ᠶᠠᠭᠤ ᠶᠢ ᠬᠤᠯᠢᠮᠠᠭ ᠨᠤᠭᠤᠭᠠᠨ ᠳᠠᠷᠤᠰᠢ ᠭᠡᠬᠦ ᠪᠤᠢ︖ ᠶᠠᠮᠠᠷ ᠶᠠᠮᠠᠷ ᠲᠦᠷᠦᠯ ᠪᠠᠶᠢᠳᠠᠭ ᠪᠤᠢ︖
ᠨᠡᠶᠢᠲᠡᠯᠡᠭᠰᠡᠨ ᠴᠠᠭ᠄
2024/4/13
      ᠵᠠᠷᠢᠮ ᠡᠪᠡᠰᠦ ᠪᠣᠷᠳᠤᠭ᠎ᠠ ᠶᠢ ᠲᠠᠩ ᠢᠶᠠᠷ ᠨᠢ ᠳᠠᠷᠤᠰᠢᠭᠤᠯᠪᠠᠯ ᠠᠮᠠᠷᠬᠠᠨ ᠪᠦᠲᠦᠬᠦ ᠦᠭᠡᠢ᠂ ᠬᠡᠷᠪᠡ ᠬᠤᠶᠠᠷ ᠵᠦᠢᠯ ᠪᠤᠶᠤ ᠬᠤᠶᠠᠷ ᠠᠴᠠ ᠳᠡᠭᠡᠭᠰᠢ ᠵᠦᠢᠯ ᠤᠨ ᠲᠦᠭᠦᠬᠡᠢ ᠡᠳ᠋ ᠢ ᠬᠤᠯᠢᠵᠤ ᠳᠠᠷᠤᠰᠢᠭᠤᠯᠪᠠᠯ ᠴᠢᠨᠠᠷ ᠰᠠᠶᠢᠲᠠᠢ ᠳᠠᠷᠤᠰᠢᠭᠤᠯᠤᠭᠰᠠᠨ ᠪᠣᠷᠳᠤᠭ᠎ᠠ ᠶᠢ ᠨᠠᠶᠢᠷᠠᠭᠤᠯᠵᠤ ᠳᠡᠶᠢᠯᠦᠨ᠎ᠡ᠂ ᠬᠤᠯᠢᠮᠠᠭ ᠨᠤᠭᠤᠭᠠᠨ ᠳᠠᠷᠤᠰᠢ ᠳᠤ ᠳᠣᠣᠷᠠᠬᠢ ᠮᠡᠲᠦ ᠭᠤᠷᠪᠠᠨ ᠵᠦᠢᠯ ᠤᠨ ᠬᠡᠯᠪᠡᠷᠢ ᠪᠠᠶᠢᠳᠠᠭ᠄      ᠨᠢᠭᠡ᠂ ᠤᠰᠤᠨ ᠤ ᠲᠡᠩᠴᠡᠭᠦᠷᠢ ᠶᠢᠨ ᠬᠡᠯᠪᠡᠷᠢ      ᠤᠰᠤᠨ ᠤ ᠠᠭᠤᠯᠤᠭᠳᠠᠴᠠ ᠪᠠᠷ ᠶᠡᠭᠡ ᠶᠢ ᠤᠰᠤᠨ ᠤ ᠠᠭᠤᠯᠤᠭᠳᠠᠴᠠ ᠪᠠᠷ ᠪᠠᠭ᠎ᠠ ᠲᠦᠭᠦᠬᠡᠢ ᠡᠳ᠋ ᠲᠠᠢ ᠬᠤᠯᠢᠵᠤ ᠳᠠᠷᠤᠰᠢᠭᠤᠯᠤᠨ᠎ᠠ ᠃ ᠵᠢᠱᠢᠶᠡᠯᠡᠪᠡᠯ ᠰᠢᠬᠢᠷ ᠯᠤᠤᠪᠠᠩ ᠤᠨ ᠨᠠᠪᠴᠢ᠂ ᠲᠥᠮᠥᠰᠦᠯᠢᠭ ᠦᠨᠳᠦᠰᠦ᠂ ᠲᠥᠮᠥᠰᠦᠯᠢᠭ ᠡᠰᠢᠨ ᠤ ᠲᠦᠷᠦᠯ᠂ ᠭᠤᠸᠠ ᠶᠢᠨ ᠲᠦᠷᠦᠯ᠂ ᠢᠳᠡᠰᠢᠨ ᠨᠣᠭᠤᠭᠠᠨ ᠤ ᠳᠠᠭᠠᠯᠲᠠ ᠪᠦᠲᠦᠭᠡᠭᠳᠡᠬᠦᠨ ᠵᠡᠷᠭᠡ ᠶᠢ ᠳᠠᠷᠤᠰᠢᠭᠤᠯᠬᠤ ᠳᠤ ᠲᠠᠷᠢᠮᠠᠯ ᠤᠨ ᠡᠰᠢ ᠰᠦᠷᠡᠯ ᠤᠨ ᠬᠠᠯᠢᠰᠤ ᠵᠡᠷᠭᠡ ᠲᠠᠢ ᠬᠤᠯᠢᠵᠤ ᠳᠠᠷᠤᠰᠢᠭᠤᠯᠵᠤ ᠪᠣᠯᠣᠨ᠎ᠠ᠃ ᠡᠨᠡ ᠨᠢ ᠨᠤᠭᠤᠭᠠᠨ ᠳᠠᠷᠤᠰᠢ ᠶᠢᠨ ᠴᠢᠨᠠᠷ ᠢ ᠲᠡᠭᠡᠭᠰᠢᠯᠡᠭᠦᠯᠬᠦ ᠪᠠᠷ  ᠪᠠᠷᠠᠬᠤ ᠦᠭᠡᠢ᠂ ᠤᠰᠤ ᠨᠡᠮᠡᠬᠦ ᠠᠵᠢᠯ ᠤᠨ ᠳᠠᠷᠠᠭᠠᠯᠠᠯ ᠢ ᠴᠤ  ᠠᠷᠪᠢᠯᠠᠵᠤ ᠳᠡᠶᠢᠯᠦᠨ᠎ᠡ᠃      ᠬᠤᠶᠠᠷ᠂ ᠰᠢᠬᠢᠷ ᠤᠨ ᠲᠡᠩᠴᠡᠭᠦᠷᠢ ᠶᠢᠨ ᠬᠡᠯᠪᠡᠷᠢ      ᠰᠢᠬᠢᠷ ᠤᠨ ᠠᠭᠤᠯᠤᠭᠳᠠᠴᠠ ᠪᠠᠭ᠎ᠠ ᠲᠦᠭᠦᠬᠡᠢ ᠡᠳ᠋ ᠢ ᠳᠠᠷᠤᠰᠢᠭᠤᠯᠬᠤ ᠳᠤ ᠬᠦᠴᠢᠷᠲᠡᠢ᠂ ᠰᠢᠬᠢᠷ ᠤᠨ ᠠᠭᠤᠯᠤᠭᠳᠠᠴᠠ ᠡᠯᠪᠡᠭ ᠲᠦᠭᠦᠬᠡᠢ ᠡᠳ᠋ ᠲᠠᠢ ᠬᠤᠯᠢᠵᠤ ᠳᠠᠷᠤᠰᠢᠭᠤᠯᠵᠤ ᠪᠣᠯᠣᠨ᠎ᠠ᠃ ᠵᠢᠱᠢᠶᠡᠯᠡᠪᠡᠯ ᠪᠤᠷᠴᠠᠭ ᠤᠨ ᠢᠵᠠᠭᠤᠷ ᠤᠨ ᠲᠡᠵᠢᠭᠡᠯ ᠡᠪᠡᠰᠦ ᠶᠢ ᠦᠶᠡᠲᠦ ᠤᠷᠭᠤᠮᠠᠯ ᠤᠨ ᠢᠵᠠᠭᠤᠷ ᠤᠨ ᠲᠡᠵᠢᠭᠡᠯ ᠡᠪᠡᠰᠦ ᠲᠠᠢ ᠬᠤᠯᠢᠵᠤ ᠳᠠᠷᠤᠰᠢᠭᠤᠯᠬᠤ᠃      ᠭᠤᠷᠪᠠ᠂ ᠰᠢᠮ᠎ᠡ ᠲᠡᠵᠢᠭᠡᠯ ᠤᠨ ᠲᠡᠩᠴᠡᠭᠦᠷᠢ ᠶᠢᠨ ᠬᠡᠯᠪᠡᠷᠢ      ᠨᠤᠭᠤᠭᠠᠨ ᠳᠠᠷᠤᠰᠢ ᠶᠢᠨ ᠰᠢᠮ᠎ᠡ ᠲᠡᠵᠢᠭᠡᠯ ᠤᠨ ᠥᠷᠲᠡᠭ ᠢ ᠳᠡᠭᠡᠭᠰᠢᠯᠡᠭᠦᠯᠬᠦ ᠶᠢᠨ ᠲᠥᠯᠥᠭᠡ ᠪᠤᠰᠤᠳ ᠲᠦᠭᠦᠬᠡᠢ ᠡᠳ᠋ ᠲᠠᠢ ᠨᠠᠶᠢᠷᠠᠭᠤᠯᠤᠨ᠎ᠠ᠃ ᠵᠢᠱᠢᠶᠡᠯᠡᠪᠡᠯ᠂ ᠤᠤᠯ ᠤᠨ ᠵᠥᠪᠯᠡᠯᠲᠦ ᠬᠤᠯᠪᠣᠭᠠᠲᠤ ᠤᠯᠤᠰ ᠤᠨ ᠭᠡᠷᠡᠭᠯᠡᠳᠡᠭ ᠡᠷᠳᠡᠨᠢ ᠰᠢᠰᠢ᠂ ᠨᠡᠷᠡᠨ ᠬᠤᠸᠠᠷ ᠢ ᠪᠤᠰᠤᠳ ᠪᠣᠷᠳᠤᠭ᠎ᠠ ᠲᠠᠢ ᠬᠤᠯᠢᠵᠤ ᠳᠠᠷᠤᠰᠢᠭᠤᠯᠤᠨ᠎ᠠ᠃ ᠵᠡᠪᠡ ᠸᠠᠨᠳᠧᠦ ᠪᠤᠷᠴᠠᠭ᠂ ᠨᠣᠬᠠᠢ ᠶᠢᠨ ᠬᠤᠰᠢᠭᠤ ᠶᠢ ᠪᠤᠰᠤᠳ ᠪᠤᠷᠳᠤᠭ᠎ᠠ ᠲᠠᠢ ᠬᠤᠯᠢᠵᠤ ᠳᠠᠷᠤᠰᠢᠭᠤᠯᠬᠤ ᠦᠶᠡᠰ  ᠨᠤᠭᠤᠭᠠᠨ ᠳᠠᠷᠤᠰᠢ ᠶᠢᠨ ᠲᠦᠭᠦᠬᠡᠢ ᠡᠳ᠋ ᠢ ᠰᠣᠩᠭᠤᠬᠤ ᠳᠤ ᠳᠣᠣᠷᠠᠬᠢ ᠬᠤᠶᠠᠷ ᠲᠠᠯ᠎ᠠ ᠶᠢ ᠪᠣᠳᠣᠯᠬᠢᠯᠠᠬᠤᠬᠡᠷᠡᠭᠲᠡᠢ᠄      1. ᠭᠦᠢᠴᠡᠳ ᠬᠡᠮᠵᠢᠶᠡᠨ ᠤ ᠰᠢᠩᠭᠡᠭᠡᠬᠦ ᠳᠤ ᠬᠢᠯᠪᠠᠷ ᠨᠡᠭᠦᠷᠡᠰᠦ ᠤᠰᠤᠨ ᠤ ᠨᠢᠭᠡᠳᠪᠦᠷᠢ᠂ ᠬᠤᠯᠤᠤᠪᠠᠩ ᠤᠨ ᠡᠳ᠋ ᠪᠠ ᠤᠭᠤᠷᠠᠭ ᠢ ᠠᠭᠤᠯᠬᠤ ᠴᠢᠬᠤᠯᠠᠳᠠᠢ  ᠃      2. ᠬᠤᠯᠢᠮᠠᠭ ᠪᠣᠳᠠᠰ ᠤᠨ ᠶᠡᠷᠦᠩᠬᠡᠢ ᠤᠰᠤᠨ ᠤ ᠠᠭᠤᠯᠤᠭᠳᠠᠴᠠ ᠨᠢ 60 - 70 ᠪᠠᠶᠢᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号