ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠲᠠᠢ ᠬᠠᠮᠲᠤᠷᠠᠨ ︽ᠬᠠᠤᠯᠢ ᠬᠡᠷᠡᠭᠵᠢᠭᠦᠯᠦᠯᠲᠡ ᠶᠢᠨ ᠬᠤᠷᠴᠠ ᠰᠡᠯᠡᠮ᠎ᠡ ᠪᠠᠷ ᠬᠠᠪᠤᠷ ᠤᠨ ᠲᠠᠷᠢᠶᠠᠯᠠᠭ᠎ᠠ ᠶᠢ ᠬᠠᠮᠠᠭᠠᠯᠠᠬᠤ︾ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2024/4/18
      2024 ᠣᠨ ᠤ 4 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠨᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠲᠠᠢ ᠬᠠᠮᠲᠤᠷᠠᠨ ︽ᠬᠠᠤᠯᠢ ᠬᠡᠷᠡᠭᠵᠢᠭᠦᠯᠦᠯᠲᠡ ᠶᠢᠨ ᠬᠤᠷᠴᠠ ᠰᠡᠯᠡᠮ᠎ᠡ  ᠪᠠᠷ ᠬᠠᠪᠤᠷ ᠤᠨ ᠲᠠᠷᠢᠶᠠᠯᠠᠭ᠎ᠠ ᠶᠢ ᠬᠠᠮᠠᠭᠠᠯᠠᠬᠤ︾ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠬᠠᠮᠢᠶ᠎ᠠ ᠪᠦᠬᠦᠢ ᠠᠵᠢᠯ ᠤᠨ ᠪᠠᠶᠢᠳᠠᠯ ᠢ ᠮᠡᠳᠡᠭᠳᠡᠪᠡ᠃      ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠦ᠋ ᠸᠡᠨ ᠼᠠᠢ ᠨᠥᠬᠦᠷ ᠭᠤᠣᠯᠳᠠᠭᠤ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠵᠣᠬᠢᠶᠠᠨ ᠪᠠᠶᠢᠭᠤᠯᠵᠤ ᠥᠷᠨᠢᠭᠦᠯᠦᠭᠰᠡᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠭᠤᠷᠮᠠᠭ ᠲᠤ ᠴᠣᠬᠢᠯᠲᠠ ᠥᠭᠴᠦ ᠬᠠᠪᠤᠷ ᠤᠨ ᠲᠠᠷᠢᠶᠠᠯᠠᠭ᠎ᠠ ᠳᠤ ᠪᠡᠯᠡᠳᠬᠡᠬᠦ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠪᠠᠶᠢᠳᠠᠯ ᠢ ᠲᠠᠨᠢᠯᠴᠠᠭᠤᠯᠵᠤ ᠂ ᠦᠷ᠎ᠡ ᠂ ᠮᠠᠯ ᠤᠨ ᠡᠮ ᠂ ᠪᠣᠷᠳᠣᠭᠤᠷ ᠂ ᠲᠠᠷᠢᠶᠠᠯᠠᠩ ᠤᠨ ᠮᠠᠰᠢᠨ ᠪᠠᠭᠠᠵᠢ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠢᠶᠠᠷ ᠭᠤᠣᠯᠳᠠᠯᠭ᠎ᠠ ᠪᠣᠯᠭᠠᠵᠤ᠂ ᠬᠠᠭᠤᠷᠮᠠᠭ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠦᠢᠯᠡᠳᠴᠦ ᠪᠣᠷᠣᠯᠠᠭᠤᠯᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠬᠦᠴᠦᠲᠡᠢ ᠰᠦᠷᠳᠡᠭᠦᠯᠦᠯ ᠢ ᠪᠤᠢ ᠪᠣᠯᠭᠠᠪᠠ ᠃ ᠡᠭᠦᠨ ᠤ ᠬᠠᠮᠲᠤ ᠳᠥᠷᠪᠡᠨ ᠲᠠᠯ᠎ᠠ  ᠠᠴᠠ ᠬᠠᠪᠤᠷ ᠤᠨ ᠲᠠᠷᠢᠶᠠᠯᠠᠭ᠎ᠠ  ᠶᠢᠨ ᠬᠠᠭᠤᠷᠮᠠᠭ ᠮᠠᠭᠤ ᠲᠠᠸᠠᠷ ᠲᠤ ᠴᠣᠬᠢᠯᠲᠠ ᠥᠭᠬᠦ ᠠᠵᠢᠯ ᠤᠨ ᠠᠷᠭ᠎ᠠ ᠬᠡᠮᠵᠢᠶ᠎ᠡ  ᠶᠢ ᠲᠠᠨᠢᠯᠴᠠᠭᠤᠯᠪᠠ᠄ ᠨᠢᠭᠡ ᠳᠤ ᠬᠤᠷᠠᠯ  ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠲᠤᠰᠬᠠᠢ ᠪᠠᠶᠢᠷᠢᠯᠠᠭᠤᠯᠤᠯᠲᠠ ᠬᠢᠨ᠎ᠡ︔ ᠬᠤᠶᠠᠷ ᠲᠤ ᠪᠢᠴᠢᠭ ᠮᠠᠲ᠋ᠧᠷᠢᠶᠠᠯ ᠢ ᠬᠠᠮᠲᠤᠷᠠᠨ ᠲᠣᠭᠲᠠᠭᠠᠵᠤ ᠨᠠᠷᠢᠯᠢᠭᠵᠢᠭᠤᠯᠤᠨ ᠨᠠᠶᠢᠳᠠᠪᠤᠷᠢᠵᠢᠭᠤᠯᠤᠨ᠎ᠠ ︔ ᠭᠤᠷᠪᠠ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠠᠭ ᠲᠤᠬᠠᠢ  ᠳᠤᠨᠢ ᠦᠷᠨᠢᠭᠦᠯᠦᠨ᠎ᠡ︔ ᠳᠥᠷᠪᠡ ᠳᠤ ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠤᠳᠠᠯ ᠬᠠᠭᠤᠷᠮᠠᠭ ᠢ ᠲᠠᠨᠢᠬᠤ ᠤᠬᠠᠭᠤᠯᠭ᠎ᠠ ᠶᠢ ᠴᠢᠩᠭᠠᠳᠬᠠᠨ᠎ᠠ ᠃       ᠲᠤᠬᠠᠢ ᠶᠢᠨ ᠭᠠᠵᠠᠷ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠲᠥᠪᠯᠡᠷᠡᠭᠦᠯᠦᠨ ᠲᠠᠷᠬᠠᠭᠠᠬᠤ ᠭᠠᠵᠠᠷ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠳᠡᠯᠭᠡᠭᠦᠷ ᠵᠡᠷᠭᠡ ᠪᠠᠷ ᠳᠠᠮᠵᠢᠭᠤᠯᠤᠨ᠂ ᠲᠤᠬᠠᠢ ᠶᠢᠨ ᠲᠠᠯᠠᠪᠤᠷ ᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ︾᠂ ︽ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠠᠪᠴᠤ ᠬᠡᠷᠡᠭᠯᠡᠬᠦ ᠲᠣᠳᠣᠷᠬᠠᠢ ᠴᠠᠭᠠᠰᠤ︾᠂ ︽ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠦᠢᠯᠡᠳᠪᠦᠷᠢᠯᠡᠨ ᠡᠵᠡᠩᠨᠡᠭᠴᠢ ᠶᠢᠨ ︿ᠲᠤᠯᠤᠭᠠᠨ ᠵᠤᠷᠪᠤᠰ﹀  ᠡᠷᠬᠡᠪᠰᠢ ᠮᠡᠳᠡᠬᠦ ᠵᠦᠢᠯ︾᠂ ︽ᠦᠷ᠎ᠡ ᠰᠣᠩᠭᠤᠵᠤ ᠬᠤᠳᠠᠯᠳᠤᠨ ᠠᠪᠬᠤ ᠲᠣᠳᠣᠷᠬᠠᠢ ᠴᠠᠭᠠᠰᠤ︾᠂ ︽ᠬᠢᠮᠢ ᠶᠢᠨ ᠪᠣᠷᠳᠣᠭᠤᠷ ᠰᠣᠩᠭᠤᠵᠤ ᠬᠤᠳᠠᠯᠳᠤᠨ ᠠᠪᠬᠤ ᠲᠣᠳᠣᠷᠬᠠᠢ ᠴᠠᠭᠠᠰᠤ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠤᠬᠠᠭᠤᠯᠬᠤ ᠶᠢᠨ ᠬᠠᠮᠲᠤ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠡᠭᠦᠳᠡ ᠡᠷᠦᠬᠡ ᠶᠢᠨ ᠰᠦᠯᠵᠢᠶ᠎ᠡ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ ᠥᠷᠭᠡᠨ ᠢᠶᠠᠷ ᠤᠬᠠᠭᠤᠯᠪᠠ᠃ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠲᠤᠬᠠᠢ ᠶᠢᠨ ᠲᠠᠯᠠᠪᠤᠷ ᠲᠤ ᠰᠤᠷᠪᠤᠯᠵᠢᠯᠠᠭᠴᠢ ᠨᠠᠶᠢᠵᠠ ᠨᠠᠷ ᠪᠣᠯᠣᠨ ᠥᠷᠭᠡᠨ ᠣᠯᠠᠨ ᠮᠠᠯᠴᠢᠨ ᠲᠠᠷᠢᠶᠠᠴᠢᠳ ᠤᠨ ᠠᠩᠬᠠᠷᠴᠤ ᠪᠠᠶᠢᠭ᠎ᠠ ᠠᠰᠠᠭᠤᠯᠲᠠ ᠶᠢ ᠬᠠᠷᠢᠭᠤᠯᠵᠠᠢ᠃ 
图片1.png
      ᠲᠠᠷᠠᠭᠠᠴᠢ ᠶᠢᠨ ᠠᠯᠬᠤᠮ ᠳᠤ ᠮᠠᠨ ᠤ ᠲᠣᠪᠴᠢᠶ᠎ᠠ ᠦᠷᠭᠦᠯᠵᠢᠯᠡᠨ ᠡᠯ᠎ᠡ ᠠᠶᠢᠮᠠᠭ ᠬᠤᠲᠠ ᠬᠤᠰᠢᠭᠤ ᠰᠢᠶᠠᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠬᠤ ᠶᠢ ᠱᠠᠯᠠᠪᠳᠠᠨ ᠵᠢᠯᠤᠭᠤᠳᠴᠤ᠂ ᠬᠠᠤᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠢ ᠴᠡᠪᠡᠷᠰᠢᠭᠦᠯᠦᠨ᠂ ᠮᠠᠯᠴᠢᠨ ᠲᠠᠷᠢᠶᠠᠴᠢᠨ ᠣᠯᠠᠨ ᠲᠦᠮᠡᠨ ᠳᠤ ᠰᠠᠨᠠᠭ᠎ᠠ ᠠᠮᠤᠷ ᠳᠠᠷᠢᠬᠤ᠂ ᠰᠠᠨᠠᠭ᠎ᠠ ᠠᠮᠤᠷ ᠡᠮ᠂ ᠰᠠᠨᠠᠭ᠎ᠠ ᠠᠮᠤᠷ ᠪᠣᠷᠳᠣᠭᠤᠷ ᠬᠡᠷᠡᠭᠯᠡᠭᠦᠯᠬᠦ ᠶᠢ ᠦᠨᠡᠨ ᠬᠦ ᠪᠠᠲᠤᠯᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ  ᠬᠠᠮᠠᠭᠠᠯᠠᠬᠤ ᠪᠠᠷ ᠪᠤᠢ ᠃
图片2.png
 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号