ᠮᠠᠯ ᠠᠵᠤ ᠠᠬᠤᠢ ᠶᠢᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠷᠭᠡᠵᠢᠯ ᠤᠨ ᠭᠤᠣᠯᠳᠠᠯᠭ᠎ᠠ
ᠨᠡᠶᠢᠲᠡᠯᠡᠭᠰᠡᠨ ᠴᠠᠭ᠄
2024/3/24
      ᠨᠢᠭᠡ᠂ ᠬᠢᠨᠠᠨ ᠬᠡᠮᠵᠢᠵᠦ ᠰᠡᠷᠡᠮᠵᠢᠯᠡᠭᠦᠯᠬᠦ ᠵᠢᠴᠢ ᠤᠬᠠᠭᠤᠯᠤᠨ ᠳᠠᠶᠢᠴᠢᠯᠠᠬᠤ ᠶᠢ ᠴᠢᠩᠭᠠᠳᠬᠠᠬᠤ ᠬᠡᠷᠡᠭᠲᠡᠢ᠃ ᠴᠠᠭ ᠠᠭᠤᠷ᠂ ᠤᠰᠤᠨ ᠠᠰᠢᠭᠯᠠᠯᠲᠠ᠂ ᠪᠠᠴᠢᠮ ᠪᠠᠶᠢᠳᠠᠯ ᠢ ᠠᠷᠭᠠᠴᠠᠬᠤ ᠵᠡᠷᠭᠡ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠪᠠᠨ ᠨᠢᠭᠲᠠᠷᠠᠭᠤᠯᠵᠤ᠂ ᠵᠥᠪᠳᠡᠯᠴᠡᠵᠦ ᠰᠤᠳᠤᠯᠤᠨ ᠮᠠᠭᠠᠳᠯᠠᠬᠤ ᠪᠠᠨ ᠴᠢᠩᠭᠠᠳᠬᠠᠨ᠂ ᠲᠤᠶᠢᠯ ᠤᠨ ᠴᠠᠭ ᠠᠭᠤᠷ ᠤᠨ ᠬᠤᠪᠢᠷᠠᠯᠲᠠ ᠬᠥᠭᠵᠢᠯᠲᠡ ᠶᠢ ᠨᠢᠭᠲᠠ ᠠᠩᠬᠠᠷᠴᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠬᠦ ᠬᠡᠷᠡᠭᠲᠡᠢ᠃ ᠷᠠᠳᠢᠣ᠋ ᠨᠡᠪᠲᠡᠷᠡᠭᠦᠯᠭᠡ ᠲᠧᠯᠸᠢᠰ᠂ ᠣᠬᠤᠷ ᠮᠡᠳᠡᠭᠡ ᠸᠢᠴᠠᠲ ᠤᠨ ᠠᠵᠢᠯ ᠤᠨ ᠪᠦᠯᠦᠭ ᠵᠡᠷᠭᠡ ᠰᠢᠨ᠎ᠡ ᠵᠠᠭᠤᠴᠢᠯᠠᠭᠤᠷ ᠤᠨ ᠠᠷᠭ᠎ᠠ ᠪᠠᠷᠢᠯ ᠢ ᠭᠦᠢᠴᠡᠳ ᠠᠰᠢᠭᠯᠠᠨ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠮᠠᠯᠴᠢᠨ ᠲᠠᠷᠢᠶᠠᠴᠢᠨ ᠤ ᠭᠠᠷ ᠲᠤ ᠬᠠᠷᠢᠭᠤ ᠲᠤᠰᠬᠠᠵᠤ᠂ ᠮᠠᠯᠴᠢᠨ ᠲᠠᠷᠢᠶᠠᠴᠢᠨ ᠢ ᠳᠠᠶᠢᠴᠢᠯᠠᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠤᠷᠢᠳᠴᠢᠯᠠᠨ ᠨᠠᠶᠢᠳᠠᠪᠤᠷᠢᠵᠢᠭᠤᠯᠬᠤ ᠬᠡᠷᠡᠭᠲᠡᠢ᠃      ᠬᠤᠶᠠᠷ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠠᠯᠠᠪᠠᠶ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢ ᠴᠢᠩᠭᠠᠳᠬᠠᠬᠤ ᠬᠡᠷᠡᠭᠲᠡᠢ᠃ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠠᠶᠢᠴᠠᠭᠠᠯᠲᠠ ᠶᠢ ᠤᠷᠢᠳᠴᠢᠯᠠᠨ ᠵᠣᠬᠢᠶᠠᠨ ᠪᠠᠶᠢᠭᠤᠯᠵᠤ᠂ ᠲᠡᠵᠢᠭᠡᠨ ᠦᠷᠡᠵᠢᠭᠦᠯᠬᠦ ᠪᠠᠷᠢᠯᠭ᠎ᠠ ᠶᠢᠨ ᠲᠥᠬᠦᠭᠡᠷᠦᠮᠵᠢ ᠶᠢ ᠪᠠᠬᠢᠵᠢᠭᠦᠯᠦᠨ᠂ ᠰᠡᠯᠪᠢᠨ ᠵᠠᠰᠠᠵᠤ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠤᠰᠤ ᠲᠠᠲᠠᠷᠠᠭᠤᠯᠬᠤ ᠰᠢᠰᠲ᠋ᠧᠮ ᠢ ᠴᠠᠭ ᠲᠤᠬᠠᠢ  ᠳᠤᠨᠢ ᠴᠡᠪᠡᠷᠯᠡᠵᠦ᠂ ᠤᠰᠤ ᠭᠠᠳᠠᠭᠰᠢᠯᠠᠭᠤᠯᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ ᠬᠤᠲᠣᠭᠤᠷ ᠭᠠᠵᠠᠷ ᠤᠨ ᠪᠣᠷᠣᠭᠠᠨ ᠤ ᠤᠰᠤ ᠭᠡᠳᠡᠷᠬᠦ ᠴᠢᠳᠬᠤᠬᠤ ᠭᠠᠮᠰᠢᠭ ᠢ ᠭᠤᠣᠯᠳᠠᠯᠭ᠎ᠠ ᠲᠠᠢ ᠰᠡᠷᠭᠡᠶᠢᠯᠡᠵᠦ᠂ ᠴᠢᠬᠤᠯᠠ ᠲᠠᠢ ᠦᠶ᠎ᠡ ᠳᠤ ᠮᠠᠯ ᠵᠢᠭᠦᠷᠲᠡᠨ ᠢᠶᠠᠨ ᠠᠶᠤᠯ ᠦᠭᠡᠢ ᠭᠠᠵᠠᠷ ᠲᠠᠯᠠᠪᠤᠷ ᠲᠤ ᠤᠷᠢᠳᠴᠢᠯᠠᠨ ᠰᠢᠯᠵᠢᠭᠦᠯᠵᠦ ᠲᠡᠵᠢᠭᠡᠬᠦ ᠬᠡᠷᠡᠭᠲᠡᠢ᠃ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠶᠢᠨ ᠵᠣᠬᠢᠬᠤ ᠬᠡᠮᠵᠢᠶᠡᠨ ᠤ ᠲᠡᠵᠢᠭᠡᠯ ᠡᠪᠡᠰᠦ ᠲᠡᠵᠢᠭᠡᠯ ᠪᠣᠷᠳᠤᠭ᠎ᠠ᠂ ᠡᠮ ᠤᠨ ᠵᠦᠢᠯ ᠵᠢᠴᠢ ᠦᠶᠡᠷ ᠢ ᠰᠡᠷᠭᠡᠶᠢᠯᠡᠬᠦ ᠲᠥᠬᠦᠭᠡᠷᠦᠮᠵᠢ ᠵᠡᠷᠭᠡ ᠡᠳ᠋ ᠪᠣᠳᠠᠰ ᠢ ᠨᠥᠭᠡᠴᠡᠯᠡᠬᠦ ᠶᠢ ᠵᠢᠯᠤᠭᠤᠳᠴᠤ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠯᠲᠡ ᠭᠦᠢᠴᠡᠳ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃      ᠭᠤᠷᠪᠠ᠂ ᠭᠠᠮᠰᠢᠭ ᠤᠨ ᠳᠠᠷᠠᠭᠠᠬᠢ ᠮᠠᠯ ᠵᠢᠭᠦᠷᠲᠡᠨ ᠢ ᠲᠡᠵᠢᠭᠡᠨ ᠠᠷᠠᠴᠢᠯᠠᠬᠤ ᠬᠠᠮᠢᠶᠠᠷᠤᠯᠲᠠ ᠶᠢ  ᠴᠢᠩᠭᠠᠳᠬᠠᠬᠤ ᠬᠡᠷᠡᠭᠲᠡᠢ᠃ ᠭᠠᠮᠰᠢᠭ ᠤᠨ ᠳᠠᠷᠠᠭ᠎ᠠ ᠯᠠᠭ ᠰᠢᠪᠠᠷ ᠤᠨ ᠡᠯᠳᠡᠪ ᠪᠣᠳᠠᠰ ᠢ ᠴᠠᠭ ᠲᠤᠬᠠᠢ ᠳᠤᠨᠢ ᠴᠡᠪᠡᠷᠯᠡᠨ ᠠᠷᠢᠯᠭᠠᠵᠤ᠂ ᠲᠡᠵᠢᠭᠡᠨ ᠦᠷᠡᠵᠢᠭᠦᠯᠬᠦ ᠬᠦᠷᠢᠶ᠎ᠡ ᠬᠠᠰᠢᠶ᠎ᠠ ᠶᠢ ᠰᠡᠯᠪᠢᠨ ᠵᠠᠰᠠᠵᠤ ᠪᠠᠬᠢᠵᠢᠭᠦᠯᠬᠦ ᠠᠵᠢᠯ ᠢ ᠴᠠᠭ ᠲᠤᠬᠠᠢ ᠳᠤᠨᠢ ᠰᠠᠶᠢᠲᠤᠷ ᠬᠢᠬᠦ ᠬᠡᠷᠡᠭᠲᠡᠢ᠃ ᠭᠠᠮᠰᠢᠭ ᠤᠨ ᠳᠠᠷᠠᠭᠠᠬᠢ ᠤᠰᠤᠨ ᠰᠤᠷᠪᠤᠯᠵᠢ ᠶᠢᠨ ᠭᠠᠵᠠᠷ᠂ ᠤᠤᠭᠤᠬᠤ ᠤᠰᠤᠨ ᠤ ᠬᠤᠳᠳᠤᠭ ᠪᠠ ᠤᠤᠭᠤᠬᠤ ᠤᠰᠤᠨ ᠤ ᠬᠤᠭᠤᠯᠠᠢ ᠱᠤᠭᠤᠮ ᠤᠨ ᠠᠷᠢᠭᠤᠨ ᠴᠡᠪᠡᠷ ᠤᠨ ᠪᠠᠶᠢᠳᠠᠯ ᠢ ᠠᠩᠬᠠᠷᠴᠤ᠂ ᠱᠠᠭᠠᠷᠳᠠᠯᠭ᠎ᠠ ᠶᠣᠰᠣᠭᠠᠷ ᠤᠤᠭᠤᠬᠤ ᠤᠰᠤᠨ ᠤ ᠠᠷᠢᠭᠤᠳᠬᠠᠯ ᠢ ᠥᠷᠨᠢᠭᠦᠯᠵᠦ᠂ ᠤᠤᠭᠤᠬᠤ ᠤᠰᠤᠨ ᠤ ᠶᠠᠰᠤ ᠴᠢᠨᠠᠷ ᠤᠨ ᠠᠶᠤᠯᠭᠦᠢ ᠪᠠᠶᠢᠬᠤ ᠶᠢ ᠦᠨᠡᠨ ᠬᠦ ᠪᠠᠲᠤᠯᠠᠨ᠎ᠠ᠃ ᠦᠢᠯᠡᠳᠪᠦᠷᠢᠯᠡᠯ ᠤᠨ ᠬᠡᠷᠡᠭᠰᠡᠯ ᠢ ᠲᠣᠬᠢᠷᠠᠭᠤᠯᠤᠨ ᠵᠥᠭᠡᠭᠡᠪᠦᠷᠢᠯᠡᠬᠦ ᠶᠢ ᠴᠢᠩᠭᠠᠳᠬᠠᠵᠤ᠂ ᠲᠡᠵᠢᠭᠡᠯ ᠪᠣᠷᠳᠤᠭ᠎ᠠ ᠶᠢ ᠲᠡᠵᠢᠭᠡᠬᠦ ᠠᠴᠠ ᠡᠮᠦᠨ᠎ᠡ ᠨᠠᠷᠢᠨ ᠪᠠᠶᠢᠴᠠᠭᠠᠵᠤ᠂ ᠸᠠᠯᠠᠭᠰᠠᠨ ᠲᠡᠵᠢᠭᠡᠯ ᠪᠣᠷᠳᠤᠭ᠎ᠠ ᠪᠠᠷ ᠮᠠᠯ ᠵᠢᠭᠦᠷᠲᠡᠨ ᠢ ᠲᠡᠵᠢᠭᠡᠬᠦ ᠦᠭᠡᠢ ᠪᠠᠷ ᠬᠤᠣᠷᠳᠠᠭᠳᠠᠬᠤ ᠶᠢ ᠰᠡᠷᠭᠡᠶᠢᠯᠡᠬᠦ ᠬᠡᠷᠡᠭᠲᠡᠢ᠃ ᠲᠡᠵᠢᠭᠡᠯ ᠪᠣᠷᠳᠣᠭᠠᠨ ᠤ ᠰᠢᠮ᠎ᠡ ᠲᠡᠵᠢᠭᠡᠯ ᠤᠨ ᠲᠣᠬᠢᠷᠠᠭᠤᠯᠭ᠎ᠠ ᠶᠢ ᠰᠠᠶᠢᠲᠤᠷ ᠬᠢᠵᠦ᠂ ᠸᠢᠲ᠋ᠠᠮᠢᠨ᠂ ᠴᠠᠬᠢᠯᠭᠠᠨ ᠵᠠᠳᠠᠯᠤᠭᠳᠠᠬᠤᠨ ᠵᠡᠷᠭᠡ ᠰᠡᠷᠡᠯᠵᠢᠯ ᠢ ᠡᠰᠡᠷᠭᠦᠴᠡᠬᠦ ᠡᠳ᠋ ᠵᠢᠴᠢ ᠡᠭᠡᠯᠢᠯᠡᠭᠡ ᠶᠢ ᠴᠢᠩᠭᠠᠷᠠᠭᠤᠯᠬᠤ ᠡᠳ᠋ ᠢ ᠵᠣᠬᠢᠬᠤ ᠬᠡᠮᠵᠢᠶ᠎ᠡ ᠪᠠᠷ ᠨᠡᠮᠡᠵᠦ᠂ ᠰᠡᠷᠡᠯᠵᠢᠯ ᠤᠨ ᠤᠷᠪᠠᠯ ᠢ  ᠪᠠᠭᠠᠰᠬᠠᠬᠤ ᠬᠡᠷᠡᠭᠲᠡᠢ᠃      ᠳᠥᠷᠪᠡ᠂ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠭᠠᠮᠰᠢᠭᠳᠠᠭᠰᠠᠨ ᠣᠷᠣᠨ ᠤ ᠠᠮᠢᠲᠠᠨ ᠤ ᠬᠢᠵᠢᠭ ᠡᠪᠡᠳᠴᠢᠨ ᠢ ᠬᠢᠨᠠᠨ ᠬᠡᠮᠵᠢᠵᠦ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠮᠠᠯ ᠵᠢᠭᠦᠷᠲᠡᠨ ᠤ ᠡᠪᠡᠳᠴᠢᠯᠡᠬᠦ ᠪᠠ ᠦᠬᠦᠭᠰᠡᠨ ᠢ ᠣᠯᠵᠤ ᠮᠡᠳᠡᠪᠡᠯ ᠴᠠᠭ ᠲᠤᠬᠠᠢ ᠳᠤᠨᠢ ᠮᠡᠳᠡᠭᠦᠯᠵᠦ᠂ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠭᠠᠮᠰᠢᠭ ᠤᠨ ᠳᠠᠷᠠᠭᠠᠬᠢ ᠠᠷᠢᠭᠤᠳᠬᠠᠯ ᠪᠠ ᠦᠬᠦᠭᠰᠡᠨ ᠠᠮᠢᠲᠠᠨ ᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠭᠠᠮᠰᠢᠭ ᠤᠨ ᠳᠠᠷᠠᠭᠠᠬᠢ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ᠂ ᠬᠥᠮᠥᠨ ᠮᠠᠯ ᠳᠤ ᠪᠦᠷ ᠲᠤᠰᠳᠠᠭ ᠬᠠᠯᠳᠠᠪᠤᠷᠢᠲᠤ ᠡᠪᠡᠳᠴᠢᠨ ᠤ ᠭᠡᠨᠡᠳᠲᠡ ᠳᠡᠯᠭᠡᠷᠡᠬᠦ ᠶᠢ ᠰᠡᠷᠭᠡᠶᠢᠯᠡᠬᠦ ᠬᠡᠷᠡᠭᠲᠡᠢ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号