ᠬᠠᠪᠤᠷ ᠤᠨ ᠤᠯᠠᠷᠢᠯ ᠳᠤ  ᠭᠡᠷ ᠤᠨ ᠲᠡᠵᠢᠭᠡᠪᠦᠷᠢ ᠶᠢᠨ ᠬᠤᠷᠣᠬᠠᠢ ᠶᠢ ᠴᠠᠭ ᠲᠤᠬᠠᠢ ᠳᠤᠨᠢ ᠬᠥᠭᠡᠭᠡᠬᠦ ᠬᠡᠷᠡᠭᠲᠡᠢ
ᠨᠡᠶᠢᠲᠡᠯᠡᠭᠰᠡᠨ ᠴᠠᠭ᠄
2024/3/19
      ᠭᠡᠷ ᠤᠨ ᠲᠡᠵᠢᠭᠡᠪᠦᠷᠢ ᠶᠢᠨ ᠲᠥᠷᠥᠯ ᠵᠦᠢᠯ᠂ ᠡᠭᠦᠯᠳᠡᠷ᠂ ᠶᠡᠭᠡ ᠪᠠᠭ᠎ᠠ ᠵᠡᠷᠭᠡ ᠠᠳᠠᠯᠢ ᠪᠤᠰᠤ ᠪᠠᠶᠢᠳᠠᠯ ᠤᠨ ᠢᠯᠭᠠᠯ ᠦᠭᠡᠢ ᠪᠠᠷ ᠵᠢᠯ ᠪᠦᠷᠢ ᠶᠢᠨ ᠬᠠᠪᠤᠷ᠂ ᠨᠠᠮᠤᠷ ᠬᠤᠶᠠᠷ ᠤᠯᠠᠷᠢᠯ ᠳᠤ ᠴᠥᠮ ᠲᠡᠵᠢᠭᠡᠪᠦᠷᠢ ᠶᠢᠨ ᠨᠥᠬᠦᠴᠡᠯ ᠪᠠ ᠲᠡᠵᠢᠭᠡᠪᠦᠷᠢ ᠶᠢᠨ ᠣᠷᠴᠢᠨ ᠲᠣᠭᠤᠷᠢᠨ ᠢᠶᠠᠨ ᠦᠨᠳᠦᠰᠦᠯᠡᠵᠦ ᠬᠤᠷᠣᠬᠠᠢ ᠬᠥᠭᠡᠭᠡᠬᠦ ᠬᠡᠷᠡᠭᠲᠡᠢ᠂ ᠬᠠᠪᠤᠷ ᠤᠨ ᠤᠯᠠᠷᠢᠯ ᠳᠤ ᠬᠤᠷᠣᠬᠠᠢ ᠬᠥᠭᠡᠭᠡᠬᠦ ᠶᠠᠪᠤᠳᠠᠯ ᠢ ᠠᠩᠬᠠᠷᠬᠤ ᠬᠡᠷᠡᠭᠲᠡᠢ᠃      ᠬᠤᠷᠣᠬᠠᠢ ᠶᠢ ᠴᠠᠭ ᠲᠤᠬᠠᠢ ᠳᠤᠨᠢ ᠬᠥᠭᠡᠭᠡᠬᠦ ᠬᠡᠷᠡᠭᠲᠡᠢ᠃ ᠤᠴᠢᠷ ᠨᠢ ᠵᠢᠯ ᠪᠦᠷᠢ ᠶᠢᠨ ᠬᠠᠪᠤᠷ ᠤᠨ ᠤᠯᠠᠷᠢᠯ ᠳᠤ ᠠᠭᠠᠷ ᠤᠨ ᠳᠤᠯᠠᠭᠠᠨ ᠳᠡᠭᠡᠭᠰᠢᠯᠡᠭᠡᠳ ᠵᠣᠬᠢᠬᠤ ᠬᠡᠮᠵᠢᠶᠡᠨ ᠳᠤ ᠬᠦᠷᠬᠦ ᠦᠶ᠎ᠡ ᠳᠤ᠂ ᠮᠠᠰᠢ ᠣᠯᠠᠨ ᠰᠢᠮᠡᠭᠦᠷ ᠬᠤᠷᠣᠬᠠᠢ ᠪᠠ ᠬᠤᠷᠣᠬᠠᠢ ᠶᠢᠨ ᠥᠨᠳᠡᠭᠡ ᠨᠢ ᠪᠠᠶᠢᠭᠠᠯᠢ ᠤᠷᠴᠢᠨ ᠳᠤ ᠥᠰᠴᠦ ᠦᠷᠡᠵᠢᠳᠡᠭ᠂ ᠣᠷᠴᠢᠨ ᠲᠣᠭᠤᠷᠢᠨ ᠪᠠ ᠡᠪᠡᠰᠦ ᠪᠣᠷᠳᠤᠭ᠎ᠠ ᠶᠢ ᠪᠣᠬᠢᠷᠲᠤᠭᠤᠯᠵᠤ᠂ ᠮᠠᠰᠢ ᠣᠯᠠᠨ ᠰᠢᠮᠡᠭᠦᠷ ᠬᠤᠷᠣᠬᠠᠢ ᠪᠠ ᠬᠤᠷᠣᠬᠠᠢ ᠶᠢᠨ ᠥᠨᠳᠡᠭᠡ ᠨᠢ ᠡᠪᠡᠰᠦ ᠪᠣᠷᠳᠤᠭ᠎ᠠ ᠶᠢ ᠳᠠᠭᠠᠵᠤ ᠭᠡᠷ ᠤᠨ ᠲᠡᠵᠢᠭᠡᠪᠦᠷᠢ ᠳᠤ ᠬᠠᠯᠳᠠᠪᠤᠷᠢᠯᠠᠨ᠂ ᠭᠡᠷ ᠤᠨ ᠲᠡᠵᠢᠭᠡᠪᠦᠷᠢ ᠶᠢᠨ ᠡᠷᠡᠭᠦᠯ ᠮᠡᠨᠳᠦ ᠳᠤ ᠲᠤᠶᠢᠯ ᠤᠨ ᠶᠡᠭᠡ ᠬᠤᠣᠷ ᠬᠥᠨᠥᠭᠡᠯ ᠤᠴᠠᠷᠠᠭᠤᠯᠵᠤ᠂ ᠬᠦᠨᠳᠦ ᠨᠣᠴᠢᠲᠠᠢ ᠨᠢ ᠪᠠᠰᠠ ᠭᠡᠷ ᠤᠨ ᠲᠡᠵᠢᠭᠡᠪᠦᠷᠢ ᠶᠢ ᠦᠬᠦᠭᠦᠯᠳᠡᠭ᠂ ᠡᠶᠢᠮᠦ ᠠᠴᠠ ᠴᠠᠭ ᠲᠤᠬᠠᠢ ᠳᠤᠨᠢ ᠲᠣᠭᠲᠠᠭᠰᠠᠨ ᠬᠤᠭᠤᠴᠠᠭ᠎ᠠ ᠲᠠᠢ ᠪᠠᠷ ᠬᠤᠷᠣᠬᠠᠢ ᠶᠢ ᠬᠥᠭᠡᠭᠡᠬᠦ ᠬᠡᠷᠡᠭᠲᠡᠢ᠃      ᠠᠮᠠᠷᠬᠠᠨ ᠡᠭᠦᠰᠬᠦ ᠰᠢᠮᠡᠭᠦᠷ ᠬᠤᠷᠣᠬᠠᠢ ᠶᠢᠨ ᠡᠪᠡᠳᠴᠢᠨ᠃ ᠮᠥᠯᠵᠢᠨ ᠠᠮᠢᠳᠤᠷᠠᠬᠤ ᠬᠡᠰᠡᠭ ᠠᠴᠠ ᠨᠢ ᠪᠡᠶ᠎ᠡ ᠶᠢᠨ ᠳᠣᠲᠣᠷ᠎ᠠ ᠪᠠ ᠪᠡᠶ᠎ᠡ ᠶᠢᠨ ᠭᠠᠳᠠᠨ᠎ᠠ ᠭᠡᠵᠦ ᠬᠤᠶᠠᠷ ᠵᠦᠢᠯ ᠳᠤ ᠠᠩᠭᠢᠯᠠᠳᠠᠭ᠃      ᠪᠡᠶ᠎ᠡ ᠶᠢᠨ ᠭᠠᠳᠠᠨ᠎ᠠ ᠨᠢ ᠪᠥᠭᠡᠰᠦ᠂ ᠬᠠᠴᠢᠭ᠂ ᠠᠷᠠᠰᠤᠨ ᠢᠯᠠᠭ᠎ᠠ᠂ ᠬᠠᠮᠠᠷ ᠤᠨ ᠢᠯᠠᠭ᠎ᠠ ᠲᠠᠢ᠃ ᠬᠠᠴᠢᠭ ᠬᠤᠷᠣᠬᠠᠢ ᠶᠢᠨ ᠡᠪᠡᠳᠴᠢᠨ ᠪᠣᠯ ᠬᠦᠷᠦᠯᠴᠡᠬᠦ ᠴᠢᠨᠠᠷᠲᠠᠢ ᠰᠢᠮᠡᠭᠦᠷ ᠬᠤᠷᠣᠬᠠᠢ ᠶᠢᠨ ᠡᠪᠡᠳᠴᠢᠨ ᠣᠯᠠᠨ ᠡᠭᠦᠰᠳᠡᠭ ᠪᠥᠭᠡᠳ ᠪᠠᠰᠠ ᠠᠷᠠᠰᠤᠨ ᠤ ᠢᠯᠠᠭ᠎ᠠ ᠪᠠ ᠬᠠᠮᠠᠷ ᠤᠨ ᠢᠯᠠᠭ᠎ᠠ ᠪᠠᠶᠢᠳᠠᠭ᠃      ᠪᠡᠶ᠎ᠡ ᠶᠢᠨ ᠲᠣᠲᠤᠷ᠎ᠠ ᠬᠦᠵᠢ ᠬᠤᠷᠣᠬᠠᠢ᠂ ᠲᠤᠤᠰᠠ ᠬᠤᠷᠣᠬᠠᠢ᠂ ᠰᠢᠯᠪᠢᠭᠦᠷᠲᠦ ᠬᠤᠷᠣᠬᠠᠢ ᠵᠡᠷᠭᠡ ᠤᠲᠠᠰᠤᠯᠢᠭ ᠬᠤᠷᠣᠬᠠᠢ ᠶᠢᠨ ᠲᠥᠷᠥᠯ ᠲᠠᠢ᠂ ᠪᠠᠰᠠ ᠰᠢᠷᠬᠡᠭᠯᠢᠭ ᠬᠤᠷᠣᠬᠠᠢ᠂ ᠰᠢᠮᠡᠭᠦᠷ ᠬᠤᠷᠣᠬᠠᠢ᠂ ᠪᠥᠮᠪᠥᠭᠡᠨ ᠬᠤᠷᠣᠬᠠᠢ᠂ ᠬᠡᠦᠷᠰᠢᠮᠡᠯ ᠬᠤᠷᠣᠬᠠᠢ ᠵᠡᠷᠭᠡ ᠪᠤᠶ᠃ ᠡᠭᠦᠨ ᠠᠴᠠ ᠭᠠᠳᠠᠨ᠎ᠠ ᠪᠠᠰᠠ ᠰᠢᠷᠬᠡᠭᠯᠢᠭ ᠬᠤᠷᠣᠬᠠᠢ᠂ ᠰᠢᠮᠡᠭᠦᠷ ᠬᠤᠷᠣᠬᠠᠢ᠂ ᠪᠥᠮᠪᠥᠭᠡᠨ ᠬᠤᠷᠣᠬᠠᠢ᠂ ᠬᠡᠦᠷᠰᠢᠮᠡᠯ ᠬᠤᠷᠣᠬᠠᠢ ᠭᠡᠬᠦ ᠮᠡᠲᠦ ᠪᠤᠶ᠃ ᠡᠭᠦᠨ ᠤ ᠳᠣᠲᠣᠷ᠎ᠠ ᠪᠡᠶ᠎ᠡ ᠶᠢᠨ ᠳᠣᠲᠣᠷᠠᠬᠢ ᠮᠥᠯᠵᠢᠭᠦᠷ ᠬᠤᠷᠣᠬᠠᠢ ᠶᠢᠨ ᠶᠡᠬᠡᠩᠬᠢ ᠬᠡᠰᠡᠭ ᠨᠢ ᠬᠤᠷᠣᠬᠠᠢ ᠶᠢᠨ ᠥᠨᠳᠡᠭᠡ ᠪᠠᠷ ᠳᠡᠮᠵᠢᠨ ᠲᠠᠷᠬᠠᠳᠠᠭ᠃ ᠵᠠᠪᠰᠠᠷ ᠤᠨ ᠵᠠᠭᠤᠴᠢ ᠳᠤ ᠪᠠᠲᠠᠭᠠᠨ᠎ᠠ᠂ ᠢᠯᠠᠭ᠎ᠠ᠂ ᠲᠡᠯᠡᠭᠴᠢ᠂ ᠱᠠᠯᠵᠠ ᠵᠡᠷᠭᠡ ᠴᠢᠰᠤ ᠰᠤᠷᠤᠭᠴᠢ ᠰᠢᠪᠠᠵᠢ ᠪᠠᠶᠢᠳᠠᠭ᠃ ᠳᠤᠮᠳᠠᠬᠢ ᠬᠤᠰᠲ ᠤᠨ ᠡᠵᠡᠨ ᠳᠤᠨᠢ ᠡᠮᠡᠭᠡᠨ ᠬᠢᠮᠤᠰᠤ᠂ ᠴᠡᠩᠭᠡᠭ ᠤᠰᠤᠨ ᠤ ᠬᠢᠮᠤᠰᠤ᠂ ᠴᠢᠭᠢᠭ ᠤᠨ ᠤᠯᠠᠭᠠᠨ ᠬᠤᠷᠣᠬᠠᠢ ᠵᠡᠷᠭᠡ ᠪᠤᠶ︔ ᠪᠣᠬᠢᠷᠲᠤᠯ ᠤᠨ ᠵᠠᠭᠤᠴᠢ ᠳᠤ ᠤᠰᠤ ᠤᠮᠳᠠ᠂ ᠬᠥᠬᠡ ᠡᠪᠡᠰᠦ᠂ ᠪᠠᠭᠠᠰᠤ ᠰᠢᠭᠡᠰᠦ ᠵᠡᠷᠭᠡ ᠪᠤᠢ︔ ᠦᠢᠯᠡᠳᠪᠦᠷᠢᠯᠡᠯ ᠤᠨ ᠳᠤᠮᠳᠠ ᠦᠷᠭᠦᠯᠵᠢ ᠬᠠᠷᠠᠭᠳᠠᠳᠠᠭ ᠦᠬᠡᠷ᠂ ᠬᠤᠨᠢᠨ ᠤ ᠡᠯᠢᠭᠡᠨ ᠤ ᠬᠠᠪᠲᠠᠭᠠᠢ ᠰᠢᠮᠡᠭᠦᠷ ᠬᠤᠷᠣᠬᠠᠢ᠂ ᠠᠭᠤᠰᠬᠢᠨ ᠤ ᠰᠢᠷᠬᠡᠭᠯᠢᠭ ᠬᠤᠷᠣᠬᠠᠢ᠂ ᠪᠥᠮᠪᠥᠭᠡᠨ ᠬᠤᠷᠣᠬᠠᠢ︔ ᠦᠬᠡᠷ ᠤᠨ ᠨᠠᠷᠢᠰᠤᠨ ᠬᠤᠷᠣᠬᠠᠢ︔ ᠦᠬᠡᠷ᠂ ᠬᠤᠨᠢᠨ ᠤ ᠲᠠᠷᠢᠬᠢᠨ ᠤ ᠪᠠᠭᠯᠠᠭᠴᠢ ᠬᠤᠷᠣᠬᠠᠢ ᠵᠡᠷᠭᠡ᠃      ᠮᠥᠯᠵᠢᠭᠦᠷ ᠬᠤᠷᠣᠬᠠᠢ ᠶᠢᠨ ᠡᠪᠡᠳᠴᠢᠨ ᠢ ᠰᠡᠷᠭᠡᠶᠢᠯᠡᠬᠦ ᠪᠠ ᠡᠮᠨᠡᠨ ᠵᠠᠰᠠᠬᠤ᠃ ᠭᠡᠷ ᠤᠨ ᠲᠡᠵᠢᠭᠡᠪᠦᠷᠢ ᠶᠢᠨ ᠰᠢᠮᠡᠭᠦᠷ ᠬᠤᠷᠣᠬᠠᠢ ᠶᠢᠨ ᠡᠪᠡᠳᠴᠢᠨ ᠣᠳᠣᠬᠠᠨ ᠳᠤ ᠪᠠᠰᠠ ᠡᠭᠡᠯᠢᠯᠡᠭᠡ ᠶᠢᠨ ᠪᠦᠲᠦᠮᠵᠢᠲᠡᠶ ᠠᠷᠭ᠎ᠠ ᠦᠭᠡᠢ ᠪᠠᠶᠢᠭᠰᠠᠭᠠᠷ᠂ ᠵᠥᠪᠬᠡᠨ ᠰᠢᠨᠵᠢᠯᠡᠬᠦ ᠤᠬᠠᠭᠠᠨᠴᠢ ᠪᠠᠷ ᠠᠷᠠᠴᠢᠯᠠᠵᠤ ᠬᠠᠮᠢᠶᠠᠷᠬᠤ᠂ ᠣᠷᠴᠢᠨ ᠲᠣᠭᠤᠷᠢᠨ ᠤ ᠬᠢᠨᠠᠨ ᠡᠵᠡᠮᠳᠡᠯ ᠢ ᠴᠢᠩᠭᠠᠳᠬᠠᠬᠤ ᠪᠠ ᠴᠠᠭ ᠲᠤᠬᠠᠢ ᠳᠤᠨᠢ ᠪᠠᠭᠠᠰᠤ ᠰᠢᠭᠡᠰᠦ ᠶᠢ ᠪᠠᠶᠢᠴᠠᠭᠠᠬᠤ᠂ ᠬᠤᠷᠣᠬᠠᠢ ᠶᠢᠨ ᠥᠨᠳᠡᠭᠡ ᠶᠢ ᠪᠠᠶᠢᠴᠠᠭᠠᠬᠤ ᠪᠠᠷ ᠳᠠᠮᠵᠢᠨ᠂ ᠪᠦᠲᠦᠮᠵᠢᠲᠡᠶ ᠠᠷᠢᠭᠤᠳᠬᠠᠬᠤ ᠳᠦᠷᠢᠮ ᠢ ᠪᠠᠶᠢᠭᠤᠯᠵᠤ᠂ ᠬᠤᠷᠣᠬᠠᠢ ᠶᠢᠨ ᠥᠨᠳᠡᠭᠡ ᠶᠢ ᠤᠰᠠᠳᠬᠠᠨ᠂ ᠳᠤᠮᠳᠠᠬᠢ ᠬᠤᠰᠲ ᠤᠨ ᠲᠠᠷᠬᠠᠯᠲᠠ ᠶᠢ ᠲᠠᠰᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠬᠤᠷᠣᠬᠠᠢ ᠶᠢ ᠬᠥᠭᠡᠭᠡᠵᠦ ᠰᠡᠷᠭᠡᠶᠢᠯᠡᠨ᠎ᠡ᠃      ᠡᠮᠨᠡᠨ ᠵᠠᠰᠠᠬᠤ ᠡᠮ᠃ ᠦᠷᠭᠦᠯᠵᠢ ᠬᠡᠷᠡᠭᠯᠡᠳᠡᠭ ᠲᠠᠷᠢᠯᠭ᠎ᠠ ᠶᠢᠨ ᠡᠮ ᠳᠤ ᠢᠥᠸᠢ ᠪᠠᠺᠲ᠋ᠧᠷᠢ ᠶᠢᠨ ᠡᠳ᠋᠂ ᠫᠢᠷᠢᠳᠤᠨ᠂ ᠭᠤᠷᠪᠠᠴᠢ ᠠᠽᠤᠮᠢᠳᠢᠨ ᠵᠡᠷᠭᠡ ᠪᠤᠶ᠃ ᠦᠷᠭᠦᠯᠵᠢ ᠬᠡᠷᠡᠭᠯᠡᠳᠡᠭ ᠤᠤᠭᠤᠬᠤ ᠡᠮ ᠳᠤ ᠢᠮᠢᠳᠠᠽᠤᠯ᠂ ᠫᠷᠤᠫᠢᠯ ᠬᠦᠬᠦᠷᠲᠦ ᠢᠮᠢᠳᠠᠽᠤᠯ᠂ ᠠᠮᠫᠢᠷᠢᠨ᠂ ᠠᠽᠣᠲ ᠾᠯᠣᠷᠲᠤ ᠹᠧᠨᠤᠯ᠂ ᠫᠢᠷᠤᠺᠥ᠋ᠢᠨᠤᠨ᠂ ᠪᠠᠰᠠ ᠬᠦᠬᠦᠷᠯᠢᠭ ᠠᠮᠢᠨ ᠤ ᠲᠥᠷᠥᠯ ᠪᠤᠶ᠃ ᠲᠠᠷᠢᠯᠭ᠎ᠠ ᠶᠢᠨ ᠡᠮ ᠳᠤ ᠢᠮᠢᠳᠠᠽᠤᠯ᠂ ᠠᠮᠫᠢᠷᠢᠨ᠂ ᠠᠽᠣᠲ ᠾᠯᠣᠷᠲᠤ ᠹᠧᠨᠤᠯ᠂ ᠫᠢᠷᠤᠺᠥ᠋ᠢᠨᠤᠨ᠂ ᠪᠠᠰᠠ ᠬᠦᠬᠦᠷᠯᠢᠭ ᠠᠮᠢᠨ ᠤ ᠲᠥᠷᠥᠯ ᠪᠤᠶ᠃ ᠵᠢᠱᠢᠶᠡᠯᠡᠪᠡᠯ ᠢᠥᠸᠢ ᠪᠠᠺᠲ᠋ᠧᠷᠢ ᠶᠢᠨ ᠡᠳ᠋ ᠢᠶᠠᠷ ᠪᠡᠶ᠎ᠡ ᠶᠢᠨ ᠳᠣᠲᠣᠭᠠᠳᠤ ᠶᠢᠨ ᠤᠲᠠᠰᠤᠯᠢᠭ ᠬᠤᠷᠣᠬᠠᠢ ᠪᠠ ᠪᠡᠶ᠎ᠡ ᠶᠢᠨ ᠭᠠᠳᠠᠷᠭᠤ ᠶᠢᠨ ᠰᠢᠮᠡᠭᠦᠷ ᠬᠤᠷᠣᠬᠠᠢ ᠶᠢᠨ ᠡᠪᠡᠳᠴᠢᠨ ᠢ ᠵᠠᠰᠠᠬᠤ ᠳᠤ ᠬᠡᠷᠡᠭᠯᠡᠵᠦ᠂ ᠺᠢᠯᠣᠭ᠍ᠷᠠᠮ ᠪᠦᠷᠢ ᠶᠢᠨ ᠪᠡᠶ᠎ᠡ ᠶᠢᠨ ᠬᠦᠨᠳᠦ ᠶᠢ 0.2 ᠮᠢᠯᠢᠭᠷᠡᠮ ᠠᠷᠠᠰᠤᠨ ᠤ ᠳᠣᠣᠷ᠎ᠠ ᠲᠠᠷᠢᠵᠤ ᠪᠣᠯᠣᠨ᠎ᠠ᠃ ᠵᠢᠱᠢᠶᠡᠯᠡᠪᠡᠯ ᠠᠹᠧᠨ᠋ᠳᠠᠽᠤᠯ ᠢ ᠤᠤᠭᠤᠪᠠᠯ᠂ ᠺᠢᠯᠣᠭ᠍ᠷᠠᠮ ᠪᠡᠶ᠎ᠡ ᠶᠢᠨ ᠬᠦᠨᠳᠦ ᠪᠦᠷᠢ ᠳᠤ10-15 ᠮᠢᠯᠢᠭᠷᠡᠮ ᠤᠤᠭᠤᠪᠠᠯ ᠪᠡᠶ᠎ᠡ ᠶᠢᠨ ᠳᠣᠲᠣᠷᠠᠬᠢ ᠲᠤᠤᠰᠠ ᠬᠤᠷᠣᠬᠠᠢ᠂ ᠬᠦᠵᠢ ᠬᠤᠷᠣᠬᠠᠢ᠂ ᠲᠠᠷᠢᠬᠢᠨ ᠤ ᠪᠠᠭᠯᠠᠭᠴᠢ ᠬᠤᠷᠣᠬᠠᠢ ᠵᠡᠷᠭᠡ ᠶᠢ ᠠᠷᠢᠯᠭᠠᠵᠤ ᠲᠠᠶᠢᠯᠤᠨ᠎ᠠ᠃ ᠡᠭᠦᠨ ᠳᠤ ᠪᠡᠶ᠎ᠡ ᠶᠢᠨ ᠳᠣᠲᠣᠷᠠᠬᠢ ᠲᠤᠤᠰᠠ ᠬᠤᠷᠣᠬᠠᠢ᠂ ᠬᠦᠵᠢ ᠬᠤᠷᠣᠬᠠᠢ᠂ ᠲᠠᠷᠢᠬᠢᠨ ᠤ ᠪᠠᠭᠯᠠᠭᠴᠢ ᠬᠤᠷᠣᠬᠠᠢ ᠵᠡᠷᠭᠡ ᠶᠢ ᠠᠷᠢᠯᠭᠠᠵᠤ ᠲᠠᠶᠢᠯᠤᠨ᠎ᠠ᠃ ᠠᠮᠫᠢᠯᠢᠨ ᠢ ᠤᠤᠭᠤᠪᠠᠯ ᠰᠢᠩᠭᠡᠭᠡᠯᠲᠡ ᠶᠢᠨ ᠵᠠᠮ ᠤᠨ ᠪᠥᠮᠪᠥᠭᠡᠨ ᠬᠤᠷᠣᠬᠠᠢ ᠶᠢ ᠠᠷᠢᠯᠭᠠᠵᠤ ᠲᠠᠶᠢᠯᠤᠨ᠎ᠠ︔ ᠪᠤᠯᠴᠢᠩ  ᠳᠤᠨᠢ ᠭᠤᠷᠪᠠᠨ ᠠᠽᠤᠲ᠋ᠠᠮᠢᠳᠢ ᠶᠢ ᠲᠠᠷᠢᠪᠠᠯ ᠴᠢᠰᠤᠨ ᠳᠣᠲᠣᠷᠠᠬᠢ ᠬᠡᠦᠷᠰᠢᠮᠡᠯ ᠬᠤᠷᠣᠬᠠᠢ ᠵᠡᠷᠭᠡ ᠶᠢ ᠠᠷᠢᠯᠭᠠᠵᠤ ᠴᠢᠳᠠᠨ᠎ᠠ᠃  
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号