ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠵᠢᠭᠠᠰᠤ ᠠᠩᠨᠠᠬᠤ ᠬᠤᠷᠢᠭᠠᠲᠠᠢ ᠬᠤᠭᠤᠴᠠᠭᠠᠨ ᠤ ᠵᠢᠭᠠᠰᠤ ᠠᠩᠨᠠᠬᠤ ᠬᠤᠷᠢᠭᠠᠲᠠᠢ ᠣᠷᠣᠨ ᠤ ᠵᠢᠭᠠᠰᠤᠨ ᠤ ᠶᠠᠪᠤᠳᠠᠯ ᠤᠨ ᠬᠠᠮᠢᠶᠠᠷᠤᠯᠲᠠ ᠶᠢᠨ ᠲᠤᠬᠠᠢ ᠵᠠᠷᠯᠠᠯ
ᠨᠡᠶᠢᠲᠡᠯᠡᠭᠰᠡᠨ ᠴᠠᠭ᠄
2024/3/20
      ᠤᠰᠤᠨ ᠤ ᠠᠮᠢᠳᠤ ᠪᠣᠳᠠᠰ ᠤᠨ ᠡᠬᠢ ᠪᠠᠶᠠᠯᠢᠭ ᠢ ᠬᠠᠮᠠᠭᠠᠯᠠᠵᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠨ᠂ ᠵᠢᠭᠠᠰᠤᠨ ᠤ ᠠᠵᠤ ᠠᠬᠤᠢ ᠶᠢᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠦᠯᠦᠭᠡ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠤ ᠠᠵᠤ ᠠᠬᠤᠢ ᠶᠢᠨ ᠬᠠᠤᠯᠢ ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠣᠯ ᠢ ᠬᠠᠮᠠᠭᠠᠯᠠᠬᠤ ᠬᠠᠤᠯᠢ ︾ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠳ ᠢ ᠬᠠᠮᠠᠭᠠᠯᠠᠬᠤ ᠬᠠᠤᠯᠢ︾᠂ ︽ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠠᠶᠢᠾᠧ ᠭᠤᠣᠯ ᠂ ᠯᠢᠶᠣᠤᠾᠧ ᠭᠤᠣᠯ ᠂ ᠰᠤᠩᠭᠠᠷᠢ ᠮᠥᠷᠡᠨ ᠪᠣᠯᠣᠨ ᠴᠢᠶᠠᠨ ᠲᠠᠩ ᠵᠢᠶᠠᠩ ᠮᠥᠷᠡᠨ ᠵᠡᠷᠭᠡ 4 ᠰᠠᠪᠠ ᠭᠠᠵᠠᠷ  ᠲᠤ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠤ ᠳᠦᠷᠢᠮ  ᠢ ᠭᠡᠷᠡᠭᠵᠢᠭᠦᠯᠬᠦ ᠳᠤᠬᠠᠢ ᠵᠠᠷᠯᠠᠯ ︾ ︵ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠵᠠᠷᠯᠠᠯ〔2019〕 1 ᠳ᠋ᠦ᠋ᠭᠡᠷ ᠲᠣᠭᠠᠲᠤ ︶ ᠂ ︽ ᠬᠠᠲᠤᠨ ᠭᠤᠣᠯ ᠤᠨ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠤ ᠳᠦᠷᠢᠮ ᠳᠤ ᠲᠣᠬᠢᠷᠠᠭᠤᠯᠤᠯᠲᠠ ᠬᠢᠬᠦ ᠲᠤᠬᠠᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠵᠠᠷᠯᠠᠯ ︾ ︵ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠵᠠᠷᠯᠠᠯ〔2022〕 1 ᠳ᠋ᠦ᠋ᠭᠡᠷ ᠲᠣᠭᠠᠲᠤ ︶ ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠤ ᠠᠵᠤ ᠠᠬᠤᠢ ᠶᠢᠨ ᠬᠠᠤᠯᠢ ﹀ ᠶᠢ ᠬᠡᠷᠡᠭᠵᠢᠭᠦᠯᠬᠦ ᠠᠷᠭ᠎ᠠ ︾ ᠵᠡᠷᠭᠡ ᠬᠠᠤᠯᠢ ᠴᠠᠭᠠᠵᠠ ᠂ ᠬᠠᠤᠯᠢ ᠲᠣᠭᠲᠠᠭᠠᠯ ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠨ᠂ ᠡᠳᠦᠭᠡ ᠮᠠᠨ ᠤ ᠣᠷᠣᠨ ᠤ 2024 ᠣᠨ ᠤ ᠵᠢᠭᠠᠰᠤ ᠠᠩᠨᠠᠬᠤ ᠬᠤᠷᠢᠭᠠᠲᠠᠢ ᠬᠤᠭᠤᠴᠠᠭ᠎ᠠ᠂ ᠵᠢᠭᠠᠰᠤ ᠠᠩᠨᠠᠬᠤ ᠬᠤᠷᠢᠭᠠᠲᠠᠢ ᠣᠷᠣᠨ ᠤ ᠬᠠᠮᠢᠶ᠎ᠠ ᠪᠦᠬᠦᠢ ᠴᠠᠭ ᠪᠠ ᠬᠡᠪᠴᠢᠶ᠎ᠡ ᠶᠢ ᠳᠣᠣᠷᠠᠬᠢ ᠮᠡᠲᠦ ᠵᠠᠷᠯᠠᠶ᠎ᠠ᠄      ᠨᠢᠭᠡ ᠂ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭ᠎ᠠ᠂ ᠵᠢᠭᠠᠰᠤ ᠠᠩᠨᠠᠬᠤ ᠶᠢ ᠴᠠᠭᠠᠵᠠᠯᠠᠬᠤ ᠣᠷᠣᠨ ᠦ ᠵᠠᠭᠠᠭ ᠲᠣᠭᠲᠠᠭᠠᠯᠲᠠ       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠳᠣᠲᠣᠷᠠᠬᠢ ᠭᠤᠣᠯ ᠮᠥᠷᠡᠨ᠂ ᠨᠠᠭᠤᠷ ᠴᠥᠭᠦᠷᠥᠮ ᠪᠠ ᠲᠣᠮᠣ ᠳᠤᠮᠳᠠ ᠬᠡᠯᠪᠡᠷᠢ ᠶᠢᠨ ᠤᠰᠤᠨ ᠴᠥᠭᠦᠷᠥᠮ ︵ᠴᠥᠭᠦᠷᠥᠮ ᠤᠨ ᠪᠠᠭᠲᠠᠭᠠᠮᠵᠢ ᠨᠢ 1000 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠶᠡᠭᠡ︶ ᠵᠡᠷᠭᠡ ᠵᠢᠭᠠᠰᠤᠨ ᠠᠵᠤ ᠠᠬᠤᠢ ᠶᠢᠨ ᠤᠰᠤᠨ ᠣᠷᠣᠨ ᠤ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭ᠎ᠠ ᠨᠢ 5 ᠰᠠᠷ᠎ᠠ ᠶᠢᠨ 1 ᠤ ᠡᠳᠦᠷ ᠠᠴᠠ 7 ᠰᠠᠷ᠎ᠠ ᠶᠢᠨ 31 ᠤ ᠡᠳᠦᠷ ᠪᠣᠯᠲᠠᠯ᠎ᠠ᠂ ᠬᠢᠯᠢ ᠶᠢᠨ ᠤᠰᠤᠨ ᠣᠷᠣᠨ ᠳᠤ ᠣᠨᠴᠣᠭᠤᠢ ᠲᠣᠭᠲᠠᠭᠠᠯ ᠲᠠᠢ ᠪᠠᠶᠢᠪᠠᠯ ᠡᠭᠦᠨ ᠳᠤ ᠪᠠᠭᠲᠠᠬᠤ ᠦᠭᠡᠢ︔ ᠪᠠᠶᠢᠭᠠᠯᠢ ᠶᠢᠨ ︵ᠬᠥᠮᠥᠨ ᠤ ᠬᠦᠴᠦ ᠪᠠᠷ ᠪᠣᠶ ᠪᠣᠯᠭᠠᠭᠰᠠᠨ ᠪᠤᠰᠤ︶ ᠤᠰᠤᠨ ᠤ ᠴᠠᠷᠠᠭ᠎ᠠ ᠶᠢᠨ ᠵᠢᠭᠠᠰᠤᠨ ᠤ ᠲᠥᠷᠥᠯ ᠤᠨ ᠥᠨᠳᠡᠭᠡᠯᠡᠬᠦ ᠲᠠᠯᠠᠪᠠᠶ ᠪᠠ ᠤᠷᠤᠰᠬᠠᠯ ᠭᠤᠣᠯ ᠤᠨ ᠵᠠᠮ ᠢ ᠵᠢᠯ ᠲᠤᠷᠰᠢ ᠵᠢᠭᠠᠰᠤ ᠠᠩᠨᠠᠬᠤ ᠬᠤᠷᠢᠭᠠᠲᠠᠢ ᠣᠷᠣᠨ ᠢᠶᠠᠷ ᠵᠠᠭᠠᠭᠯᠠᠨ ᠲᠣᠭᠲᠠᠭᠠᠪᠠ᠃      ᠬᠠᠲᠤᠨ ᠭᠤᠣᠯ ᠤᠨ ᠥᠪᠥᠷ ᠮᠣᠩᠭᠤᠯ ᠳᠠᠬᠢ ᠬᠡᠰᠡᠭ ᠤᠨ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭ᠎ᠠ  ᠨᠢ 4 ᠰᠠᠷ᠎ᠠ ᠶᠢᠨ 1 ᠤ ᠡᠳᠦᠷ ᠠᠴᠠ 7 ᠰᠠᠷ᠎ᠠ ᠶᠢᠨ 31  ᠤ ᠡᠳᠦᠷ ᠪᠤᠯᠳᠠᠯ᠎ᠠ ︔ ᠬᠠᠲᠤᠨ ᠭᠤᠣᠯ ᠤᠨ ᠭᠤᠣᠯ ᠤᠷᠤᠰᠬᠠᠯ ᠤᠨ ᠥᠪᠥᠷ ᠮᠣᠩᠭᠤᠯ ᠤᠨ ᠬᠡᠰᠡᠭ ᠂ ᠬᠠᠲᠤᠨ ᠭᠤᠣᠯ ᠤᠨ ᠭᠤᠣᠯ ᠤᠷᠤᠰᠬᠠᠯ ᠤᠨ ᠥᠪᠥᠷ ᠮᠣᠩᠭᠤᠯ ᠤᠨ ᠬᠡᠰᠡᠭ ᠤᠨ ᠨᠢᠭᠡᠳᠦᠭᠡᠷ ᠳᠡᠰ ᠤᠨ ᠰᠠᠯᠪᠤᠷᠢ ᠤᠷᠤᠰᠬᠠᠯ ᠵᠢᠴᠢ   ᠲᠡᠭᠦᠨ ᠤ ᠬᠠᠷᠢᠶ᠎ᠠ ᠨᠠᠭᠤᠷ ᠴᠥᠭᠦᠷᠥᠮ᠂ ᠲᠣᠮᠣ ᠳᠤᠮᠳᠠ ᠬᠡᠯᠪᠡᠷᠢ ᠶᠢᠨ ᠤᠰᠤᠨ ᠴᠥᠭᠦᠷᠥᠮ ᠢ ᠵᠢᠭᠠᠰᠤ ᠠᠩᠨᠠᠬᠤ ᠬᠤᠷᠢᠭᠠᠲᠠᠢ ᠣᠷᠣᠨ ᠢᠶᠠᠷ ᠵᠠᠭᠠᠭᠯᠠᠨ ᠳᠤᠭᠳᠠᠭᠠᠪᠠ ᠃      ᠬᠤᠶᠠᠷ ᠂ ᠵᠢᠭᠠᠰᠤ ᠠᠩᠨᠠᠬᠤ ᠶᠢ ᠴᠠᠭᠠᠵᠠᠯᠠᠬᠤ ᠬᠠᠮᠢᠶᠠᠷᠤᠯᠲᠠ      ︵ ᠨᠢᠭᠡ ︶ ᠵᠢᠭᠠᠰᠤ ᠠᠩᠨᠠᠬᠤ ᠬᠤᠷᠢᠭᠠᠲᠠᠢ ᠬᠤᠭᠤᠴᠠᠭᠠᠨ ᠳᠤ ᠵᠢᠭᠠᠰᠤ ᠠᠩᠨᠠᠬᠤ ᠬᠤᠷᠢᠭᠠᠲᠠᠢ ᠣᠷᠣᠨ ᠳᠤ ᠰᠡᠯᠡᠭᠦᠴᠡᠵᠦ ᠵᠢᠭᠠᠰᠤ ᠭᠥᠬᠢᠳᠡᠬᠦ ᠠᠴᠠ ᠪᠤᠰᠤᠳ ᠪᠤᠢ ᠪᠦᠬᠦᠢ ᠠᠩᠨᠠᠵᠤ ᠱᠦᠭᠦᠬᠦ ᠠᠵᠢᠯ ᠤᠨ ᠲᠤᠶᠢᠷᠦᠯ ᠵᠦᠢᠯ ᠢ ᠴᠠᠭᠠᠵᠠᠯᠠᠵᠤ ᠂ ᠬᠠᠤᠯᠢ ᠪᠤᠰᠤ ᠪᠠᠷ ᠠᠩᠨᠠᠵᠤ ᠱᠦᠭᠦᠭᠰᠡᠨ ᠵᠢᠭᠠᠰᠤᠨ ᠤ ᠵᠦᠢᠯ ᠢ ᠬᠤᠳᠠᠯᠳᠤᠨ ᠠᠪᠬᠤ ᠂ ᠵᠥᠭᠡᠭᠡᠪᠦᠷᠢᠯᠡᠬᠦ ᠂ ᠬᠠᠳᠠᠭᠠᠯᠠᠬᠤ ᠂ ᠪᠣᠷᠣᠯᠠᠭᠤᠯᠬᠤ ᠶᠢ ᠴᠠᠭᠠᠵᠠᠯᠠᠨ᠎ᠠ ᠃      ︵ᠬᠤᠶᠠᠷ︶ ᠵᠢᠭᠠᠰᠤ ᠠᠩᠨᠠᠬᠤ ᠬᠤᠷᠢᠭᠠᠲᠠᠢ ᠣᠷᠣᠨ ᠪᠣᠯᠣᠨ ᠵᠢᠭᠠᠰᠤ ᠠᠩᠨᠠᠬᠤ ᠬᠤᠷᠢᠭᠠᠲᠠᠢ ᠬᠤᠭᠤᠴᠠᠭᠠᠨ ᠳᠤ ᠂ ᠵᠢᠭᠠᠨ ᠰᠤᠷᠭᠠᠬᠤ ᠪᠠ ᠰᠢᠨᠵᠢᠯᠡᠬᠦ ᠤᠬᠠᠭᠠᠨ ᠤ ᠰᠤᠳᠤᠯᠤᠯ ᠬᠢᠬᠦ ᠂ ᠲᠡᠵᠢᠭᠡᠨ ᠦᠷᠡᠵᠢᠭᠦᠯᠬᠦ ᠵᠡᠷᠭᠡ ᠣᠨᠴᠣᠭᠤᠢ ᠬᠡᠷᠡᠭᠴᠡᠭᠡ ᠠᠴᠠ ᠪᠣᠯᠣᠭᠠᠳ ᠠᠩᠨᠠᠵᠤ ᠱᠦᠭᠦᠬᠦ ᠠᠵᠢᠯ ᠬᠢᠬᠦ ᠳᠤ ᠡᠷᠬᠡᠪᠰᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠢᠶᠠᠷ ᠬᠢᠨᠠᠨ ᠵᠥᠪᠰᠢᠶᠡᠷᠡᠭᠦᠯᠬᠦ ᠬᠡᠷᠡᠭᠲᠡᠢ ᠃      ︵ᠭᠤᠷᠪᠠ︶ ᠡᠯ᠎ᠡ ᠱᠠᠲᠤᠨ ᠤ ᠵᠢᠭᠠᠰᠤᠨ ᠤ ᠠᠵᠤ ᠠᠬᠤᠢ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠪᠠᠶᠢᠭᠠᠯᠢ ᠶᠢᠨ ᠡᠬᠢ ᠪᠠᠶᠠᠯᠢᠭ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ   ᠬᠠᠮᠵᠢᠯᠴᠠᠭ᠎ᠠ ᠪᠠᠨ ᠴᠢᠩᠭᠠᠳᠬᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠤ ᠠᠵᠤ ᠠᠬᠤᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠣᠯ ᠤᠨ ᠬᠠᠮᠠᠭᠠᠯᠠᠯᠲᠠ ᠶᠢᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠠᠵᠤ ᠠᠬᠤᠢ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢᠨ ᠲᠣᠭᠲᠠᠭᠠᠯ ᠶᠣᠰᠣᠭᠠᠷ᠂ ᠵᠢᠭᠠᠰᠤ ᠶᠢ ᠴᠠᠬᠢᠯᠭᠠᠨ ᠢᠶᠠᠷ ᠴᠣᠬᠢᠬᠤ᠂ ᠵᠢᠭᠠᠰᠤ ᠶᠢ ᠬᠤᠤᠷᠳᠠᠭᠤᠯᠬᠤ᠂ ᠵᠢᠭᠠᠰᠤ ᠶᠢ ᠳᠡᠯᠪᠡᠴᠢᠬᠦ ᠵᠢᠴᠢ ᠳᠤᠷ᠎ᠠ ᠪᠠᠷ ᠢᠶᠠᠨ ᠠᠩᠨᠠᠵᠤ ᠱᠦᠭᠦᠬᠦ ᠵᠡᠷᠭᠡ ᠵᠢᠭᠠᠰᠤᠨ ᠤ ᠠᠵᠤ ᠦᠢᠯᠡᠰ ᠤᠨ ᠡᠬᠢ ᠪᠠᠶᠠᠯᠢᠭ ᠪᠠ ᠵᠢᠭᠠᠰᠤᠨ ᠤ ᠠᠵᠤ ᠦᠢᠯᠡᠰ ᠤᠨ ᠤᠰᠤᠨ ᠣᠷᠣᠨ ᠤ ᠣᠷᠴᠢᠨ ᠲᠣᠭᠤᠷᠢᠨ ᠢ ᠡᠪᠳᠡᠬᠦ ᠬᠠᠤᠯᠢ  ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦ ᠭᠡᠷᠡᠭᠳᠡᠢ ᠃ ᠬᠠᠷᠠᠭᠠᠯᠵᠠᠭᠰᠠᠨ ᠬᠠᠤᠯᠢ ᠲᠣᠭᠲᠠᠭᠠᠯ ᠢ ᠵᠥᠷᠢᠴᠡᠭᠰᠡᠨ ᠪᠠᠶᠢᠪᠠᠯ ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ   ᠰᠢᠢᠳᠪᠦᠷᠢᠯᠡᠬᠦ ᠭᠡᠷᠡᠭᠳᠡᠢ ︔ ᠶᠠᠯ᠎ᠠ ᠳᠤ ᠬᠦᠷᠦᠭᠰᠡᠨ ᠪᠠᠶᠢᠪᠠᠯ ᠂ ᠬᠠᠤᠯᠢ ᠶᠣᠰᠣᠭᠠᠷ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠭᠡᠷᠡᠭᠳᠡᠢ ᠃      ︵ ᠳᠥᠷᠪᠡ ︶ ᠥᠷᠭᠡᠨ ᠤᠯᠠᠨ ᠠᠷᠠᠳ ᠲᠦᠮᠡᠨ ᠵᠢᠭᠠᠰᠤ ᠠᠩᠨᠠᠬᠤ ᠬᠤᠷᠢᠭᠠᠲᠠᠢ ᠣᠷᠣᠨ ᠂ ᠵᠢᠭᠠᠰᠤ ᠠᠩᠨᠠᠬᠤ ᠬᠤᠷᠢᠭᠠᠲᠠᠢ ᠬᠤᠭᠤᠴᠠᠭᠠᠨ ᠳᠤ ᠪᠤᠶᠤ ᠬᠡᠷᠡᠭᠯᠡᠬᠦ ᠶᠢ ᠴᠠᠭᠠᠵᠠᠯᠠᠭᠰᠠᠨ ᠪᠠᠭᠠᠵᠢ ᠬᠡᠷᠡᠭᠰᠡᠯ ᠂ ᠠᠷᠭ᠎ᠠ ᠶᠢ ᠬᠡᠷᠡᠭᠯᠡᠨ ᠤᠰᠤᠨ ᠭᠠᠷᠤᠯᠲᠠ ᠶᠢ ᠠᠩᠨᠠᠵᠤ ᠱᠦᠭᠦᠭᠰᠡᠨ ᠶᠠᠯᠠᠲᠤ ᠠᠵᠢᠯᠯᠠᠭ᠎ᠠ ᠵᠢᠴᠢ ᠬᠠᠤᠯᠢ ᠪᠤᠰᠤ ᠪᠠᠷ ᠠᠩᠨᠠᠵᠤ ᠱᠦᠭᠦᠭᠰᠡᠨ ᠪᠤᠰᠤᠳ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠣᠯᠵᠤ ᠮᠡᠳᠡᠪᠡᠯ ᠂ ᠡᠯ᠎ᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠢᠯᠡᠴᠢᠯᠡᠨ ᠮᠡᠳᠡᠭᠦᠯᠦᠭᠡᠷᠡᠢ  ᠃       ᠢᠯᠡᠴᠢᠯᠡᠨ ᠮᠡᠳᠡᠭᠦᠯᠬᠦ ᠤᠲᠠᠰᠤ ᠄ 110 ᠃      ᠭᠤᠷᠪᠠ ᠂ ᠬᠡᠷᠡᠭᠵᠢᠭᠦᠯᠬᠦ ᠴᠠᠭ ᠬᠤᠭᠤᠴᠠᠭ᠎ᠠ      ᠳᠡᠭᠡᠷ᠎ᠡ ᠳᠤᠷᠠᠳᠤᠭᠰᠠᠨ ᠲᠣᠭᠲᠠᠭᠠᠯ ᠢ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃      ᠬᠢᠨᠠᠯᠲᠠ ᠲᠠᠯᠪᠢᠬᠤ ᠤᠲᠠᠰᠤ᠄ 12345᠃                            ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ                           ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                               2024 ᠣᠨ ᠤ 3 ᠰᠠᠷ᠎ᠠ ᠶᠢᠨ 18 ᠤ ᠡᠳᠦᠷ    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号