ᠦᠷ᠎ᠡ ᠰᠣᠩᠭᠤᠬᠤ ᠳᠤ ︽ᠲᠠᠪᠤ ᠶᠢ ᠠᠪᠬᠤ︾ ᠪᠠ ︽ᠲᠠᠪᠤ ᠶᠢ ᠠᠪᠬᠤ ᠦᠭᠡᠢ︾
ᠨᠡᠶᠢᠲᠡᠯᠡᠭᠰᠡᠨ ᠴᠠᠭ᠄
2024/3/21
      ᠬᠠᠪᠤᠷ ᠤᠨ ᠤᠯᠠᠷᠢᠯ ᠳᠤ ᠨᠢᠭᠡ ᠮᠥᠬᠦᠯᠢᠭ ᠨᠠᠷᠢᠮᠤ ᠲᠠᠷᠢᠪᠠᠯ ᠨᠠᠮᠤᠷ ᠤᠨ ᠬᠤᠷᠢᠶᠠᠯᠲᠠ ᠳᠤ ᠲᠦᠮᠡᠨ ᠮᠥᠬᠦᠯᠢᠭ ᠠᠮᠤ ᠬᠤᠷᠢᠶᠠᠳᠠᠭ᠃ ᠦᠷ᠎ᠡ ᠶᠢᠨ ᠶᠠᠰᠤ ᠴᠢᠨᠠᠷ ᠤᠨ ᠰᠠᠶᠢᠨ ᠮᠠᠭᠤ ᠨᠢ ᠲᠠᠷᠢᠶᠠᠴᠢᠳ ᠤᠨ ᠨᠢᠭᠡ ᠵᠢᠯ ᠤᠨ ᠬᠤᠷᠢᠶᠠᠯᠲᠠ ᠲᠠᠢ ᠬᠤᠯᠪᠣᠭᠳᠠᠵᠤ ᠪᠠᠶᠢᠳᠠᠭ᠃ ᠬᠠᠪᠤᠷ ᠤᠨ ᠲᠠᠷᠢᠶᠠᠯᠠᠭ᠎ᠠ ᠶᠢᠨ ᠲᠠᠰᠢᠷᠠᠮ ᠢᠶᠠᠷ᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠠᠴᠠ ᠥᠷᠭᠡᠨ ᠣᠯᠠᠨ ᠮᠠᠯᠴᠢᠨ ᠲᠠᠷᠢᠶᠠᠴᠢᠳ ᠲᠤ᠂ ᠦᠷ᠎ᠡ ᠰᠣᠩᠭᠤᠬᠤ᠂ ᠦᠷ᠎ᠡ ᠬᠤᠳᠠᠯᠳᠤᠨ ᠠᠪᠬᠤ ᠳᠠᠭᠠᠨ ︽ᠲᠠᠪᠤ ᠶᠢ ᠠᠪᠬᠤ ᠲᠠᠪᠤ ᠶᠢ ᠠᠪᠬᠤ ᠦᠭᠡᠢ︾ ᠪᠠᠶᠢᠬᠤ ᠵᠠᠷᠴᠢᠮ ᠢ ᠪᠠᠲᠤ ᠴᠡᠭᠡᠵᠢᠯᠡᠬᠦ ᠬᠡᠷᠡᠭᠲᠡᠢ ᠭᠡᠵᠦ ᠰᠠᠨᠠᠭᠤᠯᠵᠤ ᠪᠠᠶᠢᠨ᠎ᠠ᠃      ︽ᠲᠠᠪᠤ ᠶᠢ ᠠᠪᠬᠤ︾      ᠨᠢᠭᠡ ᠳᠤ ᠦᠨᠡᠮᠯᠡᠯ ᠢ ᠨᠢ ᠦᠵᠡᠬᠦ ᠬᠡᠷᠡᠭᠲᠡᠢ᠂ ᠵᠢᠩᠬᠢᠨᠢ ᠦᠨᠡᠨᠴᠢ ᠢᠲᠡᠭᠡᠮᠵᠢ ᠲᠠᠢ ᠦᠷ᠎ᠡ ᠶᠢᠨ ᠠᠵᠤ ᠠᠬᠤᠶᠢᠯᠠᠯ ᠪᠠ ᠡᠵᠡᠩᠨᠡᠯᠲᠡ ᠶᠢᠨ ᠳᠡᠯᠭᠡᠭᠦᠷ ᠢ ᠰᠣᠩᠭᠤᠵᠤ ᠦᠷ᠎ᠡ ᠬᠤᠳᠠᠯᠳᠤᠨ ᠠᠪᠬᠤ ᠬᠡᠷᠡᠭᠲᠡᠢ᠂ ᠡᠵᠡᠩᠨᠡᠯᠲᠡ ᠶᠢᠨ ᠦᠨᠡᠮᠯᠡᠯ᠂ ᠨᠠᠶᠢᠳᠠᠯᠭ᠎ᠠ ᠪᠠᠷ ᠣᠷᠣᠯᠠᠨ ᠪᠣᠷᠣᠯᠠᠭᠤᠯᠬᠤ ᠭᠡᠷ᠎ᠡ᠂ ᠳᠠᠩᠰᠠᠯᠠᠭᠤᠯᠤᠭᠰᠠᠨ ᠬᠦᠰᠦᠨᠦᠭᠲᠦ ᠶᠢ ᠪᠠᠶᠢᠴᠠᠭᠠᠵᠤ ᠦᠵᠡᠬᠦ ᠴᠢᠬᠤᠯᠠᠳᠠᠢ᠃      ᠬᠤᠶᠠᠷ ᠲᠤ ᠱᠣᠰᠢᠭ᠎ᠠ ᠲᠡᠮᠳᠡᠭ ᠢ  ᠨᠢ ᠪᠠᠶᠢᠴᠠᠭᠠᠬᠤ ᠬᠡᠷᠡᠭᠲᠡᠢ᠂ ᠱᠣᠰᠢᠭ᠎ᠠ ᠲᠡᠮᠳᠡᠭ ᠪᠠ ᠬᠡᠷᠡᠭᠯᠡᠬᠦ ᠲᠣᠳᠣᠷᠬᠠᠶᠢᠯᠠᠯᠲᠠ ᠳᠡᠭᠡᠷᠡᠬᠢ ᠦᠢᠯᠡᠳᠪᠦᠷᠢᠯᠡᠵᠦ ᠡᠵᠡᠩᠨᠡᠭᠴᠢ ᠶᠢᠨ ᠮᠡᠳᠡᠭᠡ ᠵᠠᠩᠭᠢ᠂ ᠪᠠᠶᠢᠴᠠᠭᠠᠨ ᠰᠢᠯᠭᠠᠭᠰᠠᠨ ᠡᠳᠦᠷ ᠬᠤᠭᠤᠴᠠᠭ᠎ᠠ ᠪᠠ ᠶᠠᠰᠤ ᠴᠢᠨᠠᠷ ᠤᠨ ᠪᠠᠲᠤᠯᠠᠭ᠎ᠠ ᠶᠢᠨ ᠬᠤᠭᠤᠴᠠᠭ᠎ᠠ᠂ ᠳᠠᠷᠢᠬᠤ ᠳᠤ ᠲᠣᠬᠢᠷᠠᠬᠤ ᠣᠷᠣᠨ ᠪᠦᠰᠡ᠂ ᠭᠤᠣᠯ ᠰᠢᠨᠵᠢ ᠪᠠᠶᠢᠳᠠᠯ᠂ ᠠᠶᠤᠯ ᠲᠦᠭᠰᠢᠭᠦᠷᠢ ᠶᠢᠨ ᠰᠠᠨᠠᠭᠤᠯᠤᠮᠵᠢ ᠵᠡᠷᠭᠡ ᠠᠭᠤᠯᠭ᠎ᠠ ᠶᠢ ᠪᠠᠶᠢᠴᠠᠭᠠᠨ ᠦᠵᠡᠬᠦ ᠬᠡᠷᠡᠭᠲᠡᠢ᠃      ᠭᠤᠷᠪᠠ ᠳᠤ ᠶᠠᠰᠤ ᠴᠢᠨᠠᠷ ᠢ ᠨᠢ ᠦᠵᠡᠬᠦ ᠬᠡᠷᠡᠭᠲᠡᠢ᠂ ᠤᠰᠤᠨ ᠤ ᠠᠭᠤᠯᠤᠭᠳᠠᠴᠠ ᠶᠢᠨ ᠵᠡᠭᠦᠯᠲᠡ ᠶᠢᠨ ᠬᠡᠮᠵᠢᠭᠳᠡᠯ ᠨᠢ ᠬᠡᠳᠦᠢ ᠳᠣᠣᠷ᠎ᠠ ᠪᠣᠯ ᠲᠡᠳᠦᠢ ᠰᠠᠶᠢᠨ᠂ ᠴᠡᠪᠡᠷᠴᠡ᠂ ᠨᠠᠬᠢᠶᠠᠯᠠᠬᠤ ᠨᠤᠷᠮ᠎ᠠ᠂ ᠴᠡᠪᠡᠷᠴᠡ ᠶᠢᠨ ᠵᠡᠭᠦᠯᠲᠡ ᠶᠢᠨ ᠬᠡᠮᠵᠢᠭᠳᠡᠯ ᠨᠢ ᠬᠡᠳᠦᠢ ᠥᠨᠳᠥᠷ ᠪᠣᠯ ᠲᠡᠳᠦᠢ ᠰᠠᠶᠢᠨ ᠪᠠᠶᠢᠳᠠᠭ᠃      ᠳᠥᠷᠪᠡ ᠳᠤ ᠲᠠᠮᠠᠭ᠎ᠠ ᠲᠠᠢ ᠪᠢᠯᠧᠲ ᠪᠠᠷᠢᠮᠲᠠ ᠶᠢ  ᠨᠢ ᠦᠯᠡᠳᠡᠭᠡᠬᠦ ᠬᠡᠷᠡᠭᠲᠡᠢ᠂ ᠦᠷ᠎ᠡ ᠬᠤᠳᠠᠯᠳᠤᠨ ᠠᠪᠬᠤ ᠳᠠᠭᠠᠨ ᠪᠣᠷᠣᠯᠠᠭᠤᠯᠬᠤ ᠳᠡᠯᠭᠡᠭᠦᠷ ᠠᠴᠠ ᠪᠠᠷᠢᠮᠲᠠ ᠪᠤᠶᠤ ᠲᠠᠮᠠᠭ᠎ᠠ ᠲᠠᠢ ᠪᠠᠷᠢᠮᠲᠠ ᠠᠪᠴᠤ᠂ ᠦᠷ᠎ᠡ ᠬᠤᠳᠠᠯᠳᠤᠨ ᠠᠪᠤᠭᠰᠠᠨ ᠭᠡᠷᠡᠴᠢ ᠪᠠᠷᠢᠮᠲᠠ ᠪᠠ ᠦᠷ᠎ᠡ ᠶᠢᠨ ᠪᠣᠭᠤᠳᠠᠯ ᠤᠨ ᠤᠭᠤᠲᠠ ︵ᠱᠣᠰᠢᠭ᠎ᠠ︶ ᠪᠠᠨ ᠲᠠᠷᠢᠶ᠎ᠠ ᠬᠤᠷᠢᠶᠠᠭᠰᠠᠨ ᠤ ᠲᠠᠷᠠᠭ᠎ᠠ ᠪᠣᠯᠲᠠᠯ᠎ᠠ ᠬᠠᠳᠠᠭᠠᠯᠠᠬᠤ ᠬᠡᠷᠡᠭᠲᠡᠢ᠃      ᠲᠠᠪᠤ ᠳᠤ ᠡᠷᠬᠡ ᠠᠰᠢᠭ ᠢᠶᠠᠨ ᠬᠠᠮᠠᠭᠠᠯᠠᠬᠤ ᠬᠡᠷᠡᠭᠲᠡᠢ᠂ ᠦᠷ᠎ᠡ ᠶᠢᠨ ᠶᠠᠰᠤ ᠴᠢᠨᠠᠷ ᠲᠤ ᠠᠰᠠᠭᠤᠳᠠᠯ ᠭᠠᠷᠬᠤ ᠪᠤᠶᠤ ᠦᠷ᠎ᠡ ᠬᠡᠷᠡᠭᠯᠡᠭᠰᠡᠨ ᠠᠴᠠ ᠪᠣᠯᠵᠤ ᠬᠤᠬᠢᠷᠠᠯ ᠭᠠᠷᠬᠤ ᠦᠶ᠎ᠡ ᠳᠤ᠂ ᠠᠯᠠᠭᠯᠠᠨ ᠲᠠᠷᠢᠬᠰᠠᠨ ᠲᠤᠬᠠᠢ ᠶᠢᠨ ᠳᠠᠯᠠᠪᠤᠷ ᠵᠡᠷᠭᠡ ᠬᠤᠯᠪᠣᠭᠳᠠᠯ ᠪᠦᠬᠦᠢ ᠭᠡᠷᠡᠴᠢ ᠪᠠᠷᠢᠮᠲᠠ ᠶᠢ ᠰᠠᠶᠢᠲᠤᠷ ᠬᠠᠮᠠᠭᠠᠯᠠᠬᠤ ᠶᠢᠨ ᠬᠠᠮᠲᠤ ᠲᠤᠬᠠᠢ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ 12316 ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠵᠠᠭᠠᠯᠳᠤᠵᠤ ᠢᠯᠡᠴᠢᠯᠡᠨ ᠮᠡᠳᠡᠭᠦᠯᠬᠦ ᠬᠡᠷᠡᠭᠲᠡᠢ᠃      ︽ᠲᠠᠪᠤ ᠶᠢ ᠠᠪᠬᠤ ᠦᠭᠡᠢ︾      ᠨᠢᠭᠡ ᠳᠤ ᠰᠣᠬᠤᠷ ᠪᠠᠯᠠᠢ ᠪᠠᠷ ᠲᠠᠭᠠᠵᠤ ᠪᠣᠯᠬᠤ ᠦᠭᠡᠢ᠂ ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ ᠴᠢᠨᠠᠷ᠂ ᠬᠦᠴᠦ ᠰᠢᠮ᠎ᠡ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠵᠡᠷᠭᠡ ᠪᠠᠶᠢᠳᠠᠯ ᠢ ᠬᠠᠶᠢᠬᠤᠷᠤᠯ ᠦᠭᠡᠢ ᠪᠠᠷ ᠰᠣᠬᠤᠷ ᠪᠠᠯᠠᠢ ᠪᠠᠷ ᠪᠤᠰᠤᠳ ᠢ ᠲᠠᠭᠠᠵᠤ ᠠᠪᠬᠤ᠂ ᠬᠥᠮᠥᠨ ᠶᠠᠮᠠᠷ ᠡᠭᠦᠯᠳᠡᠷ ᠢ ᠲᠠᠷᠢᠪᠠᠯ ᠳᠠᠭᠠᠵᠤ ᠲᠡᠷᠡ ᠡᠭᠦᠯᠳᠡᠷ ᠢ  ᠨᠢ ᠲᠠᠷᠢᠬᠤ ᠠᠴᠠ ᠵᠠᠶᠢᠯᠠᠰᠬᠢᠬᠤ ᠭᠡᠷᠡᠭᠳᠡᠢ᠃      ᠬᠤᠶᠠᠷ ᠲᠤ ᠰᠢᠨ᠎ᠡ ᠬᠠᠨᠳᠤᠰᠢ ᠶᠢ ᠳᠠᠭᠠᠵᠤ ᠪᠣᠯᠬᠤ ᠦᠭᠡᠢ᠂ ᠰᠢᠨ᠎ᠡ ᠡᠬᠦᠯᠳᠡᠷ ᠯᠠ ᠪᠣᠯ ᠰᠠᠶᠢᠨ ᠭᠡᠵᠦ ᠦᠵᠡᠵᠦ᠂ ᠲᠤᠰ ᠡᠬᠦᠯᠳᠡᠷ  ᠨᠢ ᠬᠢᠨᠠᠨ ᠲᠣᠭᠲᠠᠭᠠᠯᠲᠠ ᠪᠤᠶᠤ ᠪᠦᠷᠢᠳᠬᠡᠯᠲᠡ ᠳᠤ ᠬᠢᠷᠢ ᠲᠡᠩᠴᠡᠭᠰᠡᠨ ᠡᠰᠡᠬᠦ ᠶᠢ ᠬᠠᠮᠢᠶᠠᠷᠬᠤ ᠦᠭᠡᠢ ᠪᠠᠶᠢᠵᠤ ᠪᠤᠯᠬᠤ ᠦᠭᠡᠢ᠃      ᠭᠤᠷᠪᠠ ᠳᠤ ᠣᠷᠣᠨ ᠪᠦᠰᠡ ᠶᠢ ᠳᠠᠪᠠᠵᠤ ᠪᠣᠯᠬᠤ ᠦᠭᠡᠢ᠂ ᠲᠠᠷᠢᠶ᠎ᠠ ᠲᠠᠷᠢᠬᠤ ᠳᠠᠭᠠᠨ ᠬᠤᠷᠠᠮᠠᠯ ᠰᠡᠷᠢᠭᠦᠨ ᠪᠦᠰᠡ ᠶᠢᠨ ᠱᠠᠭᠠᠷᠳᠠᠯᠭ᠎ᠠ ᠶᠢ ᠦᠨᠳᠦᠰᠦᠯᠡᠨ ᠲᠣᠬᠢᠷᠠᠮᠵᠢᠲᠠᠢ ᠡᠭᠦᠯᠳᠡᠷ ᠢ ᠲᠠᠷᠢᠵᠤ᠂ ᠣᠷᠣᠨ ᠪᠦᠰᠡ ᠶᠢ ᠳᠠᠪᠠᠵᠤ ᠣᠷᠣᠢ ᠪᠣᠯᠪᠠᠰᠤᠷᠠᠬᠤ ᠡᠭᠦᠯᠳᠡᠷ ᠢ ᠰᠣᠩᠭᠤᠵᠤ ᠪᠣᠯᠬᠤ ᠦᠭᠡᠢ᠃      ᠳᠥᠷᠪᠡ ᠳᠤ ᠦᠨᠳᠦᠷ ᠢ ᠬᠦᠭᠡᠭᠡᠴᠡᠯᠳᠦᠵᠤ ᠪᠣᠯᠬᠤ ᠦᠭᠡᠢ᠂ ᠥᠨᠳᠥᠷ ᠦᠨ᠎ᠡ ᠲᠠᠢ ᠦᠷ᠎ᠡ ᠯᠠᠪ ᠰᠠᠶᠢᠨ ᠦᠷ᠎ᠡ ᠭᠡᠵᠦ ᠦᠵᠡᠬᠦ ᠠᠴᠠ ᠵᠠᠶᠢᠯᠠᠰᠬᠢᠪᠠᠯ ᠵᠤᠬᠢᠨ᠎ᠠ᠃      ᠲᠠᠪᠤ ᠳᠤ ᠤᠳᠠᠭᠠᠰᠢᠷᠠᠭᠤᠯᠵᠤ ᠪᠣᠯᠬᠤ ᠦᠭᠡᠢ᠂ ᠴᠠᠭ ᠢ ᠠᠮᠵᠢᠨ ᠦᠷ᠎ᠡ ᠬᠤᠳᠠᠯᠳᠤᠨ ᠠᠪᠬᠤ ᠦᠭᠡᠢ᠂ ᠲᠠᠷᠢᠬᠤ ᠦᠶ᠎ᠡ ᠳᠤ ᠰᠠᠶ᠋ᠢ ᠦᠷ᠎ᠡ ᠬᠤᠳᠠᠯᠳᠤᠨ ᠠᠪᠬᠤ ᠪᠠᠷ ᠶᠠᠭᠠᠷᠠᠪᠠᠯ᠂ ᠬᠠᠮᠤᠭ ᠤᠨ ᠰᠠᠶᠢᠨ ᠲᠠᠷᠢᠬᠤ ᠴᠠᠭ ᠦᠶ᠎ᠡ ᠶᠢ ᠠᠯᠳᠠᠵᠤ ᠮᠡᠳᠡᠨ᠎ᠡ᠃
 
ᠢᠷᠡᠯᠲᠡ᠄ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号