ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2022-2023 ᠣᠨ ᠤ ︽ᠢᠳᠡᠰᠢᠨ ᠨᠣᠭᠤᠭ᠎ᠠ︾ ᠶᠢᠨ ᠬᠤᠳᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/4/11
ᠬᠢᠩᠭᠠᠨ ᠠᠶᠢᠮᠠᠭ ᠂ ᠰᠢᠯᠢ ᠶᠢᠨ ᠭᠤᠣᠯ ᠠᠶᠢᠮᠠᠭ ᠂ ᠠᠯᠠᠱᠠ ᠠᠶᠢᠮᠠᠭ ᠤᠨ ᠵᠠᠬᠢᠷᠭ᠎ᠠ ᠂ ᠪᠤᠭᠤᠲᠤ ᠬᠤᠳᠠ ᠂ ᠬᠥᠯᠥᠨ ᠪᠤᠶᠢᠷ ᠬᠤᠳᠠ ᠂ ᠲᠦᠩᠯᠢᠶᠣᠣ ᠬᠤᠳᠠ ᠂ ᠤᠯᠠᠭᠠᠨᠬᠠᠳᠠ ᠬᠤᠳᠠ ᠂ ᠤᠯᠠᠭᠠᠨᠴᠠᠪ ᠬᠤᠳᠠ ᠂ ᠣᠷᠳᠣᠰ ᠬᠤᠳᠠ ᠂ ᠪᠠᠶᠠᠨᠨᠠᠭᠤᠷ ᠬᠤᠳᠠ ᠂ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠄      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠢᠳᠡᠰᠢᠨ ᠨᠣᠭᠤᠭ᠎ᠠ︾ ᠶᠢᠨ ᠬᠤᠳᠠ  ᠶᠢᠨ ᠳᠠᠷᠤᠭ᠎ᠠ  ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠳᠠᠯᠠᠬᠤ ᠲᠤᠬᠠᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽︿ᠢᠳᠡᠰᠢᠨ ᠨᠣᠭᠤᠭ᠎ᠠ﹀ ᠶᠢᠨ ᠬᠤᠳᠠ  ᠶᠢᠨ ᠳᠠᠷᠤᠭ᠎ᠠ  ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 59 ᠳ᠋ᠦ᠋ᠭᠡᠷ ᠲᠣᠭᠠᠲᠤ ᠂ ᠳᠣᠷᠣᠭᠰᠢ ︽ᠬᠢᠨᠠᠨ ᠰᠢᠯᠭᠠᠬᠤ ᠠᠷᠭ᠎ᠠ︾ ᠭᠡᠵᠦ ᠲᠣᠪᠴᠢᠯᠠᠨ᠎ᠠ︶᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ  ᠨᠢ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠤᠭ᠎ᠠ ᠪᠦᠷᠢᠳᠬᠡᠯ ᠤᠨ ᠲᠣᠪᠴᠢᠶ᠎ᠠ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ  ᠳᠠᠬᠢ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ︽ᠢᠳᠡᠰᠢᠨ ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ︵ᠳᠣᠷᠣᠭᠰᠢ ︽ᠬᠠᠮᠲᠤᠷᠠᠭᠰᠠᠨ ᠬᠤᠷᠠᠯ︾ ᠭᠡᠵᠦ ᠲᠣᠪᠴᠢᠯᠠᠨ᠎ᠠ︶ ᠤᠨ ᠪᠦᠷᠢᠯᠳᠦᠭᠦᠨ ᠨᠢᠭᠡᠴᠢ ᠲᠠᠢ ᠬᠠᠮᠲᠤᠷᠠᠨ᠂ 11 ᠠᠶᠢᠮᠠᠭ ᠬᠤᠲᠠ ᠶᠢᠨ 2022 - 2023 ᠣᠨ ᠤ ︽ᠢᠳᠡᠰᠢᠨ ᠨᠣᠭᠤᠭ᠎ᠠ︾ ᠶᠢᠨ ᠬᠤᠳᠠ  ᠶᠢᠨ ᠳᠠᠷᠤᠭ᠎ᠠ  ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠰᠢᠯᠭᠠᠨ ᠬᠢᠨᠠᠯᠳᠠ ᠬᠢᠨ᠎ᠡ ︵ᠬᠥᠬᠡᠬᠤᠲᠠ ᠳᠤ ᠲᠠᠷᠢᠶᠠᠯᠠᠩ ᠬᠥᠳᠡᠭᠡ ᠲᠣᠰᠬᠤᠨ ᠤ ᠶᠠᠮᠤᠨ ᠲᠦᠷᠦᠭᠦᠯᠡᠨ ᠰᠢᠯᠭᠠᠨ ᠬᠢᠨᠠᠨ᠎ᠠ︶᠃ ᠡᠳᠦᠭᠡ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠮᠡᠳᠡᠭᠳᠡᠶ᠎ᠡ ᠃      ᠨᠢᠭᠡ ᠂ ᠰᠢᠯᠭᠠᠨ ᠬᠢᠨᠠᠬᠤ ᠠᠵᠢᠯ ᠤᠨ ᠲᠤᠬᠠᠢ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠢᠳᠡᠰᠢᠨ ᠨᠣᠭᠤᠭ᠎ᠠ︾ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠡᠭᠦᠨ ᠢ ᠢᠮᠠᠭᠲᠠ ᠠᠷᠠᠳ ᠤᠨ ᠠᠮᠢᠳᠤᠷᠠᠯ ᠤᠨ ᠴᠢᠬᠤᠯᠠ ᠶᠡᠭᠡ ᠶᠠᠪᠤᠳᠠᠯ ᠪᠣᠯᠭᠠᠨ᠎ᠠ᠃ ᠶᠡᠷᠦᠩᠬᠡᠢ ᠱᠦᠵᠢ ᠰᠢ ᠶᠢᠨ ᠫᠢᠩ ︽ ︿ ᠢᠳᠡᠰᠢᠨ ᠨᠣᠭᠤᠭ᠎ᠠ ﹀ ᠶᠢᠨ ᠬᠤᠳᠠ ᠶᠢᠨ ᠳᠠᠷᠤᠭ᠎ᠠ ᠬᠠᠷᠢᠭᠤᠴᠠᠬᠤ ᠳᠦᠷᠢᠮ ᠂ ︿ ᠬᠦᠨᠡᠰᠦᠨ ᠤ ᠤᠭᠤᠲᠠ ﹀ ᠶᠢ ᠮᠤᠵᠢ ᠶᠢᠨ ᠳᠠᠷᠤᠭ᠎ᠠ ᠬᠠᠷᠢᠭᠤᠴᠠᠬᠤ ᠳᠦᠷᠢᠮ ᠢ ᠡᠷᠬᠡᠪᠰᠢ ᠪᠠᠷᠢᠮᠲᠠᠯᠠᠬᠤ ᠬᠡᠷᠡᠭᠲᠡᠢ ︾ ᠭᠡᠵᠦ ᠴᠢᠬᠤᠯᠠᠴᠢᠯᠠᠵᠠᠢ ᠃ ︽ᠢᠳᠡᠰᠢᠨ ᠨᠣᠭᠤᠭ᠎ᠠ︾ ᠶᠢᠨ ᠬᠤᠳᠠ  ᠶᠢᠨ ᠳᠠᠷᠤᠭ᠎ᠠ  ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠯᠳᠠ ᠬᠢᠬᠦ ᠪᠣᠯ ᠬᠤᠲᠠ ᠶᠢᠨ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠴᠢᠳᠠᠪᠤᠷᠢ ᠶᠢ ᠰᠢᠯᠭᠠᠨ ᠪᠠᠶᠢᠴᠠᠭᠠᠬᠤ ᠴᠢᠬᠤᠯᠠ ᠠᠷᠭ᠎ᠠ ᠬᠡᠮᠵᠢᠶ᠎ᠡ ᠮᠥᠨ᠂ ᠠᠶᠢᠮᠠᠭ ᠬᠤᠲᠠ ᠶᠢᠨ ᠳᠠᠷᠤᠭ᠎ᠠ ᠶᠢ ᠱᠠᠯᠠᠪᠳᠠᠭᠤᠯᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠭᠦᠯᠬᠦ ᠶᠢᠨ ᠴᠢᠬᠤᠯᠠ ᠭᠠᠷᠳᠠᠴᠠ ᠮᠥᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ᠂ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠶᠢᠨ ᠴᠢᠬᠤᠯᠠ ᠠᠭᠤᠯᠭ᠎ᠠ ᠮᠥᠨ᠃ ᠬᠢᠨᠠᠨ ᠰᠢᠯᠭᠠᠯᠲᠠ ᠶᠢᠨ ︽ᠳᠣᠬᠢᠭᠤᠷ︾ ᠤᠨ ᠦᠢᠯᠡᠳᠦᠯ ᠢ ᠨᠠᠩ ᠰᠠᠶᠢᠨ ᠪᠠᠳᠠᠷᠠᠭᠤᠯᠬᠤ ᠶᠢᠨ ᠲᠥᠯᠥᠭᠡ᠂ ᠲᠣᠰ ᠤᠳᠠᠭᠠᠨ ᠤ ᠬᠢᠨᠠᠨ ᠰᠢᠯᠭᠠᠯᠲᠠ ᠳᠤ ︽ᠢᠳᠡᠰᠢᠨ ᠨᠣᠭᠤᠭ᠎ᠠ︾ ᠶᠢᠨ ᠬᠤᠳᠠ  ᠶᠢᠨ ᠳᠠᠷᠤᠭ᠎ᠠ  ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠴᠢᠩᠭ᠎ᠠ ᠳᠠᠯᠪᠢᠬᠤ ᠶᠢᠨ ᠲᠣᠭᠤᠷᠢᠨ ᠳᠤ᠂ ᠦᠢᠯᠡᠳᠪᠦᠷᠢᠯᠡᠯ ᠤᠨ ᠴᠢᠳᠠᠪᠤᠷᠢ ᠪᠠ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢᠨ ᠳᠡᠭᠡᠭᠰᠢᠯᠡᠯᠲᠡ ᠶᠢ ᠳᠣᠪᠤᠶᠢᠯᠭᠠᠵᠤ᠂ ᠵᠠᠬ᠎ᠠ ᠳᠡᠯᠭᠡᠭᠦᠷ ᠤᠨ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠴᠢᠬᠤᠯᠠᠴᠢᠯᠠᠪᠠ᠃ ᠡᠯ᠎ᠡ ᠠᠶᠢᠮᠠᠭ ᠬᠤᠲᠠ ᠨᠤᠭᠤᠳ ᠰᠢᠯᠭᠠᠨ ᠬᠢᠨᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠪᠥᠬᠦ ᠲᠠᠯ᠎ᠠ ᠶᠢᠨ ᠳᠡᠭᠡᠳᠦ ᠬᠡᠮᠵᠢᠶᠡᠨ ᠠᠴᠠ ᠲᠠᠨᠢᠵᠤ᠂ ᠲᠡᠭᠦᠨ ᠢ ᠰᠢᠨ᠎ᠡ ᠴᠠᠭ ᠦᠶ᠎ᠡ ᠶᠢᠨ ᠰᠢᠨ᠎ᠡ ᠠᠶᠠᠨ ᠵᠠᠮ ᠳᠠᠬᠢ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠤ ᠠᠵᠢᠯ ᠢ ᠰᠠᠶᠢᠲᠤᠷ ᠠᠳᠬᠤᠬᠤ ᠶᠢᠨ ᠴᠢᠬᠤᠯᠠ ᠠᠭᠤᠯᠭ᠎ᠠ ᠪᠣᠯᠭᠠᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠰᠢᠯᠭᠠᠨ ᠬᠢᠨᠠᠬᠤ ᠠᠵᠢᠯ ᠢ ᠴᠢᠨᠠᠷ ᠰᠠᠶᠢᠲᠠᠢ ᠪᠥᠭᠡᠳ ᠥᠨᠳᠥᠷ ᠦᠷ᠎ᠡ ᠪᠦᠲᠦᠮᠵᠢᠲᠡᠶ ᠪᠠᠷ ᠪᠡᠶᠡᠯᠡᠭᠦᠯᠵᠦ᠂ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠲᠣᠭᠲᠠᠭᠤᠨ ᠪᠥᠭᠡᠳ ᠠᠮᠤᠷ ᠲᠦᠪᠰᠢᠨ ᠢᠶᠠᠷ ᠬᠠᠩᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃      ᠬᠤᠶᠠᠷ᠂ ᠰᠢᠯᠭᠠᠨ ᠬᠢᠨᠠᠬᠤ ᠠᠵᠢᠯ ᠤᠨ ᠲᠣᠬᠢᠷᠠᠭᠤᠯᠤᠯᠲᠠ      ︵ᠨᠢᠭᠡ︶ ᠥᠪᠡᠷ ᠢ ᠪᠠᠨ ᠦᠨᠡᠯᠡᠬᠦ ᠃ 2024 ᠣᠨ ᠤ 7 ᠰᠠᠷ᠎ᠠ ᠶᠢᠨ 31 ᠤ ᠡᠳᠦᠷ ᠡᠯ᠎ᠡ ᠠᠶᠢᠮᠠᠭ ᠬᠤᠲᠠ ᠨᠤᠭᠤᠳ ︽ᠰᠢᠯᠭᠠᠨ ᠬᠢᠨᠠᠬᠤ ᠠᠷᠭ᠎ᠠ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠢᠳᠡᠰᠢᠨ ᠨᠣᠭᠤᠭ᠎ᠠ﹀ ᠶᠢᠨ ᠬᠤᠳᠠ  ᠶᠢᠨ ᠳᠠᠷᠤᠭ᠎ᠠ  ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠷᠭ᠎ᠠ  ᠶᠢ ᠬᠡᠷᠡᠭᠵᠢᠭᠦᠯᠬᠦ ᠨᠠᠷᠢᠨ ᠳᠦᠷᠢᠮ︾ ︵ᠥᠪᠥᠷ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠲᠣᠭᠲᠠᠭᠠᠯ ﹇2024﹈ 2 ᠳ᠋ᠤᠭᠠᠷ ᠲᠣᠭᠠᠲᠤ ᠶᠣᠰᠣᠭᠠᠷ᠂ ᠳᠣᠷᠣᠭᠰᠢ ︽ᠬᠡᠷᠡᠭᠵᠢᠭᠦᠯᠬᠦ ᠨᠠᠷᠢᠨ ᠳᠦᠷᠢᠮ︾ ᠭᠡᠵᠦ ᠲᠣᠪᠴᠢᠯᠠᠨ᠎ᠠ︶ ᠳᠤ᠂ ᠰᠢᠯᠭᠠᠨ ᠬᠢᠨᠠᠬᠤ ᠬᠤᠭᠤᠴᠠᠭᠠᠨ ᠳᠠᠬᠢ ︽ᠢᠳᠡᠰᠢᠨ ᠨᠣᠭᠤᠭ᠎ᠠ︾ ᠶᠢᠨ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠠᠵᠢᠯ ᠢ ᠪᠥᠬᠦ ᠲᠠᠯ᠎ᠠ ᠪᠠᠷ ᠳ᠋ᠦᠩᠨᠡᠵᠦ᠂ ᠥᠪᠡᠰᠦᠪᠡᠨ ᠦᠨᠡᠯᠡᠵᠦ ᠬᠤᠪᠢ ᠥᠭᠬᠦ ᠠᠵᠢᠯ ᠢ ᠥᠷᠨᠢᠭᠦᠯᠦᠨ᠂ ᠦᠪᠡᠷᠲᠡᠭᠡᠨ ᠪᠠᠶᠢᠴᠠᠭᠠᠭᠰᠠᠨ ᠮᠡᠳᠡᠭᠦᠯᠦᠯᠲᠡ ᠪᠣᠯᠭᠠᠬᠤ ᠶᠢᠨ ᠬᠠᠮᠲᠤ ᠣᠯᠣᠭᠰᠠᠨ ᠬᠤᠪᠢ ᠶᠢᠨ ᠭᠡᠷᠡᠴᠢᠯᠡᠬᠦ ᠮᠠᠲ᠋ᠧᠷᠢᠶᠠᠯ ᠢ ᠬᠠᠩᠭᠠᠵᠤ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠤᠣᠯᠴᠢᠯᠠᠨ ᠬᠠᠮᠢᠶᠠᠷᠬᠤ ᠬᠠᠷᠢᠭᠤᠴᠠᠯᠭᠠᠲᠠᠨ ᠢᠶᠠᠷ ᠬᠢᠨᠠᠨ ᠬᠠᠷᠭᠤᠭᠤᠯᠤᠭᠤᠯᠵᠤ ᠪᠣᠭᠤᠮᠲᠠ ᠰᠠᠬᠢᠭᠤᠯᠤᠭᠰᠠᠨ ᠤ ᠳᠠᠷᠠᠭ᠎ᠠ᠂ ᠲᠠᠮᠠᠭ᠎ᠠ ᠳᠠᠷᠤᠭᠰᠠᠨ ᠴᠠᠭᠠᠰᠤᠨ ᠬᠡᠪ ᠤᠨ ᠪᠢᠴᠢᠭ ᠮᠠᠲ᠋ᠧᠷᠢᠶᠠᠯ ︵ᠨᠢᠭᠡ ᠬᠡᠯᠪᠡᠷᠢ ᠶᠢᠨ ᠭᠤᠷᠪᠠᠨ ᠬᠤᠪᠢ︶ ᠪᠣᠯᠣᠨ ᠡᠯᠧᠺᠲᠷᠣᠨ ᠬᠡᠪᠯᠡᠯ ᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠳᠤ ᠮᠡᠳᠡᠭᠦᠯᠦᠨ ᠬᠦᠷᠭᠡᠬᠦ ᠬᠡᠷᠡᠭᠲᠡᠢ ᠭᠡᠵᠦ ᠱᠠᠭᠠᠷᠳᠠᠪᠠ᠃ ᠦᠪᠡᠷᠲᠡᠭᠡᠨ ᠪᠠᠶᠢᠴᠠᠭᠠᠭᠰᠠᠨ ᠮᠡᠳᠡᠭᠦᠯᠦᠯᠲᠡ ᠳᠤ 2022 - 2023 ᠣᠨ ᠤ ᠲᠣᠰ ᠠᠶᠢᠮᠠᠭ ᠬᠤᠲᠠ ᠶᠢᠨ ︽ᠢᠳᠡᠰᠢᠨ ᠨᠣᠭᠤᠭ᠎ᠠ︾ ᠶᠢᠨ ᠬᠤᠳᠠ  ᠶᠢᠨ ᠳᠠᠷᠤᠭ᠎ᠠ  ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠪᠤᠰᠤᠳᠴᠢ ᠪᠠᠷ ᠲᠤᠰᠬᠠᠵᠤ᠂ ᠬᠤᠪᠢ ᠶᠢ  ᠦᠪᠡᠷᠲᠡᠭᠡᠨ ᠦᠨᠡᠯᠡᠬᠦ ᠪᠠᠨ ᠲᠣᠳᠣᠷᠬᠠᠶᠢᠯᠠᠨ᠂ ᠠᠵᠢᠯ ᠤᠨ ᠦᠷ᠎ᠡ ᠪᠦᠲᠦᠮᠵᠢ ᠪᠠᠨ ᠳ᠋ᠦᠩᠨᠡᠵᠦ᠂ ᠠᠰᠠᠭᠤᠳᠠᠯ ᠤᠨ ᠬᠦᠷᠦᠯᠴᠡᠬᠦ ᠦᠭᠡᠢ ᠲᠠᠯ᠎ᠠ ᠶᠢ ᠡᠷᠢᠵᠦ᠂ ᠪᠣᠳᠠᠲᠠᠢ ᠰᠢᠯᠲᠠᠭᠠᠨ ᠢ ᠵᠠᠳᠠᠯᠵᠤ᠂ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠪᠠᠨ ᠳᠤᠷᠠᠳᠤᠨ ᠭᠠᠷᠭᠠᠵᠤ᠂ ᠥᠰᠥᠭ ᠤᠨ ᠲᠤᠭ᠎ᠠ ᠶᠢ 4000 ᠥᠰᠥᠭ ᠤᠨ ᠳᠣᠲᠣᠷ᠎ᠠ ᠪᠠᠶᠢᠯᠭᠠᠬᠤ ᠬᠡᠷᠡᠭᠲᠡᠢ᠃      ︵ᠬᠤᠶᠠᠷ︶ ᠰᠠᠯᠠᠭ᠎ᠠ ᠮᠥᠴᠢᠷ ᠳᠠᠬᠢᠨ ᠬᠢᠨᠠᠨ᠎ᠠ᠃ 8 ᠰᠠᠷ᠎ᠠ ᠶᠢᠨ 30 ᠤ ᠡᠳᠦᠷ ᠠᠴᠠ ᠡᠮᠦᠨ᠎ᠡ᠂ ︽ᠰᠢᠯᠭᠠᠨ ᠬᠢᠨᠠᠬᠤ ᠠᠷᠭ᠎ᠠ︾ ᠶᠢᠨ ᠡᠭᠦᠷᠭᠡ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠤᠳ ᠰᠠᠯᠠᠭ᠎ᠠ ᠮᠥᠴᠢᠷ ᠪᠠ ᠨᠢᠭᠡᠴᠡ ᠲᠠᠢ ᠬᠠᠮᠲᠤᠷᠠᠨ᠂ ᠰᠢᠯᠭᠠᠨ ᠬᠢᠨᠠᠬᠤ ᠭᠦᠢᠴᠡᠳᠬᠡᠯ ᠲᠤᠭ᠎ᠠ ᠵᠢᠴᠢ ᠱᠠᠭᠠᠷᠳᠠᠯᠭ᠎ᠠ ᠲᠠᠢ ᠬᠠᠷᠢᠴᠠᠭᠤᠯᠵᠤ᠂ ᠡᠳᠦᠷ ᠲᠤᠲᠤᠮ ᠤᠨ ᠬᠢᠨᠠᠯᠲᠠ ᠲᠠᠯᠪᠢᠵᠤ ᠪᠠᠶᠢᠴᠠᠭᠠᠭᠰᠠᠨ ᠪᠠᠶᠢᠳᠠᠯ ᠲᠠᠢ ᠪᠠᠨ ᠤᠶᠠᠯᠳᠤᠭᠤᠯᠤᠨ᠂ ᠳᠠᠬᠢᠨ ᠬᠢᠨᠠᠵᠤ ᠦᠨᠡᠯᠡᠨ ᠲᠣᠭᠲᠠᠭᠠᠵᠤ᠂ ᠪᠢᠴᠢᠭᠯᠡᠭᠰᠡᠨ ᠰᠠᠨᠠᠯ ᠢ ᠪᠣᠶ ᠪᠣᠯᠭᠠᠵᠤ ︽ᠬᠠᠮᠲᠤᠷᠠᠭᠰᠠᠨ ᠬᠤᠷᠠᠯ︾ ᠤᠨ ᠠᠯᠪᠠᠨ ᠭᠡᠷ ᠲᠤ ᠮᠡᠳᠡᠭᠦᠯᠵᠦ ᠬᠤᠷᠢᠶᠠᠩᠭᠤᠶᠢᠯᠠᠭᠤᠯᠤᠨ᠎ᠠ᠃      ︵ᠭᠤᠷᠪᠠ︶ ᠰᠤᠭᠤᠴᠢᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ᠎ᠠ᠃ ᠡᠯ᠎ᠡ ᠠᠶᠢᠮᠠᠭ ᠬᠤᠲᠠ ᠶᠢᠨ ᠥᠪᠡᠷᠲᠡᠭᠡᠨ ᠪᠠᠶᠢᠴᠠᠭᠠᠭᠰᠠᠨ ᠮᠡᠳᠡᠭᠦᠯᠦᠯᠲᠡ ᠪᠠ ︽ᠬᠠᠮᠲᠤᠷᠠᠭᠰᠠᠨ ᠬᠤᠷᠠᠯ︾ ᠤᠨ ᠪᠦᠷᠢᠯᠳᠦᠭᠦᠨ ᠨᠢᠭᠡᠴᠢ ᠶᠢᠨ ᠪᠢᠴᠢᠭᠯᠡᠭᠰᠡᠨ ᠰᠠᠨᠠᠯ ᠢ ᠦᠨᠳᠦᠰᠦᠯᠡᠨ᠂ ᠰᠤᠭᠤᠴᠢᠨ ᠪᠠᠶᠢᠴᠠᠭᠠᠭᠰᠠᠨ 4 ᠠᠶᠢᠮᠠᠭ ᠬᠤᠲᠠ ᠶᠢ ᠲᠣᠭᠲᠠᠭᠠᠵᠤ᠂ ︽ᠬᠠᠮᠲᠤᠷᠠᠭᠰᠠᠨ ᠬᠤᠷᠠᠯ︾ ᠤᠨ ᠪᠦᠷᠢᠯᠳᠦᠭᠦᠨ ᠨᠢᠭᠡᠴᠡ ᠨᠢ ᠠᠵᠢᠯᠯᠠᠬᠤ ᠳᠤᠭᠤᠶᠢᠯᠠᠩ ᠪᠠᠶᠢᠭᠤᠯᠤᠨ ᠲᠤᠬᠠᠢ ᠶᠢᠨ ᠭᠠᠵᠠᠷ ᠲᠤᠨᠢ ᠰᠢᠯᠭᠠᠨ ᠬᠢᠨᠠᠬᠤ ᠶᠢ ᠥᠷᠨᠢᠭᠦᠯᠵᠦ᠂ ᠰᠤᠭᠤᠴᠢᠨ ᠪᠠᠶᠢᠴᠠᠭᠠᠵᠤ ᠰᠢᠯᠭᠠᠨ ᠬᠢᠨᠠᠭᠰᠠᠨ ᠮᠡᠳᠡᠭᠦᠯᠦᠯᠲᠡ ᠶᠢ ᠪᠣᠶ ᠪᠣᠯᠭᠠᠨ᠎ᠠ᠃      ︵ ᠳᠥᠷᠪᠡ ︶ ᠶᠡᠷᠦᠩᠬᠡᠶᠢᠯᠡᠨ ᠦᠨᠡᠯᠡᠨ ᠲᠤᠭᠳᠠᠭᠠᠨ᠎ᠠ ᠃ 12 ᠰᠠᠷ᠎ᠠ ᠶᠢᠨ 15 ᠤ ᠡᠳᠦᠷ ᠠᠴᠠ ᠡᠮᠦᠨ᠎ᠡ᠂ ︽ᠬᠠᠮᠲᠤᠷᠠᠭᠰᠠᠨ ᠬᠤᠷᠠᠯ︾ ᠨᠢ ᠳᠠᠬᠢᠨ ᠬᠢᠨᠠᠭᠰᠠᠨ ᠦᠷ᠎ᠡ ᠳ᠋ᠦᠩ ᠪᠠ ᠰᠤᠭᠤᠴᠢᠨ ᠪᠠᠶᠢᠴᠠᠭᠠᠵᠤ ᠰᠢᠯᠭᠠᠨ ᠬᠢᠨᠠᠭᠰᠠᠨ ᠪᠠᠶᠢᠳᠠᠯ ᠢ ᠬᠢᠨᠠᠨ ᠵᠥᠪᠯᠡᠵᠦ᠂ ᠰᠢᠯᠭᠠᠨ ᠬᠢᠨᠠᠭᠰᠠᠨ ᠦᠷ᠎ᠡ ᠳ᠋ᠦᠩ ᠢ ᠲᠣᠭᠲᠠᠭᠠᠨ᠂ ᠶᠡᠷᠦᠩᠬᠡᠶᠢᠯᠡᠭᠰᠡᠨ ᠰᠢᠯᠭᠠᠨ ᠬᠢᠨᠠᠭᠰᠠᠨ ᠮᠡᠳᠡᠭᠦᠯᠦᠯᠲᠡ ᠪᠣᠯᠭᠠᠵᠤ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠬᠦ ᠬᠡᠷᠡᠭᠲᠡᠢ᠃      ︵ᠲᠠᠪᠤ︶ ᠦᠷ᠎ᠡ ᠳ᠋ᠦᠩ ᠤᠨ ᠬᠠᠷᠢᠭᠤ ᠲᠤᠰᠬᠠᠯ᠃ ᠰᠢᠯᠭᠠᠨ ᠬᠢᠨᠠᠭᠰᠠᠨ ᠦᠷ᠎ᠡ ᠳ᠋ᠦᠩ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠨᠠᠪᠲᠠᠷᠡᠭᠦᠯᠵᠦ᠂ ᠵᠠᠯᠭᠠᠭ᠎ᠠ ᠪᠠᠷ ᠬᠤᠶᠠᠷ ᠤᠳᠠᠭ᠎ᠠ ᠰᠢᠯᠭᠠᠨ ᠬᠢᠨᠠᠭᠰᠠᠨ ᠦᠷ᠎ᠡ ᠳ᠋ᠦᠩ ᠨᠢ ᠰᠢᠯᠢᠳᠡᠭ ᠬᠤᠲᠠ ᠶᠢ ᠨᠡᠪᠲᠡᠷᠡᠭᠦᠯᠦᠨ ᠰᠠᠶᠢᠰᠢᠶᠠᠨ᠎ᠠ᠃      ᠭᠤᠷᠪᠠ᠂ ᠰᠢᠯᠭᠠᠨ ᠬᠢᠨᠠᠬᠤ ᠠᠵᠢᠯ ᠤᠨ ᠱᠠᠭᠠᠷᠳᠠᠯᠭ᠎ᠠ      ︵ᠨᠢᠭᠡ︶ ᠵᠣᠭᠰᠣᠴᠠ ᠪᠠᠨ ᠳᠡᠭᠡᠭᠰᠢᠯᠡᠭᠦᠯᠵᠦ ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠪᠠᠶᠢᠷᠢᠯᠠᠭᠤᠯᠬᠤ ᠭᠡᠷᠡᠭᠳᠡᠢ ᠃ ᠡᠯ᠎ᠡ ᠠᠶᠢᠮᠠᠭ ᠬᠤᠲᠠ ᠨᠤᠭᠤᠳ ︽ᠢᠳᠡᠰᠢᠨ ᠨᠣᠭᠤᠭ᠎ᠠ︾ ᠶᠢᠨ ᠬᠤᠳᠠ  ᠶᠢᠨ ᠳᠠᠷᠤᠭ᠎ᠠ  ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠪᠥᠭᠡᠳ ᠪᠣᠳᠠᠲᠠᠶᠢᠵᠢᠭᠤᠯᠵᠤ᠂ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠲᠣᠭᠲᠠᠭᠤᠨ ᠪᠥᠭᠡᠳ ᠠᠮᠤᠷ ᠲᠦᠪᠰᠢᠨ ᠢᠶᠠᠷ ᠬᠠᠩᠭᠠᠬᠤ ᠶᠢ ᠪᠠᠲᠤᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠦᠢᠯᠡᠳᠪᠦᠷᠢᠯᠡᠯ᠂ ᠭᠦᠢᠯᠭᠡᠭᠡᠨ᠂ ᠶᠠᠰᠤ ᠴᠢᠨᠠᠷ᠂ ᠲᠣᠬᠢᠷᠠᠭᠤᠯᠤᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠰᠢᠯᠭᠠᠨ ᠬᠢᠨᠠᠬᠤ ᠠᠵᠢᠯ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠦᠨ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠰᠢᠯᠭᠠᠨ ᠬᠢᠨᠠᠬᠤ ᠠᠵᠢᠯ ᠢ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠪᠠᠷ ᠲᠣᠭᠲᠠᠭᠰᠠᠨ ᠬᠤᠭᠤᠴᠠᠭᠠᠨ ᠳᠠᠭᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃      ︵ᠬᠤᠶᠠᠷ︶ ᠪᠤᠰᠤᠳᠴᠢ ᠪᠥᠭᠡᠳ ᠦᠨᠡᠨ ᠪᠣᠳᠠᠲᠠᠢ ᠪᠠᠶᠢᠵᠤ᠂ ᠮᠠᠲ᠋ᠧᠷᠢᠶᠠᠯ ᠢᠶᠠᠨ ᠴᠠᠭ ᠲᠤᠬᠠᠢ ᠳᠤᠨᠢ ᠮᠡᠳᠡᠭᠦᠯᠦᠨ ᠬᠦᠷᠭᠡᠬᠦ ᠬᠡᠷᠡᠭᠲᠡᠢ᠃ ᠡᠯ᠎ᠡ ᠠᠶᠢᠮᠠᠭ ᠬᠤᠲᠠ ᠨᠤᠭᠤᠳ ᠠᠵᠢᠯ ᠢᠶᠠᠨ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠦᠨᠡᠨ ᠢ ᠪᠠᠷᠢᠮᠲᠠᠯᠠᠨ ᠲᠤᠰᠬᠠᠵᠤ᠂ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠮᠠᠲ᠋ᠧᠷᠢᠶᠠᠯ ᠢᠶᠠᠨ ᠪᠣᠳᠠᠲᠠᠢ ᠪᠠᠷ ᠮᠡᠳᠡᠭᠦᠯᠦᠨ ᠬᠦᠷᠭᠡᠵᠦ᠂ ᠲᠤᠭ᠎ᠠ ᠪᠠᠷᠢᠮᠲᠠ ᠨᠢ ᠦᠨᠡᠨ ᠪᠣᠳᠠᠲᠠᠢ ᠪᠥᠭᠡᠳ ᠣᠨᠣᠪᠴᠢᠲᠠᠶ ᠪᠠᠶᠢᠵᠤ᠂ ᠮᠠᠲ᠋ᠧᠷᠢᠶᠠᠯ ᠨᠢ ᠨᠠᠷᠢᠨ ᠪᠣᠳᠠᠲᠠᠢ ᠪᠠᠶᠢᠵᠤ᠂ ᠵᠠᠷᠴᠢᠮ ᠳᠡᠭᠡᠷ᠎ᠡ ᠪᠠᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠡᠷᠡᠭᠯᠡᠨ᠂ ᠵᠢᠩᠬᠢᠨᠢ ᠪᠢᠴᠢᠭ ᠮᠠᠲ᠋ᠧᠷᠢᠶᠠᠯ᠂ ᠣᠨᠴᠣᠭᠤᠢ ᠪᠠᠶᠢᠳᠠᠯ ᠢ ᠦᠨᠳᠦᠰᠦᠯᠡᠨ ᠠᠰ ᠲᠤᠨᠢ ᠲᠣᠳᠣᠷᠬᠠᠶᠢᠯᠠᠯᠲᠠ ᠳᠠᠭᠠᠯᠳᠤᠭᠤᠯᠬᠤ ᠬᠡᠷᠡᠭᠲᠡᠢ᠃ ᠰᠢᠯᠭᠠᠨ ᠬᠢᠨᠠᠬᠤ ᠳᠤᠮᠳᠠ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠠᠶᠢᠮᠠᠭ ᠬᠤᠲᠠ ᠶᠢ ᠰᠢᠯᠭᠠᠨ ᠬᠢᠨᠠᠭᠰᠠᠨ ᠬᠢᠷᠢ ᠪᠦᠲᠦᠮᠵᠢ ᠶᠢ ᠨᠢ ᠬᠦᠴᠦᠨ ᠦᠭᠡᠢ ᠪᠣᠯᠭᠠᠬᠤ ᠶᠢᠨ ᠬᠠᠮᠲᠤ ᠨᠡᠪᠲᠡᠷᠡᠭᠦᠯᠦᠨ ᠰᠢᠭᠦᠮᠵᠢᠯᠡᠵᠦ᠂ ᠰᠢᠭᠤᠳ ᠬᠠᠷᠢᠭᠤᠴᠠᠯᠭ᠎ᠠ ᠲᠠᠢ ᠬᠥᠮᠥᠨ ᠠᠴᠠ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ ᠤᠯᠤᠰ ᠤᠨ ᠨᠢᠭᠤᠴᠠ᠂ ᠠᠵᠢᠯ ᠤᠨ ᠨᠢᠭᠤᠴᠠ ᠳᠤ ᠬᠤᠯᠪᠣᠭᠳᠠᠬᠤ ᠲᠤᠭ᠎ᠠ ᠪᠠᠷᠢᠮᠲᠠ ᠶᠢᠨ ᠮᠠᠲ᠋ᠧᠷᠢᠶᠠᠯ ᠢ ᠤᠯᠤᠰ ᠤᠨ ᠨᠢᠭᠤᠴᠠ ᠶᠢ ᠬᠠᠮᠠᠭᠠᠯᠠᠬᠤ ᠲᠣᠭᠲᠠᠭᠠᠯ ᠪᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠮᠡᠳᠡᠭᠦᠯᠦᠨ ᠬᠦᠷᠭᠡᠬᠦ ᠬᠡᠷᠡᠭᠲᠡᠢ᠃      ︵ᠭᠤᠷᠪᠠ︶ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠭᠡᠷᠡᠭᠳᠡᠢ ᠃ ᠡᠯ᠎ᠡ ᠠᠶᠢᠮᠠᠭ ᠬᠤᠲᠠ ᠨᠤᠭᠤᠳ ᠰᠢᠯᠭᠠᠨ ᠬᠢᠨᠠᠬᠤ ᠶᠢ ︽ᠢᠳᠡᠰᠢᠨ ᠨᠣᠭᠤᠭ᠎ᠠ︾ ᠶᠢᠨ ᠠᠵᠢᠯ ᠤᠨ ᠪᠣᠳᠠᠲᠤ ᠠᠮᠵᠢᠯᠲᠠ ᠶᠢ ᠪᠥᠬᠦ ᠲᠠᠯ᠎ᠠ ᠪᠠᠷ ᠪᠠᠶᠢᠴᠠᠭᠠᠬᠤ᠂ ᠢᠨᠵᠧᠨᠧᠷᠢᠩ ᠤᠨ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠶᠠᠪᠤᠴᠠ ᠪᠣᠯᠭᠠᠵᠤ᠂ ᠠᠰᠠᠭᠤᠳᠠᠯ ᠢ ᠬᠢᠨᠠᠮᠠᠭᠠᠢ ᠡᠷᠢᠵᠦ᠂ ᠰᠢᠯᠲᠠᠭᠠᠨ ᠢ ᠭᠦᠨᠵᠡᠭᠡᠢ ᠵᠠᠳᠠᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠵᠢᠯ ᠤᠨ ᠬᠢᠷᠢ ᠬᠡᠮᠵᠢᠶ᠎ᠡ ᠪᠠᠨ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃      ᠳᠥᠷᠪᠡ᠂ ᠬᠠᠷᠢᠯᠴᠠᠬᠤ ᠠᠷᠭ᠎ᠠ ᠮᠠᠶ᠋ᠢᠭ      ᠬᠠᠷᠢᠯᠴᠠᠬᠤ ᠬᠥᠮᠥᠨ᠄ ᠼᠤᠤ ᠯᠢ ᠰᠢᠶᠠ ᠵᠣᠣ ᠶᠠᠨ      ᠬᠠᠷᠢᠯᠴᠠᠬᠤ ᠤᠲᠠᠰᠤ᠄ 0471-6652090᠂ 18147163730      ᠭᠠᠵᠠᠷ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠡᠭᠡᠯᠢ ᠶᠢᠨ 70 ᠳ᠋ᠤᠭᠠᠷ ᠨᠣᠮᠧᠷ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠵᠠᠬ᠎ᠠ ᠳᠡᠯᠭᠡᠭᠦᠷ ᠬᠢᠭᠡᠳ ᠭᠠᠳᠠᠭᠠᠳᠤ ᠯᠤᠭ᠎ᠠ ᠶᠢᠨ ᠬᠠᠮᠲᠤᠷᠠᠯᠴᠠᠭᠠᠨ ᠤ ᠭᠠᠵᠠᠷ                              ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ                            ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                            ᠡᠳ᠋ ᠤᠨ ᠵᠠᠰᠠᠭ ᠤᠨ ᠲᠢᠩᠬᠢᠮ                            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                            ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ                            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                            ᠬᠤᠳᠠᠯᠳᠤᠭᠠᠨ ᠤ ᠶᠠᠪᠤᠳᠠᠯ ᠤᠨ ᠲᠢᠩᠬᠢᠮ                            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                            ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ                            ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ                            ᠶᠡᠷᠦᠩᠬᠡᠢ ᠲᠣᠪᠴᠢᠶ᠎ᠠ                               2024 ᠣᠨ ᠤ 4 ᠰᠠᠷ᠎ᠠ ᠶᠢᠨ 11 ᠤ ᠡᠳᠦᠷ    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号