᠶᠠᠯᠠᠬᠤ ᠣᠷᠣᠨ ᠤ ᠬᠠᠤᠯᠢᠵᠢᠯ ᠤᠨ ᠤᠬᠠᠭᠤᠯᠭ᠎ᠠ | ᠬᠥᠮᠦᠵᠢᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢ ᠵᠢᠯᠣᠭᠤᠳᠤᠨ᠎ᠠ᠃ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠷᠭ᠎ᠠ ᠮᠠᠶ᠋ᠢᠭ ᠢ ᠥᠷᠭᠡᠳᠬᠡᠨ᠂ ᠮᠠᠯᠵᠢᠬᠤ ᠲᠠᠷᠢᠶᠠᠯᠠᠬᠤ | ᠣᠷᠣᠨ ᠤ ᠬᠠᠤᠯᠢ ᠰᠤᠷᠤᠯᠴᠠᠵᠤ ᠬᠠᠤᠯᠢ ᠬᠡᠷᠡᠭᠯᠡᠬᠦ ᠣᠬᠤᠷ ᠬᠠᠷᠠᠭᠠᠨ ᠳᠠᠪᠲᠠᠮᠵᠢ ᠪᠠᠷ ᠡᠯᠰᠡᠨ ᠲᠠᠨᠢᠯᠴᠠᠭᠤᠯᠬᠤ | ᠠᠵᠢᠯ ᠢ ᠰᠠᠶᠢᠲᠤᠷ ᠬᠢᠵᠦ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ | ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠰᠦᠯᠵᠢᠶᠡᠨ ᠥᠷᠲᠡᠭᠡ ᠳᠤ ᠨᠡᠶᠢᠲᠡᠯᠢᠭ ᠬᠡᠷᠡᠭ ᠤᠨ | ᠵᠢᠱᠢᠶ᠎ᠡ ᠶᠢ ᠨᠡᠶᠢᠲᠡᠯᠡᠵᠦ᠂ ᠨᠡᠶᠢᠭᠡᠮ ᠨᠡᠶᠢᠲᠡ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ | ᠥᠷᠨᠢᠭᠦᠯᠦᠨ᠎ᠡ᠃ ︵ᠬᠠᠤᠯᠢ ᠲᠣᠭᠲᠠᠭᠠᠯ ᠤᠨ ᠭᠠᠵᠠᠷ ᠲᠦᠷᠦᠭᠦᠯᠡᠵᠦ᠂ ᠡᠯ᠎ᠡ ᠭᠠᠵᠠᠷ ᠠᠯᠪᠠᠨ ᠭᠡᠷ ᠲᠣᠪᠴᠢᠶ᠎ᠠ | ᠬᠠᠮᠵᠢᠯᠴᠠᠨ᠎ᠠ︶ | ᠲᠠᠪᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ | ︵ ᠠᠷᠪᠠᠨ ᠳᠥᠷᠪᠡ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ | ᠪᠠᠷᠢᠮᠵᠢᠶᠠᠵᠢᠭᠤᠯᠤᠯᠳᠠ ᠶᠢ ᠴᠢᠩᠭᠠᠷᠠᠭᠤᠯᠤᠨ᠎ᠠ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ | ᠳᠠᠩᠰᠠ ᠶᠢᠨ ᠬᠠᠮᠢᠶᠠᠷᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠤᠯᠢ ᠶᠣᠰᠣᠭᠠᠷ ᠲᠣᠭᠲᠠᠭᠠᠭᠰᠠᠨ ᠵᠠᠰᠠᠭ | ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠪᠦᠬᠦᠨ ᠢ ᠨᠠᠷᠢᠨ ᠳᠠᠩᠰᠠ ᠶᠢᠨ ᠬᠠᠮᠢᠶᠠᠷᠤᠯᠲᠠ ᠳᠤ ᠣᠷᠣᠭᠤᠯᠵᠤ᠂ | ᠨᠠᠷᠢᠨ ᠳᠠᠩᠰᠠ ᠠᠴᠠ ᠭᠠᠳᠠᠨ᠎ᠠ ᠬᠠᠤᠯᠢ ᠵᠥᠷᠢᠴᠡᠨ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠵᠦ ᠪᠣᠯᠬᠤ | ᠦᠭᠡᠢ᠃ ᠬᠡᠷᠡᠭ ᠶᠠᠪᠤᠳᠠᠯ ᠢ ᠬᠡᠷᠡᠭᠵᠢᠭᠦᠯᠬᠦ ᠬᠦᠴᠦᠨ ᠵᠦᠢᠯ ᠪᠠ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢ | ᠪᠦᠬᠦᠨ ᠢ ᠲᠠᠪᠴᠠᠩ ᠳᠡᠭᠡᠷ᠎ᠡ ᠢᠯᠡ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭ ᠶᠠᠪᠤᠳᠠᠯ ᠢ | ᠬᠥᠳᠡᠯᠦᠩᠭᠦᠢ ᠪᠠᠷ ᠲᠣᠬᠢᠷᠠᠭᠤᠯᠬᠤ ᠠᠵᠢᠯ ᠢ ᠰᠠᠶᠢᠲᠤᠷ ᠬᠢᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠴᠤᠪᠤᠷᠠᠯ ᠢ ᠰᠢᠯᠢᠳᠡᠭᠵᠢᠭᠦᠯᠦᠨ᠂ ᠠᠳᠠᠯᠢ ᠨᠢᠭᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭ ᠶᠠᠪᠤᠳᠠᠯ ᠢ | ᠭᠥᠯᠢᠶᠡᠨ ᠠᠪᠴᠤ ᠰᠢᠢᠳᠪᠦᠷᠢᠯᠡᠬᠦ ᠨᠥᠬᠦᠴᠡᠯ᠂ ᠦᠢᠯᠡᠴᠢᠯᠡᠬᠦ ᠡᠲᠡᠭᠡᠳ᠂ ᠭᠦᠢᠴᠡᠳᠬᠡᠬᠦ ᠴᠤᠪᠤᠷᠠᠯ᠂ ᠭᠤᠶᠤᠴᠢᠯᠠᠬᠤ | ᠮᠠᠲ᠋ᠧᠷᠢᠶᠠᠯ᠂ ᠬᠠᠤᠯᠢ ᠪᠠᠷ ᠲᠣᠭᠲᠠᠭᠠᠭᠰᠠᠨ ᠭᠦᠢᠴᠡᠳᠬᠡᠵᠦ ᠳᠠᠭᠤᠰᠬᠠᠬᠤ ᠴᠠᠭ ᠬᠤᠭᠤᠴᠠᠭ᠎ᠠ᠂ ᠭᠦᠢᠴᠡᠳᠬᠡᠭᠰᠡᠨ | ᠦᠷ᠎ᠡ ᠳ᠋ᠦᠩ ᠵᠡᠷᠭᠡ ᠬᠦᠴᠦᠨ ᠵᠦᠢᠯ ᠢ ᠤᠯᠤᠰ ᠯᠤᠭ᠎ᠠ ᠨᠢᠭᠡᠳᠦᠯᠲᠡᠢ ᠪᠣᠯᠭᠠᠬᠤ ᠶᠢ ᠠᠯᠬᠤᠮ ᠠᠯᠬᠤᠮ ᠢᠶᠠᠷ | ᠪᠡᠶᠡᠯᠡᠭᠦᠯᠬᠦ ᠶᠢ ᠠᠬᠢᠭᠤᠯᠤᠨ᠎ᠠ᠃ ︵ᠬᠠᠤᠯᠢ ᠲᠣᠭᠲᠠᠭᠠᠯ ᠤᠨ ᠭᠠᠵᠠᠷ ᠲᠦᠷᠦᠭᠦᠯᠡᠵᠦ᠂ ᠲᠥᠷᠥ ᠶᠢᠨ ᠪᠣᠳᠣᠯᠭ᠎ᠠ ᠶᠢᠨ | ᠥᠭᠡᠷᠡᠴᠢᠯᠡᠯᠲᠡ ᠶᠢᠨ ᠭᠠᠵᠠᠷ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠭᠠᠵᠠᠷ᠂ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ᠂ | ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠭᠠᠵᠠᠷ᠂ ᠮᠠᠯ ᠠᠵᠤ ᠠᠬᠤᠢ ᠶᠢᠨ ᠲᠣᠪᠴᠢᠶ᠎ᠠ᠂ ᠮᠠᠯ ᠡᠮᠨᠡᠯᠭᠡ ᠶᠢᠨ | ᠲᠣᠪᠴᠢᠶ᠎ᠠ᠂ ᠵᠢᠭᠠᠰᠤᠨ ᠤ ᠠᠵᠤ ᠠᠬᠤᠢ ᠵᠢᠭᠠᠰᠤᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠦᠷ᠎ᠡ ᠶᠢᠨ | ᠦᠢᠯᠡᠰ ᠤᠨ ᠬᠠᠮᠢᠶᠠᠷᠤᠯᠲᠠ ᠶᠢᠨ ᠭᠠᠵᠠᠷ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ | ᠬᠠᠮᠵᠢᠯᠴᠠᠨ᠎ᠠ︶ | ︵ᠠᠷᠪᠠᠨ ᠲᠠᠪᠤ︶ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠦᠶᠯᠡ ᠠᠵᠢᠯᠯᠠᠭ᠎ᠠ ᠶᠢᠨ ᠵᠢᠷᠤᠮᠵᠢᠯ ᠢ | ᠳᠡᠭᠡᠭᠰᠢᠯᠡᠭᠦᠯᠦᠨ᠎ᠡ᠃ ︽ ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ᠶᠢ ᠪᠥᠬᠦ ᠲᠠᠯ᠎ᠠ ᠪᠠᠷ ᠲᠦᠯᠬᠢᠨ | ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠡᠷᠡᠭᠵᠢᠭᠦᠯᠦᠯᠲᠡ ᠶᠢᠨ ᠨᠠᠷᠢᠨ | ᠬᠠᠭᠤᠳᠠᠰᠤ ᠶᠢ ᠴᠢᠩᠭ᠎ᠠ ᠵᠢᠷᠤᠮᠯᠠᠨ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡ ᠬᠠᠩᠭᠠᠵᠤ᠂ ᠬᠢᠨᠠᠨ ᠵᠥᠪᠰᠢᠶᠡᠷᠡᠬᠦ | ᠭᠤᠭᠴᠤᠭ᠎ᠠ ᠪᠠ ᠮᠠᠲ᠋ᠧᠷᠢᠶᠠᠯ ᠢ ᠢᠯᠡᠭᠦᠴᠡ ᠨᠡᠮᠡᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠨᠡᠮᠡᠭᠳᠡᠭᠦᠯᠵᠦ ᠪᠣᠯᠬᠤ | ᠦᠭᠡᠢ᠃ ᠠᠩᠬ᠎ᠠ ᠠᠰᠠᠭᠤᠬᠤ ᠳᠤ ᠬᠠᠷᠢᠭᠤᠴᠠᠬᠤ᠂ ᠨᠢᠭᠡ ᠤᠳᠠᠭ᠎ᠠ ᠳᠤ ᠮᠡᠳᠡᠭᠳᠡᠬᠦ ᠪᠠ ᠬᠤᠭᠤᠴᠠᠭ᠎ᠠ ᠬᠢᠵᠠᠭᠠᠷᠯᠠᠨ | ᠰᠢᠢᠳᠪᠦᠷᠢᠯᠡᠵᠦ ᠳᠠᠭᠤᠰᠬᠠᠬᠤ ᠵᠡᠷᠭᠡ ᠳᠦᠷᠢᠮ ᠢ ᠴᠢᠩᠭ᠎ᠠ ᠬᠡᠷᠡᠭᠵᠢᠭᠦᠯᠦᠨ᠎ᠡ᠃ ᠲᠤᠬᠠᠢ ᠶᠢᠨ ᠲᠠᠯᠠᠪᠠᠶ ᠶᠢᠨ ᠬᠠᠶᠢᠨ | ᠰᠢᠯᠭᠠᠯᠲᠠ᠂ ᠮᠡᠷᠭᠡᠵᠢᠯ ᠤᠨ ᠬᠢᠨᠠᠨ ᠪᠠᠶᠢᠴᠠᠭᠠᠯᠲᠠ ᠵᠡᠷᠭᠡ ᠲᠠᠰ ᠳᠠᠷᠠᠭᠠᠯᠠᠯ ᠢ ᠴᠠᠭ ᠬᠢᠵᠠᠭᠠᠷᠯᠠᠨ ᠭᠦᠢᠴᠡᠳᠬᠡᠵᠦ᠂ | ᠴᠠᠭ ᠬᠢᠵᠠᠭᠠᠷᠯᠠᠨ ᠰᠢᠢᠳᠪᠦᠷᠢᠯᠡᠵᠦ ᠳᠠᠭᠤᠰᠬᠠᠬᠤ ᠲᠣᠭᠲᠠᠴᠠ ᠶᠢ ᠪᠠᠶᠢᠭᠤᠯᠤᠨ᠂ ᠠᠮᠠᠯᠠᠯᠲᠠ ᠶᠢᠨ ᠴᠠᠭ ᠤᠨ | ᠬᠢᠵᠠᠭᠠᠷ ᠢ ᠴᠢᠩᠭ᠎ᠠ ᠵᠢᠷᠤᠮᠯᠠᠨ ᠰᠢᠢᠳᠪᠦᠷᠢᠯᠡᠵᠦ ᠳᠠᠭᠤᠰᠬᠠᠬᠤ ᠬᠡᠷᠡᠭᠲᠡᠢ᠃ ︵ᠬᠠᠤᠯᠢ ᠲᠣᠭᠲᠠᠭᠠᠯ ᠤᠨ ᠭᠠᠵᠠᠷ | ᠲᠦᠷᠦᠭᠦᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠴᠣᠩᠬᠤ᠂ ᠲᠥᠷᠥ ᠶᠢᠨ ᠪᠣᠳᠣᠯᠭ᠎ᠠ ᠶᠢᠨ | ᠥᠭᠡᠷᠡᠴᠢᠯᠡᠯᠲᠡ ᠶᠢᠨ ᠭᠠᠵᠠᠷ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠭᠠᠵᠠᠷ᠂ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ᠂ | ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠭᠠᠵᠠᠷ᠂ ᠮᠠᠯ ᠠᠵᠤ ᠠᠬᠤᠢ ᠶᠢᠨ ᠲᠣᠪᠴᠢᠶ᠎ᠠ᠂ ᠮᠠᠯ ᠡᠮᠨᠡᠯᠭᠡ ᠶᠢᠨ | ᠲᠣᠪᠴᠢᠶ᠎ᠠ᠂ ᠵᠢᠭᠠᠰᠤᠨ ᠤ ᠠᠵᠤ ᠠᠬᠤᠢ ᠵᠢᠭᠠᠰᠤᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠦᠷ᠎ᠡ ᠶᠢᠨ | ᠦᠢᠯᠡᠰ ᠤᠨ ᠬᠠᠮᠢᠶᠠᠷᠤᠯᠲᠠ ᠶᠢᠨ ᠭᠠᠵᠠᠷ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ | ᠬᠠᠮᠵᠢᠯᠴᠠᠨ᠎ᠠ︶ | ︵ᠠᠷᠪᠠᠨ ᠵᠢᠷᠭᠤᠭ᠎ᠠ︶ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ | ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠲᠢᠩᠬᠢᠮ ᠤᠨ ᠰᠦᠯᠵᠢᠶ᠎ᠡ ᠳᠤ ᠂ ᠰᠢᠨ᠎ᠡ ᠵᠠᠭᠤᠴᠢᠯᠠᠭᠤᠷ ᠤᠨ | ᠲᠠᠪᠴᠠᠩ ᠤᠨ ︽ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ︾ ᠲᠤᠰᠬᠠᠢ ᠪᠤᠯᠤᠩ ᠳᠤ ᠂ | ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ | ᠨᠡᠶᠢᠭᠡᠮ ᠤᠨ ᠬᠢᠨᠠᠯᠲᠠ ᠶᠢ ᠬᠦᠯᠢᠶᠡᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ | ᠦᠢᠯᠡᠳᠦᠯᠭᠡ ᠪᠣᠯᠣᠨ ᠦᠷ᠎ᠡ ᠪᠦᠲᠦᠮᠵᠢ ᠶᠢ ᠴᠠᠭ ᠲᠤᠬᠠᠢ ᠳᠤᠨᠢ ᠤᠬᠠᠭᠤᠯᠤᠨ ᠮᠡᠳᠡᠭᠡᠯᠡᠵᠦ᠂ ᠨᠡᠶᠢᠲᠡᠯᠢᠭ ᠬᠡᠷᠡᠭ ᠤᠨ | ᠵᠢᠱᠢᠶ᠎ᠡ ᠪᠣᠯᠣᠨ ᠲᠡᠷᠢᠭᠦᠨ ᠤ ᠦᠢᠯᠡ ᠠᠵᠢᠯᠯᠠᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠪᠠ᠃ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠠᠤᠯᠢ ᠴᠠᠭᠠᠵᠠ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢ | ᠴᠢᠩᠭᠠᠳᠬᠠᠨ᠎ᠠ ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠢ ᠰᠡᠳᠦᠪᠲᠦ | ᠪᠠᠶᠢᠴᠠᠭᠠᠨ ᠰᠤᠳᠤᠯᠤᠯᠲᠠ ᠶᠢ ᠥᠷᠨᠢᠭᠦᠯᠪᠡ ᠃ ︵ᠬᠠᠤᠯᠢ ᠲᠣᠭᠲᠠᠭᠠᠯ ᠤᠨ ᠭᠠᠵᠠᠷ ᠲᠦᠷᠦᠭᠦᠯᠡᠵᠦ᠂ | ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠥᠯᠥᠪᠯᠡᠭᠡ | ᠡᠳ᠋ ᠤᠨ ᠶᠠᠪᠤᠳᠠᠯ ᠤᠨ ᠭᠠᠵᠠᠷ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠭᠠᠵᠠᠷ᠂ | ᠲᠥᠷᠥ ᠶᠢᠨ ᠪᠣᠳᠣᠯᠭ᠎ᠠ ᠶᠢᠨ ᠥᠭᠡᠷᠡᠴᠢᠯᠡᠯᠲᠡ ᠶᠢᠨ ᠭᠠᠵᠠᠷ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠭᠠᠵᠠᠷ᠂ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠭᠠᠵᠠᠷ᠂ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠭᠠᠵᠠᠷ᠂ ᠮᠠᠯ ᠠᠵᠤ ᠠᠬᠤᠢ ᠶᠢᠨ | ᠲᠣᠪᠴᠢᠶ᠎ᠠ᠂ ᠮᠠᠯ ᠡᠮᠨᠡᠯᠭᠡ ᠶᠢᠨ ᠲᠣᠪᠴᠢᠶ᠎ᠠ᠂ ᠵᠢᠭᠠᠰᠤᠨ ᠤ ᠠᠵᠤ ᠠᠬᠤᠢ ᠵᠢᠭᠠᠰᠤᠨ ᠤ ᠶᠠᠪᠤᠳᠠᠯ ᠤᠨ | ᠬᠠᠮᠢᠶᠠᠷᠤᠯᠲᠠ ᠶᠢᠨ ᠲᠣᠪᠴᠢᠶ᠎ᠠ᠂ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠭᠠᠵᠠᠷ᠂ ᠲᠠᠷᠢᠶᠠᠯᠠᠩ ᠮᠠᠯ ᠠᠵᠤ | ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠬᠠᠮᠵᠢᠯᠴᠠᠨ᠎ᠠ︶ | ︵ᠠᠷᠪᠠᠨ ᠳᠣᠯᠤᠭ᠎ᠠ︶ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤᠪᠠᠷ ᠭᠥᠷᠳᠡᠵᠦ ᠵᠣᠬᠢᠴᠠᠭᠤᠯᠬᠤ | ᠲᠣᠭᠲᠠᠴᠠ ᠶᠢ ᠭᠦᠨᠵᠡᠭᠡᠶᠢᠷᠡᠭᠦᠯᠦᠨ᠎ᠡ᠃ ︽ᠮᠧᠩ ᠰᠦ ᠪᠠᠨ ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠭ᠎ᠠ | ᠪᠠᠷᠢᠮᠲᠠ ᠶᠢ ᠬᠠᠮᠲᠤᠪᠠᠷ ᠡᠳ᠋ᠯᠡᠬᠦ ᠬᠡᠷᠡᠭᠴᠡᠭᠡ ᠶᠢᠨ ᠳᠤᠭᠤᠷᠢᠨ ᠳᠤ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ | ᠵᠠᠬᠢᠷᠭᠠᠨ ᠤ ᠨᠤᠲᠠᠯᠠᠯᠲᠠ᠂ ᠪᠤᠰᠤᠳ ᠵᠠᠰᠠᠭ ᠵᠠᠬᠢᠷᠭᠠᠨ ᠤ ᠡᠷᠬᠡ ᠪᠠ ᠣᠯᠠᠨ ᠨᠡᠶᠢᠲᠡ ᠶᠢᠨ ᠦᠢᠯᠡᠴᠢᠯᠡᠭᠡᠨ ᠤ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠲᠠᠨᠢᠵᠤ ᠠᠪᠬᠤ ᠪᠠ ᠨᠠᠶᠢᠷᠠᠭᠤᠯᠤᠨ | ᠮᠡᠳᠡᠭᠦᠯᠵᠦ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠬᠠᠷᠢᠭᠤᠴᠠᠯᠭ᠎ᠠ ᠶᠢᠨ ᠨᠠᠷᠢᠨ | ᠳᠠᠩᠰᠠ ᠶᠢ ᠪᠣᠶ ᠪᠣᠯᠭᠠᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠰᠢᠯᠢᠳᠡᠭᠵᠢᠭᠦᠯᠦᠨ ᠡᠮᠬᠢᠯᠡᠨ | ᠨᠡᠶᠢᠯᠡᠭᠦᠯᠬᠦ ᠶᠢ ᠴᠢᠩᠭᠠᠳᠬᠠᠵᠤ᠂ ᠪᠥᠬᠦ ᠣᠷᠣᠨ ᠤ ᠲᠦᠪᠯᠡᠷᠡᠩᠬᠦᠢ ᠬᠠᠮᠢᠶᠠᠷᠤᠯᠳᠠ ᠲᠠᠢ ᠂ ᠨᠢᠭᠡᠳᠦᠯᠲᠡᠢ | ᠪᠠᠷᠢᠮᠵᠢᠶ᠎ᠠ ᠲᠠᠢ᠂ ᠬᠠᠮᠲᠤᠪᠠᠷ ᠭᠥᠷᠳᠡᠵᠦ ᠬᠡᠷᠡᠭᠯᠡᠬᠦ᠂ ᠬᠥᠳᠡᠯᠦᠩᠭᠦᠢ ᠪᠠᠷ ᠰᠢᠨᠡᠳᠬᠡᠬᠦ ᠲᠤᠭ᠎ᠠ ᠪᠠᠷᠢᠮᠲᠠ ᠶᠢᠨ | ᠭᠠᠷᠴᠠᠭ ᠤᠨ ᠰᠢᠰᠲ᠋ᠧᠮᠵᠢ ᠶᠢ ᠪᠠᠶᠢᠭᠤᠯᠵᠤ᠂ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠪᠠ ᠲᠤᠬᠠᠶᠢᠯᠠᠭᠰᠠᠨ | ᠠᠵᠢᠯ ᠤᠨ ᠬᠠᠮᠵᠢᠯᠴᠠᠭ᠎ᠠ ᠶᠢ ᠠᠬᠢᠭᠤᠯᠤᠨ᠎ᠠ᠃ ︵ᠬᠠᠤᠯᠢ ᠲᠣᠭᠲᠠᠭᠠᠯ ᠤᠨ ᠭᠠᠵᠠᠷ᠂ ᠶᠡᠷᠦᠩᠬᠡᠶᠢᠯᠡᠭᠰᠡᠨ | ᠪᠠᠲᠤᠯᠠᠭ᠎ᠠ ᠶᠢᠨ ᠲᠥᠪ ᠲᠦᠷᠦᠭᠦᠯᠡᠵᠦ᠂ ᠲᠥᠷᠥ ᠶᠢᠨ ᠪᠣᠳᠣᠯᠭ᠎ᠠ ᠶᠢᠨ ᠥᠭᠡᠷᠡᠴᠢᠯᠡᠯᠲᠡ ᠶᠢᠨ ᠭᠠᠵᠠᠷ᠂ ᠰᠢᠨᠵᠢᠯᠡᠬᠦ | ᠤᠬᠠᠭᠠᠨ ᠰᠤᠷᠭᠠᠨ ᠬᠥᠮᠦᠵᠢᠯ ᠤᠨ ᠭᠠᠵᠠᠷ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ᠂ ᠲᠠᠷᠢᠮᠠᠯ ᠤᠨ ᠦᠢᠯᠡᠰ ᠤᠨ | ᠬᠠᠮᠢᠶᠠᠷᠤᠯᠲᠠ ᠶᠢᠨ ᠭᠠᠵᠠᠷ᠂ ᠮᠠᠯ ᠠᠵᠤ ᠠᠬᠤᠢ ᠶᠢᠨ ᠲᠣᠪᠴᠢᠶ᠎ᠠ᠂ ᠮᠠᠯ ᠡᠮᠨᠡᠯᠭᠡ ᠶᠢᠨ ᠲᠣᠪᠴᠢᠶ᠎ᠠ᠂ ᠵᠢᠭᠠᠰᠤᠨ ᠤ | ᠠᠵᠤ ᠠᠬᠤᠢ ᠵᠢᠭᠠᠰᠤᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠦᠷ᠎ᠡ ᠶᠢᠨ ᠦᠢᠯᠡᠰ ᠤᠨ | ᠬᠠᠮᠢᠶᠠᠷᠤᠯᠲᠠ ᠶᠢᠨ ᠭᠠᠵᠠᠷ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠬᠠᠮᠵᠢᠯᠴᠠᠨ᠎ᠠ︶ | ︵ᠠᠷᠪᠠᠨ ᠨᠠᠢᠮᠠ︶ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠢᠳᠡᠪᠬᠢᠲᠡᠢ ᠪᠠᠷ | ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ | ᠳᠥᠭᠦᠮᠴᠢᠯᠡᠬᠦ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠨᠢᠭᠡ ᠴᠣᠭᠴᠠᠵᠢᠭᠤᠯᠤᠭᠰᠠᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠡᠯᠧᠺᠲᠷᠣᠨ ᠬᠦᠰᠦᠨᠦᠭᠲᠦ ᠶᠢᠨ ᠬᠡᠷᠡᠭᠯᠡᠯᠲᠡ ᠳᠡᠯᠭᠡᠷᠡᠭᠦᠯᠦᠯᠲᠡ ᠶᠢ | ᠱᠠᠭᠠᠷᠳᠠᠯᠭ᠎ᠠ ᠶᠣᠰᠣᠭᠠᠷ ᠪᠡᠶᠡᠯᠡᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠠᠭᠤᠰᠤᠯᠴᠠᠨ | ᠬᠥᠭᠵᠢᠬᠦ ᠶᠢ ᠠᠬᠢᠭᠤᠯᠤᠨ᠂ ᠠᠵᠢᠯ ᠤᠨ ᠴᠤᠪᠤᠷᠠᠯ ᠢ ᠰᠢᠯᠢᠳᠡᠭᠵᠢᠭᠦᠯᠵᠦ᠂ ᠨᠢᠭᠡ ᠴᠣᠭᠴᠠᠵᠢᠭᠤᠯᠤᠭᠰᠠᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠂ ᠬᠠᠤᠯᠢᠵᠢᠯ ᠤᠨ ᠦᠢᠯᠡᠴᠢᠯᠡᠭᠡᠨ ᠤ | ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ︔ ᠡᠯᠧᠺᠲᠷᠣᠨ ᠦᠨᠡᠮᠯᠡᠯ ᠤᠨ ᠬᠡᠷᠡᠭᠯᠡᠯᠲᠡ ᠶᠢ ᠲᠦᠷᠭᠡᠳᠬᠡᠵᠦ᠂ | ᠦᠨᠡᠮᠯᠡᠯ ᠣᠯᠭᠤᠭᠰᠠᠨ ᠨᠠᠷᠢᠨ ᠬᠠᠭᠤᠳᠠᠰᠤ᠂ ᠦᠨᠡᠮᠯᠡᠯ ᠬᠡᠷᠡᠭᠯᠡᠭᠰᠡᠨ ᠨᠠᠷᠢᠨ ᠬᠠᠭᠤᠳᠠᠰᠤ ᠪᠠ ︽ᠦᠨᠡᠮᠯᠡᠯ ᠢ | ᠬᠡᠯᠲᠦᠷᠢᠭᠦᠯᠬᠦ ᠠᠯᠪᠠᠨ ᠭᠡᠷ︾ ᠤᠨ ᠨᠠᠷᠢᠨ ᠬᠠᠭᠤᠳᠠᠰᠤ ᠶᠢ ᠪᠦᠯᠦᠭ ᠳᠠᠷᠠᠭᠠᠯᠠᠨ ᠡᠮᠬᠢᠯᠡᠨ᠎ᠡ︔ ᠡᠯᠧᠺᠲᠷᠣᠨ | ᠲᠠᠮᠠᠭ᠎ᠠ ᠶᠢᠨ ᠠᠵᠤ ᠠᠬᠤᠢ ᠨᠡᠶᠢᠭᠡᠮ ᠤᠨ ᠠᠵᠢᠯᠯᠠᠭ᠎ᠠ ᠳᠠᠬᠢ ᠬᠡᠷᠡᠭᠯᠡᠯᠲᠡ ᠶᠢ ᠲᠦᠯᠬᠢᠨ ᠠᠬᠢᠭᠤᠯᠵᠤ ᠂ ᠠᠵᠤ | ᠠᠬᠤᠶᠢᠯᠠᠯ ᠪᠠ ᠤᠯᠠᠨ ᠲᠦᠮᠡᠨ ᠳᠤ ᠨᠡᠩ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠨ᠎ᠠ ᠃ | ︵ᠬᠠᠤᠯᠢ ᠲᠣᠭᠲᠠᠭᠠᠯ ᠤᠨ ᠭᠠᠵᠠᠷ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠲᠦᠷᠦᠭᠦᠯᠡᠵᠦ᠂ ᠲᠥᠷᠥ ᠶᠢᠨ | ᠪᠣᠳᠣᠯᠭ᠎ᠠ ᠶᠢᠨ ᠥᠭᠡᠷᠡᠴᠢᠯᠡᠯᠲᠡ ᠶᠢᠨ ᠭᠠᠵᠠᠷ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠭᠠᠵᠠᠷ᠂ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠭᠠᠵᠠᠷ᠂ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠭᠠᠵᠠᠷ᠂ ᠮᠠᠯ ᠠᠵᠤ ᠠᠬᠤᠢ ᠶᠢᠨ | ᠲᠣᠪᠴᠢᠶ᠎ᠠ᠂ ᠮᠠᠯ ᠡᠮᠨᠡᠯᠭᠡ ᠶᠢᠨ ᠲᠣᠪᠴᠢᠶ᠎ᠠ᠂ ᠵᠢᠭᠠᠰᠤᠨ ᠤ ᠠᠵᠤ ᠠᠬᠤᠢ ᠵᠢᠭᠠᠰᠤᠨ ᠤ ᠶᠠᠪᠤᠳᠠᠯ ᠤᠨ | ᠬᠠᠮᠢᠶᠠᠷᠤᠯᠲᠠ ᠶᠢᠨ ᠲᠣᠪᠴᠢᠶ᠎ᠠ᠂ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠭᠠᠵᠠᠷ᠂ ᠲᠠᠷᠢᠶᠠᠯᠠᠩ ᠮᠠᠯ ᠠᠵᠤ | ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠬᠠᠮᠵᠢᠯᠴᠠᠨ᠎ᠠ︶ | ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠤᠷᠤᠨ ᠤ ᠲᠢᠩᠬᠢᠮ ᠤᠨ 2024 ᠣᠨ ᠤ ᠬᠠᠤᠯᠢᠵᠢᠯ ᠤᠨ ᠠᠵᠢᠯ ᠤᠨ ᠭᠤᠣᠯᠳᠠᠯᠭ᠎ᠠ︾ ᠶᠢ | ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ | |