ᠡᠷᠳᠡᠨᠢ ᠰᠢᠰᠢ ᠶᠢ ᠴᠢᠬᠢᠯᠡᠬᠦ ᠠᠴᠠ ᠡᠮᠦᠨ᠎ᠡ ᠪᠢᠲᠡᠭᠦᠮᠵᠢᠯᠡᠨ ᠡᠪᠡᠰᠦ ᠠᠷᠢᠯᠭᠠᠬᠤ ᠮᠡᠷᠭᠡᠵᠢᠯ
ᠨᠡᠶᠢᠲᠡᠯᠡᠭᠰᠡᠨ ᠴᠠᠭ᠄
2024/4/10
      ᠣᠳᠣᠬᠠᠨ ᠳᠤ ᠤᠳᠠᠯ ᠦᠭᠡᠢ ᠮᠠᠨ ᠤ ᠣᠷᠣᠨ ᠤ ᠡᠷᠳᠡᠨᠢ ᠰᠢᠰᠢ ᠳᠠᠷᠢᠬᠤ ᠬᠤᠭᠤᠴᠠᠭᠠᠨ ᠳᠤ ᠣᠷᠣᠬᠤ ᠭᠡᠵᠦ ᠪᠠᠶᠢᠨ᠎ᠠ᠂ ᠴᠢᠬᠢᠯᠡᠬᠦ ᠠᠴᠠ ᠡᠮᠦᠨ᠎ᠡ ᠪᠢᠲᠡᠭᠦᠮᠵᠢᠯᠡᠨ ᠡᠪᠡᠰᠦ ᠠᠷᠢᠯᠭᠠᠬᠤ ᠨᠢ ᠡᠷᠳᠡᠨᠢ ᠰᠢᠰᠢ ᠶᠢᠨ ᠲᠠᠷᠢᠶᠠᠨ ᠤ ᠡᠪᠡᠰᠦ ᠠᠷᠢᠯᠭᠠᠬᠤ ᠵᠠᠩᠭᠢᠯᠠᠭ᠎ᠠ ᠶᠢᠨ ᠮᠡᠷᠭᠡᠵᠢᠯ ᠪᠣᠯᠤᠭᠰᠠᠨ ᠤ ᠬᠤᠪᠢ ᠳᠤ᠂ ᠢᠯᠠᠩᠭᠤᠶ᠎ᠠ ᠬᠥᠷᠥᠰᠥ ᠰᠢᠷᠣᠢ ᠶᠢᠨ ᠴᠢᠭᠢᠭ ᠤᠨ ᠪᠠᠶᠢᠳᠠᠯ ᠰᠠᠶᠢᠨ᠂ ᠠᠭᠠᠷ ᠤᠨ ᠳᠤᠯᠠᠭᠠᠨ ᠨᠡᠯᠢᠶᠡᠳ ᠥᠨᠳᠥᠷ ᠭᠠᠵᠠᠷ ᠣᠷᠣᠨ ᠳᠤ ᠦᠷ᠎ᠡ ᠪᠦᠲᠦᠮᠵᠢ  ᠨᠢ ᠢᠯᠡᠳᠳᠡ ᠪᠠᠶᠢᠳᠠᠭ᠃ ᠠᠭᠤᠷ ᠠᠮᠢᠰᠬᠤᠯ᠂ ᠬᠥᠷᠥᠰᠥ ᠰᠢᠷᠣᠢ ᠶᠢᠨ ᠨᠥᠬᠦᠴᠡᠯ᠂ ᠪᠤᠵᠠᠷ ᠡᠪᠡᠰᠦᠨ ᠤ ᠡᠭᠦᠰᠦᠭᠰᠡᠨ ᠪᠠᠶᠢᠳᠠᠯ ᠵᠡᠷᠭᠡ ᠶᠢ ᠶᠡᠷᠦᠩᠬᠡᠶᠢᠯᠡᠨ ᠠᠰᠢᠭᠯᠠᠵᠤ᠂ ᠲᠣᠬᠢᠷᠠᠮᠵᠢᠲᠠᠢ ᠭᠠᠵᠠᠷ ᠣᠷᠣᠨ᠂ ᠲᠠᠷᠢᠶᠠᠨ ᠭᠠᠵᠠᠷ ᠲᠤ ᠴᠢᠬᠢᠯᠡᠬᠦ ᠠᠴᠠ ᠡᠮᠦᠨ᠎ᠡ ᠪᠢᠲᠡᠭᠦᠮᠵᠢᠯᠡᠨ ᠡᠪᠡᠰᠦ ᠠᠷᠢᠯᠭᠠᠬᠤ ᠶᠢ ᠴᠠᠭ ᠲᠤᠨᠢ ᠲᠣᠬᠢᠷᠠᠭᠤᠯᠤᠨ ᠥᠷᠨᠢᠭᠦᠯᠵᠦ᠂ ᠴᠢᠬᠢᠯᠡᠭᠰᠡᠨ ᠤ ᠳᠠᠷᠠᠭᠠᠬᠢ ᠡᠪᠡᠰᠦ ᠠᠷᠢᠯᠭᠠᠬᠤ ᠳᠠᠷᠤᠯᠲᠠ ᠶᠢ ᠪᠠᠭᠠᠰᠬᠠᠬᠤ ᠬᠡᠷᠡᠭᠲᠡᠢ᠃      1.ᠡᠮ ᠨᠠᠶᠢᠷᠠᠯᠭ᠎ᠠ ᠶᠢ ᠵᠣᠬᠢᠰᠲᠠᠢ ᠰᠤᠩᠭᠤᠬᠤ ᠬᠡᠷᠡᠭᠲᠡᠢ᠃ ᠲᠠᠷᠢᠶᠠᠨ ᠭᠠᠵᠠᠷ ᠤᠨ ᠡᠯᠳᠡᠪ ᠡᠪᠡᠰᠦᠨ ᠤ ᠡᠭᠦᠰᠦᠯᠲᠡ ᠶᠢᠨ ᠲᠥᠷᠥᠯ ᠵᠦᠢᠯ ᠵᠢᠴᠢ ᠳᠠᠷᠠᠭᠠᠴᠢ ᠶᠢᠨ ᠲᠠᠷᠢᠮᠠᠯ ᠢ ᠦᠨᠳᠦᠰᠦᠯᠡᠵᠦ᠂ ᠭᠠᠵᠠᠷ ᠣᠷᠣᠨ ᠤ ᠪᠠᠶᠢᠳᠠᠯ  ᠳᠤᠨᠢ ᠲᠣᠬᠢᠷᠠᠭᠤᠯᠤᠨ᠂ ᠡᠲ᠋ᠢᠯ ᠡᠪᠡᠰᠦᠨ ᠠᠮᠢᠨ᠂ ᠢᠽᠤᠫᠷᠤᠫᠢᠯ ᠡᠪᠡᠰᠦᠨ ᠠᠮᠢᠨ᠂ ᠨᠠᠷᠢᠯᠢᠭ ᠢᠽᠤᠫᠷᠤᠫᠢᠯ ᠡᠪᠡᠰᠦᠨ ᠠᠮᠢᠨ᠂ ᠢᠽᠤᠤᠺᠰᠠᠽᠤᠯ ᠡᠪᠡᠰᠦᠨ ᠺᠧᠲ᠋ᠤᠨ᠂ ᠠᠽᠢᠨ ᠡᠪᠡᠰᠦᠨ ᠺᠧᠲ᠋ᠤᠨ᠂ ᠥᠷᠢ ᠶᠢᠨ ᠰᠡᠬᠦᠯ ᠢ ᠠᠷᠢᠯᠭᠠᠬᠤ᠂2,4- ᠳ᠋ᠢ ᠢᠽᠤ᠋ ᠣᠺᠲ᠋ᠠ ᠡᠰᠲ᠋ᠧᠷ᠂ ᠲᠢᠤᠹᠧᠨ ᠰᠦᠯᠹᠣᠨ ᠯᠦᠩ᠂ ᠲᠢᠤᠹᠧᠨ ᠰᠦᠯᠹᠣᠨ ᠯᠦᠩ᠂ ᠽᠤᠯᠮᠢ ᠰᠦᠯᠹᠣᠨ ᠡᠪᠡᠰᠦᠨ ᠠᠮᠢᠨ ᠵᠡᠷᠭᠡ ᠡᠮ ᠵᠢᠴᠢ ᠲᠡᠭᠦᠨ ᠤ ᠨᠡᠶᠢᠯᠡᠮᠡᠯ ᠨᠠᠶᠢᠷᠠᠯᠭ᠎ᠠ ᠶᠢ ᠰᠣᠩᠭᠤᠨ ᠬᠥᠷᠥᠰᠥ ᠶᠢ ᠪᠢᠲᠡᠭᠦᠮᠵᠢᠯᠡᠨ ᠰᠢᠢᠳᠪᠦᠷᠢᠯᠡᠬᠦ ᠬᠡᠷᠡᠭᠲᠡᠢ᠃      2.ᠡᠮ ᠬᠡᠷᠡᠭᠯᠡᠬᠦ ᠬᠤᠭᠤᠴᠠᠭ᠎ᠠ ᠪᠠ ᠡᠮ ᠤᠨ ᠬᠡᠮᠵᠢᠶ᠎ᠡ᠃ ᠡᠷᠳᠡᠨᠢ ᠰᠢᠰᠢ ᠶᠢ ᠳᠠᠷᠢᠭᠰᠠᠨ ᠤ ᠳᠠᠷᠠᠭ᠎ᠠ 3-5 ᠡᠳᠦᠷ ᠤᠨ ᠳᠣᠲᠣᠷ᠎ᠠ ᠡᠮ ᠬᠡᠷᠡᠭᠯᠡᠬᠦ ᠬᠡᠷᠡᠭᠲᠡᠢ᠂ ᠠᠭᠠᠷ ᠤᠨ ᠳᠤᠯᠠᠭᠠᠨ ᠨᠢ 15-27℃᠂ ᠠᠭᠠᠷ ᠤᠨ ᠴᠢᠭᠢᠭᠲᠦᠴᠡ ᠬᠠᠷᠢᠴᠠᠩᠭᠤᠢ ᠶᠡᠭᠡ ᠦᠶᠡᠰ ᠡᠮ ᠣᠷᠣᠭᠤᠯᠪᠠᠯ ᠦᠷ᠎ᠡ ᠳ᠋ᠦᠩ ᠨᠢ ᠰᠠᠶᠢᠨ ᠪᠠᠶᠢᠳᠠᠭ᠃ ᠱᠣᠰᠢᠭ᠎ᠠ ᠲᠡᠮᠳᠡᠭ ᠢᠶᠠᠷ ᠲᠠᠨᠢᠯᠴᠠᠭᠤᠯᠤᠭᠰᠠᠨ ᠡᠮ ᠤᠨ ᠬᠡᠮᠵᠢᠶ᠎ᠡ ᠶᠢ ᠴᠢᠩᠭ᠎ᠠ ᠵᠢᠷᠤᠮᠯᠠᠨ ᠡᠮ ᠬᠡᠷᠡᠭᠯᠡᠵᠦ᠂ ᠬᠡᠷᠪᠡ ᠬᠥᠷᠥᠰᠥ ᠰᠢᠷᠣᠢ ᠨᠢ ᠨᠢᠯᠴᠠᠭᠠᠶ᠂ ᠣᠷᠭᠠᠨᠢᠭ ᠪᠣᠳᠠᠰ ᠤᠨ ᠠᠭᠤᠯᠤᠭᠳᠠᠴᠠ ᠨᠢ ᠥᠨᠳᠥᠷ ᠪᠠᠶᠢᠪᠠᠯ᠂ ᠱᠣᠰᠢᠭ᠎ᠠ ᠲᠡᠮᠳᠡᠭ ᠢᠶᠠᠷ ᠲᠠᠨᠢᠯᠴᠠᠭᠤᠯᠤᠭᠰᠠᠨ ᠡᠮ ᠤᠨ ᠬᠡᠮᠵᠢᠶ᠎ᠡ ᠶᠢᠨ ᠳᠡᠭᠡᠳᠦ ᠬᠢᠵᠠᠭᠠᠷ ᠢ ᠬᠡᠷᠡᠭᠯᠡᠵᠦ ᠪᠣᠯᠣᠨ᠎ᠠ᠂ ᠬᠡᠷᠡᠭᠯᠡᠬᠦ ᠡᠮ ᠤᠨ ᠬᠡᠮᠵᠢᠶ᠎ᠡ ᠶᠢ ᠳᠤᠷ᠎ᠠ ᠪᠠᠷ ᠢᠶᠠᠨ ᠨᠡᠮᠡᠭᠳᠡᠭᠦᠯᠵᠦ ᠪᠣᠯᠬᠤ ᠦᠭᠡᠢ︔ ᠠᠭᠤᠷ ᠠᠮᠢᠰᠬᠤᠯ ᠭᠠᠩ ᠬᠠᠭᠤᠷᠠᠢ᠂ ᠬᠥᠷᠥᠰᠥ ᠰᠢᠷᠣᠢ ᠶᠢᠨ ᠭᠠᠩ ᠬᠠᠭᠤᠷᠠᠢ ᠭᠠᠵᠠᠷ ᠲᠤ ᠵᠣᠬᠢᠬᠤ ᠬᠡᠮᠵᠢᠶ᠎ᠡ ᠪᠠᠷ ᠤᠰᠤ ᠬᠤᠯᠢᠬᠤ ᠬᠡᠮᠵᠢᠶ᠎ᠡ ᠶᠢ ᠨᠡᠮᠡᠭᠳᠡᠭᠦᠯᠬᠦ ᠪᠤᠶᠤ ᠤᠷᠢᠳ ᠢᠶᠠᠷ ᠨᠢᠭᠡ ᠤᠳᠠᠭ᠎ᠠ ᠤᠰᠤ ᠰᠦᠷᠴᠢᠵᠦ ᠳᠠᠬᠢᠨ ᠡᠪᠡᠰᠦ ᠠᠷᠢᠯᠭᠠᠭᠴᠢ ᠶᠢ ᠬᠡᠷᠡᠭᠯᠡᠬᠦ ᠬᠡᠷᠡᠭᠲᠡᠢ᠃ ᠡᠮ ᠨᠠᠶᠢᠷᠠᠭᠤᠯᠬᠤ ᠳᠤ ︽ᠬᠤᠶᠠᠳᠠᠭᠢ ᠤᠳᠠᠭ᠎ᠠ ᠰᠢᠩᠭᠡᠷᠡᠭᠦᠯᠬᠦ ᠠᠷᠭ᠎ᠠ︾ ᠶᠢ ᠬᠡᠷᠡᠭᠯᠡᠬᠦ ᠬᠡᠷᠡᠭᠲᠡᠢ᠃      3.ᠠᠩᠬᠠᠷᠬᠤ ᠵᠦᠢᠯ᠃ ① ᠡᠯᠡᠰᠦᠷᠬᠡᠭ ᠭᠠᠵᠠᠷ ᠰᠢᠷᠣᠢ ᠶᠢᠨ ᠬᠡᠰᠡᠭ ᠲᠤ᠂ ᠠᠽᠢᠺᠤᠨ ᠡᠪᠡᠰᠦᠨ ᠺᠧᠲ᠋ᠣᠨ᠂2,4- ᠳ᠋ᠢ ᠢᠽᠤ᠋ ᠣᠺᠲ᠋ᠠ ᠡᠰᠲ᠋ᠧᠷ ᠵᠡᠷᠭᠡ ᠡᠮ ᠢ ᠬᠡᠷᠡᠭᠯᠡᠬᠦ ᠳᠤ ᠲᠣᠬᠢᠷᠠᠮᠵᠢ ᠦᠭᠡᠢ᠂ ᠰᠢᠮᠡᠳᠦᠨ ᠠᠭᠤᠰᠬᠤ ᠡᠮ ᠤᠨ ᠬᠤᠣᠷ ᠬᠥᠨᠥᠭᠡᠯ ᠢ ᠰᠡᠷᠭᠡᠶᠢᠯᠡᠬᠦ ᠬᠡᠷᠡᠭᠲᠡᠢ︔ ᠣᠨᠳᠣᠣ ᠫᠷᠦᠫᠢᠯᠳᠦ ᠡᠪᠡᠰᠦᠨ ᠠᠮᠢᠨ ᠤ ᠳᠣᠣᠷ᠎ᠠ ᠳᠤᠯᠠᠭᠠᠨ᠂ ᠭᠠᠩ ᠬᠠᠭᠤᠷᠠᠢ ᠦᠶ᠎ᠡ ᠳᠤ ᠡᠪᠡᠰᠦ ᠠᠷᠢᠯᠭᠠᠬᠤ ᠦᠢᠯᠡᠳᠦᠯ ᠨᠢ ᠨᠡᠯᠢᠶᠡᠳ ᠮᠠᠭᠤ ᠪᠠᠶᠢᠳᠠᠭ︔ ᠬᠦᠢᠲᠡᠨ ᠪᠣᠷᠣᠭᠠᠨ ᠡᠯᠪᠡᠭ ᠴᠠᠭ ᠠᠭᠤᠷ ᠲᠣᠬᠢᠶᠠᠯᠳᠤᠪᠠᠯ᠂ ᠬᠤᠲᠣᠭᠤᠷ ᠭᠠᠵᠠᠷ ᠠᠮᠠᠷᠬᠠᠨ ᠤᠰᠤᠲᠤᠬᠤ ᠭᠠᠵᠠᠷ ᠲᠤ ᠡᠲ᠋ᠢᠯ ᠡᠪᠡᠰᠦᠨ ᠠᠮᠢᠨ᠂ ᠠᠽᠢᠨ ᠡᠪᠡᠰᠦᠨ ᠺᠧᠲ᠋ᠣᠨ ᠤ ᠨᠠᠶᠢᠷᠠᠯᠭ᠎ᠠ ᠶᠢ ᠬᠡᠷᠡᠭᠯᠡᠬᠦ ᠳᠡᠭᠡᠨ ᠡᠮ ᠣᠷᠣᠭᠤᠯᠬᠤ ᠬᠤᠭᠤᠴᠠᠭ᠎ᠠ ᠪᠠ ᠬᠡᠷᠡᠭᠯᠡᠬᠦ ᠬᠡᠮᠵᠢᠶ᠎ᠡ ᠶᠢᠨ ᠰᠣᠩᠭᠤᠯᠲᠠ ᠶᠢ ᠠᠩᠬᠠᠷᠴᠤ᠂ ᠡᠮ ᠤᠨ ᠬᠥᠨᠥᠭᠡᠯ ᠡᠭᠦᠰᠬᠦ ᠠᠴᠠ ᠵᠠᠶᠢᠯᠠᠰᠬᠢᠬᠦ ᠬᠡᠷᠡᠭᠲᠡᠢ᠃ ② ᠡᠮ ᠬᠡᠷᠡᠭᠯᠡᠬᠦ ᠠᠴᠠ ᠡᠮᠦᠨ᠎ᠡ ᠡᠮ ᠰᠦᠷᠴᠢᠬᠦ ᠪᠠᠭᠠᠵᠢ ᠬᠡᠷᠡᠭᠰᠡᠯ ᠢ ᠲᠤᠶᠢᠯᠪᠤᠷᠢᠲᠠᠢ ᠤᠬᠢᠶᠠᠨ ᠴᠡᠪᠡᠷᠯᠡᠵᠦ᠂ ᠪᠠᠷᠢᠮᠵᠢᠶᠠᠲᠤ ᠳᠡᠪᠢᠭᠦᠷ ᠬᠡᠯᠪᠡᠷᠢᠲᠦ ᠰᠦᠷᠴᠢᠭᠦᠷ ᠤᠭᠰᠠᠷᠠᠭᠰᠠᠨ ᠥᠨᠳᠥᠷ ᠠᠰᠢᠭᠲᠤ ᠤᠷᠭᠤᠮᠠᠯ ᠤᠨ ᠬᠠᠮᠠᠭᠠᠯᠠᠯᠲᠠ ᠶᠢᠨ ᠪᠠᠭᠠᠵᠢ ᠬᠡᠷᠡᠭᠰᠡᠯ ᠢ ᠰᠣᠩᠭᠤᠨ ᠬᠡᠷᠡᠭᠯᠡᠬᠦ ᠬᠡᠷᠡᠭᠲᠡᠢ᠃ ③ ᠰᠠᠯᠬᠢᠨ ᠤ ᠬᠦᠴᠦ ᠨᠢ 3 ᠳᠡᠰ ᠠᠴᠠ ᠳᠡᠭᠡᠭᠰᠢ ᠶᠡᠭᠡ ᠰᠠᠯᠬᠢᠨ ᠲᠠᠢ ᠡᠳᠦᠷ ᠡᠮ ᠣᠷᠤᠭᠤᠯᠬᠤ ᠳᠤ ᠲᠣᠬᠢᠷᠠᠮᠵᠢ ᠦᠭᠡᠢ᠂ ᠡᠮ ᠤᠨ ᠬᠦᠪᠦᠯᠲᠡ ᠶᠢᠨ ᠬᠥᠨᠥᠭᠡᠯ ᠠᠮᠠᠷᠬᠠᠨ ᠡᠭᠦᠰᠳᠡᠭ᠃④ ᠡᠮ ᠣᠷᠣᠭᠤᠯᠤᠭᠰᠠᠨ ᠤ ᠳᠠᠷᠠᠭ᠎ᠠ7-10 ᠡᠳᠦᠷ ᠤᠨ ᠳᠣᠲᠣᠷ᠎ᠠ ᠲᠠᠷᠢᠶᠠᠨ ᠠᠵᠢᠯ ᠤᠨ ᠬᠠᠮᠢᠶᠠᠷᠤᠯᠲᠠ ᠶᠢᠨ ᠠᠵᠢᠯᠯᠠᠭ᠎ᠠ ᠶᠢ ᠳᠠᠬᠢᠨ ᠳᠠᠪᠲᠠᠨ ᠬᠢᠬᠦ ᠠᠴᠠ ᠵᠠᠶᠢᠯᠠᠰᠬᠢᠵᠦ᠂ ᠡᠮ ᠤᠨ ᠪᠦᠷᠬᠦᠪᠴᠢ ᠶᠢ ᠡᠪᠳᠡᠬᠦ ᠠᠴᠠ ᠵᠠᠶᠢᠯᠠᠰᠬᠢᠬᠦ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号