2023 ᠣᠨ ᠤ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠢ ᠵᠠᠷᠯᠠᠯ
ᠨᠡᠶᠢᠲᠡᠯᠡᠭᠰᠡᠨ ᠴᠠᠭ᠄
2024/4/1
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠮᠠᠨᠵᠤᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠣᠪᠴᠢᠶ᠎ᠠ᠂ ᠡᠷᠢᠶᠡᠨ ᠬᠤᠲᠠ ᠶᠢᠨ ᠲᠠᠷᠢᠶᠠᠯᠠᠩ ᠮᠠᠯ ᠠᠵᠤ ᠠᠬᠤᠢ ᠤᠰᠤᠨ ᠤ ᠶᠠᠪᠤᠳᠠᠯ ᠤᠨ ᠲᠣᠪᠴᠢᠶ᠎ᠠ ᠳᠤ᠄      ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽2023 ᠣᠨ ᠤ ᠲᠠᠷᠢᠶᠠᠯᠠᠩ ᠤᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠢᠩᠬᠢᠮ ᠠᠴᠠ 2023 ᠣᠨ ᠤ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠡᠳᠦᠭᠡ ᠦᠨᠡᠯᠡᠨ ᠪᠠᠶᠢᠴᠠᠭᠠᠭᠰᠠᠨ ᠪᠠᠶᠢᠳᠠᠯ ᠢ ᠳᠣᠣᠷᠠᠬᠢ ᠮᠡᠲᠦ ᠮᠡᠳᠡᠭᠳᠡᠶ᠎ᠡ ᠃      ᠨᠢᠭᠡ᠂ ᠦᠨᠳᠦᠰᠦᠨ ᠪᠠᠶᠢᠳᠠᠯ      2023 ᠣᠨ ᠤ 10 ᠰᠠᠷ᠎ᠠ ᠶᠢᠨ ᠡᠬᠢ ᠪᠠᠷ᠂ ᠮᠠᠨ ᠤ ᠲᠢᠩᠬᠢᠮ ᠠᠴᠠ ︽2022 ᠣᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠦᠪᠡᠷᠲᠡᠭᠡᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠡᠷᠡᠭ ᠤᠨ ᠡᠪᠬᠡᠮᠡᠯ ᠢ ᠨᠡᠶᠢᠲᠡ 38 ᠪᠣᠳᠢ ᠲᠠᠨᠢᠯᠴᠠᠭᠤᠯᠵᠤ ᠮᠡᠳᠡᠭᠦᠯᠦᠨ ᠬᠦᠷᠭᠡᠭᠰᠡᠨ ᠪᠠᠶᠢᠨ᠎ᠠ᠃ 10 ᠰᠠᠷ᠎ᠠ ᠶᠢᠨ ᠰᠡᠭᠦᠯᠴᠢ ᠪᠠᠷ᠂ ᠮᠠᠨ ᠤ ᠲᠢᠩᠬᠢᠮ ᠬᠠᠤᠯᠢ ᠪᠠᠷ ᠵᠠᠰᠠᠬᠤ ᠶᠢ ᠬᠢᠨᠠᠨ ᠬᠠᠷᠭᠤᠭᠤᠯᠬᠤ᠂ ᠬᠠᠤᠯᠢ ᠬᠡᠷᠡᠭᠵᠢᠭᠦᠯᠬᠦ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ ᠬᠠᠤᠯᠢ ᠬᠡᠷᠡᠭᠵᠢᠭᠦᠯᠬᠦ ᠪᠡᠶᠡᠴᠢ ᠴᠣᠭᠴᠠ᠂ ᠲᠤᠬᠠᠢ ᠶᠢᠨ ᠬᠥᠮᠥᠨ᠂ ᠪᠣᠳᠠᠲᠤ ᠬᠡᠷᠡᠭ ᠤᠨ ᠭᠡᠷᠡᠴᠢ ᠪᠠᠷᠢᠮᠲᠠ᠂ ᠬᠠᠤᠯᠢ ᠴᠠᠭᠠᠵᠠ ᠶᠢᠨ ᠬᠡᠷᠡᠭᠯᠡᠯᠲᠡ᠂ ᠬᠠᠤᠯᠢ ᠬᠡᠷᠡᠭᠵᠢᠭᠦᠯᠬᠦ ᠵᠢᠷᠤᠮ᠂ ᠪᠢᠴᠢᠭ ᠬᠠᠷ᠎ᠠ ᠵᠣᠬᠢᠶᠠᠬᠤ ᠵᠡᠷᠭᠡ ᠲᠠᠯ᠎ᠠ ᠪᠠᠷ ᠪᠥᠬᠦ ᠲᠠᠯ᠎ᠠ ᠪᠠᠷ ᠦᠨᠡᠯᠡᠨ ᠪᠠᠶᠢᠴᠠᠭᠠᠵᠤ᠂ 17 ᠪᠣᠳᠢ ᠰᠢᠯᠢᠳᠡᠭ ᠬᠡᠷᠡᠭ ᠤᠨ ᠡᠪᠬᠡᠮᠡᠯ᠂ 14 ᠪᠣᠳᠢ ᠬᠢᠷᠢ ᠲᠡᠩᠴᠡᠬᠦ ᠦᠭᠡᠢ ᠬᠡᠷᠡᠭ ᠤᠨ ᠡᠪᠬᠡᠮᠡᠯ ᠢ ᠲᠣᠭᠲᠠᠭᠠᠪᠠ᠃ ᠡᠭᠦᠨ ᠳᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠳᠤ ᠮᠡᠳᠡᠭᠦᠯᠦᠨ ᠬᠦᠷᠭᠡᠭᠰᠡᠨ 5 ᠪᠣᠳᠢ  ᠶᠢ ᠣᠨᠴᠠ ᠳᠡᠰ ᠤᠨ ᠰᠢᠯᠢᠳᠡᠭ ᠬᠡᠷᠡᠭ ᠤᠨ ᠡᠪᠬᠡᠮᠡᠯ᠂ ᠨᠢᠭᠡᠳᠦᠭᠡᠷ ᠳᠡᠰ ᠤᠨ ᠰᠢᠯᠢᠳᠡᠭ ᠬᠡᠷᠡᠭ ᠤᠨ ᠡᠪᠬᠡᠮᠡᠯ 3 ᠪᠣᠳᠢ᠂ ᠬᠤᠶᠠᠳᠤᠭᠠᠷ ᠳᠡᠰ ᠤᠨ ᠰᠢᠯᠢᠳᠡᠭ ᠬᠡᠷᠡᠭ ᠤᠨ ᠡᠪᠬᠡᠮᠡᠯ 4 ᠪᠣᠳᠢ᠂ ᠭᠤᠷᠪᠠᠳᠤᠭᠠᠷ ᠳᠡᠰ ᠤᠨ ᠰᠢᠯᠢᠳᠡᠭ ᠬᠡᠷᠡᠭ ᠤᠨ ᠡᠪᠬᠡᠮᠡᠯ 5 ᠪᠣᠳᠢ ︵ᠪᠣᠳᠠᠲᠠᠢ ᠨᠡᠷᠡᠰ  ᠢ ᠠᠷᠤ ᠳᠤ ᠳᠠᠭᠠᠯᠳᠤᠭᠤᠯᠪᠠ︶ ᠭᠡᠵᠦ ᠲᠣᠭᠲᠠᠭᠠᠵᠠᠢ᠃ ︽ ᠮᠡᠳᠡᠭᠳᠡᠯ ︾ ᠤᠨ ᠲᠣᠭᠲᠠᠭᠠᠯ ᠢ ᠦᠨᠳᠦᠰᠦᠯᠡᠪᠡᠯ ᠂ ᠬᠡᠷᠡᠭ ᠳᠠᠩᠰᠠᠯᠠᠭᠰᠠᠨ ᠴᠠᠭ ᠨᠢ 2022 ᠣᠨ ᠤ 9 ᠰᠠᠷ᠎ᠠ ᠶᠢᠨ 1 ᠤ ᠡᠳᠦᠷ ᠠᠴᠠ ᠡᠮᠦᠨ᠎ᠡ ᠂ ᠡᠰᠡᠬᠦᠯ᠎ᠡ ᠬᠡᠷᠡᠭ ᠢ ᠰᠢᠢᠳᠪᠦᠷᠢᠯᠡᠬᠦ ᠶᠠᠪᠤᠴᠠ ᠳᠤ ᠡᠷᠡᠭᠦᠦ  ᠶᠢᠨ ᠭᠡᠷᠡᠭ  ᠲᠤ ᠬᠤᠯᠪᠤᠭᠳᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠭᠰᠠᠨ ᠢ ᠣᠯᠵᠤ ᠮᠡᠳᠡᠪᠡᠯ ᠂ ᠦᠨᠡᠯᠡᠨ ᠪᠠᠶᠢᠴᠠᠭᠠᠬᠤ ᠦᠭᠡᠢ ᠃      ᠬᠤᠶᠠᠷ ᠂ ᠭᠤᠣᠯ ᠠᠰᠠᠭᠤᠳᠠᠯ      ︵ ᠨᠢᠭᠡ ︶ ᠪᠣᠳᠠᠲᠤ ᠶᠠᠪᠤᠳᠠᠯ ᠢ ᠮᠠᠭᠠᠳᠯᠠᠨ ᠲᠣᠭᠲᠠᠭᠠᠬᠤ ᠠᠰᠠᠭᠤᠳᠠᠯ ᠃ ᠵᠠᠷᠢᠮ ᠪᠣᠳᠠᠲᠤ ᠶᠠᠪᠤᠳᠠᠯ ᠢ ᠮᠠᠭᠠᠳᠯᠠᠨ ᠲᠣᠭᠲᠠᠭᠠᠭᠰᠠᠨ ᠨᠢ ᠲᠣᠳᠣᠷᠬᠠᠢ ᠦᠭᠡᠢ ᠪᠤᠶᠤ ᠪᠤᠷᠤᠭᠤ ᠪᠠᠶᠢᠳᠠᠭ ᠃ ᠵᠢᠱᠢᠶᠡᠯᠡᠪᠡᠯ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠣᠭᠲᠠᠭᠠᠯ ᠤᠨ ᠪᠢᠴᠢᠭ᠂ ᠬᠡᠷᠡᠭ ᠳᠡᠩᠰᠡᠯᠡᠬᠦ ᠶᠢ ᠬᠢᠨᠠᠨ ᠵᠥᠪᠰᠢᠶᠡᠷᠡᠬᠦ ᠬᠦᠰᠦᠨᠦᠭᠲᠦ᠂ ᠬᠡᠷᠡᠭ ᠢ ᠰᠢᠢᠳᠪᠦᠷᠢᠯᠡᠭᠰᠡᠨ ᠰᠠᠨᠠᠯ ᠤᠨ ᠪᠢᠴᠢᠭ᠂ ᠬᠡᠷᠡᠭ ᠢ ᠬᠠᠮᠲᠤ ᠪᠠᠷ ᠶᠠᠷᠢᠯᠴᠠᠭᠰᠠᠨ ᠲᠡᠮᠳᠡᠭᠯᠡᠯ ᠵᠡᠷᠭᠡ ᠨᠢᠭᠡ ᠪᠤᠶᠤ ᠣᠯᠠᠨ ᠬᠠᠤᠯᠢ ᠬᠡᠷᠡᠭᠵᠢᠭᠦᠯᠬᠦ ᠪᠢᠴᠢᠭ ᠬᠠᠷ᠎ᠠ ᠶᠢᠨ ᠳᠣᠲᠣᠷᠠᠬᠢ ᠬᠡᠷᠡᠭ ᠲᠤ ᠬᠤᠯᠪᠣᠭᠳᠠᠭᠰᠠᠨ ᠡᠳ᠋ ᠪᠣᠳᠠᠰ ᠤᠨ ᠲᠤᠭ᠎ᠠ ᠬᠡᠮᠵᠢᠶ᠎ᠡ᠂ ᠪᠣᠷᠣᠯᠠᠭᠤᠯᠤᠭᠰᠠᠨ ᠨᠢᠭᠡᠴᠢ ᠦᠨ᠎ᠡ᠂ ᠬᠡᠪ ᠪᠠᠷᠢᠮᠵᠢᠶ᠎ᠠ ᠶᠢᠨ ᠲᠣᠭᠠᠴᠢᠯᠲᠠ ᠨᠢ ᠠᠳᠠᠯᠢ ᠬᠡᠷᠡᠭ ᠤᠨ ᠡᠪᠬᠡᠮᠡᠯ ᠳᠠᠬᠢ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ︵ᠬᠠᠶᠢᠨ ᠰᠢᠯᠭᠠᠯᠲᠠ︶ ᠶᠢᠨ ᠲᠡᠮᠳᠡᠭᠯᠡᠯ᠂ ᠪᠣᠷᠣᠯᠠᠭᠤᠯᠤᠭᠰᠠᠨ ᠪᠠᠷᠠᠭᠠᠨ ᠤ ᠨᠠᠷᠢᠨ ᠲᠠᠩᠰᠠ᠂ ᠲᠣᠷᠭᠠᠵᠤ ᠬᠤᠷᠢᠶᠠᠭᠰᠠᠨ ᠡᠳ᠋ ᠪᠣᠳᠠᠰ ᠢ ᠰᠢᠢᠳᠪᠦᠷᠢᠯᠡᠭᠰᠡᠨ ᠲᠡᠮᠳᠡᠭᠯᠡᠯ ᠵᠡᠷᠭᠡ ᠲᠠᠢ ᠨᠢᠭᠡᠳᠦᠯ ᠦᠭᠡᠢ᠃ ᠵᠠᠷᠢᠮ ᠭᠡᠷᠡᠴᠢ ᠪᠠᠷᠢᠮᠲᠠ ᠶᠢᠨ ᠭᠡᠷᠡᠴᠢᠯᠡᠬᠦ ᠬᠦᠴᠦᠨ  ᠨᠢ ᠬᠦᠷᠦᠯᠴᠡᠬᠦ ᠦᠭᠡᠢ ᠂ ᠵᠥᠪᠬᠡᠨ ᠥᠨᠥᠴᠢᠨ ᠭᠡᠷᠡᠴᠢ ᠲᠠᠢ ᠪᠠᠶᠢᠵᠤ ᠂ ᠭᠡᠷᠡᠴᠢᠯᠡᠬᠦ ᠪᠤᠰᠤᠳ ᠭᠡᠷᠡᠴᠢ ᠪᠠᠷᠢᠮᠲᠠ ᠪᠠᠶᠢᠬᠤ ᠦᠭᠡᠢ ᠃ ᠵᠢᠱᠢᠶᠡᠯᠡᠪᠡᠯ᠂ ᠶᠡᠭᠡ ᠬᠡᠪᠴᠢᠶᠡᠨ ᠤ ᠰᠦᠷᠦᠭᠵᠢᠯ ᠤᠨ ᠴᠢᠨᠠᠷᠲᠠᠢ ᠭᠠᠭ᠋ᠠᠢ ᠦᠬᠦᠭᠰᠡᠨ ᠪᠠᠶᠢᠳᠠᠯ ᠢ ᠰᠡᠷᠡᠯᠵᠢᠯ ᠢᠶᠠᠷ ᠦᠬᠦᠭᠰᠡᠨ ᠢᠶᠠᠷ ᠮᠠᠭᠠᠳᠯᠠᠨ ᠲᠣᠭᠲᠠᠭᠠᠵᠤ᠂ ᠡᠪᠡᠳᠴᠢᠨ ᠢᠶᠠᠷ ᠦᠬᠦᠬᠦ ᠪᠣᠯᠣᠮᠵᠢ ᠶᠢ ᠤᠯᠠᠮ ᠨᠢᠭᠡ ᠠᠯᠬᠤᠮ ᠪᠠᠶᠢᠴᠠᠭᠠᠨ ᠰᠢᠯᠭᠠᠵᠤ ᠠᠷᠢᠯᠭᠠᠭᠰᠠᠨ ᠦᠭᠡᠢ᠃ ᠵᠢᠱᠢᠶᠡᠯᠡᠪᠡᠯ᠂ ᠵᠥᠪᠬᠡᠨ ᠵᠣᠭᠤᠭᠳᠠᠭᠰᠠᠨ ᠲᠡᠮᠳᠡᠭᠯᠡᠯ ᠤᠨ ᠳᠡᠯᠭᠡᠴᠡ ᠤᠨ ᠵᠢᠷᠤᠭ ᠢᠶᠠᠷ ᠪᠠᠷᠠᠭᠠᠨ ᠤ ᠥᠷᠲᠡᠭ ᠤᠨ ᠵᠣᠭᠤᠰ ᠤᠨ ᠲᠤᠭ᠎ᠠ ᠶᠢ ᠮᠠᠭᠠᠳᠯᠠᠨ ᠲᠣᠭᠲᠠᠭᠠᠬᠤ᠃ ᠵᠢᠱᠢᠶᠡᠯᠡᠪᠡᠯ ᠂ ᠵᠥᠪᠬᠡᠨ ᠪᠠᠷᠠᠭ᠎ᠠ ᠬᠦᠯᠢᠶᠡᠨ ᠠᠪᠬᠤ ᠠᠯᠪᠠᠨ ᠲᠠᠮᠠᠭ᠎ᠠ ᠳᠠᠷᠤᠭᠰᠠᠨ ᠦᠭᠡᠢ ᠪᠠᠷᠠᠭ᠎ᠠ ᠪᠤᠴᠠᠭᠠᠬᠤ ᠫᠢᠶᠣᠣ ᠪᠠᠷᠢᠮᠲᠠ ᠪᠠᠷ ᠡᠵᠡᠮᠰᠢᠵᠦ ᠪᠠᠶᠢᠭ᠎ᠠ ᠬᠠᠤᠯᠢ ᠶᠢ ᠵᠥᠷᠢᠴᠡᠭᠰᠡᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠲᠤᠭ᠎ᠠ ᠬᠡᠮᠵᠢᠶ᠎ᠡ ᠶᠢ ᠨᠤᠲᠠᠯᠠᠨ ᠲᠣᠭᠲᠠᠭᠠᠨ᠎ᠠ ᠃ ᠵᠠᠷᠢᠮ ᠨᠢ ᠬᠡᠷᠡᠭ ᠲᠤ ᠬᠤᠯᠪᠣᠭᠳᠠᠭᠰᠠᠨ ᠦᠢᠯᠡᠳᠬᠦᠨ ᠤ ᠪᠠᠷᠠᠭᠠᠨ ᠤ ᠦᠷᠳᠡᠭ ᠤᠨ ᠵᠣᠭᠤᠰ ᠤᠨ ᠲᠤᠭ᠎ᠠ ᠶᠢ ᠪᠤᠷᠤᠭᠤ ᠪᠤᠶᠤ ᠲᠣᠳᠣᠷᠬᠠᠢ ᠮᠠᠭᠠᠳᠯᠠᠨ ᠲᠣᠭᠲᠠᠭᠠᠭᠰᠠᠨ ᠦᠭᠡᠢ᠃ ᠵᠢᠱᠢᠶᠡᠯᠡᠪᠡᠯ ᠂ ᠪᠠᠷᠠᠭ᠎ᠠ ᠣᠷᠣᠭᠤᠯᠤᠭᠰᠠᠨ ᠦᠨ᠎ᠡ ᠪᠠᠷ ᠪᠠᠷᠠᠭᠠᠨ ᠤ ᠦᠷᠳᠡᠭ ᠤᠨ ᠵᠣᠭᠤᠰ ᠤᠨ ᠲᠤᠭ᠎ᠠ ᠶᠢ ᠮᠠᠭᠠᠳᠯᠠᠨ ᠲᠣᠭᠲᠠᠭᠠᠬᠤ ᠂ ᠪᠠᠷᠠᠭᠠᠨ ᠤ ᠦᠷᠳᠡᠭ ᠤᠨ ᠵᠣᠭᠤᠰ ᠤᠨ ᠲᠤᠭ᠎ᠠ ᠶᠢ ᠪᠤᠳᠤᠵᠤ ᠲᠣᠳᠣᠷᠬᠠᠶᠢᠯᠠᠬᠤ ᠦᠭᠡᠢ ᠪᠠᠶᠢᠬᠤ ᠵᠡᠷᠭᠡ ᠪᠣᠯᠣᠨ᠎ᠠ ᠃      ︵ ᠬᠤᠶᠠᠷ ︶ ᠬᠠᠤᠯᠢ ᠴᠠᠭᠠᠵᠠ ᠶᠢ ᠬᠡᠷᠡᠭᠯᠡᠬᠦ ᠠᠰᠠᠭᠤᠳᠠᠯ ᠃ ᠵᠠᠷᠢᠮ ᠤᠨ ᠬᠢᠨᠢ ᠬᠠᠤᠯᠢ ᠴᠠᠭᠠᠵᠠ ᠶᠢ ᠬᠡᠷᠡᠭᠯᠡᠭᠰᠡᠨ  ᠨᠢ ᠪᠦᠷᠢᠨ ᠪᠤᠰᠤ ᠪᠠᠶᠢᠳᠠᠯ  ᠲᠠᠢ᠃ ᠵᠢᠱᠢᠶᠡᠯᠡᠪᠡᠯ ᠂ ᠬᠠᠤᠯᠢ ᠶᠣᠰᠣᠭᠠᠷ ᠵᠠᠷᠯᠢᠭᠳᠠᠨ ᠵᠠᠯᠠᠷᠠᠭᠤᠯᠤᠭᠤᠯᠬᠤ ᠶᠣᠰᠣᠲᠠᠢ ᠦᠢᠯᠡ ᠠᠵᠢᠯᠯᠠᠭ᠎ᠠ ᠳᠤ ᠵᠠᠷᠯᠢᠭᠳᠠᠨ ᠵᠠᠯᠠᠷᠠᠭᠤᠯᠤᠭᠤᠯᠬᠤ ᠮᠡᠳᠡᠭᠳᠡᠯ ᠤᠨ ᠪᠢᠴᠢᠭ ᠳᠤᠲᠠᠭᠳᠠᠵᠤ ᠪᠠᠶᠢᠨ᠎ᠠ ᠃ ᠵᠠᠷᠢᠮ ᠨᠢ ᠰᠢᠳᠬᠡᠭᠳᠡᠭᠰᠡᠨ ᠪᠤᠰᠤᠳ ᠪᠡᠶᠡᠴᠢ ᠴᠣᠭᠴᠠ ᠶᠢᠨ ᠬᠠᠤᠯᠢ ᠶᠢᠨ ᠬᠠᠷᠢᠭᠤᠴᠠᠯᠭ᠎ᠠ ᠶᠢ ᠣᠷᠬᠢᠭᠳᠠᠭᠤᠯᠵᠠᠢ ᠃ ᠵᠢᠱᠢᠶᠡᠯᠡᠪᠡᠯ ᠂ ᠠᠮᠢᠲᠠᠨ ᠢ ᠣᠨᠣᠰᠢᠯᠠᠨ ᠡᠮᠨᠡᠬᠦ ᠪᠠᠶᠢᠭᠤᠯᠤᠮᠵᠢ ᠪᠠ ᠠᠵᠢᠯ ᠡᠷᠬᠢᠯᠡᠬᠦ ᠮᠠᠯ ᠤᠨ ᠡᠮᠴᠢ ᠶᠢ ᠬᠠᠤᠯᠢ ᠶᠣᠰᠣᠭᠠᠷ ᠬᠠᠮᠲᠤ ᠳᠤᠨᠢ ᠰᠢᠳᠬᠡᠬᠦ ᠬᠡᠷᠡᠭᠲᠡᠢ ᠂ ᠵᠥᠪᠬᠡᠨ ᠮᠠᠯ ᠤᠨ ᠡᠮᠴᠢ ᠶᠢ ᠰᠢᠳᠬᠡᠬᠦ ᠠᠴᠠ ᠪᠢᠰᠢ ᠂ ᠠᠮᠢᠲᠠᠨ ᠢ ᠣᠨᠣᠰᠢᠯᠠᠨ ᠡᠮᠨᠡᠬᠦ ᠪᠠᠶᠢᠭᠤᠯᠤᠮᠵᠢ ᠳᠤ ᠠᠰᠲᠠᠭᠠᠨ ᠬᠡᠷᠡᠭ ᠢᠶᠠᠷ ᠰᠢᠳᠬᠡᠬᠦ ᠲᠣᠳᠣᠷᠬᠠᠶᠢᠯᠠᠯᠲᠠ ᠬᠢᠭᠰᠡᠨ ᠦᠭᠡᠢ ᠪᠠᠶᠢᠳᠠᠯ᠃ ᠵᠠᠷᠢᠮ ᠨᠢ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠬᠤ ᠵᠡᠷᠭᠡ ᠰᠢᠳᠬᠡᠯ ᠤᠨ ᠲᠦᠷᠦᠯ ᠵᠦᠢᠯ ᠢ ᠣᠷᠬᠢᠭᠳᠠᠭᠤᠯᠵᠠᠢ ᠃ ᠵᠠᠷᠢᠮ ᠨᠢ ᠬᠥᠩᠭᠡᠨ ᠢᠶᠠᠷ ᠰᠢᠢᠳᠬᠡᠬᠦ ᠂ ᠬᠥᠩᠭᠡᠷᠡᠭᠦᠯᠦᠨ ᠰᠢᠢᠳᠬᠡᠬᠦ ᠳᠡᠭᠡᠨ ᠬᠠᠤᠯᠢ ᠶᠣᠰᠣᠭᠠᠷ ᠤᠴᠢᠷ ᠰᠢᠯᠲᠠᠭᠠᠨ ᠢᠶᠠᠨ ᠲᠣᠳᠣᠷᠬᠠᠶᠢᠯᠠᠭᠰᠠᠨ ᠦᠭᠡᠢ ᠪᠤᠶᠤ ᠤᠴᠢᠷ ᠰᠢᠯᠲᠠᠭᠠᠨ ᠢᠶᠠᠨ ᠭᠦᠢᠴᠡᠳ ᠲᠣᠳᠣᠷᠬᠠᠶᠢᠯᠠᠭᠰᠠᠨ ᠦᠭᠡᠢ ᠵᠡᠷᠭᠡ ᠪᠣᠯᠣᠨ᠎ᠠ ᠃      ︵ ᠭᠤᠷᠪᠠ ︶ ᠬᠠᠤᠯᠢ ᠬᠡᠷᠡᠭᠵᠢᠭᠦᠯᠬᠦ ᠵᠢᠷᠤᠮ ᠤᠨ ᠠᠰᠠᠭᠤᠳᠠᠯ ᠃ ᠵᠠᠷᠢᠮ ᠬᠠᠤᠯᠢ ᠬᠡᠷᠡᠭᠵᠢᠭᠦᠯᠬᠦ ᠵᠢᠷᠤᠮ ᠢ ᠲᠣᠩᠭᠤᠷᠠᠭᠤᠯᠵᠤ ᠪᠠᠶᠢᠨ᠎ᠠ ᠃ ᠵᠢᠱᠢᠶᠡᠯᠡᠪᠡᠯ ᠂ ᠬᠡᠷᠡᠭ ᠪᠣᠯᠭᠠᠨ ᠳᠠᠩᠰᠠᠯᠠᠬᠤ ᠠᠴᠠ ᠡᠮᠦᠨ᠎ᠡ ᠣᠯᠣᠭᠰᠠᠨ ᠪᠦᠬᠦ ᠭᠡᠷᠡᠴᠢ ᠪᠠᠷᠢᠮᠲᠠ ᠶᠢᠨ 60% ᠠᠴᠠ ᠳᠡᠭᠡᠭᠰᠢᠬᠢ ᠶᠢ ᠵᠢᠭᠠᠵᠤ ᠪᠠᠶᠢᠨ᠎ᠠ ᠃ ᠵᠢᠱᠢᠶᠡᠯᠡᠪᠡᠯ ᠰᠢᠳᠬᠡᠬᠦ ᠲᠣᠭᠲᠠᠭᠠᠯ ᠭᠠᠷᠭᠠᠬᠤ ᠠᠴᠠ ᠡᠮᠦᠨ᠎ᠡ ᠬᠤᠷᠢᠶᠠᠨ ᠠᠪᠤᠭᠰᠠᠨ ᠶᠠᠭᠤᠮ᠎ᠠ ᠶᠢ ᠤᠷᠢᠳ ᠢᠶᠠᠷ ᠤᠰᠠᠳᠬᠠᠨ᠎ᠠ ᠃ ᠵᠢᠱᠢᠶᠡᠯᠡᠪᠡᠯ᠂ ᠬᠠᠳᠠᠭᠠᠯᠠᠵᠤ ᠪᠠᠶᠢᠭ᠎ᠠ ᠡᠳ᠋ ᠪᠣᠳᠠᠰ ᠢ ᠰᠢᠢᠳᠪᠦᠷᠢᠯᠡᠬᠦ ᠪᠠᠷ ᠤᠷᠢᠳ ᠢᠶᠠᠷ ᠳᠠᠩᠰᠠᠯᠠᠭᠤᠯᠤᠨ᠂ ᠬᠠᠤᠯᠢ ᠠᠴᠠ ᠵᠥᠷᠢᠴᠡᠭᠰᠡᠨ ᠡᠳ᠋ ᠪᠣᠳᠠᠰ ᠢ ᠬᠤᠷᠢᠶᠠᠨ ᠠᠪᠬᠤ ᠪᠠᠷ ᠲᠣᠭᠲᠠᠪᠠ᠃ ᠵᠢᠱᠢᠶᠡᠯᠡᠪᠡᠯ ᠂ ᠵᠠᠷᠯᠢᠭᠳᠠᠨ ᠵᠠᠯᠠᠷᠠᠭᠤᠯᠤᠭᠤᠯᠬᠤ ᠪᠠᠷ ᠵᠠᠰᠠᠭ ᠵᠠᠬᠢᠷᠭᠠᠨ ᠤ ᠰᠢᠳᠬᠡᠯ ᠤᠨ ᠤᠷᠢᠳᠠᠴᠢ ᠵᠢᠷᠤᠮ ᠪᠣᠯᠭᠠᠵᠤ ᠂ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠳᠦᠭᠦᠷᠬᠦ ᠠᠴᠠ ᠡᠮᠦᠨ᠎ᠡ ᠂ ᠰᠢᠭᠤᠳ ᠵᠠᠰᠠᠭ ᠵᠠᠬᠢᠷᠭᠠᠨ ᠤ ᠰᠢᠳᠬᠡᠯ ᠥᠭᠭᠦᠭᠰᠡᠨ ᠃ ᠵᠢᠱᠢᠶᠡᠯᠡᠪᠡᠯ ᠂ ᠲᠤᠬᠠᠢ ᠶᠢᠨ ᠬᠥᠮᠥᠨ ᠲᠣᠭᠠᠴᠢᠯᠲᠠ ᠬᠢᠬᠦ ᠂ ᠵᠥᠪᠲᠥᠭᠡᠨ ᠲᠣᠳᠣᠷᠬᠠᠶᠢᠯᠠᠬᠤ ᠂ ᠰᠠᠨᠠᠯ ᠰᠣᠨᠣᠰᠤᠭᠤᠯᠬᠤ ᠪᠠᠷ ᠭᠤᠶᠤᠴᠢᠯᠠᠬᠤ ᠬᠤᠭᠤᠴᠠᠭ᠎ᠠ ᠳᠦᠭᠦᠷᠬᠦ ᠠᠴᠠ ᠡᠮᠦᠨ᠎ᠡ ᠵᠠᠰᠠᠭ ᠵᠠᠬᠢᠷᠭᠠᠨ ᠤ ᠰᠢᠳᠬᠡᠯ ᠥᠭᠭᠦᠨ᠎ᠡ ᠃ ᠵᠠᠷᠢᠮ ᠨᠢ ᠬᠠᠤᠯᠢ ᠳᠤ ᠲᠣᠭᠲᠠᠭᠠᠭᠰᠠᠨ ᠵᠢᠷᠤᠮ ᠢ ᠤᠷᠬᠢᠭᠳᠠᠭᠤᠯᠬᠤ᠃ ᠵᠢᠱᠢᠶᠡᠯᠡᠪᠡᠯ᠂ ᠬᠦᠨᠳᠦ ᠶᠡᠭᠡ ᠵᠠᠰᠠᠭ ᠵᠠᠬᠢᠷᠭᠠᠨ ᠤ ᠰᠢᠳᠬᠡᠯ ᠨᠢ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢᠨ ᠬᠠᠤᠯᠢ ᠳᠦᠷᠢᠮ ᠤᠨ ᠰᠠᠯᠠᠭ᠎ᠠ ᠮᠥᠴᠢᠷ ᠤᠨ ᠬᠠᠤᠯᠢ ᠳᠦᠷᠢᠮ ᠤᠨ ᠬᠢᠨᠠᠨ ᠬᠠᠷᠭᠤᠭᠤᠯᠤᠯᠲᠠ ᠶᠢ ᠳᠠᠮᠵᠢᠭᠰᠠᠨ ᠦᠭᠡᠢ᠂ ᠲᠤᠬᠠᠢ ᠶᠢᠨ ᠬᠥᠮᠥᠨ ᠳᠤ ᠭᠡᠷᠡᠴᠢᠯᠡᠭᠡ ᠰᠣᠨᠣᠰᠬᠤ ᠡᠷᠬᠡ ᠶᠢ ᠬᠡᠯᠡᠵᠦ ᠥᠭᠭᠦᠭᠰᠡᠨ ᠦᠭᠡᠢ᠃ ᠵᠠᠷᠢᠮ ᠤᠨ ᠬᠢᠨᠢ ᠬᠡᠷᠡᠭ ᠪᠣᠯᠭᠠᠨ ᠳᠠᠩᠰᠠᠯᠠᠭᠠᠳ ᠬᠤᠭᠤᠴᠠᠭ᠎ᠠ ᠠᠴᠠ ᠬᠡᠲᠦᠷᠡᠵᠡᠢ ᠃ ᠵᠠᠷᠢᠮ ᠨᠢ ᠬᠠᠤᠯᠢ ᠬᠡᠷᠡᠭᠵᠢᠭᠦᠯᠬᠦ ᠪᠢᠴᠢᠭ ᠬᠠᠷ᠎ᠠ ᠶᠢ ᠰᠢᠤᠳᠠᠨ ᠢᠶᠠᠷ ᠬᠦᠷᠭᠡᠬᠦ ᠳᠡᠭᠡᠨ ᠰᠢᠤᠳᠠᠨ ᠤ EMS ᠢ ᠬᠠᠤᠯᠢ ᠶᠣᠰᠣᠭᠠᠷ ᠬᠡᠷᠡᠭᠯᠡᠭᠰᠡᠨ ᠦᠭᠡᠢ ᠃ ᠵᠠᠷᠢᠮ ᠨᠢ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠣᠭᠲᠠᠭᠠᠯ ᠭᠠᠷᠭᠠᠭᠰᠠᠨ ᠡᠳᠦᠷ ᠠᠴᠠ ᠡᠬᠢᠯᠡᠨ ᠲᠤᠯᠤᠭᠠᠨ ᠠᠵᠢᠯ ᠤᠨ ᠡᠳᠦᠷ ᠤᠨ ᠳᠣᠲᠣᠷ᠎ᠠ ︵︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠠᠷᠯᠠᠨ ᠨᠡᠶᠢᠲᠡᠯᠡᠵᠦ ᠬᠠᠤᠯᠢ ᠬᠡᠷᠡᠭᠵᠢᠭᠦᠯᠬᠦ ᠪᠥᠬᠦ ᠶᠠᠪᠤᠴᠠ ᠳᠤ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠢ ᠲᠡᠮᠳᠡᠭᠯᠡᠬᠦ ᠬᠠᠤᠯᠢ ᠳᠦᠷᠢᠮ ᠤᠨ ᠬᠢᠨᠠᠨ ᠬᠠᠷᠭᠤᠭᠤᠯᠬᠤ ᠠᠷᠭ᠎ᠠ︾ ᠶᠢᠨ ᠠᠷᠪᠠᠨ ᠬᠤᠶᠠᠳᠤᠭᠠᠷ ᠵᠦᠢᠯ ᠤᠨ ᠲᠣᠭᠲᠠᠭᠠᠯ ︶ ᠳᠤ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠮᠡᠳᠡᠭᠡ ᠵᠠᠩᠭᠢ ᠶᠢ ᠢᠯᠡ ᠪᠣᠯᠭᠠᠭᠰᠠᠨ ᠦᠭᠡᠢ᠃ ᠵᠠᠷᠢᠮ ᠬᠠᠤᠯᠢ ᠬᠡᠷᠡᠭᠵᠢᠭᠦᠯᠬᠦ ᠪᠢᠴᠢᠭ ᠬᠠᠷ᠎ᠠ ᠶᠢᠨ ᠬᠠᠤᠯᠢ ᠳᠦᠷᠢᠮ ᠤᠨ ᠬᠢᠨᠠᠨ ᠬᠠᠷᠭᠤᠭᠤᠯᠤᠭᠰᠠᠨ ᠰᠠᠨᠠᠯ ᠳᠤ ᠬᠢᠨᠠᠨ ᠪᠠᠶᠢᠴᠠᠭᠠᠬᠤ ᠬᠦᠴᠦᠨ ᠵᠦᠢᠯ ᠳᠤ ᠲᠣᠳᠣᠷᠬᠠᠢ ᠬᠢᠨᠠᠨ ᠬᠠᠷᠭᠤᠭᠤᠯᠤᠭᠰᠠᠨ ᠰᠠᠨᠠᠯ ᠳᠤᠲᠠᠭᠳᠠᠵᠤ ᠪᠠᠶᠢᠨ᠎ᠠ᠃ ᠵᠠᠷᠢᠮ ᠨᠢ ︽ᠭᠠᠶᠢᠯᠢ ᠶᠢᠨ ᠪᠤᠰᠤ ᠣᠷᠣᠯᠭ᠎ᠠ ᠶᠢᠨ ᠡᠩ ᠤᠨ ᠵᠣᠭᠤᠰ ᠲᠤᠰᠢᠶᠠᠬᠤ ᠪᠢᠴᠢᠭ︾ ᠲᠤ᠂ ᠭᠦᠢᠴᠡᠳᠬᠡᠬᠦ ᠨᠢᠭᠡᠴᠡ ᠨᠢ ᠬᠠᠤᠯᠢ ᠬᠡᠷᠡᠭᠵᠢᠭᠦᠯᠬᠦ ᠪᠠᠶᠢᠭᠤᠯᠤᠯᠭ᠎ᠠ ᠪᠢᠰᠢ ᠬᠠᠷᠢᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠪᠠᠶᠢᠵᠤ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠭᠤᠣᠯ ᠴᠣᠭᠴᠠ ᠬᠢᠭᠡᠳ ᠭᠦᠢᠴᠡᠳᠬᠡᠬᠦ ᠭᠤᠣᠯ ᠴᠣᠭᠴᠠ ᠨᠢᠭᠡᠳᠦᠯ ᠦᠭᠡᠢ ᠪᠠᠶᠢᠬᠤ ᠠᠰᠠᠭᠤᠳᠠᠯ ᠣᠷᠣᠰᠢᠵᠤ ᠪᠠᠶᠢᠨ᠎ᠠ︔ ᠵᠠᠷᠢᠮ ᠵᠣᠭᠤᠰ ᠬᠤᠷᠢᠶᠠᠬᠤ ᠨᠢᠭᠡᠴᠢ ︵ ᠵᠣᠭᠤᠰ ᠬᠤᠷᠢᠶᠠᠭᠴᠢ ︶ ᠨᠢ ᠲᠤᠬᠠᠢ ᠶᠢᠨ ᠭᠠᠵᠠᠷ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠪᠢᠰᠢ ᠬᠠᠷᠢᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠪᠠᠶᠢᠵᠤ᠂ ᠵᠣᠭᠤᠰ ᠢᠶᠠᠷ ᠲᠣᠷᠭᠠᠬᠤ ᠲᠣᠷᠭᠠᠬᠤ ᠲᠤᠰᠢᠶᠠᠬᠤ ᠶᠢ ᠰᠠᠯᠭᠠᠬᠤ ᠵᠠᠷᠴᠢᠮ ᠢ ᠵᠥᠷᠢᠴᠡᠭᠰᠡᠨ ᠪᠠᠶᠢᠨ᠎ᠠ ᠃ ᠵᠠᠷᠢᠮ ᠨᠢ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠤᠯᠲᠠ ᠶᠢᠨ ᠠᠵᠢᠯᠲᠠᠨ ᠤ ᠬᠠᠤᠯᠢ ᠪᠠᠷ ᠲᠣᠭᠲᠠᠭᠠᠭᠰᠠᠨ ᠬᠢᠷᠢ ᠬᠡᠮ ᠢ ᠭᠡᠷᠡᠴᠢᠯᠡᠭᠰᠡᠨ ᠦᠭᠡᠢ᠃ ᠵᠠᠷᠢᠮ ᠨᠢ ᠢᠯᠡᠴᠢᠯᠡᠨ ᠮᠡᠳᠡᠭᠦᠯᠦᠭᠰᠡᠨ ᠲᠡᠮᠳᠡᠭᠯᠡᠯ᠂ ᠲᠣᠷᠭᠠᠵᠤ ᠬᠤᠷᠢᠶᠠᠭᠰᠠᠨ ᠡᠳ᠋ ᠪᠣᠳᠠᠰ ᠢ ᠰᠢᠢᠳᠪᠦᠷᠢᠯᠡᠭᠰᠡᠨ ᠲᠡᠮᠳᠡᠭᠯᠡᠯ᠂ ᠵᠠᠷᠯᠢᠭᠳᠠᠨ ᠵᠠᠯᠠᠷᠠᠭᠤᠯᠤᠭᠤᠯᠬᠤ ᠮᠡᠳᠡᠭᠳᠡᠯ ᠤᠨ ᠪᠢᠴᠢᠭ ᠢ ᠬᠦᠷᠭᠡᠭᠰᠡᠨ ᠬᠠᠷᠢᠭᠤ ᠪᠠᠷᠢᠮᠲᠠ᠂ ᠵᠠᠰᠠᠭ ᠵᠠᠬᠢᠷᠭᠠᠨ ᠤ ᠰᠢᠳᠬᠡᠯ ᠢ ᠤᠷᠢᠳᠴᠢᠯᠠᠨ ᠮᠡᠳᠡᠭᠳᠡᠭᠰᠡᠨ ᠪᠢᠴᠢᠭ ᠢ ᠬᠦᠷᠭᠡᠭᠰᠡᠨ ᠬᠠᠷᠢᠭᠤ ᠪᠠᠷᠢᠮᠲᠠ ᠵᠡᠷᠭᠡ ᠪᠠᠷ ᠳᠤᠲᠠᠮᠠᠭ ᠪᠠᠶᠢᠨ᠎ᠠ ᠃      ︵ ᠳᠥᠷᠪᠡ ︶ ᠪᠢᠴᠢᠭ ᠬᠠᠷ᠎ᠠ ᠵᠣᠬᠢᠶᠠᠬᠤ ᠠᠰᠠᠭᠤᠳᠠᠯ ᠃ ᠵᠠᠷᠢᠮ ᠬᠠᠤᠯᠢ ᠬᠡᠷᠡᠭᠵᠢᠭᠦᠯᠬᠦ ᠪᠢᠴᠢᠭ ᠬᠠᠷ᠎ᠠ ᠨᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠠᠤᠯᠢ ᠲᠣᠭᠲᠠᠭᠠᠯ ᠤᠨ ᠵᠤᠷᠭᠠᠨ ᠤ ᠨᠡᠶᠢᠲᠡᠯᠡᠭᠰᠡᠨ ︽ᠲᠠᠷᠢᠶᠠᠯᠠᠩ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠳᠦᠰᠦᠨ ᠪᠢᠴᠢᠭ ᠬᠠᠷ᠎ᠠ ᠶᠢᠨ ᠵᠠᠭᠪᠤᠷ ︾ ᠲᠠᠢ ᠨᠢᠭᠡᠳᠦᠯ ᠦᠭᠡᠢ ᠪᠠᠶᠢᠳᠠᠭ ᠃ ᠵᠠᠷᠢᠮ ᠵᠠᠰᠠᠭ ᠵᠠᠬᠢᠷᠭᠠᠨ ᠤ ᠰᠢᠳᠬᠡᠯ ᠤᠨ ᠪᠡᠶᠡᠴᠢ ᠴᠣᠭᠴᠠ ᠶᠢᠨ ᠲᠣᠭᠠᠴᠢᠯᠲᠠ ᠨᠢ ᠨᠢᠭᠡᠳᠦᠯ ᠦᠭᠡᠢ ᠪᠠᠶᠢᠨ᠎ᠠ ᠃ ᠵᠢᠱᠢᠶᠡᠯᠡᠪᠡᠯ᠂ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢᠨ ᠭᠠᠷᠭᠠᠭᠰᠠᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠣᠭᠲᠠᠭᠠᠯ ᠨᠢ ᠲᠠᠩᠰᠠ ᠡᠪᠬᠡᠮᠡᠯ ᠤᠨ ᠭᠠᠳᠠᠷ ᠨᠢᠭᠤᠷ ᠤᠨ ᠡᠪᠬᠡᠮᠡᠯ ᠪᠠᠶᠢᠭᠤᠯᠤᠭᠰᠠᠨ ᠨᠢᠭᠡᠴᠢ ᠶᠢᠨ ︽ᠬᠠᠤᠯᠢ ᠬᠡᠷᠡᠭᠵᠢᠭᠦᠯᠬᠦ ᠪᠠᠶᠢᠭᠤᠯᠤᠮᠵᠢ︾ ᠶᠢᠨ ᠲᠣᠭᠠᠴᠢᠯᠲᠠ ᠲᠠᠢ ᠨᠢᠭᠡᠳᠦᠯ ᠦᠭᠡᠢ ᠪᠠᠶᠢᠵᠤ᠂ ᠯᠠᠪᠯᠠᠨ ᠠᠰᠠᠭᠤᠭᠰᠠᠨ ᠲᠡᠮᠳᠡᠭᠯᠡᠯ ᠤᠨ ᠯᠠᠪᠯᠠᠨ ᠠᠰᠠᠭᠤᠭᠰᠠᠨ ᠪᠡᠶᠡᠴᠢ ᠴᠣᠭᠴᠠ ᠵᠢᠴᠢ ᠯᠠᠪᠯᠠᠨ ᠠᠰᠠᠭᠤᠭᠰᠠᠨ ᠠᠭᠤᠯᠭ᠎ᠠ ᠶᠢᠨ ︽ᠬᠠᠤᠯᠢ ᠬᠡᠷᠡᠭᠵᠢᠭᠦᠯᠬᠦ ᠪᠠᠶᠢᠭᠤᠯᠤᠮᠵᠢ︾᠂ ︽ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠬᠠᠤᠯᠢ ᠬᠡᠷᠡᠭᠵᠢᠭᠦᠯᠬᠦ ᠠᠵᠢᠯᠲᠠᠨ︾ ᠤ ᠲᠣᠭᠠᠴᠢᠯᠲᠠ ᠲᠠᠢ ᠨᠢᠭᠡᠳᠦᠯ ᠦᠭᠡᠢ ᠪᠠᠶᠢᠵᠤ᠂ ᠬᠦᠷᠭᠡᠯᠲᠡ ᠶᠢᠨ ᠬᠠᠷᠢᠭᠤ ᠪᠠᠷᠢᠮᠲᠠ ᠳᠤ ᠬᠦᠷᠭᠡᠭᠰᠡᠨ ᠨᠢᠭᠡᠴᠢ ᠶᠢᠨ ︽ᠬᠠᠤᠯᠢ ᠬᠡᠷᠡᠭᠵᠢᠭᠦᠯᠬᠦ ᠪᠠᠶᠢᠭᠤᠯᠤᠮᠵᠢ︾ ᠶᠢᠨ ᠲᠣᠭᠠᠴᠢᠯᠲᠠ ᠲᠠᠢ ᠨᠢᠭᠡᠳᠦᠯ ᠦᠭᠡᠢ ᠪᠠᠶᠢᠳᠠᠭ᠃ ᠵᠠᠷᠢᠮ ᠨᠢ ᠪᠤᠷᠤᠭᠤ ᠦᠰᠦᠭ ᠤᠨ ᠠᠰᠠᠭᠤᠳᠠᠯ ᠣᠷᠣᠰᠢᠵᠤ ᠪᠠᠶᠢᠨ᠎ᠠ ᠃ ᠵᠢᠱᠢᠶᠡᠯᠡᠪᠡᠯ᠂ ᠬᠡᠷᠡᠭ ᠪᠣᠯᠭᠠᠨ ᠳᠡᠩᠰᠡᠯᠡᠬᠦ ᠶᠢ ᠬᠢᠨᠠᠨ ᠵᠥᠪᠰᠢᠶᠡᠷᠡᠬᠦ ᠬᠦᠰᠦᠨᠦᠭᠲᠦ ᠳᠠᠬᠢ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠰᠠᠨᠠᠯ ︽ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠬᠦ ᠶᠢ ᠵᠥᠪᠰᠢᠶᠡᠷᠡᠨ᠎ᠡ︾ ᠭᠡᠳᠡᠭ ᠢ ︽ᠵᠥᠪᠰᠢᠶᠡᠷᠡᠬᠦ ᠲᠥᠰᠥᠯ ᠢᠶᠠᠷ ᠪᠠᠶᠢᠴᠠᠭᠠᠨ ᠰᠢᠢᠳᠪᠦᠷᠢᠯᠡᠨ᠎ᠡ︾ ᠭᠡᠵᠦ ᠪᠤᠷᠤᠭᠤ ᠪᠢᠴᠢᠵᠦ᠂ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠠᠨᠠᠯ ᠤᠨ ᠭᠠᠵᠠᠷ ᠠᠳᠠᠯᠢᠬᠠᠨ ᠢᠶᠠᠷ ︽ᠵᠥᠪᠰᠢᠶᠡᠷᠡᠬᠦ ᠲᠥᠰᠥᠯ ᠢᠶᠠᠷ ᠪᠠᠶᠢᠴᠠᠭᠠᠨ ᠰᠢᠢᠳᠪᠦᠷᠢᠯᠡᠨ᠎ᠡ︾ ᠭᠡᠵᠦ ᠪᠢᠴᠢᠭᠰᠡᠨ᠃ ᠵᠢᠱᠢᠶᠡᠯᠡᠪᠡᠯ᠂ ᠭᠤᠣᠯ ᠪᠣᠯᠬᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠳᠤ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠳᠤ ᠡᠰᠢᠯᠡᠵᠦ ᠬᠡᠷᠡᠭᠯᠡᠭᠰᠡᠨ ᠰᠢᠯᠭᠠᠨ ᠪᠠᠶᠢᠴᠠᠭᠠᠭᠰᠠᠨ ᠨᠡᠷ᠎ᠡ ᠲᠣᠮᠢᠶ᠎ᠠ ᠶᠢ ᠪᠤᠷᠤᠭᠤ ᠢᠯᠡᠳᠬᠡᠪᠡᠯ᠂ ︽ᠬᠢᠵᠠᠭᠠᠷ ᠬᠡᠮᠵᠢᠶ᠎ᠡ ᠶᠢ ᠮᠠᠭᠠᠳᠯᠠᠨ ᠲᠣᠭᠲᠠᠭᠠᠬᠤ︾ ᠶᠢ ︽ᠬᠢᠵᠠᠭᠠᠷ ᠬᠡᠮᠵᠢᠭᠳᠡᠯ ᠢ ᠮᠠᠭᠠᠳᠯᠠᠨ ᠲᠣᠭᠲᠠᠭᠠᠬᠤ︾ ᠭᠡᠵᠦ ᠢᠯᠡᠳᠬᠡᠭᠰᠡᠨ᠃ ᠵᠠᠷᠢᠮ ᠬᠠᠤᠯᠢ ᠬᠡᠷᠡᠭᠵᠢᠭᠦᠯᠬᠦ ᠪᠢᠴᠢᠭ ᠬᠠᠷ᠎ᠠ ᠶᠢᠨ ᠲᠠᠭᠯᠠᠬᠤ ᠴᠢᠬᠤᠯᠠ ᠦᠭᠡᠢ ᠪᠤᠯᠤᠩ ᠢ ᠵᠢᠰᠢᠭᠦᠦ ᠱᠤᠭᠤᠮ ᠢᠶᠠᠷ ᠵᠢᠷᠤᠵᠤ ᠬᠠᠶᠠᠭᠰᠠᠨ ᠦᠭᠡᠢ᠂ ᠵᠠᠷᠢᠮ ᠠᠰᠠᠭᠤᠯᠲᠠ ᠶᠢᠨ ᠲᠡᠮᠳᠡᠭᠯᠡᠯ ᠤᠨ ᠬᠤᠭᠤᠰᠤᠨ ᠭᠠᠵᠠᠷ ᠲᠤ ᠲᠣᠰ ᠬᠤᠭᠤᠰᠤᠨ ᠭᠠᠵᠠᠷ ᠢ ᠲᠣᠳᠣᠷᠬᠠᠢ ᠪᠢᠴᠢᠭᠰᠡᠨ ᠦᠭᠡᠢ᠃ ᠵᠠᠷᠢᠮ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠶᠢᠨ ᠬᠡᠷᠡᠭ ᠤᠨ ᠳ᠋ᠤᠭᠠᠷ ᠨᠢ ᠪᠦᠷᠢᠨ ᠪᠤᠰᠤ᠂ ᠣᠨᠣᠪᠴᠢ ᠦᠭᠡᠢ ᠪᠠᠶᠢᠨ᠎ᠠ᠃ ᠵᠠᠷᠢᠮ ᠡᠪᠬᠡᠮᠡᠯ ᠤᠨ ᠳᠣᠲᠣᠷᠠᠬᠢ ᠮᠠᠲ᠋ᠧᠷᠢᠶᠠᠯ ᠤᠨ ᠨᠢᠭᠤᠷ ᠤᠨ ᠨᠣᠮᠧᠷ ᠢ ᠭᠠᠷ ᠢᠶᠠᠷ ᠪᠢᠴᠢᠬᠦ ᠨᠣᠮᠧᠷ ᠤᠨ ᠪᠤᠰᠤ ᠮᠠᠰᠢᠨ ᠢᠶᠠᠷ ᠳ᠋ᠤᠭᠠᠷᠯᠠᠳᠠᠭ᠃ ᠵᠠᠷᠢᠮ ᠬᠡᠷᠡᠭ ᠪᠣᠯᠭᠠᠨ ᠳᠠᠩᠰᠠᠯᠠᠬᠤ ᠪᠠ ᠪᠠᠶᠢᠴᠠᠭᠠᠵᠤ ᠭᠡᠷᠡᠴᠢ ᠠᠪᠬᠤ ᠱᠠᠲᠤᠨ ᠤ ᠪᠢᠴᠢᠭ ᠬᠠᠷ᠎ᠠ ᠵᠢᠱᠢᠶᠡᠯᠡᠪᠡᠯ᠂ ᠬᠡᠷᠡᠭ ᠤᠨ ᠨᠡᠷᠡᠶᠢᠳᠦᠯ ︵ᠬᠡᠷᠡᠭ ᠤᠨ ᠤᠴᠢᠷ︶ ᠨᠢ ︽ᠰᠡᠵᠢᠭᠯᠡᠭᠳᠡᠭᠰᠡᠨ︾ ᠦᠭᠡᠢ᠃ ᠵᠠᠷᠢᠮ ᠬᠠᠤᠯᠢ ᠬᠡᠷᠡᠭᠵᠢᠭᠦᠯᠬᠦ ᠪᠢᠴᠢᠭ ᠬᠠᠷ᠎ᠠ ᠳᠤ ᠡᠰᠢᠯᠡᠵᠦ ᠬᠡᠷᠡᠭᠯᠡᠭᠰᠡᠨ ᠬᠠᠤᠯᠢ ᠴᠠᠭᠠᠵᠠ ᠶᠢᠨ ᠵᠦᠢᠯ ᠵᠤᠷᠪᠤᠰ ᠨᠢ ᠲᠣᠳᠣᠷᠬᠠᠢ ᠦᠭᠡᠢ ᠂ ᠵᠦᠢᠯ ᠵᠤᠷᠪᠤᠰ ᠤᠨ ᠵᠦᠢᠯᠡᠰ ᠤᠨ ᠪᠣᠳᠠᠲᠠᠢ ᠠᠭᠤᠯᠭ᠎ᠠ ᠳᠤ ᠣᠷᠣᠭᠰᠠᠨ ᠦᠭᠡᠢ ᠪᠠᠶᠢᠨ᠎ᠠ ᠃ ᠬᠡᠰᠡᠭ ᠬᠡᠷᠡᠭ ᠤᠨ ᠡᠪᠬᠡᠮᠡᠯ ᠤᠨ ᠳᠣᠲᠣᠷ᠎ᠠ ᠠᠴᠠ ᠬᠡᠷᠡᠭ ᠲᠠᠢ ᠬᠤᠯᠪᠣᠭᠳᠠᠬᠤ ᠴᠢᠨᠠᠷ ᠦᠭᠡᠢ ᠮᠠᠰᠢ ᠤᠯᠠᠨ ᠭᠡᠷᠡᠴᠢ ᠪᠠᠷᠢᠮᠲᠠ ᠪᠠᠶᠢᠬᠤ ᠶᠢ ᠣᠯᠵᠤ ᠮᠡᠳᠡᠭᠰᠡᠨ ᠵᠡᠷᠭᠡ ᠪᠣᠯᠣᠨ᠎ᠠ ᠃      ᠭᠤᠷᠪᠠ᠂ ᠠᠵᠢᠯ ᠤᠨ ᠱᠠᠭᠠᠷᠳᠠᠯᠭ᠎ᠠ      ︵ ᠨᠢᠭᠡ ︶ ᠬᠠᠤᠯᠢ ᠪᠠᠷ ᠵᠠᠰᠠᠬᠤ ᠶᠢ ᠬᠢᠨᠠᠨ ᠬᠠᠷᠭᠤᠭᠤᠯᠬᠤ ᠬᠢᠷᠢ ᠲᠦᠪᠰᠢᠨ ᠢ ᠤᠯᠠᠮ ᠨᠢᠭᠡ ᠠᠯᠬᠤᠮ  ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠪᠠᠶᠢᠭᠤᠯᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠮᠵᠢ ᠨᠢ ᠤᠯᠤᠰ᠂ ᠥᠪᠡᠷᠲᠡᠭᠡᠨ ᠵᠠᠰᠠᠬᠤ ᠣᠷᠣᠨ ᠤ ᠥᠩᠭᠡᠷᠡᠭᠰᠡᠨ ᠵᠢᠯ ᠤᠳ ᠤᠨ ᠦᠨᠡᠯᠡᠨ ᠪᠠᠶᠢᠴᠠᠭᠠᠯᠲᠠ ᠶᠢᠨ ᠵᠠᠷᠯᠠᠯ ᠳᠤ ᠳᠤᠷᠠᠳᠤᠭᠰᠠᠨ ᠠᠰᠠᠭᠤᠳᠠᠯ ᠢ ᠬᠢᠨᠠᠮᠠᠭᠠᠢ ᠡᠮᠬᠢᠯᠡᠨ ᠳ᠋ᠦᠩᠨᠡᠵᠦ᠂ ᠬᠠᠷᠢᠶᠠᠯᠠᠯ ᠤᠨ ᠡᠷᠬᠡ᠂ ᠬᠠᠤᠯᠢ  ᠠᠴᠠ ᠵᠥᠷᠢᠴᠡᠭᠰᠡᠨ ᠪᠣᠳᠠᠲᠤ ᠶᠠᠪᠤᠳᠠᠯ ᠢ ᠮᠠᠭᠠᠳᠯᠠᠨ ᠲᠣᠭᠲᠠᠭᠠᠬᠤ᠂ ᠭᠡᠷᠡᠴᠢ ᠪᠠᠷᠢᠮᠲᠠ ᠶᠢᠨ ᠬᠦᠴᠦᠨ᠂ ᠬᠠᠤᠯᠢ ᠴᠠᠭᠠᠵᠠ ᠶᠢ ᠬᠡᠷᠡᠭᠯᠡᠬᠦ᠂ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ᠂ ᠪᠢᠴᠢᠭ ᠬᠠᠷ᠎ᠠ ᠵᠣᠬᠢᠶᠠᠬᠤ ᠵᠡᠷᠭᠡ ᠲᠠᠯ᠎ᠠ ᠪᠠᠷ ᠬᠠᠤᠯᠢ ᠪᠠᠷ ᠵᠠᠰᠠᠬᠤ  ᠶᠢ ᠬᠢᠨᠠᠨ ᠬᠠᠷᠭᠤᠭᠤᠯᠬᠤ ᠪᠣᠭᠤᠮᠲᠠ ᠶᠢ ᠪᠥᠬᠦ ᠲᠠᠯ᠎ᠠ ᠪᠠᠷ ᠰᠠᠶᠢᠲᠤᠷ ᠠᠳᠬᠤᠵᠤ᠂ ᠬᠡᠷᠡᠭ ᠤᠨ ᠰᠢᠢᠳᠬᠡᠯ ᠤᠨ ᠬᠠᠤᠯᠢ ᠶᠣᠰᠣᠨ ᠤ ᠪᠠ ᠵᠦᠢ ᠵᠣᠬᠢᠰᠲᠠᠢ ᠪᠠᠶᠢᠬᠤ ᠶᠢ ᠪᠠᠲᠤᠯᠠᠬᠤ ᠬᠡᠷᠡᠭᠲᠡᠢ ᠃      ︵ᠬᠤᠶᠠᠷ︶ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠬᠠᠤᠯᠢ ᠬᠡᠷᠡᠭᠵᠢᠭᠦᠯᠬᠦ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠰᠢᠨ᠎ᠡ ᠪᠠᠷ ᠲᠣᠭᠲᠠᠭᠠᠵᠤ ᠵᠠᠰᠠᠪᠤᠷᠢ ᠣᠷᠣᠭᠤᠯᠤᠭᠰᠠᠨ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠢ ᠬᠡᠷᠡᠭᠯᠡᠬᠦ᠂ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ ᠢ ᠬᠠᠤᠯᠢ ᠶᠣᠰᠣᠭᠠᠷ ᠭᠦᠢᠴᠡᠳᠬᠡᠬᠦ᠂ ᠪᠠᠶᠢᠴᠠᠭᠠᠵᠤ ᠭᠡᠷᠡᠴᠢ ᠠᠪᠬᠤ᠂ ᠭᠡᠷᠡᠴᠢ ᠪᠠᠷᠢᠮᠲᠠ ᠴᠤᠭᠯᠠᠭᠤᠯᠬᠤ᠂ ᠬᠠᠤᠯᠢ ᠬᠡᠷᠡᠭᠵᠢᠭᠦᠯᠬᠦ ᠪᠢᠴᠢᠭ ᠬᠠᠷ᠎ᠠ ᠵᠣᠬᠢᠶᠠᠬᠤ ᠵᠡᠷᠭᠡ ᠲᠠᠯ᠎ᠠ ᠪᠠᠷ ᠭᠤᠣᠯᠯᠠᠭᠤᠯᠤᠨ᠂ ᠬᠠᠤᠯᠢ ᠬᠡᠷᠡᠭᠵᠢᠭᠦᠯᠬᠦ ᠠᠵᠢᠯᠲᠠᠨ ᠤ ᠴᠢᠳᠠᠪᠤᠷᠢ ᠶᠢ ᠳᠡᠭᠡᠭᠰᠢᠯᠡᠭᠦᠯᠬᠦ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠴᠠᠭᠠᠵᠠ ᠶᠢ ᠬᠡᠷᠡᠭᠯᠡᠬᠦ ᠴᠢᠳᠠᠪᠤᠷᠢ᠂ ᠲᠠᠰ ᠳᠠᠷᠠᠭᠠᠯᠠᠯ ᠢ ᠬᠡᠷᠡᠭᠵᠢᠭᠦᠯᠬᠦ ᠴᠢᠳᠠᠪᠤᠷᠢ ᠪᠠ ᠪᠢᠴᠢᠭ ᠬᠠᠷ᠎ᠠ ᠵᠣᠬᠢᠶᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃      ᠳᠠᠭᠠᠯᠳᠤᠭᠤᠯᠤᠯ᠄ 2023 ᠣᠨ ᠤ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠭᠰᠠᠨ ᠦᠷ᠎ᠡ ᠳ᠋ᠦᠩ                           ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ                          ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                               2024 ᠣᠨ ᠤ 4 ᠰᠠᠷ᠎ᠠ ᠶᠢᠨ 1 ᠤ ᠡᠳᠦᠷ   
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号