ᠡᠪᠦᠯ ᠤᠨ ᠤᠯᠠᠷᠢᠯ ᠤᠨ ᠬᠤᠨᠢ ᠲᠡᠵᠢᠭᠡᠬᠦ ᠮᠡᠷᠭᠡᠵᠢᠯ ᠤᠨ ᠭᠤᠣᠯᠳᠠᠯᠭ᠎ᠠ
ᠨᠡᠶᠢᠲᠡᠯᠡᠭᠰᠡᠨ ᠴᠠᠭ᠄
2024/3/7
      ᠡᠪᠦᠯ ᠤᠨ ᠤᠯᠠᠷᠢᠯ ᠤᠨ ᠬᠤᠨᠢ ᠲᠡᠵᠢᠭᠡᠬᠦ ᠮᠡᠷᠭᠡᠵᠢᠯ ᠤᠨ ᠭᠤᠣᠯᠳᠠᠯᠭ᠎ᠠ      ᠡᠪᠦᠯ ᠤᠨ ᠤᠯᠠᠷᠢᠯ ᠳᠤ ᠬᠤᠨᠢ ᠲᠡᠵᠢᠭᠡᠬᠦ ᠡᠭᠦᠷᠭᠡ ᠬᠦᠨᠳᠦ᠂ ᠠᠷᠠᠴᠢᠯᠠᠵᠤ ᠲᠡᠵᠢᠭᠡᠬᠦ ᠮᠡᠷᠭᠡᠵᠢᠯ ᠤᠨ ᠬᠦᠴᠢᠷᠳᠡᠯ ᠶᠡᠭᠡ᠂ ᠵᠢᠭᠠᠬᠠᠨ ᠠᠩᠬᠠᠷᠬᠤ ᠦᠭᠡᠢ ᠪᠣᠯ ᠬᠤᠨᠢ ᠶᠢ ᠶᠡᠭᠡ ᠬᠡᠮᠵᠢᠶ᠎ᠡ ᠪᠠᠷ ᠦᠬᠦᠭᠦᠯᠳᠡᠭ᠃ ᠡᠭᠦᠨ ᠤ ᠳᠣᠲᠣᠷ᠎ᠠ ᠲᠠᠷᠭᠤ᠂ ᠮᠠᠯ᠂ ᠬᠡᠪᠡᠯᠢ ᠪᠠᠨ ᠬᠠᠮᠠᠭᠠᠯᠠᠬᠤ ᠨᠢ ᠪᠠᠰᠠ ᠲᠡᠵᠢᠭᠡᠪᠦᠷᠢ ᠶᠢᠨ ᠭᠤᠣᠯ ᠡᠭᠦᠷᠭᠡ ᠪᠣᠯᠣᠨ᠎ᠠ᠃ ᠡᠩ ᠤᠨ ᠪᠠᠶᠢᠳᠠᠯ ᠳᠤ ᠡᠪᠦᠯ ᠤᠨ ᠤᠯᠠᠷᠢᠯ ᠳᠤ ᠬᠤᠨᠢ ᠲᠡᠵᠢᠭᠡᠬᠦ ᠳᠤ ᠳᠣᠣᠷᠠᠬᠢ ᠮᠡᠲᠦ ᠳᠥᠷᠪᠡᠨ ᠵᠦᠢᠯ ᠤᠨ ᠮᠡᠷᠭᠡᠵᠢᠯ ᠤᠨ ᠭᠤᠣᠯᠳᠠᠯᠭ᠎ᠠ ᠶᠢ ᠠᠩᠬᠠᠷᠬᠤ ᠬᠡᠷᠡᠭᠲᠡᠢ᠄      ᠨᠢᠭᠡ᠂ ᠵᠦᠢ ᠵᠣᠬᠢᠰᠲᠠᠢ ᠪᠠᠷ ᠪᠡᠯᠴᠢᠭᠡᠷᠯᠡᠭᠦᠯᠦᠨ ᠲᠡᠵᠢᠭᠡᠬᠦ᠄ ᠡᠪᠦᠯ ᠤᠨ ᠤᠯᠠᠷᠢᠯ ᠳᠤ ᠪᠡᠯᠴᠢᠭᠡᠷᠯᠡᠭᠦᠯᠦᠨ ᠮᠠᠯᠯᠠᠬᠤ ᠳᠠᠭᠠᠨ ᠶᠡᠷᠦ ᠳᠡᠭᠡᠨ ᠰᠠᠯᠬᠢᠨ ᠠᠴᠠ ᠵᠠᠶᠢᠯᠠᠨ ᠨᠡᠷᠡᠨ ᠵᠦᠭ ᠬᠠᠨᠳᠤᠬᠤ᠂ ᠭᠠᠵᠠᠷ ᠤᠨ ᠪᠠᠶᠢᠴᠠ ᠨᠢ ᠥᠨᠳᠥᠷ ᠬᠠᠭᠤᠷᠠᠢ᠂ ᠤᠰᠤᠨ ᠤ ᠰᠤᠷᠪᠤᠯᠵᠢ ᠨᠢ ᠨᠡᠯᠢᠶᠡᠳ ᠰᠠᠶᠢᠨ ᠪᠠᠶᠢᠳᠠᠭ ᠥᠪᠥᠷ ᠬᠥᠲᠥᠯ ᠤᠨ ᠬᠤᠲᠣᠭᠤᠷ ᠭᠠᠵᠠᠷ ᠢ ᠰᠣᠩᠭᠤᠬᠤ ᠬᠡᠷᠡᠭᠲᠡᠢ᠃      ᠡᠪᠦᠯ ᠤᠨ ᠡᠬᠢ ᠪᠠᠷ ᠨᠢᠭᠡ ᠪᠦᠯᠦᠭ ᠡᠪᠡᠰᠦ ᠪᠡᠯᠴᠢᠭᠡᠷ ᠪᠠᠰᠠ ᠬᠠᠳᠠᠵᠤ ᠦᠬᠦᠰᠢᠷᠡᠭᠡᠳᠦᠢ ᠪᠠᠶᠢᠳᠠᠭ᠃ ᠡᠨᠡ ᠦᠶ᠎ᠡ ᠳᠤ ᠮᠠᠯ ᠬᠠᠷᠢᠭᠤᠯᠬᠤ ᠶᠢ ᠴᠢᠩᠭ᠎ᠠ ᠠᠳᠬᠤᠵᠤ᠂ ᠣᠷᠣᠢ ᠲᠠᠯᠪᠢᠵᠤ ᠡᠷᠲᠡ ᠬᠠᠷᠢᠭᠤᠯᠵᠤ᠂ ᠲᠤᠩᠭᠠᠯᠠᠭ ᠡᠳᠦᠷ ᠤᠨ ᠦᠳᠡ ᠶᠢᠨ ᠳᠤᠯᠠᠭᠠᠨ ᠴᠠᠭ ᠢ ᠠᠮᠵᠢᠨ ᠮᠠᠯ ᠬᠠᠷᠢᠭᠤᠯᠬᠤ ᠶᠢ ᠠᠩᠬᠠᠷᠴᠤ᠂ ᠬᠤᠨᠢ ᠶᠢ ᠴᠢᠳᠠᠬᠤ ᠶᠢᠨ ᠬᠢᠷᠢ ᠪᠠᠷ ᠬᠥᠬᠡ ᠡᠪᠡᠰᠦ ᠢᠯᠡᠭᠦᠬᠡᠨ ᠢᠳᠡᠭᠦᠯᠬᠦ ᠬᠡᠷᠡᠭᠲᠡᠢ᠂ ᠭᠡᠬᠦ ᠳᠡᠭᠡᠨ ᠬᠢᠷᠠᠭᠤ ᠲᠠᠢ ᠡᠪᠡᠰᠦ ᠶᠢ ᠢᠳᠡᠭᠦᠯᠬᠦ ᠪᠤᠶᠤ ᠮᠥᠰᠥ ᠲᠠᠢ ᠤᠰᠤ ᠤᠤᠭᠤᠯᠭᠠᠵᠤ ᠪᠣᠯᠬᠤ ᠦᠭᠡᠢ᠃ ᠡᠨᠡ ᠬᠤᠭᠤᠴᠠᠭᠠᠨ ᠳᠤ ᠬᠤᠨᠢ ᠶᠢ ᠴᠠᠳᠲᠠᠯ᠎ᠠ ᠢᠳᠡᠵᠦ ᠳᠡᠶᠢᠯᠬᠦ ᠦᠭᠡᠢ ᠪᠣᠯ ᠬᠠᠰᠢᠶ᠎ᠠ ᠳᠠᠭᠠᠨ ᠪᠤᠴᠠᠭᠰᠠᠨ ᠤ ᠳᠠᠷᠠᠭ᠎ᠠ ᠨᠥᠬᠦᠵᠦ  ᠲᠡᠵᠢᠭᠡᠬᠦ ᠬᠡᠷᠡᠭᠲᠡᠢ᠂ ᠡᠪᠦᠯ ᠤᠨ ᠬᠦᠢᠲᠡᠨ ᠳᠤ ᠬᠤᠨᠢ ᠪᠠᠨ ᠬᠤᠷᠢᠶᠠᠵᠤ ᠬᠠᠰᠢᠶᠠᠯᠠᠨ ᠲᠡᠵᠢᠭᠡᠬᠦ ᠬᠡᠷᠡᠭᠲᠡᠢ᠃      ᠬᠤᠶᠠᠷ᠂ ᠨᠠᠷᠢᠨ ᠨᠢᠮᠪᠠᠢ ᠬᠠᠰᠢᠶᠠᠯᠠᠨ ᠲᠡᠵᠢᠭᠡᠬᠦ᠄ ᠡᠪᠦᠯ ᠤᠨ ᠤᠯᠠᠷᠢᠯ ᠳᠤ ᠠᠭᠤᠷ ᠠᠮᠢᠰᠬᠤᠯ ᠬᠠᠬᠢᠷ ᠬᠦᠢᠲᠡᠨ᠂ ᠢᠮᠠᠭᠠᠨ ᠤ ᠪᠡᠶ᠎ᠡ ᠶᠢᠨ ᠬᠠᠯᠠᠭᠤᠨ ᠤ ᠬᠤᠷᠣᠭᠳᠠᠯ ᠶᠡᠭᠡ᠂ ᠡᠭᠦᠨ ᠤ ᠳᠡᠭᠡᠷ᠎ᠡ ᠣᠯᠠᠩᠬᠢ ᠡᠮ᠎ᠡ ᠬᠤᠨᠢ ᠬᠡᠭᠡᠯᠢ ᠲᠠᠢ ᠬᠤᠭᠤᠴᠠᠭᠠᠨ ᠳᠠᠭᠠᠨ ᠪᠠᠶᠢᠬᠤ ᠤᠴᠢᠷ ᠠᠴᠠ ᠠᠷᠠᠴᠢᠯᠠᠬᠤ ᠶᠢ ᠣᠨᠴᠠᠭᠠᠶᠢᠯᠠᠨ ᠠᠩᠬᠠᠷᠴᠤ᠂  ᠬᠠᠭᠤᠷᠠᠢ ᠬᠥᠬᠡ ᠡᠪᠡᠰᠦ ᠪᠠ ᠡᠰᠢ ᠰᠦᠷᠡᠯ ᠤᠨ ᠲᠦᠷᠦᠯ ᠤᠨ ᠪᠣᠷᠳᠤᠭ᠎ᠠ ᠶᠢ ᠪᠠᠲᠤᠯᠠᠬᠤ ᠠᠴᠠ ᠭᠠᠳᠠᠨ᠎ᠠ ᠪᠠᠰᠠ ᠢᠮᠠᠭᠠᠨ ᠤ ᠰᠢᠷ᠎ᠠ ᠪᠤᠷᠴᠠᠭ᠂ ᠡᠷᠳᠡᠨᠢ ᠰᠢᠰᠢ᠂ ᠪᠤᠭᠤᠳᠠᠢ ᠶᠢᠨ ᠬᠡᠪᠡᠭ ᠤᠨ ᠨᠠᠷᠢᠯᠢᠭ ᠪᠣᠷᠳᠤᠭ᠎ᠠ ᠶᠢ ᠨᠥᠬᠦᠪᠦᠷᠢᠯᠡᠬᠦ ᠶᠢᠨ ᠬᠠᠮᠲᠤ ᠬᠠᠰᠢᠶ᠎ᠠ ᠶᠢᠨ ᠳᠣᠲᠣᠷᠠᠬᠢ ᠬᠠᠭᠤᠷᠠᠢ ᠪᠠᠷ ᠳᠤᠯᠠᠭᠠᠯᠠᠬᠤ ᠶᠢ ᠠᠩᠬᠠᠷᠬᠤ ᠬᠡᠷᠡᠭᠲᠡᠢ᠃ ᠬᠤᠨᠢᠨ ᠤ ᠬᠥᠳᠡᠯᠭᠡᠭᠡᠨ ᠢ ᠨᠡᠮᠡᠭᠳᠡᠭᠦᠯᠬᠦ ᠶᠢᠨ ᠲᠥᠯᠥᠭᠡ᠂ ᠬᠠᠰᠢᠶᠠᠨ ᠳᠤ ᠪᠣᠰᠬᠠᠭᠰᠠᠨ ᠰᠢᠷᠣᠢ ᠶᠢᠨ ᠣᠪᠣᠭ᠎ᠠ ᠪᠤᠶᠤ ᠮᠣᠳᠣ ᠪᠠᠷ ᠬᠢᠭᠰᠡᠨ ᠥᠨᠳᠥᠷ ᠲᠠᠪᠴᠠᠩ ᠳᠤ ᠡᠪᠡᠰᠦ ᠢᠳᠡᠭᠦᠯᠵᠦ᠂ ᠲᠤᠩᠭᠠᠯᠠᠭ ᠡᠳᠦᠷ ᠬᠤᠨᠢ ᠶᠢ ᠭᠠᠳᠠᠭᠰᠢ ᠭᠠᠷᠭᠠᠨ ᠬᠥᠳᠡᠯᠭᠡᠭᠡᠨ ᠬᠢᠯᠭᠡᠵᠦ᠂ ᠪᠡᠶ᠎ᠡ ᠢ ᠨᠢ ᠴᠢᠭᠢᠷᠠᠭᠵᠢᠭᠤᠯᠤᠨ᠂ ᠡᠪᠦᠯ ᠢ ᠥᠩᠭᠡᠷᠡᠭᠦᠯᠬᠦ ᠠᠮᠢᠵᠢᠷᠠᠯ ᠤᠨ ᠬᠦᠴᠦᠨ ᠢᠳᠡᠭᠡᠭᠰᠢᠯᠡᠭᠦᠯᠦᠨ᠎ᠡ᠃      ᠭᠤᠷᠪᠠ᠂ ᠬᠡᠭᠡᠯᠲᠦᠭᠦᠯᠭᠡ ᠶᠢ ᠬᠠᠮᠠᠭᠠᠯᠠᠬᠤ ᠪᠠ ᠡᠪᠦᠯ ᠤᠨ ᠬᠡᠭᠡᠯᠲᠦᠭᠦᠯᠭᠡ ᠶᠢ ᠰᠠᠶᠢᠲᠤᠷ ᠠᠳᠬᠤᠬᠤ   ᠬᠡᠷᠡᠭᠲᠡᠢ᠄ ᠡᠪᠦᠯ ᠤᠨ ᠤᠯᠠᠷᠢᠯ ᠳᠤ ᠵᠣᠩᠬᠢᠯᠠᠬᠤ ᠲᠣᠭᠠᠨ ᠤ ᠡᠮ᠎ᠡ ᠬᠤᠨᠢ ᠬᠡᠭᠡᠯᠢ  ᠲᠠᠢ ᠬᠤᠭᠤᠴᠠᠭᠠᠨ ᠳᠠᠭᠠᠨ ᠪᠠᠶᠢᠬᠤ ᠤᠴᠢᠷ ᠠᠴᠠ ᠡᠷᠬᠡᠪᠰᠢ ᠬᠡᠭᠡᠯᠲᠦᠭᠦᠯᠭᠡ ᠶᠢ ᠬᠠᠮᠠᠭᠠᠯᠠᠬᠤ ᠠᠵᠢᠯ ᠢ ᠰᠠᠶᠢᠲᠤᠷ ᠠᠳᠬᠤᠵᠤ᠂ ᠡᠷ᠎ᠡ ᠡᠮ᠎ᠡ ᠬᠤᠨᠢ ᠶᠢ ᠰᠠᠯᠭᠠᠵᠤ ᠲᠡᠵᠢᠭᠡᠬᠦ ᠬᠡᠷᠡᠭᠲᠡᠢ᠃ ᠮᠠᠯ ᠬᠠᠷᠢᠭᠤᠯᠬᠤ ᠳᠠᠭᠠᠨ ᠬᠡᠭᠡᠭᠡᠯᠢ ᠲᠠᠢ ᠡᠮ᠎ᠡ ᠬᠤᠨᠢᠨ ᠳᠤ ᠬᠢᠷᠠᠭᠤ ᠪᠠ ᠮᠥᠰᠥ ᠴᠠᠰᠤᠨ ᠳᠤ ᠬᠤᠴᠢᠭᠳᠠᠭᠰᠠᠨ ᠡᠪᠡᠰᠦ ᠢᠳᠡᠭᠦᠯᠵᠦ ᠪᠣᠯᠬᠤ ᠦᠭᠡᠢ᠂ ᠵᠣᠳᠣᠯᠳᠤᠬᠤ᠂ ᠮᠥᠷᠭᠦᠯᠳᠦᠬᠦ᠂ ᠰᠢᠬᠠᠬᠤ᠂ ᠣᠶᠢᠴᠢᠬᠤ ᠠᠴᠠ ᠪᠣᠯᠵᠤ ᠬᠡᠭᠡᠯᠢ ᠬᠠᠶᠠᠬᠤ ᠠᠴᠠ ᠰᠡᠷᠭᠡᠶᠢᠯᠡᠬᠦ ᠬᠡᠷᠡᠭᠲᠡᠢ᠃ ᠡᠮ᠎ᠡ ᠬᠤᠨᠢᠨ ᠳᠤ ᠨᠠᠷᠢᠯᠢᠭ ᠪᠣᠷᠳᠤᠭ᠎ᠠ ᠪᠠ ᠳᠠᠪᠤᠰᠤ ᠨᠡᠮᠡᠭᠰᠡᠨ ᠤ ᠳᠠᠷᠠᠭᠠᠬᠢ ᠪᠦᠯᠢᠶᠡᠨ ᠤᠰᠤ ᠶᠢ ᠢᠯᠡᠭᠦᠬᠡᠨ ᠤᠤᠭᠤᠯᠭᠠᠬᠤ ᠶᠢᠨ ᠬᠠᠮᠲᠤ ᠰᠣᠪᠤᠢ ᠬᠤᠨᠢᠨ ᠤ ᠬᠡᠭᠡᠯᠲᠦᠭᠦᠯᠭᠡ ᠶᠢᠨ ᠠᠵᠢᠯ ᠢ ᠰᠠᠶᠢᠲᠤᠷ ᠠᠳᠬᠤᠵᠤ᠂ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠦᠨ᠎ᠡ᠃      ᠳᠥᠷᠪᠡ᠂ ᠬᠠᠰᠢᠶ᠎ᠠ ᠰᠠᠷᠠᠪᠴᠢ ᠶᠢᠨ ᠡᠷᠡᠭᠦᠯ ᠬᠠᠮᠠᠭᠠᠯᠠᠯ ᠪᠣᠯᠣᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠨ᠎ᠠ᠄ ᠬᠤᠨᠢ ᠴᠢᠭᠢᠭ ᠲᠤ ᠲᠣᠬᠢᠷᠠᠬᠤ ᠦᠭᠡᠢ᠂ ᠬᠤᠯᠠᠭᠠᠢ ᠰᠠᠯᠬᠢ ᠠᠴᠠ ᠠᠶᠤᠨ᠎ᠠ᠃ ᠡᠶᠢᠮᠦ ᠠᠴᠠ ᠡᠪᠦᠯ ᠤᠨ ᠤᠯᠠᠷᠢᠯ ᠳᠤ ᠬᠠᠰᠢᠶ᠎ᠠ ᠪᠠᠨ ᠰᠠᠯᠬᠢᠨ ᠠᠴᠠ ᠵᠠᠶᠢᠯᠠᠭᠤᠯᠤᠨ ᠬᠠᠭᠤᠷᠠᠢ ᠪᠠᠶᠢᠯᠭᠠᠵᠤ᠂ ᠬᠤᠨᠢᠨ ᠤ ᠪᠡᠶ᠎ᠡ ᠶᠢᠨ ᠭᠠᠳᠠᠷᠭᠤ ᠶᠢᠨ ᠠᠷᠢᠭᠤᠨ ᠴᠡᠪᠡᠷ ᠢ ᠪᠠᠲᠤᠯᠠᠬᠤ ᠶᠢᠨ ᠬᠠᠮᠲᠤ᠂ ᠢᠮᠠᠭᠠᠨ ᠤ ᠡᠪᠡᠳᠴᠢᠨ ᠢ ᠰᠡᠷᠭᠡᠶᠢᠯᠡᠵᠦ ᠡᠪᠡᠳᠴᠢᠨ ᠢ ᠠᠷᠢᠯᠭᠠᠬᠤ ᠠᠵᠢᠯ ᠢ ᠰᠠᠶᠢᠲᠤᠷ ᠬᠢᠵᠦ᠂ ᠦᠷᠭᠦᠯᠵᠢ ᠪᠠᠭᠠᠰᠤ ᠰᠢᠭᠡᠰᠦ ᠶᠢ ᠨᠢ ᠠᠮᠢᠳᠤ ᠪᠣᠳᠠᠰ ᠢᠶᠠᠷ ᠪᠣᠯᠪᠠᠰᠤᠷᠠᠭᠤᠯᠤᠨ᠎ᠠ᠃ ᠢᠮᠠᠭᠠᠨ ᠤ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠪᠠ ᠬᠤᠷᠣᠬᠠᠢ ᠬᠥᠭᠡᠭᠡᠬᠦ ᠠᠵᠢᠯ ᠢ ᠰᠠᠶᠢᠲᠤᠷ ᠬᠢᠵᠦ᠂ ᠣᠨᠴᠠᠭᠠᠶᠢᠯᠠᠨ ᠬᠤᠨᠢᠨ ᠤ ᠴᠢᠴᠠᠭ᠎ᠠ᠂ ᠪᠦᠳᠦᠭᠦᠨ ᠭᠡᠳᠡᠰᠦᠨ ᠤ ᠰᠠᠪᠬᠠᠨᠴᠢᠷ ᠪᠠᠺᠲ᠋ᠧᠷᠢ ᠶᠢᠨ ᠡᠪᠡᠳᠴᠢᠨ᠂ ᠬᠤᠨᠢᠨ ᠤ ᠭᠢᠨᠵᠢᠯᠢᠭ ᠪᠥᠮᠪᠥᠭᠡᠨ ᠪᠠᠺᠲ᠋ᠧᠷᠢ ᠶᠢᠨ ᠡᠪᠡᠳᠴᠢᠨ ᠵᠢᠴᠢ ᠲᠠᠭᠰᠢᠭᠤᠷ ᠵᠡᠷᠭᠡ ᠡᠪᠡᠳᠴᠢᠨ ᠢ ᠰᠡᠷᠭᠡᠶᠢᠯᠡᠨ ᠵᠠᠰᠠᠬᠤ ᠶᠢ ᠰᠠᠶᠢᠲᠤᠷ ᠠᠳᠬᠤᠬᠤ ᠶᠢᠨ ᠬᠠᠮᠲᠤ ᠦᠷᠭᠦᠯᠵᠢ ᠬᠤᠷᠣᠬᠠᠢ ᠬᠥᠭᠡᠭᠡᠬᠦ ᠡᠮ ᠢᠶᠠᠷ ᠬᠤᠨᠢ ᠶᠢ ᠰᠡᠷᠭᠡᠶᠢᠯᠡᠬᠦ ᠴᠢᠨᠠᠷᠲᠠᠢ ᠬᠤᠷᠣᠬᠠᠢ ᠬᠥᠭᠡᠭᠡᠬᠦ ᠠᠵᠢᠯ ᠢ ᠬᠢᠵᠦ᠂ ᠬᠤᠨᠢᠨ ᠤ ᠪᠡᠶ᠎ᠡ ᠶᠢᠨ ᠡᠷᠡᠭᠦᠯ ᠴᠢᠭᠢᠷᠠᠭ ᠢ ᠪᠠᠲᠤᠯᠠᠵᠤ᠂ ᠬᠠᠬᠢᠷ ᠡᠪᠦᠯ ᠤᠨ ᠳᠠᠭᠠᠷᠢᠯᠲᠠ ᠶᠢ ᠡᠰᠡᠷᠭᠦᠴᠡᠬᠦ ᠬᠡᠷᠡᠭᠲᠡᠢ᠃   
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号