ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ᠄ | ᠥᠪᠥᠷ ᠮᠣᠩᠭᠤᠯ ᠤᠨ ᠮᠠᠯ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ | ᠭᠠᠷᠤᠯᠲᠠ ᠶᠢᠨ ᠣᠷᠣᠨ ᠨᠢ ᠰᠢᠯᠢᠳᠡᠭ᠂ ᠶᠠᠰᠤ ᠴᠢᠨᠠᠷ ᠨᠢ ᠰᠠᠶᠢᠨ ᠰᠢᠯᠢᠳᠡᠭ ᠡᠭᠦᠯᠳᠡᠷ ᠤᠨ ᠦᠬᠡᠷ ᠬᠤᠨᠢᠨ | ᠮᠢᠬ᠎ᠠ ᠶᠢ ᠬᠦᠴᠦᠯᠡᠨ ᠪᠣᠶ ᠪᠤᠯᠭᠠᠬᠤ ᠶᠢᠨ ᠲᠦᠯᠦᠭᠡ ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠨᠢ ᠡᠩ ᠲᠡᠷᠢᠭᠦᠨ ᠳᠤ | ᠪᠥᠬᠦ ᠤᠯᠤᠰ ᠲᠤ ᠮᠠᠯ ᠠᠵᠤ ᠠᠬᠤᠢ ᠶᠢᠨ ᠪᠣᠬᠢᠷᠲᠤᠯ ᠦᠭᠡᠢ ᠢᠳᠡᠭᠡᠨ ᠤ ᠪᠠᠷᠢᠮᠵᠢᠶᠠᠵᠢᠭᠤᠯᠤᠭᠰᠠᠨ | ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ ᠃ | ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠵᠢᠷᠤᠮᠵᠢᠯ ᠲᠠᠢ ᠠᠵᠢᠯᠯᠠᠨ ᠂ | ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠮᠠᠯ ᠠᠵᠤ ᠠᠬᠤᠢ ᠶᠢᠨ ᠪᠣᠬᠢᠷᠲᠤᠯ ᠦᠭᠡᠢ ᠢᠳᠡᠭᠡᠨ ᠤ ᠪᠠᠷᠢᠮᠵᠢᠶᠠᠵᠢᠭᠤᠯᠤᠭᠰᠠᠨ | ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ | ᠬᠡᠷᠡᠭᠵᠢᠭᠦᠯᠬᠦ︶︾ ︵ᠳᠣᠷᠣᠭᠰᠢ ︽ᠠᠷᠭ᠎ᠠ ︵ᠲᠤᠷᠰᠢᠨ ᠬᠡᠷᠡᠭᠵᠢᠭᠦᠯᠬᠦ︶︾ ᠭᠡᠵᠦ ᠲᠣᠪᠴᠢᠯᠠᠨ᠎ᠠ︶ ᠶᠢ | ᠲᠣᠭᠲᠠᠭᠠᠪᠠ᠂ ᠬᠤᠯᠪᠣᠭᠳᠠᠯ ᠪᠦᠬᠦᠢ ᠠᠶᠢᠮᠠᠭ ᠬᠤᠲᠠ ᠨᠤᠭᠤᠳ ᠵᠢᠷᠤᠮᠯᠠᠨ ᠬᠡᠷᠡᠭᠵᠢᠭᠦᠯᠳᠦᠭᠡᠢ᠃ ᠪᠤᠰᠤᠳ ᠠᠶᠢᠮᠠᠭ | ᠬᠤᠲᠠ ᠨᠤᠭᠤᠳ ︽ᠠᠷᠭ᠎ᠠ ︵ᠲᠤᠷᠰᠢᠨ ᠬᠡᠷᠡᠭᠵᠢᠭᠦᠯᠬᠦ︶︾ ᠪᠠᠷ ᠯᠠᠪᠯᠠᠯᠲᠠ ᠪᠣᠯᠭᠠᠵᠤ᠂ ᠲᠤᠬᠠᠢ ᠶᠢᠨ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠣᠰ ᠭᠠᠵᠠᠷ ᠣᠷᠣᠨ ᠤ ᠮᠠᠯ ᠠᠵᠤ ᠠᠬᠤᠢ ᠶᠢᠨ ᠪᠣᠬᠢᠷᠲᠤᠯ ᠦᠭᠡᠢ | ᠢᠳᠡᠭᠡᠨ ᠤ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ | ᠪᠦᠲᠦᠭᠡᠨ ᠪᠠᠶᠢᠭᠤᠯᠤᠯᠲᠠ ᠶᠢ ᠥᠷᠨᠢᠭᠦᠯᠵᠦ ᠪᠣᠯᠣᠨ᠎ᠠ᠃ | | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ | 2024 ᠣᠨ ᠤ 4 ᠰᠠᠷ᠎ᠠ ᠶᠢᠨ 1 ᠤ ᠡᠳᠦᠷ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠢ ᠶᠢᠨ ᠪᠣᠬᠢᠷᠲᠤᠯ ᠦᠭᠡᠢ ᠢᠳᠡᠭᠡᠨ ᠤ | ᠪᠠᠷᠢᠮᠵᠢᠶᠠᠵᠢᠭᠤᠯᠤᠨ ᠦᠢᠯᠡᠳᠪᠦᠷᠢᠯᠡᠬᠦ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠬᠠᠮᠢᠶᠠᠷᠤᠯᠲᠠ ᠶᠢᠨ | ᠠᠷᠭ᠎ᠠ ︵ᠲᠤᠷᠰᠢᠨ ᠬᠡᠷᠡᠭᠵᠢᠭᠦᠯᠬᠦ︶ | ᠨᠢᠭᠡᠳᠦᠭᠡᠷ ᠵᠦᠢᠯ ᠮᠠᠯ ᠠᠵᠤ ᠠᠬᠤᠢ ᠶᠢᠨ ᠪᠣᠬᠢᠷᠲᠤᠯ ᠦᠭᠡᠢ ᠢᠳᠡᠭᠡᠨ ᠤ ᠴᠢᠨᠠᠷ ᠰᠠᠶᠢᠲᠠᠢ ᠬᠥᠭᠵᠢᠯᠲᠡ ᠶᠢ | ᠬᠦᠴᠦᠯᠡᠨ ᠠᠬᠢᠭᠤᠯᠬᠤ ᠶᠢᠨ ᠲᠤᠰᠠᠳᠠ᠂ ︽ᠪᠣᠬᠢᠷᠲᠤᠯ ᠦᠭᠡᠢ ᠢᠳᠡᠭᠡᠨ ᠤ ᠲᠡᠮᠳᠡᠭ ᠤᠨ ᠬᠠᠮᠢᠶᠠᠷᠤᠯᠲᠠ ᠶᠢᠨ | ᠠᠷᠭ᠎ᠠ︾ ︽ᠪᠥᠬᠦ ᠤᠯᠤᠰ ᠤᠨ ᠪᠣᠬᠢᠷᠲᠤᠯ ᠦᠭᠡᠢ ᠢᠳᠡᠭᠡᠨ ᠤ ᠲᠦᠭᠦᠬᠡᠢ ᠮᠠᠲ᠋ᠧᠷᠢᠶᠠᠯ ᠤᠨ | ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠬᠢᠭᠡᠳ | ᠬᠠᠮᠢᠶᠠᠷᠤᠯᠲᠠ ᠶᠢᠨ ᠠᠷᠭ᠎ᠠ︾ ︵ᠳᠤᠮᠳᠠ ᠨᠣᠭᠤᠭᠠᠨ ᠰᠠᠭᠤᠷᠢ ﹇2020﹈ 149 ᠳ᠋ᠦ᠋ᠭᠡᠷ ᠲᠣᠭᠠᠲᠤ︶ ᠵᠡᠷᠭᠡ | ᠳᠦᠷᠢᠮ ᠲᠣᠭᠲᠠᠭᠠᠯ ᠢ ᠦᠨᠳᠦᠰᠦᠯᠡᠨ᠂ ᠲᠣᠰ ᠠᠷᠭ᠎ᠠ ︵ᠲᠤᠷᠰᠢᠨ ᠬᠡᠷᠡᠭᠵᠢᠭᠦᠯᠬᠦ︶ ᠶᠢ ᠲᠣᠭᠲᠠᠭᠠᠪᠠ᠃ | ᠬᠤᠶᠠᠳᠤᠭᠠᠷ ᠵᠦᠢᠯ ᠲᠣᠰ ᠠᠷᠭ᠎ᠠ ︵ᠲᠤᠷᠰᠢᠨ ᠬᠡᠷᠡᠭᠵᠢᠭᠦᠯᠬᠦ︶ ᠳᠤ ᠬᠡᠯᠡᠵᠦ ᠪᠠᠶᠢᠭ᠎ᠠ ᠮᠠᠯ ᠠᠵᠤ | ᠠᠬᠤᠢ ᠶᠢᠨ ᠪᠣᠬᠢᠷᠲᠤᠯ ᠦᠭᠡᠢ ᠢᠳᠡᠭᠡᠨ ᠤ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ | ᠲᠤᠷᠰᠢᠯᠲᠠ ᠶᠢᠨ ᠴᠡᠭ ᠭᠡᠳᠡᠭ ᠨᠢ ᠰᠢᠯᠢ ᠶᠢᠨ ᠭᠤᠣᠯ ᠠᠶᠢᠮᠠᠭ ᠲᠤ ᠥᠷᠨᠢᠭᠦᠯᠦᠭᠰᠡᠨ 1500 ᠲᠦᠮᠡᠨ ᠮᠦ | ᠪᠡᠯᠴᠢᠭᠡᠷ + 50 ᠲᠦᠮᠡᠨ ᠠᠯᠠᠰᠢᠨ ᠬᠤᠨᠢᠨ ᠤ ᠪᠣᠬᠢᠷᠲᠤᠯ ᠦᠭᠡᠢ ᠢᠳᠡᠭᠡᠨ ᠤ ᠪᠠᠷᠢᠮᠵᠢᠶᠠᠵᠢᠭᠤᠯᠤᠭᠰᠠᠨ | ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠪᠠ ᠲᠦᠩᠯᠢᠶᠣᠣ ᠬᠤᠲᠠ ᠳᠤ ᠥᠷᠨᠢᠭᠦᠯᠦᠭᠰᠡᠨ | 500 ᠲᠦᠮᠡᠨ ᠮᠦ ᠡᠷᠳᠡᠨᠢ ᠰᠢᠰᠢ + 50 ᠲᠦᠮᠡᠨ ᠲᠣᠯᠣᠭᠠᠢ ᠠᠯᠠᠰᠢᠨ ᠦᠬᠡᠷ ᠤᠨ ᠪᠣᠬᠢᠷᠲᠤᠯ ᠦᠭᠡᠢ | ᠢᠳᠡᠭᠡᠨ ᠤ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠢ | ᠣᠨᠴᠠᠭᠠᠶᠢᠯᠠᠨ ᠵᠢᠭᠠᠵᠤ ᠪᠣᠶ᠃ | ᠭᠤᠷᠪᠠᠳᠤᠭᠠᠷ ᠵᠦᠢᠯ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠤᠷᠤᠨ ᠤ ᠲᠢᠩᠬᠢᠮ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠪᠦᠲᠦᠭᠡᠨ | ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠤᠨ ᠲᠥᠰᠥᠯ ᠂ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠪᠦᠲᠦᠭᠡᠨ | ᠪᠠᠶᠢᠭᠤᠯᠤᠯᠲᠠ ᠂ ᠬᠠᠮᠢᠶᠠᠷᠤᠯᠲᠠ ᠳᠤ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠣᠯᠭᠤᠬᠤ ᠬᠡᠷᠡᠭᠲᠡᠢ ᠃ ᠲᠦᠩᠯᠢᠶᠣᠣ | ᠬᠤᠳᠠ ᠂ ᠰᠢᠯᠢ ᠶᠢᠨ ᠭᠤᠣᠯ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠪᠣᠯᠣᠨ | ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ | ᠮᠠᠯᠵᠢᠬᠤ ᠤᠷᠤᠨ ᠤ ᠲᠢᠩᠬᠢᠮ ᠤᠨ ᠵᠢᠯᠣᠭᠤᠳᠤᠯᠭ᠎ᠠ ᠶᠢᠨ ᠳᠣᠣᠷ᠎ᠠ ᠪᠦᠲᠦᠭᠡᠨ ᠪᠠᠶᠢᠭᠤᠯᠤᠯᠲᠠ ᠪᠣᠯᠣᠨ | ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠥᠷᠨᠢᠭᠦᠯᠬᠦ ᠬᠡᠷᠡᠭᠲᠡᠢ ᠃ | ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠲᠥᠪ ︵ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ︶ ᠨᠢ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠣᠳᠠᠲᠠᠢ ᠠᠵᠢᠯ ᠢ ᠬᠠᠷᠢᠭᠤᠴᠠᠵᠤ᠂ ᠪᠠᠷᠢᠮᠵᠢᠶ᠎ᠠ ᠪᠠ | ᠳᠦᠷᠢᠮ ᠢ ᠵᠣᠬᠢᠶᠠᠨ ᠪᠠᠶᠢᠭᠤᠯᠤᠨ ᠲᠣᠭᠲᠠᠭᠠᠵᠤ᠂ ᠶᠠᠰᠤ ᠴᠢᠨᠠᠷ ᠢ ᠪᠠᠶᠢᠴᠠᠭᠠᠨ ᠰᠢᠯᠭᠠᠬᠤ᠂ ᠮᠡᠷᠭᠡᠵᠢᠯ ᠤᠨ | ᠦᠢᠯᠡᠴᠢᠯᠡᠭᠡ᠂ ᠪᠤᠯᠪᠠᠰᠤᠷᠠᠯ ᠂ ᠰᠢᠯᠭᠠᠨ ᠠᠪᠬᠤ᠂ ᠫᠠᠶᠢᠰᠠ ᠡᠯᠭᠦᠬᠦ᠂ ᠬᠥᠳᠡᠯᠦᠩᠭᠦᠢ ᠬᠠᠮᠢᠶᠠᠷᠤᠯᠲᠠ᠂ ᠣᠶᠤᠨᠴᠢ | ᠬᠠᠮᠢᠶᠠᠷᠤᠯᠲᠠ ᠵᠡᠷᠭᠡ ᠠᠵᠢᠯ ᠢ ᠥᠷᠨᠢᠭᠦᠯᠦᠨ᠎ᠡ᠃ ᠲᠤᠷᠰᠢᠯᠲᠠ ᠶᠢᠨ ᠰᠠᠭᠤᠷᠢᠨ ᠭᠠᠵᠠᠷ ᠢ ᠠᠵᠤ ᠠᠬᠤᠶᠢᠯᠠᠯ ᠯᠤᠭ᠎ᠠ | ᠵᠣᠯᠭᠠᠭᠤᠯᠬᠤ ᠶᠢ ᠲᠦᠩᠯᠢᠶᠣᠣ ᠬᠤᠳᠠ ᠂ ᠰᠢᠯᠢ ᠶᠢᠨ ᠭᠤᠣᠯ ᠠᠶᠢᠮᠠᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠦᠭᠡᠢ ᠶᠢᠨ ᠲᠥᠪ ︵ ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ | ᠲᠥᠪ ︶ ᠪᠣᠯᠣᠨ ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ | ᠮᠥᠴᠢᠷ ᠪᠤᠶᠤ ᠪᠣᠬᠢᠷᠲᠤᠯ ᠦᠭᠡᠢ ᠢᠳᠡᠭᠡᠨ ᠤ ᠠᠵᠢᠯ ᠤᠨ ᠪᠠᠶᠢᠭᠤᠯᠤᠮᠵᠢ ᠨᠤᠭᠤᠳ ᠥᠪᠡᠷᠲᠡᠭᠡᠨ ᠵᠠᠰᠠᠬᠤ ᠣᠷᠣᠨ ᠤ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠦᠭᠡᠢ ᠶᠢᠨ ᠲᠥᠪ | ︵ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ ︶ ᠤᠨ ᠵᠢᠯᠣᠭᠤᠳᠤᠯᠭ᠎ᠠ ᠶᠢᠨ ᠳᠣᠣᠷ᠎ᠠ ᠰᠠᠭᠤᠷᠢᠨ | ᠭᠠᠵᠠᠷ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠪᠣᠯᠣᠨ ᠬᠠᠮᠢᠶᠠᠷᠤᠯᠲᠠ ᠵᠡᠷᠭᠡ ᠬᠠᠮᠢᠶ᠎ᠠ ᠪᠦᠬᠦᠢ | ᠠᠵᠢᠯ ᠢ ᠥᠷᠨᠢᠭᠦᠯᠬᠦ ᠬᠡᠷᠡᠭᠲᠡᠢ ᠃ | ᠳᠥᠷᠪᠡᠳᠦᠭᠡᠷ ᠵᠦᠢᠯ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ | ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ | ᠪᠤᠶᠤ ᠪᠣᠬᠢᠷᠲᠤᠯ ᠦᠭᠡᠢ ᠢᠳᠡᠭᠡᠨ ᠤ ᠠᠵᠢᠯ ᠤᠨ ᠪᠠᠶᠢᠭᠤᠯᠤᠮᠵᠢ ᠨᠢ ᠰᠠᠭᠤᠷᠢᠨ ᠭᠠᠵᠠᠷ ᠤᠨ ᠲᠤᠷᠰᠢᠯᠲᠠ ᠶᠢᠨ | ᠴᠡᠭ ᠤᠨ ᠮᠠᠯᠵᠢᠬᠤ ᠲᠠᠷᠢᠶᠠᠯᠠᠬᠤ ᠡᠷᠦᠬᠡ ᠶᠢ ᠵᠣᠬᠢᠶᠠᠨ ᠪᠠᠶᠢᠭᠤᠯᠵᠤ ᠪᠣᠬᠢᠷᠲᠤᠯ ᠦᠭᠡᠢ ᠢᠳᠡᠭᠡᠨ ᠤ ᠬᠠᠮᠢᠶ᠎ᠠ ᠪᠦᠬᠦᠢ | ᠠᠵᠢᠯᠯᠠᠬᠤ ᠳᠦᠷᠢᠮ ᠶᠣᠰᠣᠭᠠᠷ ᠪᠠᠷᠢᠮᠵᠢᠶᠠᠵᠢᠭᠤᠯᠤᠨ ᠳᠠᠷᠢᠬᠤ᠂ ᠲᠡᠵᠢᠭᠡᠨ ᠦᠷᠡᠵᠢᠭᠦᠯᠬᠦ ᠶᠢ ᠦᠷᠨᠢᠭᠦᠯᠬᠦ | ᠬᠡᠷᠡᠭᠲᠡᠢ ᠃ | ︵ᠨᠢᠭᠡ︶ 1500 ᠲᠦᠮᠡᠨ ᠮᠦ ᠪᠡᠯᠴᠢᠭᠡᠷ + 50 ᠲᠦᠮᠡᠨ ᠠᠯᠠᠰᠢᠨ ᠬᠤᠨᠢᠨ ᠤ ᠪᠣᠬᠢᠷᠲᠤᠯ ᠦᠭᠡᠢ | ᠢᠳᠡᠭᠡᠨ ᠤ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠃ | ᠠᠯᠠᠰᠢᠨ ᠬᠤᠨᠢ ᠶᠢ ᠲᠡᠵᠢᠭᠡᠨ ᠦᠷᠡᠵᠢᠭᠦᠯᠬᠦ ᠳᠤ ︽ᠳᠤᠮᠳᠠ ᠵᠡᠭᠦᠨ ᠬᠡᠰᠡᠭ ᠤᠨ ᠲᠠᠷᠢᠶᠠᠯᠠᠩ ᠮᠠᠯ ᠠᠵᠤ ᠠᠬᠤᠢ | ᠰᠣᠯᠪᠢᠴᠠᠭᠰᠠᠨ ᠪᠦᠰᠡ ᠶᠢᠨ ᠪᠣᠬᠢᠷᠲᠤᠯ ᠦᠭᠡᠢ ᠢᠳᠡᠭᠡᠨ ᠤ ᠠᠯᠠᠰᠢᠨ ᠬᠤᠨᠢ ᠶᠢ ᠲᠡᠵᠢᠭᠡᠨ ᠦᠷᠡᠵᠢᠭᠦᠯᠬᠦ ᠳᠦᠷᠢᠮ | ᠲᠣᠭᠲᠠᠭᠠᠯ︾ ︵LB/T157 ︱ 2020︶ ᠪᠤᠶᠤ ︽ᠤᠮᠠᠷᠠᠲᠤ ᠶᠢᠨ ᠪᠣᠬᠢᠷᠲᠤᠯ ᠦᠭᠡᠢ ᠢᠳᠡᠭᠡᠨ ᠤ | ᠪᠠᠶᠢᠭᠠᠯᠢᠯᠢᠭ ᠪᠡᠯᠴᠢᠭᠡᠷᠯᠡᠭᠦᠯᠬᠦ ᠲᠠᠯ᠎ᠠ ᠨᠤᠲᠤᠭ ᠤᠨ ᠬᠤᠨᠢ ᠶᠢ ᠲᠡᠵᠢᠭᠡᠨ ᠦᠷᠡᠵᠢᠭᠦᠯᠬᠦ ᠳᠦᠷᠢᠮ ᠲᠣᠭᠲᠠᠭᠠᠯ︾ | ︵ᠨᠡᠶᠢᠲᠡᠯᠡᠬᠦ ᠪᠠᠷ ᠪᠣᠶ︶ ᠢ ᠬᠡᠷᠡᠭᠵᠢᠭᠦᠯᠦᠨ᠎ᠡ᠃ | ︵ᠬᠤᠶᠠᠷ︶ 500 ᠲᠦᠮᠡᠨ ᠮᠦ ᠡᠷᠳᠡᠨᠢ ᠰᠢᠰᠢ + 50 ᠲᠦᠮᠡᠨ ᠲᠣᠯᠣᠭᠠᠢ ᠠᠯᠠᠰᠢᠨ ᠦᠬᠡᠷ ᠤᠨ | ᠪᠣᠬᠢᠷᠲᠤᠯ ᠦᠭᠡᠢ ᠢᠳᠡᠭᠡᠨ ᠤ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠤᠷᠰᠢᠯᠲᠠ | ᠶᠢᠨ ᠴᠡᠭ ᠃ | 1. ᠡᠷᠳᠡᠨᠢ ᠰᠢᠰᠢ ᠳᠠᠷᠢᠬᠤ ᠳᠤ ︽ᠵᠡᠭᠦᠨ ᠬᠤᠶᠢᠲᠤ ᠣᠷᠣᠨ ᠤ ᠪᠣᠬᠢᠷᠲᠤᠯ ᠦᠭᠡᠢ ᠢᠳᠡᠭᠡᠨ ᠤ ᠡᠷᠳᠡᠨᠢ | ᠰᠢᠰᠢ ᠶᠢᠨ ᠦᠢᠯᠡᠳᠪᠦᠷᠢᠯᠡᠯ ᠤᠨ ᠠᠵᠢᠯᠯᠠᠬᠤ ᠳᠦᠷᠢᠮ︾ ︵LB/T009-2018 ︶ ᠢ ᠬᠡᠷᠡᠭᠵᠢᠭᠦᠯᠦᠨ᠎ᠡ᠃ | 2. ᠳᠠᠷᠤᠰᠢᠭᠤᠯᠬᠤ ᠡᠷᠳᠡᠨᠢ ᠰᠢᠰᠢ ᠳᠠᠷᠢᠬᠤ ᠳᠤ ︽ᠨᠣᠭᠤᠭᠠᠨ ᠢᠳᠡᠭᠡᠨ ᠤ ᠳᠠᠷᠤᠰᠢᠭᠤᠯᠬᠤ ᠡᠷᠳᠡᠨᠢ ᠰᠢᠰᠢ | ᠦᠢᠯᠡᠳᠪᠦᠷᠢᠯᠡᠬᠦ ᠳᠦᠷᠢᠮ︾ ︵LB/T106-2020︶ ᠢ ᠬᠡᠷᠡᠭᠵᠢᠭᠦᠯᠦᠨ᠎ᠡ᠃ | 3. ᠠᠯᠠᠰᠢᠨ ᠦᠬᠡᠷ ᠲᠡᠵᠢᠭᠡᠨ ᠦᠷᠡᠵᠢᠭᠦᠯᠬᠦ ᠳᠤ ︽ᠤᠮᠠᠷᠠᠲᠤ ᠶᠢᠨ ᠲᠠᠷᠢᠶᠠᠯᠠᠩ ᠮᠠᠯ ᠠᠵᠤ ᠠᠬᠤᠢ | ᠰᠣᠯᠪᠢᠴᠠᠭᠰᠠᠨ ᠪᠦᠰᠡ ᠶᠢᠨ ᠪᠣᠬᠢᠷᠲᠤᠯ ᠦᠭᠡᠢ ᠢᠳᠡᠭᠡᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠳᠦᠷᠢᠮ | ᠲᠣᠭᠲᠠᠭᠠᠯ︾ ︵LB/T153 ︱ 2020︶ ᠪᠤᠶᠤ ︽ᠤᠮᠠᠷᠠᠲᠤ ᠶᠢᠨ ᠮᠠᠯᠵᠢᠬᠤ ᠣᠷᠣᠨ ᠤ ᠪᠣᠬᠢᠷᠲᠤᠯ ᠦᠭᠡᠢ | ᠢᠳᠡᠭᠡᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠳᠦᠷᠢᠮ ᠲᠣᠭᠲᠠᠭᠠᠯ︾ ︵LB/T155 ︱ 2020︶ ᠢ | ᠬᠡᠷᠡᠭᠵᠢᠭᠦᠯᠦᠨ᠎ᠡ᠃ | ︵ᠭᠤᠷᠪᠠ︶ ᠣᠷᠣᠭᠤᠯᠤᠯᠲᠠ ᠶᠢᠨ ᠵᠦᠢᠯ ᠤᠨ ᠬᠡᠷᠡᠭᠯᠡᠯᠲᠡ | ︽ ᠪᠣᠬᠢᠷᠲᠤᠯ ᠦᠭᠡᠢ ᠢᠳᠡᠭᠡᠨ ᠤ ᠲᠠᠷᠢᠶᠠᠨ ᠡᠮ ᠬᠡᠷᠡᠭᠯᠡᠬᠦ ᠪᠠᠷᠢᠮᠵᠢᠶ᠎ᠠ ︾ ︵ NY/T393-2021 ︶ ᠂ | ︽ᠪᠣᠬᠢᠷᠲᠤᠯ ᠦᠭᠡᠢ ᠢᠳᠡᠭᠡᠨ ᠤ ᠮᠠᠯ ᠤᠨ ᠡᠮ ᠬᠡᠷᠡᠭᠯᠡᠬᠦ ᠪᠠᠷᠢᠮᠵᠢᠶ᠎ᠠ ︾ ︵ NY/T472-2022 ︶ ᠂ | ︽ᠪᠣᠬᠢᠷᠲᠤᠯ ᠦᠭᠡᠢ ᠢᠳᠡᠭᠡᠨ ᠤ ᠪᠣᠷᠳᠣᠭᠤᠷ ᠢ ᠬᠡᠷᠡᠭᠯᠡᠬᠦ ᠪᠠᠷᠢᠮᠵᠢᠶ᠎ᠠ ︾ ︵ NY/T394-2023 ︶ ᠂ | ︽ᠪᠣᠬᠢᠷᠲᠤᠯ ᠦᠭᠡᠢ ᠢᠳᠡᠭᠡᠨ ᠤ ᠲᠡᠵᠢᠭᠡᠯ ᠪᠣᠷᠳᠤᠭ᠎ᠠ ᠵᠢᠴᠢ ᠲᠡᠵᠢᠭᠡᠯ ᠪᠣᠷᠳᠣᠭᠠᠨ ᠤ ᠨᠡᠮᠡᠯᠲᠡ ᠡᠳ᠋ ᠢ ᠬᠡᠷᠡᠭᠯᠡᠬᠦ | ᠪᠠᠷᠢᠮᠵᠢᠶ᠎ᠠ ︾ ︵NY/T471-2023︶ ᠵᠡᠷᠭᠡ ᠶᠢ ᠬᠡᠷᠡᠭᠵᠢᠭᠦᠯᠦᠨ᠎ᠡ ᠃ | ᠲᠠᠪᠤᠳᠤᠭᠠᠷ ᠵᠦᠢᠯ ᠦᠢᠯᠡᠳᠪᠦᠷᠢᠯᠡᠯ ᠤᠨ ᠶᠠᠪᠤᠴᠠ ᠶᠢ ᠬᠠᠮᠢᠶᠠᠷᠤᠨ ᠡᠵᠡᠮᠳᠡᠬᠦ | ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠲᠥᠪ ︵ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ︶ ᠨᠢ | ᠲᠦᠩᠯᠢᠶᠣᠣ ᠬᠤᠲᠠ᠂ ᠰᠢᠯᠢ ᠶᠢᠨ ᠭᠤᠣᠯ ᠠᠶᠢᠮᠠᠭ ᠪᠣᠯᠣᠨ ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠤ | ᠪᠣᠬᠢᠷᠲᠤᠯ ᠦᠭᠡᠢ ᠢᠳᠡᠭᠡᠨ ᠤ ᠠᠵᠢᠯ ᠤᠨ ᠪᠠᠶᠢᠭᠤᠯᠤᠮᠵᠢ ᠶᠢ ᠵᠢᠯᠣᠭᠤᠳᠤᠨ ᠰᠠᠭᠤᠷᠢᠨ ᠭᠠᠵᠠᠷ ᠤᠨ ᠲᠤᠷᠰᠢᠯᠲᠠ ᠶᠢᠨ | ᠴᠡᠭ ᠤᠨ ᠦᠢᠯᠡᠳᠪᠦᠷᠢᠯᠡᠯ ᠤᠨ ᠶᠠᠪᠤᠴᠠ ᠶᠢᠨ ᠬᠠᠮᠢᠶᠠᠷᠤᠨ ᠡᠵᠡᠮᠳᠡᠬᠦ ᠬᠡᠮᠵᠢᠶ᠎ᠡ ᠶᠢ ᠪᠠᠶᠢᠭᠤᠯᠵᠤ᠂ ᠰᠠᠭᠤᠷᠢᠨ | ᠭᠠᠵᠠᠷ ᠤᠨ ᠲᠤᠷᠰᠢᠯᠲᠠ ᠶᠢᠨ ᠪᠠᠶᠢᠭ᠎ᠠ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ | ᠮᠥᠴᠢᠷ ᠠᠴᠠ ᠬᠠᠷᠢᠭᠤᠴᠠᠨ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠨᠢᠭᠡ︶ ᠦᠢᠯᠡᠳᠪᠦᠷᠢᠯᠡᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ | 1. ᠡᠷᠳᠡᠨᠢ ᠰᠢᠰᠢ᠃ ᠲᠠᠷᠢᠮᠠᠯ ᠤᠨ ᠡᠷᠦᠬᠡ ᠶᠢᠨ ᠨᠡᠷᠡᠰ ᠤᠨ ᠪᠦᠷᠢᠳᠬᠡᠯ ︵ᠭᠠᠵᠠᠷ᠂ ᠲᠠᠯᠠᠪᠠᠶ᠂ | ᠵᠠᠯᠭᠠᠭᠤᠯᠤᠨ ᠲᠡᠵᠢᠭᠡᠨ ᠦᠷᠡᠵᠢᠭᠦᠯᠬᠦ ᠡᠷᠦᠬᠡ ᠪᠤᠶᠤ ᠲᠡᠵᠢᠭᠡᠨ ᠦᠷᠡᠵᠢᠭᠦᠯᠬᠦ ᠲᠠᠯᠠᠪᠠᠶ︶᠂ ᠣᠷᠣᠭᠤᠯᠤᠯᠲᠠ ᠶᠢᠨ | ᠡᠳ᠋ ᠤᠨ ᠬᠡᠷᠡᠭᠯᠡᠯᠲᠡ ᠶᠢᠨ ᠲᠡᠮᠳᠡᠭᠯᠡᠯ᠃ | 2. ᠠᠯᠠᠰᠢᠨ ᠬᠤᠨᠢ ᠠᠯᠠᠰᠢᠨ ᠦᠬᠡᠷ ᠃ ᠲᠡᠵᠢᠭᠡᠨ ᠦᠷᠡᠵᠢᠭᠦᠯᠬᠦ ᠡᠷᠦᠬᠡ ᠶᠢᠨ ᠨᠡᠷᠡᠰ ᠤᠨ ᠪᠦᠷᠢᠳᠬᠡᠯ | ︵ᠲᠣᠯᠣᠭᠠᠢ ᠲᠤᠭ᠎ᠠ᠂ ᠪᠡᠯᠴᠢᠭᠡᠷ ᠤᠨ ᠲᠠᠯᠠᠪᠠᠶ᠂ ᠰᠠᠭᠤᠷᠢᠨ ᠭᠠᠵᠠᠷ ᠤᠨ ᠪᠠᠶᠢᠷᠢᠯᠠᠯ᠂ ᠵᠣᠯᠭᠠᠭᠤᠯᠬᠤ ᠠᠵᠤ | ᠠᠬᠤᠶᠢᠯᠠᠯ︶᠂ ᠣᠷᠣᠭᠤᠯᠤᠯᠲᠠ ᠶᠢᠨ ᠡᠳ᠋ ᠤᠨ ᠬᠡᠷᠡᠭᠯᠡᠯᠲᠡ ᠶᠢᠨ ᠲᠡᠮᠳᠡᠭᠯᠡᠯ᠃ | 3. ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠳᠣᠲᠣᠷᠠᠬᠢ ᠠᠵᠤ ᠠᠬᠤᠶᠢᠯᠠᠯ᠂ ᠲᠤᠰᠬᠠᠢ ᠠᠵᠢᠯ ᠤᠨ | ᠬᠤᠷᠰᠢᠶ᠎ᠠ ᠪᠠ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠨᠤᠭᠤᠳ ︽ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠠᠤᠯᠢ ︾ | ᠶᠢᠨ ᠱᠠᠭᠠᠷᠳᠠᠯᠭ᠎ᠠ ᠶᠣᠰᠣᠭᠠᠷ ᠦᠢᠯᠡᠳᠪᠦᠷᠢᠯᠡᠯ ᠤᠨ ᠲᠡᠮᠳᠡᠭᠯᠡᠯ ᠬᠢᠬᠦ ᠬᠡᠷᠡᠭᠲᠡᠢ ᠃ | ︵ᠬᠤᠶᠠᠷ︶ ᠣᠷᠣᠭᠤᠯᠤᠯᠲᠠ ᠶᠢᠨ ᠵᠦᠢᠯ ᠤᠨ ᠬᠠᠮᠢᠶᠠᠷᠤᠯᠲᠠ ᠶᠢᠨ ᠳᠦᠷᠢᠮ | 1. ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠤ ᠮᠠᠯ ᠤᠨ ᠡᠮ᠂ ᠲᠠᠷᠢᠶᠠᠨ ᠡᠮ ᠪᠣᠷᠣᠯᠠᠭᠤᠯᠬᠤ | ᠳᠡᠯᠭᠡᠭᠦᠷ ᠲᠤ ᠪᠣᠬᠢᠷᠲᠤᠯ ᠦᠭᠡᠢ ᠢᠳᠡᠭᠡᠨ ᠳᠤ ᠣᠷᠣᠭᠤᠯᠤᠯᠲᠠ ᠶᠢᠨ ᠡᠳ᠋ ᠬᠡᠷᠡᠭᠯᠡᠬᠦ ᠶᠢ ᠵᠥᠪᠰᠢᠶᠡᠷᠡᠬᠦ ᠲᠤᠰᠬᠠᠢ | ᠣᠷᠣᠨ ᠪᠤᠶᠤ ᠴᠡᠭ ᠲᠣᠭᠲᠠᠭᠠᠨ ᠣᠷᠣᠭᠤᠯᠤᠯᠲᠠ ᠶᠢᠨ ᠡᠳ᠋ ᠬᠤᠳᠠᠯᠳᠤᠨ ᠠᠪᠬᠤ ᠴᠡᠭ ᠢ ᠪᠠᠶᠢᠭᠤᠯᠬᠤ ᠶᠢᠨ ᠬᠠᠮᠲᠤ | ᠬᠥᠮᠥᠷᠭᠡ ᠳᠤ ᠣᠷᠣᠭᠤᠯᠤᠭᠰᠠᠨ᠂ ᠪᠣᠷᠣᠯᠠᠭᠤᠯᠤᠭᠰᠠᠨ ᠪᠦᠷᠢᠨ ᠪᠦᠲᠦᠨ ᠲᠡᠮᠳᠡᠭᠯᠡᠯ ᠢ ᠪᠠᠶᠢᠭᠤᠯᠬᠤ ᠬᠡᠷᠡᠭᠲᠡᠢ᠃ | 2. ᠠᠯᠠᠰᠢᠨ ᠦᠬᠡᠷ ᠠᠯᠠᠰᠢᠨ ᠬᠤᠨᠢ ᠲᠡᠵᠢᠭᠡᠨ ᠦᠷᠡᠵᠢᠭᠦᠯᠬᠦ ᠪᠠ ᠡᠷᠳᠡᠨᠢ ᠰᠢᠰᠢ ᠳᠠᠷᠢᠬᠤ | ᠣᠷᠣᠭᠤᠯᠤᠯᠲᠠ ᠶᠢᠨ ᠡᠳ᠋ ᠢ ᠬᠡᠷᠡᠭᠯᠡᠬᠦ ᠶᠢ ᠵᠥᠪᠰᠢᠶᠡᠷᠡᠬᠦ ᠠᠯᠪᠠᠨ ᠵᠠᠷ ᠤᠨ ᠳᠦᠷᠢᠮ ᠢ ᠬᠡᠷᠡᠭᠵᠢᠭᠦᠯᠦᠨ᠎ᠡ᠃ ᠡᠯ᠎ᠡ | ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠵᠠᠰᠠᠭ ᠵᠠᠬᠢᠷᠭᠠᠨ ᠤ ᠲᠣᠰᠬᠤᠨ ᠤ ᠤᠬᠠᠭᠤᠯᠭ᠎ᠠ ᠶᠢᠨ | ᠰᠠᠮᠪᠠᠷ᠎ᠠ ᠳᠤ᠂ ᠳᠡᠯᠭᠡᠭᠦᠷ ᠤᠨ ᠢᠯᠡ ᠢᠯᠡᠳᠬᠡᠭᠰᠡᠨ ᠰᠠᠭᠤᠷᠢᠨ ᠭᠠᠵᠠᠷ ᠤᠨ ᠬᠡᠷᠡᠭᠯᠡᠬᠦ ᠶᠢ ᠵᠥᠪᠰᠢᠶᠡᠷᠡᠭᠰᠡᠨ ᠮᠠᠯ ᠤᠨ | ᠡᠮ᠂ ᠲᠠᠷᠢᠶᠠᠨ ᠡᠮ ᠤᠨ ᠨᠠᠷᠢᠨ ᠬᠠᠭᠤᠳᠠᠰᠤ ᠵᠢᠴᠢ ᠲᠡᠵᠢᠭᠡᠯ ᠪᠣᠷᠳᠤᠭ᠎ᠠ ᠬᠡᠷᠡᠭᠯᠡᠬᠦ ᠪᠠᠷᠢᠮᠵᠢᠶ᠎ᠠ ᠶᠢ | ᠪᠣᠷᠣᠯᠠᠭᠤᠯᠤᠨ᠎ᠠ᠃ | 3. ᠪᠣᠬᠢᠷᠲᠤᠯ ᠦᠭᠡᠢ ᠢᠳᠡᠭᠡᠨ ᠤ ᠠᠯᠠᠰᠢᠨ ᠦᠬᠡᠷ ᠠᠯᠠᠰᠢᠨ ᠬᠤᠨᠢ ᠲᠡᠵᠢᠭᠡᠨ ᠦᠷᠡᠵᠢᠭᠦᠯᠬᠦ | ᠠᠵᠢᠯᠯᠠᠭᠠᠨ ᠤ ᠳᠦᠷᠢᠮ᠂ ᠡᠷᠳᠡᠨᠢ ᠰᠢᠰᠢ ᠳᠠᠷᠢᠬᠤ ᠳᠦᠷᠢᠮ ᠢ ᠡᠭᠦᠯᠳᠡᠷ ᠤᠨ ᠲᠡᠵᠢᠭᠡᠨ ᠦᠷᠡᠵᠢᠭᠦᠯᠬᠦ ᠡᠷᠦᠬᠡ | ᠨᠢᠭᠡᠪᠦᠷᠢ ᠶᠢᠨ ᠭᠠᠷ ᠲᠤ ᠣᠯᠭᠤᠵᠤ᠂ ᠪᠠᠷᠢᠮᠵᠢᠶ᠎ᠠ ᠶᠣᠰᠣᠭᠠᠷ ᠦᠢᠯᠡᠳᠪᠦᠷᠢᠯᠡᠨ᠎ᠡ᠃ | ᠵᠢᠷᠭᠤᠳᠤᠭᠠᠷ ᠵᠦᠢᠯ ᠵᠢᠯᠤᠭᠤᠳᠤᠯᠭ᠎ᠠ ᠦᠢᠯᠡᠴᠢᠯᠡᠭᠡ ᠬᠢᠭᠡᠳ ᠪᠤᠯᠪᠠᠰᠤᠷᠠᠯ | ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠲᠥᠪ ︵ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ︶ ᠨᠢ ᠪᠣᠬᠢᠷᠲᠤᠯ | ᠦᠭᠡᠢ ᠢᠳᠡᠭᠡᠨ ᠤ ᠪᠠᠶᠢᠴᠠᠭᠠᠭᠴᠢ ᠳᠤ ᠲᠦᠰᠢᠭᠯᠡᠨ᠂ ᠮᠠᠯ ᠠᠵᠤ ᠠᠬᠤᠢ ᠶᠢᠨ ᠪᠣᠬᠢᠷᠲᠤᠯ ᠦᠭᠡᠢ ᠢᠳᠡᠭᠡᠨ ᠤ | ᠪᠠᠷᠢᠮᠵᠢᠶᠠᠵᠢᠭᠤᠯᠤᠨ ᠦᠢᠯᠡᠳᠪᠦᠷᠢᠯᠡᠬᠦ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠮᠡᠷᠭᠡᠵᠢᠯ ᠳᠡᠯᠭᠡᠷᠡᠭᠦᠯᠬᠦ | ᠡᠩᠨᠡᠭᠡ ᠶᠢ ᠪᠠᠶᠢᠭᠤᠯᠤᠨ᠎ᠠ᠃ ᠵᠢᠯ ᠪᠦᠷᠢ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠲᠤ ᠮᠡᠷᠭᠡᠵᠢᠯ ᠤᠨ | ᠵᠢᠯᠣᠭᠤᠳᠤᠯᠭ᠎ᠠ ᠶᠢᠨ ᠦᠢᠯᠡᠴᠢᠯᠡᠭᠡ ᠪᠠ ᠪᠤᠯᠪᠠᠰᠤᠷᠠᠯ ᠢ ᠠᠳᠠᠭ ᠲᠠᠭᠠᠨ ᠨᠢᠭᠡ ᠤᠳᠠᠭ᠎ᠠ ᠥᠷᠨᠢᠭᠦᠯᠦᠨ᠎ᠡ᠃ | ᠵᠢᠯᠤᠭᠤᠳᠤᠯᠭ᠎ᠠ ᠦᠢᠯᠡᠴᠢᠯᠡᠭᠡ ᠪᠠ ᠪᠣᠯᠪᠠᠰᠤᠷᠠᠯ ᠤᠨ ᠠᠭᠤᠯᠭ᠎ᠠ ᠃ ᠰᠠᠭᠤᠷᠢᠨ ᠭᠠᠵᠠᠷ ᠤᠨ ᠲᠤᠷᠰᠢᠯᠲᠠ ᠶᠢᠨ | ᠴᠡᠭ ᠤᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠰᠠᠭᠤᠷᠢᠨ ᠭᠠᠵᠠᠷ ᠤᠨ | ᠲᠤᠷᠰᠢᠯᠲᠠ ᠶᠢᠨ ᠴᠡᠭ ᠤᠨ ᠡᠯ᠎ᠡ ᠱᠠᠲᠤᠨ ᠤ ᠬᠠᠮᠢᠶᠠᠷᠤᠯᠲᠠ ᠶᠢᠨ ᠠᠵᠢᠯᠲᠠᠨ᠂ ᠲᠠᠷᠢᠶᠠᠯᠠᠩ ᠤᠨ ᠮᠡᠷᠭᠡᠵᠢᠯ | ᠳᠡᠯᠭᠡᠷᠡᠭᠦᠯᠬᠦ ᠠᠵᠢᠯᠲᠠᠨ᠂ ᠵᠣᠯᠭᠠᠭᠤᠯᠬᠤ ᠠᠵᠤ ᠠᠬᠤᠶᠢᠯᠠᠯ ᠤᠨ ᠦᠢᠯᠡᠳᠪᠦᠷᠢᠯᠡᠯ ᠬᠠᠮᠢᠶᠠᠷᠤᠯᠲᠠ ᠶᠢᠨ ᠠᠵᠢᠯᠲᠠᠨ | ᠵᠢᠴᠢ ᠰᠠᠭᠤᠷᠢᠨ ᠭᠠᠵᠠᠷ ᠤᠨ ᠳᠣᠲᠣᠷᠠᠬᠢ ᠪᠣᠶ ᠪᠦᠬᠦᠢ ᠮᠠᠯᠴᠢᠨ ᠲᠠᠷᠢᠶᠠᠴᠢᠳ ᠲᠤ ᠪᠣᠬᠢᠷᠲᠤᠯ ᠦᠭᠡᠢ ᠢᠳᠡᠭᠡᠨ ᠤ | ᠮᠡᠳᠡᠯᠭᠡ᠂ ᠦᠢᠯᠡᠳᠪᠦᠷᠢᠯᠡᠯ ᠤᠨ ᠮᠡᠷᠭᠡᠵᠢᠯ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠳᠦᠷᠢᠮ ᠤᠨ ᠲᠤᠰᠬᠠᠢ ᠵᠦᠢᠯ ᠤᠨ ᠪᠤᠯᠪᠠᠰᠤᠷᠠᠯ ᠢ ᠥᠷᠨᠢᠭᠦᠯᠦᠨ᠎ᠡ᠃ ᠪᠤᠯᠪᠠᠰᠤᠷᠠᠯ ᠤᠨ ᠲᠠᠩᠰᠠ | ᠡᠪᠬᠡᠮᠡᠯ ᠢ ᠪᠦᠷᠢᠨ ᠪᠦᠲᠦᠨ ᠬᠠᠳᠠᠭᠠᠯᠠᠬᠤ ᠬᠡᠷᠡᠭᠲᠡᠢ ᠃ | ᠳᠣᠯᠣᠳᠤᠭᠠᠷ ᠵᠦᠢᠯ ᠡᠳᠦᠷ ᠲᠤᠳᠤᠮ ᠤᠨ ᠪᠠᠶᠢᠴᠠᠭᠠᠯᠲᠠ | ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠲᠥᠪ ︵ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ︶ ᠨᠢ ᠪᠣᠬᠢᠷᠲᠤᠯ | ᠦᠭᠡᠢ ᠢᠳᠡᠭᠡᠨ ᠤ ᠪᠠᠶᠢᠴᠠᠭᠠᠭᠴᠢ ᠳᠤ ᠲᠦᠰᠢᠭᠯᠡᠨ᠂ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠪᠠᠶᠢᠭᠤᠯᠬᠤ | ᠪᠠ ᠠᠵᠤ ᠠᠬᠤᠶᠢᠯᠠᠯ ᠤᠨ ᠡᠳᠦᠷ ᠲᠤᠲᠤᠮ ᠤᠨ ᠪᠠᠶᠢᠴᠠᠭᠠᠬᠤ ᠡᠩᠨᠡᠭᠡ ᠶᠢ ᠵᠣᠯᠭᠠᠭᠤᠯᠬᠤ ᠬᠡᠷᠡᠭᠲᠡᠢ ᠰᠠᠭᠤᠷᠢᠨ | ᠭᠠᠵᠠᠷ ᠤᠨ ᠲᠤᠷᠰᠢᠯᠲᠠ ᠶᠢᠨ ᠴᠡᠭ ᠪᠠ ᠵᠣᠯᠭᠠᠭᠤᠯᠬᠤ ᠠᠵᠤ ᠠᠬᠤᠶᠢᠯᠠᠯ ᠳᠤ ᠵᠢᠯ ᠪᠦᠷᠢ ᠠᠳᠠᠭ ᠲᠠᠭᠠᠨ 2 | ᠤᠳᠠᠭ᠎ᠠ ᠪᠠᠶᠢᠴᠠᠭᠠᠯᠲᠠ ᠬᠢᠬᠦ ᠬᠡᠷᠡᠭᠲᠡᠢ᠃ | ᠪᠠᠶᠢᠴᠠᠭᠠᠬᠤ ᠠᠭᠤᠯᠭ᠎ᠠ᠃ ᠪᠣᠬᠢᠷᠲᠤᠯ ᠦᠭᠡᠢ ᠢᠳᠡᠭᠡᠨ ᠤ ᠬᠠᠮᠢᠶ᠎ᠠ ᠪᠦᠬᠦᠢ ᠲᠣᠭᠲᠠᠭᠠᠯ ᠶᠣᠰᠣᠭᠠᠷ | ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠲᠤ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠬᠢᠵᠦ᠂ ᠰᠠᠭᠤᠷᠢᠨ | ᠭᠠᠵᠠᠷ ᠤᠨ ᠬᠠᠮᠢᠶ᠎ᠠ ᠪᠦᠬᠦᠢ ᠳᠦᠷᠢᠮ ᠢ ᠬᠡᠷᠡᠭᠵᠢᠭᠦᠯᠦᠭᠰᠡᠨ ᠪᠠᠶᠢᠳᠠᠯ᠂ ᠣᠷᠣᠭᠤᠯᠤᠭᠰᠠᠨ ᠡᠳ᠋ ᠢ ᠬᠡᠷᠡᠭᠯᠡᠭᠰᠡᠨ | ᠪᠠᠶᠢᠳᠠᠯ᠂ ᠠᠵᠤ ᠠᠬᠤᠶᠢᠯᠠᠯ ᠯᠤᠭ᠎ᠠ ᠵᠣᠯᠭᠠᠭᠤᠯᠤᠭᠰᠠᠨ ᠪᠠᠶᠢᠳᠠᠯ᠂ ᠬᠡᠪᠴᠢᠶ᠎ᠡ ᠠᠴᠠ ᠳᠠᠪᠠᠭᠰᠠᠨ ᠡᠰᠡᠬᠦ᠂ ᠲᠠᠩᠰᠠ | ᠡᠪᠬᠡᠮᠡᠯ ᠤᠨ ᠵᠢᠷᠤᠮᠵᠢᠯ ᠲᠠᠢ ᠡᠰᠡᠬᠦ ᠶᠢ ᠲᠡᠮᠳᠡᠭᠯᠡᠭᠰᠡᠨ ᠡᠰᠡᠬᠦ᠂ ᠱᠠᠭᠠᠷᠳᠠᠯᠭ᠎ᠠ ᠶᠣᠰᠣᠭᠠᠷ ᠪᠤᠯᠪᠠᠰᠤᠷᠠᠯ ᠬᠢᠭᠰᠡᠨ ᠡᠰᠡᠬᠦ᠂ | ᠢᠯᠡ ᠨᠡᠶᠢᠲᠡᠯᠡᠭᠰᠡᠨ ᠡᠰᠡᠬᠦ ᠵᠡᠷᠭᠡ ᠪᠠᠶᠢᠳᠠᠯ ᠢ ᠪᠠᠶᠢᠴᠠᠭᠠᠬᠤ ᠬᠡᠷᠡᠭᠲᠡᠢ᠃ | ᠨᠠᠢᠮᠠᠳᠤᠭᠠᠷ ᠵᠦᠢᠯ ᠶᠠᠰᠤ ᠴᠢᠨᠠᠷ ᠢ ᠪᠠᠶᠢᠴᠠᠭᠠᠨ ᠰᠢᠯᠭᠠᠬᠤ | ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠲᠥᠪ ︵ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ︶ ᠨᠢ ᠦᠪᠦᠷ | ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠤᠷᠤᠨ ᠤ ᠲᠢᠩᠬᠢᠮ ᠤᠨ ᠨᠢᠭᠡᠳᠦᠯᠲᠡᠢ ᠲᠥᠯᠥᠪᠯᠡᠨ ᠲᠣᠬᠢᠷᠠᠭᠤᠯᠤᠭᠰᠠᠨ ᠶᠣᠰᠣᠭᠠᠷ᠂ ᠰᠠᠭᠤᠷᠢᠨ ᠭᠠᠵᠠᠷ ᠤᠨ | ᠲᠤᠷᠰᠢᠯᠲᠠ ᠶᠢᠨ ᠴᠡᠭ ᠤᠨ ᠣᠷᠴᠢᠨ ᠲᠣᠭᠤᠷᠢᠨ ᠪᠠ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ | ᠪᠠᠶᠢᠴᠠᠭᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠦᠢᠯᠡᠳᠦᠯᠭᠡᠵᠢᠭᠦᠯᠦᠨ᠎ᠡ᠃ | ︵ᠨᠢᠭᠡ︶ ᠣᠷᠴᠢᠨ ᠲᠣᠭᠤᠷᠢᠨ ᠤ ᠬᠢᠨᠠᠨ ᠬᠡᠮᠵᠢᠯᠲᠡ | 1. ᠬᠢᠨᠠᠨ ᠬᠡᠮᠵᠢᠬᠦ ᠴᠠᠭ ᠃ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠳᠥᠷᠪᠡᠨ ᠵᠠᠬ᠎ᠠ ᠶᠢᠨ | ᠬᠡᠪᠴᠢᠶᠡᠨ ᠳᠣᠲᠣᠷᠠᠬᠢ ᠣᠷᠴᠢᠨ ᠲᠣᠭᠤᠷᠢᠨ ᠢ 3 ᠵᠢᠯ ᠳᠤ ᠨᠢᠭᠡ ᠤᠳᠠᠭ᠎ᠠ ᠬᠢᠨᠠᠨ ᠬᠡᠮᠵᠢᠨ᠎ᠡ᠃ | 2. ᠬᠢᠨᠠᠨ ᠬᠡᠮᠵᠢᠬᠦ ᠠᠭᠤᠯᠭ᠎ᠠ ᠃ ᠡᠭᠦᠨ ᠳᠤ ᠬᠥᠷᠥᠰᠥ ᠰᠢᠷᠣᠢ᠂ ᠤᠰᠤ᠂ ᠠᠭᠠᠷ ᠤᠨ ᠶᠠᠰᠤ ᠴᠢᠨᠠᠷ ᠤᠨ | ᠠᠮᠤᠷ ᠲᠦᠪᠰᠢᠨ ᠤ ᠬᠢᠨᠠᠨ ᠬᠡᠮᠵᠢᠯᠲᠡ ᠳᠤ ᠬᠢᠵᠠᠭᠠᠷᠯᠠᠭᠳᠠᠬᠤ ᠦᠭᠡᠢ᠃ | 3. ᠬᠢᠨᠠᠨ ᠬᠡᠮᠵᠢᠬᠦ ᠫᠠᠷᠠᠮᠧᠲᠷ ᠃ ︽ᠪᠣᠬᠢᠷᠲᠤᠯ ᠦᠭᠡᠢ ᠢᠳᠡᠭᠡᠨ ᠤ ᠭᠠᠷᠤᠯᠲᠠ ᠶᠢᠨ ᠣᠷᠣᠨ ᠤ ᠣᠷᠴᠢᠨ | ᠲᠣᠭᠤᠷᠢᠨ ᠤ ᠶᠠᠰᠤ ᠴᠢᠨᠠᠷ︾ ︵NY/T 391︶ ᠤᠨ ᠱᠠᠭᠠᠷᠳᠠᠯᠭ᠎ᠠ ᠶᠢ ᠦᠨᠳᠦᠰᠦᠯᠡᠨ᠎ᠡ᠃ | 4. ᠣᠷᠴᠢᠨ ᠲᠣᠭᠤᠷᠢᠨ ᠤ ᠬᠢᠨᠠᠨ ᠬᠡᠮᠵᠢᠯᠲᠡ ᠶᠢ ᠬᠢᠷᠢ ᠬᠡᠮ ᠲᠠᠢ ᠪᠠᠶᠢᠭᠤᠯᠤᠮᠵᠢ ᠠᠴᠠ ᠡᠭᠦᠷᠭᠡᠯᠡᠬᠦ | ᠬᠡᠷᠡᠭᠲᠡᠢ ᠃ | ︵ᠬᠤᠶᠠᠷ︶ ᠦᠢᠯᠡᠳᠬᠦᠨ ᠤ ᠶᠠᠰᠤ ᠴᠢᠨᠠᠷ ᠤᠨ ᠠᠶᠤᠯ ᠦᠭᠡᠢ ᠶᠢᠨ ᠬᠢᠨᠠᠨ ᠬᠡᠮᠵᠢᠯᠲᠡ | 1.ᠬᠢᠨᠠᠨ ᠬᠡᠮᠵᠢᠬᠦ ᠴᠠᠭ ᠃ ᠰᠠᠭᠤᠷᠢᠨ ᠭᠠᠵᠠᠷ ᠤᠨ ᠲᠤᠷᠰᠢᠯᠲᠠ ᠶᠢᠨ ᠬᠡᠪᠴᠢᠶᠡᠨ ᠳᠠᠬᠢ ᠡᠷᠳᠡᠨᠢ ᠰᠢᠰᠢ᠂ | ᠦᠬᠡᠷ ᠬᠤᠨᠢᠨ ᠮᠢᠬ᠎ᠠ ᠶᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠪᠠᠶᠢᠴᠠᠭᠠᠨ ᠰᠢᠯᠭᠠᠨ᠎ᠠ᠃ | 2.ᠬᠢᠨᠠᠨ ᠬᠡᠮᠵᠢᠬᠦ ᠫᠠᠷᠠᠮᠧᠲᠷ ᠃ ᠡᠷᠳᠡᠨᠢ ᠰᠢᠰᠢ ᠳᠤ ᠲᠠᠷᠢᠶᠠᠨ ᠡᠮ ᠤᠨ ᠦᠯᠡᠳᠡᠭᠳᠡᠯ ᠤᠨ ᠪᠠᠶᠢᠳᠠᠯ ᠢ | ᠭᠤᠣᠯᠳᠠᠯᠭ᠎ᠠ ᠲᠠᠢ ᠦᠬᠡᠷ ᠬᠤᠨᠢᠨ ᠮᠢᠬ᠎ᠠ ᠶᠢᠨ ᠭᠤᠣᠯᠳᠠᠯᠭ᠎ᠠ ᠲᠠᠢ ᠪᠠᠶᠢᠴᠠᠭᠠᠨ ᠬᠡᠮᠵᠢᠯᠲᠡ ᠳᠤ β | ᠬᠦᠯᠢᠶᠡᠭᠴᠢ ᠶᠢᠨ ᠬᠥᠭᠡᠷᠦᠭᠦᠯᠬᠦ ᠡᠳ᠋ ᠤᠨ ᠲᠦᠷᠦᠯ ᠤᠨ ᠴᠠᠭᠠᠵᠠ ᠶᠢ ᠵᠥᠷᠢᠴᠡᠭᠰᠡᠨ ᠪᠣᠳᠠᠰ ᠂ ᠨᠢᠶᠠᠨ ᠳᠠᠷᠤᠭᠴᠢ | ᠵᠡᠷᠭᠡ ᠮᠠᠯ ᠤᠨ ᠡᠮ ᠤᠨ ᠦᠯᠡᠳᠡᠭᠳᠡᠯ ᠤᠨ ᠪᠠᠶᠢᠳᠠᠯ ᠳᠤ ᠬᠢᠵᠠᠭᠠᠷᠯᠠᠭᠳᠠᠬᠤ ᠦᠭᠡᠢ ᠪᠠᠶᠢᠬᠤ ᠶᠢ ᠪᠠᠭᠲᠠᠭᠠᠨ᠎ᠠ ᠃ | 3.ᠦᠢᠯᠡᠳᠬᠦᠨ ᠢ ᠬᠢᠨᠠᠨ ᠰᠢᠯᠭᠠᠬᠤ ᠠᠵᠢᠯ ᠢ ᠬᠢᠷᠢ ᠬᠡᠮ ᠲᠠᠢ ᠪᠠᠶᠢᠭᠤᠯᠤᠮᠵᠢ ᠠᠴᠠ ᠡᠭᠦᠷᠭᠡᠯᠡᠬᠦ ᠬᠡᠷᠡᠭᠲᠡᠢ ᠃ | 4.ᠦᠢᠯᠡᠳᠬᠦᠨ ᠤ ᠶᠠᠰᠤ ᠴᠢᠨᠠᠷ ᠤᠨ ᠠᠶᠤᠯᠭᠦᠢ ᠶᠢ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ | ᠲᠣᠬᠢᠷᠠᠮᠵᠢᠲᠠᠢ ᠬᠡᠯᠪᠡᠷᠢ ᠪᠠᠷ ᠨᠡᠶᠢᠲᠡᠯᠡᠨ᠎ᠡ ᠃ | ᠶᠢᠰᠦᠳᠦᠭᠡᠷ ᠵᠦᠢᠯ ᠶᠠᠰᠤ ᠴᠢᠨᠠᠷ ᠤᠨ ᠦᠨᠡᠯᠡᠯᠲᠡ | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠤᠷᠤᠨ ᠤ ᠲᠢᠩᠬᠢᠮ ᠨᠢ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠬᠡᠪᠴᠢᠶᠡᠨ ᠳᠠᠬᠢ | ᠦᠬᠡᠷ ᠬᠤᠨᠢᠨ ᠮᠢᠬ᠎ᠠ ᠳᠤ ᠶᠠᠰᠤ ᠴᠢᠨᠠᠷ ᠤᠨ ᠪᠠᠶᠢᠴᠠᠭᠠᠨ ᠬᠡᠮᠵᠢᠯᠲᠡ ᠬᠢᠬᠦ ᠶᠢ ᠬᠠᠷᠢᠭᠤᠴᠠᠵᠤ᠂ ᠵᠣᠯᠭᠠᠭᠤᠯᠬᠤ ᠠᠵᠤ | ᠠᠬᠤᠶᠢᠯᠠᠯ ᠳᠤ ᠦᠬᠡᠷ ᠬᠤᠨᠢᠨ ᠮᠢᠬ᠎ᠠ ᠶᠢᠨ ᠣᠨᠴᠠᠯᠢᠭᠲᠤ ᠴᠢᠨᠠᠷ ᠴᠢᠨᠰᠠᠭ᠎ᠠ ᠶᠢᠨ ᠲᠤᠭ᠎ᠠ ᠪᠠᠷᠢᠮᠲᠠ ᠶᠢ ᠬᠡᠷᠡᠭᠯᠡᠬᠦ | ᠡᠷᠡᠭᠡ ᠤᠯᠭᠤᠨ᠎ᠠ ᠃ | ᠠᠷᠪᠠᠳᠤᠭᠠᠷ ᠵᠦᠢᠯ ᠰᠠᠭᠤᠷᠢᠨ ᠭᠠᠵᠠᠷ ᠢ ᠠᠵᠤ ᠠᠬᠤᠶᠢᠯᠠᠯ ᠯᠤᠭ᠎ᠠ ᠵᠣᠯᠭᠠᠭᠤᠯᠬᠤ | ︵ᠨᠢᠭᠡ︶ ᠵᠣᠯᠭᠠᠭᠤᠯᠬᠤ ᠠᠵᠤ ᠠᠬᠤᠶᠢᠯᠠᠯ ᠢ ᠲᠣᠭᠲᠠᠭᠠᠨ᠎ᠠ᠃ ᠲᠦᠩᠯᠢᠶᠣᠣ ᠬᠤᠲᠠ᠂ ᠰᠢᠯᠢ ᠶᠢᠨ ᠭᠤᠣᠯ | ᠠᠶᠢᠮᠠᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ | ᠲᠥᠪ ︵ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ︶ ᠨᠢ ᠰᠠᠭᠤᠷᠢᠨ ᠭᠠᠵᠠᠷ ᠤᠨ ᠲᠤᠷᠰᠢᠯᠲᠠ ᠯᠤᠭ᠎ᠠ | ᠵᠣᠯᠭᠠᠭᠤᠯᠤᠭᠰᠠᠨ ᠦᠬᠡᠷ ᠬᠤᠨᠢᠨ ᠮᠢᠬ᠎ᠠ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠢ | ᠨᠠᠶᠢᠳᠠᠪᠤᠷᠢᠵᠢᠭᠤᠯᠬᠤ ᠶᠢ ᠬᠠᠷᠢᠭᠤᠴᠠᠬᠤ ᠶᠢᠨ ᠬᠠᠮᠲᠤ ᠪᠣᠬᠢᠷᠲᠤᠯ ᠦᠭᠡᠢ ᠢᠳᠡᠭᠡᠨ ᠢ ᠭᠡᠷᠡᠴᠢᠯᠡᠬᠦ ᠬᠠᠮᠢᠶ᠎ᠠ ᠪᠦᠬᠦᠢ | ᠠᠵᠢᠯ ᠢ ᠵᠢᠯᠣᠭᠤᠳᠤᠨ ᠥᠷᠨᠢᠭᠦᠯᠦᠨ᠎ᠡ᠃ | ︵ᠬᠤᠶᠠᠷ︶ ᠵᠣᠯᠭᠠᠭᠤᠯᠬᠤ ᠵᠥᠪᠯᠡᠯᠴᠡᠭᠡᠷ ᠢ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ︵ᠪᠣᠬᠢᠷᠲᠤᠯ | ᠦᠭᠡᠢ ᠢᠳᠡᠭᠡᠨ ᠤ ᠬᠥᠭᠵᠢᠯᠲᠡ ᠶᠢᠨ ᠲᠥᠪ︶ ᠨᠢ ᠵᠣᠯᠭᠠᠭᠤᠯᠬᠤ ᠵᠥᠪᠯᠡᠯᠴᠡᠭᠡᠷ ᠢ ᠵᠣᠬᠢᠶᠠᠨ ᠪᠠᠶᠢᠭᠤᠯᠤᠨ | ᠲᠤᠭᠤᠷᠪᠢᠵᠤ᠂ ᠲᠦᠩᠯᠢᠶᠣᠣ ᠬᠤᠲᠠ᠂ ᠰᠢᠯᠢ ᠶᠢᠨ ᠭᠤᠣᠯ ᠠᠶᠢᠮᠠᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ︵ᠪᠣᠬᠢᠷᠲᠤᠯ ᠦᠭᠡᠢ ᠢᠳᠡᠭᠡᠨ ᠤ | ᠬᠥᠭᠵᠢᠯᠲᠡ ᠶᠢᠨ ᠲᠥᠪ︶ ᠨᠢ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠵᠥᠪᠯᠡᠯᠴᠡᠭᠡᠷ ᠢ | ᠰᠢᠯᠢᠳᠡᠭᠵᠢᠭᠦᠯᠦᠨ ᠲᠡᠭᠦᠯᠳᠡᠷᠵᠢᠭᠦᠯᠵᠦ ᠪᠣᠯᠣᠨ᠎ᠠ᠃ | ︵ᠭᠤᠷᠪᠠ︶ ᠵᠣᠯᠭᠠᠭᠤᠯᠬᠤ ᠵᠥᠪᠯᠡᠯᠴᠡᠭᠡᠷ ᠲᠣᠭᠲᠠᠨ᠎ᠠ᠃ ᠲᠦᠩᠯᠢᠶᠣᠣ ᠬᠤᠳᠠ ᠂ ᠰᠢᠯᠢ ᠶᠢᠨ ᠭᠤᠣᠯ | ᠠᠶᠢᠮᠠᠭ ᠪᠣᠯᠣᠨ ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠤ ᠪᠣᠬᠢᠷᠲᠤᠯ ᠦᠭᠡᠢ ᠢᠳᠡᠭᠡᠨ ᠤ ᠠᠵᠢᠯ ᠤᠨ | ᠪᠠᠶᠢᠭᠤᠯᠤᠮᠵᠢ ᠨᠤᠭᠤᠳ ᠵᠣᠯᠭᠠᠭᠤᠯᠬᠤ ᠵᠥᠪᠯᠡᠯᠴᠡᠭᠡᠷ ᠲᠣᠭᠲᠠᠬᠤ ᠵᠡᠷᠭᠡ ᠠᠵᠢᠯ ᠥᠷᠨᠢᠭᠦᠯᠬᠦ ᠶᠢ ᠬᠠᠷᠢᠭᠤᠴᠠᠨ᠎ᠠ ᠃ | ᠠᠷᠪᠠᠨ ᠨᠢᠭᠡᠳᠦᠭᠡᠷ ᠵᠦᠢᠯ ᠰᠢᠯᠭᠠᠨ ᠠᠪᠬᠤ ᠪᠠ ᠫᠠᠶᠢᠰᠠ ᠡᠯᠭᠦᠬᠦ | ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠲᠥᠪ ︵ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ︶ ᠨᠢ ᠰᠠᠭᠤᠷᠢᠨ | ᠭᠠᠵᠠᠷ ᠤᠨ ᠲᠤᠷᠰᠢᠯᠲᠠ ᠶᠢᠨ ᠴᠡᠭ ᠢ ᠰᠢᠯᠭᠠᠨ ᠠᠪᠬᠤ ᠠᠵᠢᠯ ᠢ ᠬᠠᠷᠢᠭᠤᠴᠠᠨ ᠵᠤᠬᠢᠶᠠᠨ ᠪᠠᠶᠢᠭᠤᠯᠤᠨ᠎ᠠ᠃ | ︵ ᠨᠢᠭᠡ ︶ ᠠᠩᠬ᠎ᠠ ᠰᠢᠯᠭᠠᠬᠤ ᠃ ᠲᠦᠩᠯᠢᠶᠣᠣ ᠬᠤᠲᠠ᠂ ᠰᠢᠯᠢ ᠶᠢᠨ ᠭᠤᠣᠯ ᠠᠶᠢᠮᠠᠭ ᠤᠨ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ︵ᠪᠣᠬᠢᠷᠲᠤᠯ ᠦᠭᠡᠢ | ᠢᠳᠡᠭᠡᠨ ᠤ ᠬᠥᠭᠵᠢᠯᠲᠡ ᠶᠢᠨ ᠲᠥᠪ︶ ᠨᠢ ᠲᠣᠰ ᠬᠠᠮᠢᠶᠠᠷᠤᠯᠲᠠ ᠶᠢᠨ ᠠᠷᠭ᠎ᠠ ᠶᠢᠨ ᠲᠠᠪᠤᠳᠤᠭᠠᠷ ᠵᠦᠢᠯ᠂ | ᠵᠢᠷᠭᠤᠳᠤᠭᠠᠷ ᠵᠦᠢᠯ᠂ ᠳᠣᠯᠣᠳᠤᠭᠠᠷ ᠵᠦᠢᠯ᠂ ᠨᠠᠢᠮᠠᠳᠤᠭᠠᠷ ᠵᠦᠢᠯ᠂ ᠠᠷᠪᠠᠳᠤᠭᠠᠷ ᠵᠦᠢᠯ ᠲᠠᠢ ᠬᠠᠷᠢᠴᠠᠭᠤᠯᠤᠨ᠂ | ᠰᠠᠭᠤᠷᠢᠨ ᠭᠠᠵᠠᠷ ᠤᠨ ᠲᠤᠷᠰᠢᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠠᠩᠬᠠᠨ ᠤ ᠰᠢᠯᠭᠠᠯᠲᠠ ᠬᠢᠵᠦ᠂ | ᠠᠩᠬᠠᠨ ᠤ ᠰᠢᠯᠭᠠᠯᠲᠠ ᠶᠢᠨ ᠮᠡᠳᠡᠭᠦᠯᠦᠯᠲᠡ ᠶᠢ ᠪᠣᠶ ᠪᠣᠯᠭᠠᠨ᠎ᠠ᠃ | ︵ ᠬᠤᠶᠠᠷ ︶ ᠬᠠᠷᠭᠤᠭᠤᠯᠤᠨ ᠪᠠᠶᠢᠴᠠᠭᠠᠬᠤ ᠃ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ︵ᠪᠣᠬᠢᠷᠲᠤᠯ ᠦᠭᠡᠢ ᠢᠳᠡᠭᠡᠨ ᠤ | ᠬᠥᠭᠵᠢᠯᠲᠡ ᠶᠢᠨ ᠲᠥᠪ︶ ᠨᠢ ᠠᠩᠬ᠎ᠠ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠲᠠᠢ ᠬᠠᠷᠢᠴᠠᠭᠤᠯᠤᠨ ᠲᠤᠬᠠᠢ ᠶᠢᠨ | ᠭᠠᠵᠠᠷ ᠲᠤᠨᠢ ᠪᠤᠶᠤ ᠪᠢᠴᠢᠭ ᠢᠶᠠᠷ ᠬᠠᠷᠭᠤᠭᠤᠯᠤᠨ ᠰᠢᠯᠭᠠᠨ ᠪᠠᠶᠢᠴᠠᠭᠠᠬᠤ ᠶᠢ ᠥᠷᠨᠢᠭᠦᠯᠵᠦ᠂ ᠬᠠᠷᠭᠤᠭᠤᠯᠤᠨ | ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢ ᠪᠣᠶ ᠪᠣᠯᠭᠠᠨ᠎ᠠ᠃ | ︵ᠭᠤᠷᠪᠠ︶ ᠢᠯᠡ ᠨᠡᠶᠢᠲᠡᠯᠡᠨ᠎ᠡ᠃ ᠬᠠᠷᠭᠤᠭᠤᠯᠤᠨ ᠪᠠᠶᠢᠴᠠᠭᠠᠭᠰᠠᠨ ᠮᠡᠳᠡᠭᠦᠯᠦᠯᠲᠡ ᠶᠢ ᠦᠪᠳᠦᠰᠦᠯᠡᠨ ᠂ | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ | ᠮᠠᠯᠵᠢᠬᠤ ᠤᠷᠤᠨ ᠤ ᠲᠢᠩᠬᠢᠮ ᠠᠴᠠ ᠲᠤᠷᠰᠢᠯᠲᠠ ᠶᠢᠨ ᠴᠡᠭ ᠤᠨ ᠰᠠᠭᠤᠷᠢᠨ ᠭᠠᠵᠠᠷ᠂ ᠵᠣᠯᠭᠠᠭᠤᠯᠬᠤ ᠠᠵᠤ | ᠠᠬᠤᠶᠢᠯᠠᠯ ᠪᠠ ᠮᠠᠯᠵᠢᠬᠤ ᠲᠠᠷᠢᠶᠠᠯᠠᠬᠤ ᠡᠷᠦᠬᠡ ᠵᠡᠷᠭᠡ ᠶᠢᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠦᠪᠦᠷ | ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠤᠷᠤᠨ ᠤ ᠲᠢᠩᠬᠢᠮ ᠤᠨ ᠫᠤᠷᠲ᠋ᠧᠯ ᠰᠦᠯᠵᠢᠶ᠎ᠡ ᠳᠤ 7 ᠠᠵᠢᠯᠯᠠᠬᠤ ᠡᠳᠦᠷ ᠵᠠᠷᠯᠠᠨ ᠨᠡᠶᠢᠲᠡᠯᠡᠨ᠎ᠡ᠃ | ︵ᠳᠥᠷᠪᠡ︶ ᠫᠠᠶᠢᠰᠠ ᠡᠯᠭᠦᠬᠦ ᠃ ᠵᠠᠷᠯᠠᠨ ᠨᠡᠶᠢᠲᠡᠯᠡᠬᠦ ᠬᠤᠭᠤᠴᠠᠭ᠎ᠠ ᠳᠠᠭᠤᠰᠲᠠᠯ᠎ᠠ ᠣᠨᠳᠣᠣ ᠰᠠᠨᠠᠯ ᠦᠭᠡᠢ | ᠪᠣᠯ᠂ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠲᠥᠪ ︵ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ︶ ᠨᠢ ᠰᠠᠭᠤᠷᠢᠨ | ᠭᠠᠵᠠᠷ ᠤᠨ ᠲᠤᠷᠰᠢᠯᠲᠠ ᠶᠢᠨ ᠴᠡᠭ ᠲᠤ ︽ᠥᠪᠥᠷ ᠮᠣᠩᠭᠤᠯ ᠤᠨ ᠮᠠᠯ ᠠᠵᠤ ᠠᠬᠤᠢ ᠶᠢᠨ ᠪᠣᠬᠢᠷᠲᠤᠯ ᠦᠭᠡᠢ | ᠢᠳᠡᠭᠡᠨ ᠤ ᠪᠠᠷᠢᠮᠵᠢᠶᠠᠵᠢᠭᠤᠯᠤᠨ ᠦᠢᠯᠡᠳᠪᠦᠷᠢᠯᠡᠬᠦ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ︾ ᠭᠡᠬᠦ | ᠥᠰᠥᠭ ᠤᠨ ᠫᠠᠶᠢᠰᠠ ᠡᠯᠭᠦᠵᠦ᠂ ᠵᠣᠯᠭᠠᠭᠤᠯᠬᠤ ᠠᠵᠤ ᠠᠬᠤᠶᠢᠯᠠᠯ ᠳᠤ ︽ᠥᠪᠥᠷ ᠮᠣᠩᠭᠤᠯ ᠤᠨ ᠮᠠᠯ ᠠᠵᠤ | ᠠᠬᠤᠢ ᠶᠢᠨ ᠪᠣᠬᠢᠷᠲᠤᠯ ᠦᠭᠡᠢ ᠢᠳᠡᠭᠡᠨ ᠤ ᠪᠠᠷᠢᠮᠵᠢᠶᠠᠵᠢᠭᠤᠯᠤᠨ ᠦᠢᠯᠡᠳᠪᠦᠷᠢᠯᠡᠬᠦ ᠰᠠᠭᠤᠷᠢᠨ ᠭᠠᠵᠠᠷ ᠤᠨ | ᠲᠤᠷᠰᠢᠯᠲᠠ ᠶᠢᠨ ᠴᠡᠭ ᠤᠨ ᠵᠣᠯᠭᠠᠭᠤᠯᠬᠤ ᠠᠵᠤ ᠠᠬᠤᠶᠢᠯᠠᠯ︾ ᠭᠡᠬᠦ ᠥᠰᠥᠭ ᠤᠨ ᠫᠠᠶᠢᠰᠠ ᠡᠯᠭᠦᠵᠦ ᠥᠭᠭᠦᠨ᠎ᠡ | ︵ᠶᠠᠩᠵᠤ ᠬᠡᠯᠪᠡᠷᠢ ᠶᠢ ᠳᠠᠭᠠᠯᠳᠤᠭᠤᠯᠤᠯ ᠳᠤ ᠦᠵᠡ︶᠃ | ᠠᠷᠪᠠᠨ ᠬᠤᠶᠠᠳᠤᠭᠠᠷ ᠵᠦᠢᠯ ᠤᠬᠠᠭᠤᠯᠤᠨ ᠳᠡᠯᠭᠡᠷᠡᠭᠦᠯᠬᠦ | ︵ᠨᠢᠭᠡ︶ ᠤᠬᠠᠭᠤᠯᠭ᠎ᠠ ᠶᠢ ᠥᠷᠨᠢᠭᠦᠯᠦᠨ᠎ᠡ᠃ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠨᠢ ᠰᠠᠭᠤᠷᠢᠨ ᠭᠠᠵᠠᠷ ᠤᠨ | ᠲᠤᠷᠰᠢᠯᠲᠠ ᠳᠤ ᠤᠬᠠᠭᠤᠯᠭ᠎ᠠ ᠬᠢᠬᠦ ᠶᠢ ᠬᠠᠷᠢᠭᠤᠴᠠᠵᠤ᠂ ᠰᠠᠭᠤᠷᠢᠨ ᠭᠠᠵᠠᠷ ᠤᠨ ᠲᠤᠷᠰᠢᠯᠲᠠ ᠶᠢᠨ ᠠᠯᠳᠠᠷᠰᠢᠯ ᠪᠠ | ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠲᠤᠷᠰᠢᠯᠲᠠ ᠶᠢᠨ ᠴᠡᠭ ᠤᠨ ᠠᠶᠢᠮᠠᠭ ᠬᠤᠲᠠ᠂ ᠬᠤᠰᠢᠭᠤ ᠰᠢᠶᠠᠨ ᠤ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠵᠣᠬᠢᠴᠠᠩᠭᠤᠢ ᠤᠬᠠᠭᠤᠯᠭ᠎ᠠ ᠥᠷᠨᠢᠭᠦᠯᠬᠦ ᠶᠢ | ᠵᠣᠷᠢᠭᠵᠢᠭᠤᠯᠤᠨ᠎ᠠ᠃ | ︵ᠬᠤᠶᠠᠷ︶ ᠱᠠᠳᠤ ᠲᠠᠰ ᠬᠤᠪᠢᠶᠠᠬᠤ ᠶᠢ ᠠᠬᠢᠭᠤᠯᠤᠨ᠎ᠠ᠃ ᠦᠪᠦᠷ ᠮᠣᠩᠭᠤᠯ ᠤᠨ ᠦᠪᠡᠷᠲᠡᠭᠡᠨ ᠵᠠᠰᠠᠬᠤ | ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ | ᠵᠣᠯᠭᠠᠭᠤᠯᠬᠤ ᠠᠵᠤ ᠠᠬᠤᠶᠢᠯᠠᠯ ᠤᠨ ᠶᠠᠰᠤ ᠴᠢᠨᠠᠷ ᠤᠨ ᠦᠨᠡᠯᠡᠯᠲᠡ ᠶᠢᠨ ᠲᠤᠭ᠎ᠠ ᠪᠠᠷᠢᠮᠲᠠ ᠶᠢ ᠬᠡᠷᠡᠭᠯᠡᠨ ᠦᠬᠡᠷ | ᠬᠤᠨᠢᠨ ᠮᠢᠬ᠎ᠠ ᠶᠢᠨ ᠪᠦᠲᠦᠭᠡᠭᠳᠡᠬᠦᠨ ᠢ ᠱᠠᠳᠤ ᠲᠠᠰ ᠬᠤᠪᠢᠶᠠᠨ ᠪᠣᠷᠣᠯᠠᠭᠤᠯᠬᠤ ᠶᠢ ᠵᠣᠷᠢᠭᠵᠢᠭᠤᠯᠤᠨ | ᠵᠢᠯᠣᠭᠤᠳᠤᠨ᠎ᠠ᠃ | ︵ᠭᠤᠷᠪᠠ︶ ᠠᠰᠢᠭ ᠲᠤᠰᠠ ᠶᠢᠨ ᠬᠤᠯᠪᠣᠭᠠᠯᠠᠯ ᠢ ᠠᠬᠢᠭᠤᠯᠤᠨ᠎ᠠ᠃ ᠦᠪᠦᠷ ᠮᠣᠩᠭᠤᠯ ᠤᠨ ᠦᠪᠡᠷᠲᠡᠭᠡᠨ | ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠨᠢ | ᠵᠣᠯᠭᠠᠭᠤᠯᠬᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠪᠦᠲᠦᠭᠡᠭᠳᠡᠬᠦᠨ ᠤ ᠦᠨ᠎ᠡ ᠥᠰᠬᠡᠬᠦ ᠶᠢ | ᠪᠡᠶᠡᠯᠡᠭᠦᠯᠦᠭᠰᠡᠨ ᠤᠷᠢᠲᠠᠯ ᠳᠣᠣᠷ᠎ᠠ᠂ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠠᠯᠠᠰᠢᠨ ᠦᠬᠡᠷ ᠠᠯᠠᠰᠢᠨ | ᠬᠤᠨᠢᠨ ᠤ ᠴᠢᠨᠠᠷ ᠰᠠᠶᠢᠲᠠᠢ ᠪᠥᠭᠡᠳ ᠦᠨ᠎ᠡ ᠰᠠᠶᠢᠲᠠᠢ ᠪᠠᠶᠢᠬᠤ ᠶᠢ ᠠᠬᠢᠭᠤᠯᠤᠨ᠎ᠠ᠃ | ᠠᠷᠪᠠᠨ ᠭᠤᠷᠪᠠᠳᠤᠭᠠᠷ ᠵᠦᠢᠯ ᠬᠥᠳᠡᠯᠦᠩᠭᠦᠢ ᠬᠠᠮᠢᠶᠠᠷᠤᠯᠲᠠ | ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠲᠥᠪ ︵ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ︶ ᠠᠴᠠ | ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠪᠠ ᠵᠣᠯᠭᠠᠭᠤᠯᠬᠤ ᠠᠵᠤ ᠠᠬᠤᠶᠢᠯᠠᠯ ᠤᠨ ᠬᠥᠳᠡᠯᠦᠩᠭᠦᠢ | ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠲᠦᠩᠯᠢᠶᠣᠣ ᠬᠤᠲᠠ᠂ ᠰᠢᠯᠢ ᠶᠢᠨ ᠭᠤᠣᠯ | ᠠᠶᠢᠮᠠᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ | ᠲᠥᠪ ︵ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ︶ ᠨᠢ ᠵᠢᠯ ᠪᠦᠷᠢ ᠶᠢᠨ 11 ᠳ᠋ᠦᠭᠡᠷ ᠰᠠᠷ᠎ᠠ ᠶᠢᠨ | ᠰᠡᠭᠦᠯᠴᠢ ᠪᠠᠷ ᠬᠠᠷᠭᠤᠭᠤᠯᠤᠨ ᠪᠠᠶᠢᠴᠠᠭᠠᠭᠰᠠᠨ ᠮᠡᠳᠡᠭᠦᠯᠦᠯᠲᠡ ᠶᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ | ︵ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ︶ ᠳᠤ ᠮᠡᠳᠡᠭᠦᠯᠦᠨ ᠬᠢᠨᠠᠨ ᠬᠠᠷᠭᠤᠭᠤᠯᠤᠭᠰᠠᠨ ᠤ ᠳᠠᠷᠠᠭ᠎ᠠ᠂ | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ | ᠮᠠᠯᠵᠢᠬᠤ ᠤᠷᠤᠨ ᠤ ᠲᠢᠩᠬᠢᠮ ᠳᠤ ᠳᠡᠪᠰᠢᠭᠦᠯᠦᠨ ᠳᠠᠩᠰᠠᠯᠠᠭᠤᠯᠤᠨ᠎ᠠ᠃ ᠳᠣᠣᠷᠠᠬᠢ ᠪᠠᠶᠢᠳᠠᠯ ᠭᠠᠷᠪᠠᠯ᠂ ᠥᠪᠡᠷᠲᠡᠭᠡᠨ | ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠤ ᠲᠥᠪ ︵ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ︶ ᠠᠴᠠ ᠴᠡᠭᠴᠡᠯᠡᠨ ᠰᠠᠶᠢᠵᠢᠷᠠᠭᠤᠯᠬᠤ | ᠪᠤᠶᠤ ᠰᠠᠭᠤᠷᠢᠨ ᠭᠠᠵᠠᠷ ᠤᠨ ᠲᠤᠷᠰᠢᠯᠲᠠ ᠶᠢᠨ ᠬᠢᠷᠢ ᠬᠡᠮ ᠢ ᠬᠦᠴᠦᠨ ᠦᠭᠡᠢ ᠪᠣᠯᠭᠠᠬᠤ᠂ ᠵᠣᠬᠢᠬᠤ ᠫᠠᠶᠢᠰᠠ | ᠢᠯᠡᠷᠬᠡᠶᠢᠯᠡᠯ ᠢ ᠬᠦᠴᠦᠨ ᠦᠭᠡᠢ ᠪᠣᠯᠭᠠᠬᠤ ᠰᠠᠨᠠᠭᠤᠯᠭ᠎ᠠ ᠳᠤᠷᠠᠳᠴᠤ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ | ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠠᠯᠪᠠᠨ | ᠵᠠᠷ ᠨᠡᠶᠢᠲᠡᠯᠡᠵᠦ ᠵᠣᠬᠢᠬᠤ ᠬᠢᠷᠢ ᠬᠡᠮ ᠢ ᠬᠦᠴᠦᠨ ᠦᠭᠡᠢ ᠪᠣᠯᠭᠠᠨ᠎ᠠ᠃ | ︵ᠨᠢᠭᠡ︶ ᠳᠣᠣᠷᠠᠬᠢ ᠪᠠᠶᠢᠳᠠᠯ ᠲᠠᠢ ᠪᠠᠶᠢᠪᠠᠯ᠂ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠪᠤᠶᠤ | ᠵᠣᠯᠭᠠᠭᠤᠯᠤᠭᠰᠠᠨ ᠠᠵᠤ ᠠᠬᠤᠶᠢᠯᠠᠯ ᠢ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ | ᠬᠢᠵᠠᠭᠠᠷ ᠨᠢ 3 ᠰᠠᠷ᠎ᠠ ᠶᠢᠨ ᠳᠣᠲᠣᠷ᠎ᠠ᠂ ᠴᠡᠭᠴᠡᠯᠡᠨ ᠰᠠᠶᠢᠵᠢᠷᠠᠭᠤᠯᠤᠭᠰᠠᠨ ᠦᠭᠡᠢ ᠪᠤᠶᠤ ᠴᠡᠭᠴᠡᠯᠡᠨ | ᠰᠠᠶᠢᠵᠢᠷᠠᠭᠤᠯᠤᠭᠰᠠᠨ ᠨᠢ ᠱᠠᠭᠠᠷᠳᠠᠯᠭ᠎ᠠ ᠳᠤ ᠬᠦᠷᠦᠭᠰᠡᠨ ᠦᠭᠡᠢ ᠪᠠᠶᠢᠪᠠᠯ᠂ ᠬᠢᠷᠢ ᠬᠡᠮ ᠢ ᠨᠢ ᠬᠦᠴᠦᠨ ᠦᠭᠡᠢ | ᠪᠣᠯᠭᠠᠨ᠎ᠠ᠃ | 1.ᠦᠢᠯᠡᠳᠬᠦᠨ ᠢ ᠪᠠᠶᠢᠴᠠᠭᠠᠨ ᠰᠢᠯᠭᠠᠬᠤ ᠡᠩ ᠤᠨ ᠡᠮ ᠤᠨ ᠵᠦᠢᠯ ᠨᠢ ᠪᠠᠷᠢᠮᠵᠢᠶ᠎ᠠ ᠠᠴᠠ ᠬᠡᠲᠦᠷᠡᠭᠰᠡᠨ ︔ | 2.ᠬᠤᠯᠪᠣᠭᠳᠠᠯ ᠪᠦᠬᠦᠢ ᠳᠦᠷᠢᠮ ᠨᠢ ᠲᠡᠭᠦᠯᠳᠡᠷᠵᠢᠭᠡᠳᠦᠢ ᠂ ᠳᠦᠷᠢᠮ ᠢ ᠪᠦᠲᠦᠮᠵᠢᠲᠡᠶ | ᠨᠠᠶᠢᠳᠠᠪᠤᠷᠢᠵᠢᠭᠤᠯᠤᠭᠠᠳᠤᠢ ᠪᠠᠶᠢᠬᠤ ︔ | 3.ᠦᠢᠯᠡᠳᠪᠦᠷᠢᠯᠡᠯ ᠤᠨ ᠲᠡᠮᠳᠡᠭᠯᠡᠯ ᠨᠢ ᠪᠦᠷᠢᠨ ᠪᠤᠰᠤ ᠪᠠᠶᠢᠵᠤ ᠂ ᠳᠠᠩᠰᠠ ᠡᠪᠬᠡᠮᠡᠯ ᠳᠤ ᠣᠷᠣᠭᠤᠯᠵᠤ | ᠬᠠᠮᠢᠶᠠᠷᠤᠭᠰᠠᠨ ᠦᠭᠡᠢ ︔ | 4. ᠴᠡᠭᠴᠡᠯᠡᠨ ᠥᠭᠡᠷᠡᠴᠢᠯᠡᠬᠦ ᠴᠢᠬᠤᠯᠠᠲᠠᠢ ᠪᠤᠰᠤᠳ ᠪᠠᠶᠢᠳᠠᠯ ᠃ | ︵ᠬᠤᠶᠠᠷ︶ ᠳᠣᠣᠷᠠᠬᠢ ᠮᠡᠲᠦ ᠪᠠᠶᠢᠳᠠᠯ ᠲᠠᠢ ᠪᠠᠶᠢᠪᠠᠯ᠂ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ | ᠪᠤᠶᠤ ᠵᠣᠯᠭᠠᠭᠤᠯᠬᠤ ᠠᠵᠤ ᠠᠬᠤᠶᠢᠯᠠᠯ ᠤᠨ ᠬᠢᠷᠢ ᠬᠡᠮ ᠢ ᠬᠦᠴᠦᠨ ᠦᠭᠡᠢ ᠪᠣᠯᠭᠠᠨ᠎ᠠ᠃ | 1. ᠪᠣᠬᠢᠷᠲᠤᠯ ᠦᠭᠡᠢ ᠢᠳᠡᠭᠡᠨ ᠤ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠠᠵᠢᠯᠯᠠᠬᠤ ᠳᠦᠷᠢᠮᠵᠢᠯ ᠤᠨ | ᠶᠣᠰᠣᠭᠠᠷ ᠦᠯᠦ ᠦᠢᠯᠡᠳᠪᠦᠷᠢᠯᠡᠭᠰᠡᠨ ︔ | 2. ᠬᠦᠨᠳᠦ ᠶᠡᠭᠡ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ | ᠦᠭᠡᠢ ᠶᠢᠨ ᠬᠡᠷᠡᠭ ᠭᠠᠷᠤᠭᠰᠠᠨ ︔ | 3. ᠭᠠᠷᠤᠯᠲᠠ ᠶᠢᠨ ᠣᠷᠣᠨ ᠤ ᠣᠷᠴᠢᠨ ᠠᠬᠤᠢ ᠶᠢ ᠪᠠᠶᠢᠴᠠᠭᠠᠨ ᠰᠢᠯᠭᠠᠬᠤ ᠶᠠᠪᠤᠴᠠ ᠳᠤ ᠬᠦᠨᠳᠦ ᠲᠡᠮᠦᠷᠯᠢᠭ | ᠵᠡᠷᠭᠡ ᠪᠣᠬᠢᠷᠲᠤᠯ ᠪᠣᠳᠠᠰ ᠪᠠᠷᠢᠮᠵᠢᠶ᠎ᠠ ᠠᠴᠠ ᠬᠡᠲᠦᠷᠡᠭᠰᠡᠨ ︔ | 4. ᠦᠢᠯᠡᠳᠬᠦᠨ ᠠᠴᠠ ᠨᠢ ᠬᠡᠷᠡᠭᠯᠡᠬᠦ ᠶᠢ ᠴᠠᠭᠠᠵᠠᠯᠠᠭᠰᠠᠨ ᠪᠠ ᠬᠢᠵᠠᠭᠠᠷᠯᠠᠭᠰᠠᠨ ᠡᠮ ᠤᠨ ᠵᠦᠢᠯ ᠢ | ᠪᠠᠶᠢᠴᠠᠭᠠᠵᠤ ᠭᠠᠷᠭᠠᠭᠰᠠᠨ ︔ | 5. ᠮᠠᠯᠵᠢᠬᠤ ᠲᠠᠷᠢᠶᠠᠯᠠᠬᠤ ᠡᠷᠦᠬᠡ ᠪᠤᠶᠤ ᠵᠣᠯᠭᠠᠭᠤᠯᠤᠭᠰᠠᠨ ᠠᠵᠤ ᠠᠬᠤᠶᠢᠯᠠᠯ ᠠᠴᠠ ᠴᠠᠭᠠᠵᠠᠲᠠᠢ ᠪᠣᠳᠠᠰ ᠢ | ᠪᠠᠶᠢᠴᠠᠭᠠᠵᠤ ᠭᠠᠷᠭᠠᠭᠰᠠᠨ ᠪᠤᠶᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡᠳᠪᠦᠷᠢᠯᠡᠯ ᠡᠵᠡᠩᠨᠡᠯᠲᠡ ᠳᠤ | ᠣᠷᠣᠯᠴᠠᠭᠰᠠᠨ︔ | 6. ᠲᠠᠷᠢᠶᠠᠯᠠᠬᠤ ᠮᠠᠯᠵᠢᠬᠤ ᠡᠷᠦᠬᠡ ᠪᠤᠶᠤ ᠵᠣᠯᠭᠠᠭᠤᠯᠬᠤ ᠠᠵᠤ ᠠᠬᠤᠶᠢᠯᠠᠯ ᠨᠢ ᠡᠭᠦᠳᠦᠨ ᠪᠠᠶᠢᠭᠤᠯᠬᠤ ᠳᠤ | ᠣᠷᠣᠯᠴᠠᠬᠤ ᠦᠭᠡᠢ ᠭᠡᠵᠦ ᠰᠠᠨᠠᠭᠠᠴᠢᠯᠠᠭ᠎ᠠ ᠠᠴᠠ ᠪᠠᠨ ᠳᠤᠷᠠᠳᠤᠭᠰᠠᠨ︔ | 7. ᠡᠭᠦᠳᠦᠨ ᠪᠠᠶᠢᠭᠤᠯᠬᠤ ᠬᠢᠷᠢ ᠬᠡᠮ ᠢ ᠨᠢ ᠬᠠᠰᠤᠬᠤ ᠴᠢᠬᠤᠯᠠᠲᠠᠢ ᠪᠤᠰᠤᠳ ᠪᠠᠶᠢᠳᠠᠯ ᠃ | ᠠᠷᠪᠠᠨ ᠳᠥᠷᠪᠡᠳᠦᠭᠡᠷ ᠵᠦᠢᠯ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠤᠨ ᠬᠢᠷᠢ ᠬᠡᠮ ᠢ ᠬᠦᠴᠦᠨ | ᠦᠭᠡᠢ ᠪᠣᠯᠭᠠᠭᠰᠠᠨ ᠮᠠᠯᠵᠢᠬᠤ ᠲᠠᠷᠢᠶᠠᠯᠠᠬᠤ ᠡᠷᠦᠬᠡ ᠪᠠ ᠵᠣᠯᠭᠠᠭᠤᠯᠬᠤ ᠠᠵᠤ ᠠᠬᠤᠶᠢᠯᠠᠯ ᠨᠢ ︽ᠥᠪᠥᠷ | ᠮᠣᠩᠭᠤᠯ ᠤᠨ ᠮᠠᠯ ᠠᠵᠤ ᠠᠬᠤᠢ ᠶᠢᠨ ᠪᠣᠬᠢᠷᠲᠤᠯ ᠦᠭᠡᠢ ᠢᠳᠡᠭᠡᠨ ᠤ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ | ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ︾ ᠪᠠ ︽ᠥᠪᠥᠷ ᠮᠣᠩᠭᠤᠯ ᠤᠨ ᠮᠠᠯ ᠠᠵᠤ ᠠᠬᠤᠢ ᠶᠢᠨ ᠪᠣᠬᠢᠷᠲᠤᠯ | ᠦᠭᠡᠢ ᠢᠳᠡᠭᠡᠨ ᠤ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠤᠷᠰᠢᠯᠲᠠ ᠶᠢᠨ | ᠴᠡᠭ ᠤᠨ ᠵᠣᠯᠭᠠᠭᠤᠯᠬᠤ ᠠᠵᠤ ᠠᠬᠤᠶᠢᠯᠠᠯ︾ ᠤᠨ ᠫᠠᠶᠢᠰᠠ ᠢᠯᠡᠷᠬᠡᠶᠢᠯᠡᠯ ᠢ ᠬᠡᠷᠡᠭᠯᠡᠵᠦ ᠪᠣᠯᠬᠤ ᠦᠭᠡᠢ᠃ | ᠡᠭᠦᠨ ᠢᠶᠠᠷ ᠠᠭᠤᠯᠭ᠎ᠠ ᠪᠣᠯᠭᠠᠨ ᠬᠠᠮᠢᠶ᠎ᠠ ᠪᠦᠬᠦᠢ ᠤᠬᠠᠭᠤᠯᠭ᠎ᠠ ᠳᠡᠯᠭᠡᠷᠡᠭᠦᠯᠦᠯᠲᠡ ᠶᠢ ᠥᠷᠨᠢᠭᠦᠯᠵᠦ ᠪᠣᠯᠬᠤ ᠦᠭᠡᠢ ᠃ | ᠠᠷᠪᠠᠨ ᠲᠠᠪᠤᠳᠤᠭᠠᠷ ᠵᠦᠢᠯ ᠣᠶᠤᠨᠴᠢ ᠬᠠᠮᠢᠶᠠᠷᠤᠯᠲᠠ | ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠲᠥᠪ ︵ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ︶ ᠨᠢ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠢ ᠶᠢᠨ ᠪᠣᠬᠢᠷᠲᠤᠯ ᠦᠭᠡᠢ ᠢᠳᠡᠭᠡᠨ ᠤ | ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ︾ ᠤᠨ ᠬᠠᠮᠢᠶ᠎ᠠ | ᠪᠦᠬᠦᠢ ᠮᠡᠳᠡᠭᠡ ᠵᠠᠩᠭᠢ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠣᠮᠣ ᠳ᠋ᠠᠶᠢᠲ᠋ᠠ ᠶᠢᠨ ᠣᠶᠤᠨᠴᠢ | ᠬᠠᠮᠢᠶᠠᠷᠤᠯᠲᠠ ᠬᠢᠭᠡᠳ ᠦᠢᠯᠡᠴᠢᠯᠡᠭᠡᠨ ᠤ ᠲᠠᠪᠴᠠᠩ︾ ᠳᠤ ᠣᠷᠣᠭᠤᠯᠵᠤ᠂ ᠡᠳᠦᠷ ᠲᠤᠲᠤᠮ ᠤᠨ ᠬᠢᠨᠠᠯᠲᠠ | ᠬᠠᠮᠢᠶᠠᠷᠤᠯᠳᠠ ᠬᠢᠨ᠎ᠡ᠃ ᠲᠦᠩᠯᠢᠶᠣᠣ ᠬᠤᠲᠠ᠂ ᠰᠢᠯᠢ ᠶᠢᠨ ᠭᠤᠣᠯ ᠠᠶᠢᠮᠠᠭ ᠤᠨ ᠲᠠᠷᠢᠶᠠᠯᠠᠩ ᠮᠠᠯ ᠠᠵᠤ | ᠠᠬᠤᠢ ᠶᠢᠨ ᠰᠠᠯᠠᠭ᠎ᠠ ᠮᠥᠴᠢᠷ ᠤᠳ ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠢ ᠵᠢᠯᠣᠭᠤᠳᠤᠨ ᠰᠠᠭᠤᠷᠢᠨ | ᠭᠠᠵᠠᠷ ᠤᠨ ᠲᠤᠷᠰᠢᠯᠲᠠ ᠶᠢᠨ ᠴᠡᠭ ᠤᠨ ᠮᠠᠯᠵᠢᠬᠤ ᠲᠠᠷᠢᠶᠠᠯᠠᠬᠤ ᠡᠷᠦᠬᠡ ᠪᠠ ᠵᠣᠯᠭᠠᠭᠤᠯᠬᠤ ᠠᠵᠤ ᠠᠬᠤᠶᠢᠯᠠᠯ ᠢ | ᠲᠣᠮᠣ ᠳ᠋ᠠᠶᠢᠲ᠋ᠠ ᠶᠢᠨ ᠲᠠᠪᠴᠠᠩ ᠳᠤ ᠣᠷᠣᠭᠤᠯᠤᠨ ᠣᠶᠤᠨᠴᠢ ᠬᠠᠮᠢᠶᠠᠷᠤᠯᠲᠠ ᠶᠠᠪᠤᠭᠤᠯᠤᠨ᠎ᠠ᠃ | ᠠᠷᠪᠠᠨ ᠵᠢᠷᠭᠤᠳᠤᠭᠠᠷ ᠵᠦᠢᠯ ᠦᠬᠡᠷ ᠬᠤᠨᠢ ᠨᠢᠲᠤᠯᠬᠤ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ | ᠵᠡᠷᠭᠡ ᠶᠢ ᠣᠲᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ | ᠬᠡᠷᠡᠭᠵᠢᠭᠦᠯᠬᠦ ᠬᠡᠷᠡᠭᠲᠡᠢ᠃ | ᠠᠷᠪᠠᠨ ᠳᠣᠯᠣᠳᠤᠭᠠᠷ ᠵᠦᠢᠯ ᠲᠣᠰ ᠠᠷᠭ᠎ᠠ ︵ᠲᠤᠷᠰᠢᠨ ᠬᠡᠷᠡᠭᠵᠢᠭᠦᠯᠬᠦ︶ ᠶᠢ ᠦᠪᠦᠷ ᠮᠣᠩᠭᠤᠯ ᠤᠨ | ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ | ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ᠃ | ᠠᠷᠪᠠᠨ ᠨᠠᠢᠮᠠᠳᠤᠭᠠᠷ ᠵᠦᠢᠯ ᠲᠤᠰ ᠠᠷᠭ᠎ᠠ ︵ᠲᠤᠷᠰᠢᠨ ᠬᠡᠷᠡᠭᠵᠢᠭᠦᠯᠬᠦ︶ ᠶᠢ ᠨᠡᠶᠢᠲᠡᠯᠡᠭᠰᠡᠨ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | ᠳᠠᠭᠠᠯᠳᠤᠭᠤᠯᠤᠯ᠄ ᠥᠪᠥᠷ ᠮᠣᠩᠭᠤᠯ ᠤᠨ ᠮᠠᠯ ᠠᠵᠤ ᠠᠬᠤᠢ ᠶᠢᠨ ᠪᠣᠬᠢᠷᠲᠤᠯ ᠦᠭᠡᠢ ᠢᠳᠡᠭᠡᠨ ᠤ | ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ︵ᠲᠤᠷᠰᠢᠯᠲᠠ ᠶᠢᠨ ᠴᠡᠭ︶ ︵ᠶᠠᠩᠵᠤ ᠮᠠᠶ᠋ᠢᠭ︶ | ᠥᠪᠥᠷ ᠮᠣᠩᠭᠤᠯ ᠤᠨ ᠮᠠᠯ ᠠᠵᠤ ᠠᠬᠤᠢ ᠶᠢᠨ ᠪᠣᠬᠢᠷᠲᠤᠯ ᠦᠭᠡᠢ ᠢᠳᠡᠭᠡᠨ ᠤ ᠪᠠᠷᠢᠮᠵᠢᠶᠠᠵᠢᠭᠤᠯᠤᠭᠰᠠᠨ | ᠦᠢᠯᠡᠳᠪᠦᠷᠢᠯᠡᠯ ᠤᠨ ᠰᠠᠭᠤᠷᠢᠨ ᠭᠠᠵᠠᠷ ︵ᠲᠤᠷᠰᠢᠯᠲᠠ ᠶᠢᠨ ᠴᠡᠭ ︶ ᠢ ᠵᠣᠯᠭᠠᠭᠤᠯᠬᠤ ᠠᠵᠤ ᠠᠬᠤᠶᠢᠯᠠᠯ ︵ᠶᠠᠩᠵᠤ | ᠬᠡᠯᠪᠡᠷᠢ︶ | |