︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠲᠤᠬᠠᠢ ᠵᠢᠯᠤᠭᠤᠳᠬᠤ ᠰᠠᠨᠠᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2024/3/8
      ︽ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠬᠠᠮᠢᠶᠠᠷᠤᠯᠲᠠ ᠶᠢᠨ ᠠᠷᠭ᠎ᠠ︾ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠳᠤᠷ᠎ᠠ ᠪᠠᠷ ᠢᠶᠠᠨ ᠬᠠᠶᠠᠬᠤ ᠶᠢ ᠪᠠᠭᠠᠰᠬᠠᠨ᠂ ᠣᠯᠠᠨ ᠨᠡᠶᠢᠲᠡ ᠶᠢᠨ ᠡᠷᠡᠭᠦᠯ ᠮᠡᠨᠳᠦ ᠶᠢ ᠪᠠᠲᠤᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢᠨ ᠲᠥᠯᠥᠭᠡ᠂ 2023 ᠣᠨ ᠤ 12 ᠰᠠᠷ᠎ᠠ ᠶᠢᠨ 25 ᠤ ᠡᠳᠦᠷ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠂ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ ᠬᠠᠮᠲᠤᠷᠠᠨ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠵᠢᠯᠤᠭᠤᠳᠬᠤ ᠰᠠᠨᠠᠯ ︾ ᠢ ᠳᠠᠷᠤᠮᠠᠯᠯᠠᠨ ᠲᠠᠷᠬᠠᠭᠠᠪᠠ᠃ ᠡᠳᠦᠭᠡ ᠬᠤᠯᠪᠣᠭᠳᠠᠯ ᠪᠦᠬᠦᠢ ᠠᠭᠤᠯᠭ᠎ᠠ ᠳᠤ ᠳᠣᠣᠷᠠᠬᠢ ᠮᠡᠲᠦ ᠲᠠᠶᠢᠯᠤᠮᠵᠢ ᠬᠢᠶ᠎ᠡ᠃      ᠨᠢᠭᠡ᠂ ᠨᠡᠶᠢᠲᠡᠯᠡᠭᠰᠡᠨ ᠠᠬᠤᠢ ᠪᠠᠶᠢᠳᠠᠯ      2017 ᠣᠨ ᠳᠤ ᠤᠯᠤᠰ ᠠᠴᠠ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠶᠢ ᠠᠩᠬ᠎ᠠ ᠤᠳᠠᠭ᠎ᠠ ᠳᠤᠷᠠᠳᠴᠤ ᠂ 2020 ᠣᠨ ᠳᠤ ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠴᠠ ᠠᠮᠢ ᠠᠬᠤᠢ ᠣᠷᠴᠢᠨ ᠲᠣᠭᠤᠷᠢᠨ ᠤ ᠶᠠᠮᠤᠨ ᠲᠠᠢ ᠬᠠᠮᠲᠤᠷᠠᠨ ︽ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠬᠠᠮᠢᠶᠠᠷᠤᠯᠲᠠ ᠶᠢᠨ ᠠᠷᠭ᠎ᠠ ︾  ᠶᠢ ᠨᠡᠶᠢᠲᠡᠯᠡᠵᠦ ᠂ ᠡᠯ᠎ᠡ ᠭᠠᠵᠠᠷ ᠤᠨ ᠬᠢᠨ ᠢ ᠬᠤᠷᠢᠶᠠᠨ ᠠᠪᠬᠤ ᠪᠠ ᠬᠠᠮᠢᠶᠠᠷᠬᠤ ᠤᠷᠳᠤ ᠬᠤᠭᠤᠴᠠᠭᠠᠨ ᠤ ᠪᠦᠲᠦᠮᠵᠢᠲᠡᠢ ᠠᠵᠢᠯᠯᠠᠭᠠᠨ ᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ ᠂ ᠳᠠᠷᠠᠭ᠎ᠠ ᠨᠢ ᠪᠠᠰᠠ ᠰᠦᠯᠢᠶᠥᠦ ᠶᠢᠨ ᠪᠣᠬᠢᠷᠲᠤᠯ ᠢ ᠵᠠᠰᠠᠬᠤ ᠠᠵᠢᠯ ᠳᠤ ᠣᠷᠣᠭᠤᠯᠬᠤ ᠬᠡᠷᠡᠭᠲᠡᠢ ᠭᠡᠵᠦ ᠱᠠᠭᠠᠷᠳᠠᠪᠠ ᠃ ᠮᠠᠨ ᠤ ᠣᠷᠣᠨ ᠤ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠤᠯᠤᠰ ᠤᠨ ᠱᠠᠭᠠᠷᠳᠠᠯᠭ᠎ᠠ ᠳᠤ ᠬᠦᠷᠦᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ ᠥᠪᠡᠷᠲᠡᠭᠡᠨ ᠵᠠᠰᠠᠬᠤ ᠣᠷᠣᠨ ᠠᠴᠠ ᠨᠠᠷᠢᠯᠢᠭᠵᠢᠭᠤᠯᠤᠭᠰᠠᠨ ᠵᠢᠯᠤᠭᠤᠳᠬᠤ ᠰᠠᠨᠠᠯ ᠢ ᠨᠡᠶᠢᠲᠡᠯᠡᠪᠡ᠃      ᠬᠤᠶᠠᠷ ᠂ ᠭᠤᠣᠯ ᠬᠠᠷᠠᠯᠲᠠ      ︽ᠵᠢᠯᠤᠭᠤᠳᠬᠤ ᠰᠠᠨᠠᠯ︾ ᠳᠤ ᠲᠣᠳᠣᠷᠬᠠᠢ ᠳᠤᠷᠠᠳᠤᠭᠰᠠᠨ ᠨᠢ᠂ ᠪᠥᠬᠦ ᠣᠷᠣᠨ ᠳᠤ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠰᠢᠰᠲ᠋ᠧᠮ ᠪᠠ ᠠᠵᠢᠯ ᠤᠨ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠲᠠᠷᠢᠶᠠᠨ ᠡᠮ ᠤᠨ ᠡᠵᠡᠩᠨᠡᠯᠲᠡ ᠶᠢᠨ ᠡᠭᠦᠳᠡᠨ ᠳᠡᠯᠭᠡᠭᠦᠷ ᠤᠨ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠲᠥᠬᠦᠭᠡᠷᠦᠮᠵᠢ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ 2025 ᠣᠨ ᠪᠣᠯᠬᠤ ᠳᠤ ᠪᠥᠬᠦ ᠣᠷᠣᠨ ᠤ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠨᠣᠷᠮ᠎ᠠ ᠶᠢ 80%   ᠠᠴᠠ ᠳᠡᠭᠡᠭᠰᠢ ᠳᠤ ᠬᠦᠷᠭᠡᠬᠦ ᠬᠡᠷᠡᠭᠲᠡᠢ᠃      ᠭᠤᠷᠪᠠ ᠂ ᠭᠤᠣᠯ ᠡᠭᠦᠷᠭᠡ      ᠥᠪᠡᠷᠲᠡᠭᠡᠨ ᠵᠠᠰᠠᠬᠤ ᠣᠷᠣᠨ  ᠠᠴᠠ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠲᠠᠯ᠎ᠠ ᠪᠠᠷ᠂ 8 ᠲᠠᠯ᠎ᠠ ᠶᠢᠨ ᠭᠤᠣᠯ ᠡᠭᠦᠷᠭᠡ ᠶᠢ ᠳᠤᠷᠠᠳᠪᠠ᠃ ᠨᠢᠭᠡ ᠳᠤ ᠪᠠᠶᠢᠴᠠᠭᠠᠵᠤ ᠬᠢᠨᠠᠨ ᠬᠡᠮᠵᠢᠬᠦ ᠶᠢ ᠵᠣᠬᠢᠶᠠᠨ ᠪᠠᠶᠢᠭᠤᠯᠤᠨ᠎ᠠ ᠃ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠨ ᠥᠷᠨᠢᠭᠦᠯᠵᠦ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠤᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠬᠤ ᠬᠡᠷᠡᠭᠲᠡᠢ᠃ ᠬᠤᠶᠠᠷ ᠲᠤ ᠬᠡᠷᠡᠭᠵᠢᠭᠦᠯᠬᠦ ᠲᠥᠰᠥᠯ ᠢ ᠲᠣᠭᠲᠠᠭᠠᠨ᠎ᠠ ᠃ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠰᠠᠯᠠᠭ᠎ᠠ ᠮᠥᠴᠢᠷ ᠤᠳ ᠠᠮᠢ ᠠᠬᠤᠢ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠲᠠᠢ ᠬᠠᠮᠲᠤᠷᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠬᠡᠷᠡᠭᠵᠢᠭᠦᠯᠬᠦ ᠲᠥᠰᠥᠯ ᠢ ᠲᠣᠭᠲᠠᠭᠠᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠡᠭᠦᠷᠭᠡ ᠪᠠᠨ ᠨᠠᠷᠢᠯᠢᠬᠵᠢᠭᠤᠯᠤᠨ᠎ᠠ᠃ ᠭᠤᠷᠪᠠ ᠳᠤ ᠡᠭᠡᠭᠦᠯᠦᠨ ᠬᠤᠷᠢᠶᠠᠬᠤ ᠭᠤᠣᠯ ᠴᠣᠭᠴᠠ ᠶᠢ ᠲᠣᠳᠣᠷᠬᠠᠶᠢᠯᠠᠨ᠎ᠠ᠃ ᠲᠠᠷᠢᠶᠠᠨ ᠡᠮ ᠦᠢᠯᠡᠳᠪᠦᠷᠢᠯᠡᠭᠴᠢ ᠪᠠ ᠡᠵᠡᠩᠨᠡᠭᠴᠢ ᠶᠢᠨ ᠡᠭᠡᠭᠦᠯᠦᠨ ᠬᠤᠷᠢᠶᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠲᠠᠷᠢᠶᠠᠨ ᠡᠮ ᠦᠢᠯᠡᠳᠪᠦᠷᠢᠯᠡᠭᠴᠢ ᠲᠠᠷᠢᠶᠠᠨ ᠡᠮ ᠤᠨ ᠪᠣᠭᠤᠳᠠᠯ ᠪᠠᠭᠯᠠᠭ᠎ᠠ ᠪᠠᠨ ᠰᠠᠶᠢᠵᠢᠷᠠᠭᠤᠯᠵᠤ ᠂ ᠤᠬᠢᠶᠠᠵᠤ ᠴᠡᠪᠡᠷᠯᠡᠬᠦ ᠪᠠ ᠡᠭᠡᠭᠦᠯᠦᠨ ᠬᠤᠷᠢᠶᠠᠬᠤ ᠳᠤ ᠳᠦᠭᠦᠮ ᠪᠣᠯᠭᠠᠬᠤ ᠬᠡᠷᠡᠭᠲᠡᠢ᠃ ᠲᠠᠷᠢᠶᠠᠨ ᠡᠮ ᠡᠵᠡᠩᠨᠡᠭᠴᠢ ᠴᠥᠮ ᠬᠤᠷᠢᠶᠠᠨ ᠠᠪᠬᠤ ᠲᠥᠬᠦᠭᠡᠷᠦᠮᠵᠢ ᠭᠠᠷᠭᠠᠬᠤ ᠬᠡᠷᠡᠭᠲᠡᠢ᠂ ᠲᠡᠭᠦᠨ ᠤ ᠪᠣᠷᠣᠯᠠᠭᠤᠯᠵᠤ ᠪᠠᠶᠢᠭ᠎ᠠ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢ ᠬᠤᠷᠢᠶᠠᠨ ᠠᠪᠬᠤ ᠦᠭᠡᠢ ᠪᠠᠶᠢᠵᠤ ᠪᠣᠯᠬᠤ ᠦᠭᠡᠢ ᠃ ᠲᠠᠷᠢᠶᠠᠨ ᠡᠮ ᠢ ᠬᠡᠷᠡᠭᠯᠡᠭᠴᠢᠳ ᠰᠢᠩᠭᠡᠷᠡᠭᠦᠯᠬᠦ ᠶᠠᠪᠤᠴᠠ ᠶᠢ ᠠᠰᠢᠭᠯᠠᠨ ᠪᠣᠭᠤᠳᠠᠯ ᠢᠶᠠᠨ ᠤᠬᠢᠶᠠᠨ ᠴᠡᠪᠡᠷᠯᠡᠬᠦ ᠶᠢᠨ ᠬᠠᠮᠲᠤ ᠰᠠᠨᠠᠭᠠᠴᠢᠯᠠᠭ᠎ᠠ ᠠᠴᠠ ᠪᠠᠨ ᠪᠤᠴᠠᠭᠠᠵᠤ ᠥᠭᠬᠦ ᠬᠡᠷᠡᠭᠲᠡᠢ ᠃ ᠳᠥᠷᠪᠡ ᠳᠤ ᠲᠣᠣᠷ ᠴᠡᠭ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠃ ᠵᠠᠷᠴᠢᠮ ᠳᠡᠭᠡᠷ᠎ᠡ ᠪᠠᠨ ᠵᠠᠰᠠᠭ ᠵᠠᠬᠢᠷᠭᠠᠨ ᠤ ᠲᠣᠰᠬᠤᠨ ᠨᠢᠭᠡᠪᠦᠷᠢ  ᠳᠤ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠬᠤ ᠥᠷᠳᠡᠭᠡ ᠴᠡᠭ ᠢ ᠠᠳᠠᠭ ᠲᠠᠭᠠᠨ 1 ᠪᠠᠶᠢᠭᠤᠯᠵᠤ ᠂ ᠰᠢᠶᠠᠩ ᠪᠠᠯᠭᠠᠰᠤ ᠨᠢᠭᠡᠪᠦᠷᠢ ᠳᠤ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠰᠢᠯᠵᠢᠭᠦᠯᠦᠨ ᠲᠡᠭᠡᠭᠡᠪᠦᠷᠢᠯᠡᠬᠦ ᠥᠷᠳᠡᠭᠡ ᠴᠡᠭ ᠢ 1 ᠪᠠᠶᠢᠭᠤᠯᠵᠤ ᠂ ᠬᠤᠰᠢᠭᠤ ᠰᠢᠶᠠᠨ ᠨᠢᠭᠡᠪᠦᠷᠢ ᠳᠤ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠬᠠᠳᠠᠭᠠᠯᠠᠬᠤ ᠥᠷᠳᠡᠭᠡ ᠴᠡᠭ ᠢ 1 ᠪᠠᠶᠢᠭᠤᠯᠵᠤ ᠂ ᠳᠠᠮᠵᠢᠭᠤᠯᠤᠨ ᠲᠡᠭᠡᠭᠡᠪᠦᠷᠢᠯᠡᠬᠦ ᠶᠠᠪᠤᠴᠠ ᠳᠤ ᠪᠣᠷᠣᠭᠠᠨ ᠠᠴᠠ ᠰᠡᠷᠭᠡᠶᠢᠯᠡᠬᠦ ᠂ ᠨᠡᠪᠴᠢᠵᠦ ᠭᠤᠭᠤᠵᠢᠬᠤ ᠠᠴᠠ ᠰᠡᠷᠭᠡᠶᠢᠯᠡᠬᠦ᠂ ᠭᠡᠭᠡᠭᠳᠡᠵᠦ ᠠᠰᠬᠠᠬᠤ ᠠᠴᠠ ᠰᠡᠷᠭᠡᠶᠢᠯᠡᠬᠦ ᠵᠡᠷᠭᠡ ᠠᠷᠭ᠎ᠠ ᠬᠡᠮᠵᠢᠶ᠎ᠡ ᠠᠪᠴᠤ ᠂ ᠠᠶᠤᠯ ᠦᠭᠡᠢ ᠶᠢᠨ ᠲᠡᠮᠳᠡᠭ ᠪᠠᠶᠢᠷᠢᠯᠠᠭᠤᠯᠬᠤ ᠬᠡᠷᠡᠭᠲᠡᠢ ᠃ ᠲᠠᠪᠤ ᠳᠤ ᠲᠥᠷᠥᠯ ᠬᠤᠪᠢᠶᠠᠨ ᠬᠤᠷᠢᠶᠠᠨ ᠠᠪᠴᠤ ᠰᠢᠢᠳᠪᠦᠷᠢᠯᠡᠨ᠎ᠡ᠃ ᠡᠯ᠎ᠡ ᠭᠠᠵᠠᠷ ᠨᠢ ᠮᠠᠲ᠋ᠧᠷᠢᠶᠠᠯ ᠤᠨ ᠴᠢᠨᠠᠷ ᠵᠡᠷᠭᠡ ᠠᠷᠭ᠎ᠠ ᠮᠠᠶ᠋ᠢᠭ ᠢᠶᠠᠷ ᠲᠥᠷᠥᠯ ᠬᠤᠪᠢᠶᠠᠵᠤ ᠪᠣᠯᠣᠨ᠎ᠠ᠂ ᠥᠪᠡᠷᠲᠡᠭᠡᠨ ᠵᠠᠰᠠᠬᠤ ᠣᠷᠣᠨ   ᠠᠴᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠵᠣᠷᠢᠭᠵᠢᠭᠤᠯᠵᠤ᠂ ᠡᠬᠢ ᠪᠠᠶᠠᠯᠢᠭᠵᠢᠭᠤᠯᠤᠨ ᠠᠰᠢᠭᠯᠠᠬᠤ ᠨᠢᠭᠡᠴᠢ  ᠨᠢ ᠠᠶᠢᠮᠠᠭ ᠬᠤᠲᠠ ᠪᠠᠷ ᠭᠤᠶᠤᠴᠢᠯᠠᠨ ᠮᠡᠳᠡᠭᠦᠯᠵᠦ ᠥᠪᠡᠷᠲᠡᠭᠡᠨ ᠵᠠᠰᠠᠬᠤ ᠣᠷᠣᠨ ᠢᠶᠠᠷ ᠨᠡᠶᠢᠲᠡᠯᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠢ᠃ ᠵᠢᠷᠭᠤᠭ᠎ᠠ ᠳᠤ ᠡᠬᠢ ᠡᠭᠦᠰᠦᠯ ᠠᠴᠠ ᠨᠢ ᠬᠡᠮᠵᠢᠶ᠎ᠡ ᠶᠢ ᠪᠠᠭᠠᠰᠬᠠᠬᠤ ᠶᠢ ᠬᠥᠲᠥᠯᠥᠨ ᠥᠪᠡᠷᠲᠡᠭᠡᠨ ᠵᠠᠰᠠᠬᠤ ᠣᠷᠣᠨ   ᠠᠴᠠ ᠦᠢᠯᠡᠳᠪᠦᠷᠢᠯᠡᠯ ᠤᠨ ᠠᠵᠤ ᠠᠬᠤᠶᠢᠯᠠᠯ ᠤᠨ ᠡᠭᠡᠭᠦᠯᠦᠨ ᠬᠤᠷᠢᠶᠠᠬᠤ᠂ ᠤᠬᠢᠶᠠᠵᠤ ᠴᠡᠪᠡᠷᠯᠡᠬᠦ ᠪᠠ ᠠᠰᠢᠭᠯᠠᠬᠤ ᠳᠤ ᠲᠥᠬᠦᠮ ᠪᠣᠭᠤᠳᠠᠯ ᠬᠡᠷᠡᠭᠯᠡᠬᠦ ᠶᠢ ᠵᠣᠷᠢᠭᠵᠢᠭᠤᠯᠵᠤ᠂ ᠬᠡᠷᠡᠭᠯᠡᠭᠴᠢᠳ ᠤᠨ ᠲᠥᠪᠯᠡᠷᠡᠭᠦᠯᠦᠨ ᠨᠢᠭᠡᠳᠦᠯᠲᠡᠢ ᠨᠢᠭᠡᠳᠦᠯᠲᠡᠢ ᠰᠡᠷᠭᠡᠶᠢᠯᠡᠨ ᠬᠤᠷᠢᠭᠯᠠᠬᠤ ᠨᠣᠶᠠᠷᠬᠠᠯ ᠥᠷᠨᠢᠭᠦᠯᠬᠦ ᠶᠢ ᠵᠣᠷᠢᠭᠵᠢᠭᠤᠯᠵᠤ᠂ ᠲᠣᠮᠣ ᠪᠣᠭᠤᠳᠠᠯ ᠬᠡᠷᠡᠭᠯᠡᠬᠦ ᠶᠢ ᠵᠣᠷᠢᠭᠵᠢᠭᠤᠯᠤᠨ᠂ ᠪᠣᠭᠤᠳᠠᠯ ᠪᠠᠭᠯᠠᠭ᠎ᠠ ᠶᠢᠨ ᠬᠡᠮᠵᠢᠶ᠎ᠡ ᠶᠢ ᠡᠬᠢ ᠰᠤᠷᠪᠤᠯᠵᠢ  ᠠᠴᠠ ᠨᠢ ᠪᠠᠭᠠᠰᠬᠠᠨ᠎ᠠ᠃ ᠳᠣᠯᠤᠭ᠎ᠠ ᠳᠤ ᠰᠢᠢᠳᠪᠦᠷᠢᠯᠡᠬᠦ ᠵᠠᠷᠤᠳᠠᠯ ᠢ ᠪᠠᠲᠤᠯᠠᠨ᠎ᠠ᠃ ᠰᠢᠢᠳᠪᠦᠷᠢᠯᠡᠬᠦ ᠵᠠᠷᠤᠳᠠᠯ ᠢ ᠵᠣᠬᠢᠴᠠᠩᠭᠤᠢ ᠲᠠᠷᠢᠶᠠᠨ ᠡᠮ ᠦᠢᠯᠡᠳᠪᠦᠷᠢᠯᠡᠭᠴᠢ ᠪᠠ ᠡᠵᠡᠩᠨᠡᠭᠴᠢ ᠡᠭᠦᠷᠭᠡᠯᠡᠨ᠎ᠡ ᠂ ᠲᠠᠷᠢᠶᠠᠨ ᠡᠮ ᠦᠢᠯᠡᠳᠪᠦᠷᠢᠯᠡᠭᠴᠢ ᠂ ᠡᠵᠡᠩᠨᠡᠭᠴᠢ ᠨᠢ ᠲᠣᠳᠣᠷᠬᠠᠢ ᠦᠭᠡᠢ ᠪᠠᠶᠢᠪᠠᠯ ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠯ ᠶᠣᠰᠣᠭᠠᠷ ᠂ ᠬᠠᠷᠢᠶ᠎ᠠ ᠭᠠᠵᠠᠷ ᠤᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠠᠴᠠ ᠭᠠᠷᠭᠠᠨ᠎ᠠ ᠃ ᠨᠠᠢᠮᠠ ᠳᠤ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠦᠨ᠎ᠡ ᠃ ᠥᠪᠡᠷᠲᠡᠭᠡᠨ ᠵᠠᠰᠠᠬᠤ ᠣᠷᠣᠨ  ᠠᠴᠠ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠬᠤ᠂ ᠬᠠᠳᠠᠭᠠᠯᠠᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠨᠡᠶᠢᠭᠡᠮᠴᠢᠯᠡᠭᠰᠡᠨ ᠦᠢᠯᠡᠴᠢᠯᠡᠭᠡᠨ ᠥᠷᠨᠢᠭᠦᠯᠬᠦ ᠶᠢ ᠵᠣᠷᠢᠭᠵᠢᠭᠤᠯᠬᠤ ᠶᠢᠨ ᠬᠠᠮᠲᠤ ᠲᠤᠰᠬᠠᠶᠢᠵᠢᠭᠰᠠᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠪᠣᠶᠢᠵᠢᠭᠤᠯᠤᠨ᠎ᠠ᠃      ᠳᠥᠷᠪᠡ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ      ᠵᠢᠯᠤᠭᠤᠳᠬᠤ ᠰᠠᠨᠠᠯ ᠳᠤ ᠲᠣᠳᠣᠷᠬᠠᠢ ᠲᠣᠭᠲᠠᠭᠠᠭᠰᠠᠨ ᠨᠢ᠂ ᠠᠶᠢᠮᠠᠭ ᠬᠤᠲᠠ ᠪᠣᠯᠣᠨ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠠᠷᠢᠶᠠᠨ ᠡᠮ ᠤᠨ ᠦᠢᠯᠡᠳᠪᠦᠷᠢᠯᠡᠭᠴᠢᠳ᠂ ᠡᠵᠡᠩᠨᠡᠭᠴᠢ᠂ ᠬᠡᠷᠡᠭᠯᠡᠭᠴᠢᠳ ᠤᠨ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠡᠭᠦᠷᠭᠡ ᠪᠠᠨ ᠭᠦᠢᠴᠡᠳᠬᠡᠬᠦ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠤᠨ ᠪᠣᠶ ᠪᠣᠯᠤᠭᠰᠠᠨ ᠪᠠᠶᠢᠳᠠᠯ ᠢ ᠪᠠᠶᠢᠴᠠᠭᠠᠨ᠎ᠠ︔ ᠠᠮᠢ ᠠᠬᠤᠢ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠠᠵᠢᠯᠯᠠᠭ᠎ᠠ ᠶᠢᠨ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠬᠦ ᠶᠢ ᠬᠢᠨᠠᠨ ᠬᠠᠮᠢᠶᠠᠷᠤᠨ᠎ᠠ᠃      ᠲᠠᠪᠤ ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ᠨᠢᠭᠡ ᠳᠤ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ ᠃ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠠᠵᠢᠯ ᠨᠢ ᠲᠠᠷᠢᠶᠠᠯᠠᠩ ᠮᠠᠯ ᠠᠵᠤ ᠠᠬᠤᠢ ᠪᠠ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠰᠠᠯᠠᠭ᠎ᠠ ᠮᠥᠴᠢᠷ ᠲᠤ ᠬᠤᠯᠪᠤᠬᠳᠠᠬᠤ ᠪᠤᠯᠬᠤᠷ ᠂ ᠡᠯ᠎ᠡ ᠭᠠᠵᠠᠷ ᠤᠨ  ᠬᠢᠨ ᠢ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠳᠦᠷᠢᠮ ᠢᠶᠠᠨ ᠪᠠᠶᠢᠭᠤᠯᠤᠨ ᠪᠦᠷᠢᠨᠰᠢᠭᠦᠯᠵᠦ᠂ ᠠᠵᠢᠯ ᠢᠶᠠᠨ ᠬᠠᠮᠵᠢᠯᠴᠠᠨ ᠠᠬᠢᠭᠤᠯᠬᠤ  ᠶᠢ ᠱᠠᠭᠠᠷᠳᠠᠨ᠎ᠠ ᠃ ᠬᠤᠶᠠᠷ ᠲᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ ᠃ ᠡᠯ᠎ᠡ ᠭᠠᠵᠠᠷ ᠤᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠂ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠵᠤ ᠰᠢᠢᠳᠪᠦᠷᠢᠯᠡᠬᠦ ᠠᠵᠢᠯ ᠢ ᠲᠡᠮᠵᠢᠵᠤ ᠂ ᠨᠡᠶᠢᠭᠡᠮ ᠤᠨ ᠬᠦᠴᠦᠨ ᠢ ᠬᠥᠲᠥᠯᠥᠨ ᠵᠢᠯᠤᠭᠤᠳᠴᠤ ᠪᠠᠶᠢᠭᠠᠳ ᠣᠷᠣᠯᠴᠠᠭᠤᠯᠤᠨ ᠂ ᠡᠭᠡᠭᠦᠯᠦᠨ ᠬᠤᠷᠢᠶᠠᠵᠤ ᠰᠢᠢᠳᠪᠦᠷᠢᠯᠡᠬᠦ ᠰᠢᠰᠲ᠋ᠧᠮᠵᠢ ᠶᠢ ᠲᠠᠰᠤᠷᠠᠯᠳᠠ ᠦᠭᠡᠢ ᠴᠢᠩᠭᠠᠳᠬᠠᠨ ᠲᠡᠭᠦᠯᠳᠡᠷᠵᠢᠭᠦᠯᠵᠦ ᠪᠣᠯᠣᠨ᠎ᠠ ᠃ ᠭᠤᠷᠪᠠ ᠳᠤ ᠪᠡᠯᠡ ᠮᠥᠩᠭᠦᠨ ᠤ ᠪᠠᠲᠤᠯᠠᠭ᠎ᠠ ᠶᠢ ᠨᠡᠮᠡᠭᠳᠡᠭᠦᠯᠦᠨ᠎ᠡ ᠃ ᠡᠯ᠎ᠡ ᠭᠠᠵᠠᠷ ᠤᠳ ᠲᠤᠰ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠴᠢᠷᠮᠠᠶᠢᠨ ᠣᠯᠵᠤ ᠂ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠶᠢ ᠳᠡᠮᠵᠢᠬᠦ ᠡᠷᠴᠢᠮ ᠢᠶᠠᠨ ᠨᠡᠮᠡᠭᠳᠡᠭᠦᠯᠵᠦ ᠂ ᠪᠣᠭᠤᠳᠠᠯ ᠤᠨ ᠪᠠᠲᠤᠯᠠᠭ᠎ᠠ ᠢᠶᠠᠨ ᠬᠤᠷᠢᠶᠠᠨ ᠠᠪᠴᠤ ᠰᠢᠢᠳᠪᠦᠷᠢᠯᠡᠬᠦ ᠠᠵᠢᠯ ᠢ ᠤᠷᠤᠭᠰᠢᠲᠠᠢ ᠶᠠᠪᠤᠭᠳᠠᠭᠤᠯᠵᠤ ᠪᠣᠯᠣᠨ᠎ᠠ ᠃ ᠡᠯ᠎ᠡ ᠭᠠᠵᠠᠷ ᠤᠨ ᠬᠢᠨ ᠲᠠᠷᠢᠶᠠᠨ ᠡᠮ ᠤᠨ ᠦᠢᠯᠡᠳᠪᠦᠷᠢᠯᠡᠭᠴᠢ ᠂ ᠡᠵᠡᠩᠨᠡᠭᠴᠢ ᠲᠠᠢ ᠵᠥᠪᠳᠡᠯᠴᠡᠵᠦ ᠪᠠᠶᠢᠭᠠᠳ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠡᠭᠦᠷᠭᠡ ᠶᠢᠨ ᠪᠣᠳᠠᠲᠠᠢ ᠭᠦᠢᠴᠡᠳᠬᠡᠬᠦ ᠠᠷᠭ᠎ᠠ ᠮᠠᠶ᠋ᠢᠭ ᠢ ᠲᠣᠭᠲᠠᠭᠠᠵᠤ ᠪᠣᠯᠣᠨ᠎ᠠ ᠃ ᠳᠥᠷᠪᠡ ᠳᠤ ᠤᠬᠠᠭᠤᠯᠵᠤ ᠬᠥᠲᠥᠯᠥᠨ ᠵᠢᠯᠤᠭᠤᠳᠬᠤ ᠶᠢ ᠥᠷᠨᠢᠭᠦᠯᠦᠨ᠎ᠡ᠃ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠵᠤ ᠰᠢᠢᠳᠪᠦᠷᠢᠯᠡᠬᠦ ᠶᠢ ᠲᠦᠭᠡᠮᠡᠯᠵᠢᠭᠦᠯᠬᠦ᠂ ᠤᠬᠠᠭᠤᠯᠬᠤ ᠪᠠ ᠳᠡᠯᠭᠡᠷᠡᠭᠦᠯᠬᠦ ᠶᠢ ᠥᠷᠨᠢᠭᠦᠯᠵᠦ᠂ ᠰᠣᠨᠢᠨ᠂ ᠷᠠᠳᠢᠣ᠋᠂ ᠲᠧᠯᠸᠢᠰ᠂ ᠰᠢᠨ᠎ᠡ ᠵᠠᠭᠤᠴᠢᠯᠠᠭᠤᠷ ᠵᠡᠷᠭᠡ ᠠᠷᠭ᠎ᠠ ᠵᠠᠮ ᠢ ᠭᠦᠢᠴᠡᠳ ᠠᠰᠢᠭᠯᠠᠨ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠳᠤᠷ᠎ᠠ ᠪᠠᠷ ᠢᠶᠠᠨ ᠬᠠᠶᠠᠭᠰᠠᠨ ᠠᠴᠠ ᠪᠣᠯᠤᠭᠰᠠᠨ ᠬᠤᠣᠷ ᠬᠥᠨᠥᠭᠡᠯᠳᠦ ᠴᠢᠨᠠᠷ ᠪᠠ ᠠᠮᠤᠷ ᠲᠦᠪᠰᠢᠨ ᠢᠶᠠᠷ ᠰᠢᠢᠳᠪᠦᠷᠢᠯᠡᠬᠦ ᠶᠢᠨ ᠴᠢᠬᠤᠯᠠ ᠴᠢᠨᠠᠷ ᠢ ᠤᠬᠠᠭᠤᠯᠵᠤ᠂ ᠪᠥᠬᠦ ᠨᠡᠶᠢᠭᠡᠮ ᠢᠶᠠᠷ ᠢᠶᠠᠨ ᠬᠠᠮᠲᠤᠪᠠᠷ ᠣᠷᠣᠯᠴᠠᠬᠤ ᠪᠠ ᠬᠢᠨᠠᠯᠲᠠ ᠲᠠᠯᠪᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ᠲᠠᠪᠤ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ ᠨᠠᠶᠢᠳᠠᠪᠤᠷᠢᠵᠢᠭᠤᠯᠤᠨ᠎ᠠ ᠃ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠶᠢ ᠲᠠᠷᠢᠶᠠᠯᠠᠩ ᠤᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠳᠤ ᠣᠷᠣᠭᠤᠯᠵᠤ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠶᠢᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠂ ︽ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠬᠠᠮᠢᠶᠠᠷᠤᠯᠲᠠ ᠶᠢᠨ ᠠᠷᠭ᠎ᠠ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号