ᠨᠤᠭᠤᠭᠠᠨ ᠳᠠᠷᠤᠰᠢ ᠶᠢᠨ ᠶᠠᠰᠤ ᠴᠢᠨᠠᠷ ᠤᠨ ᠬᠢᠨᠠᠨ ᠲᠣᠭᠲᠠᠭᠠᠯᠲᠠ ᠶᠢ ᠬᠡᠷᠬᠢᠨ ᠬᠢᠬᠦ ᠪᠣᠢ︖
ᠨᠡᠶᠢᠲᠡᠯᠡᠭᠰᠡᠨ ᠴᠠᠭ᠄
2024/4/18
ᠨᠤᠭᠤᠭᠠᠨ ᠳᠠᠷᠤᠰᠢ ᠶᠢ ᠲᠡᠵᠢᠭᠡᠬᠦ ᠠᠴᠠ ᠡᠮᠦᠨ᠎ᠡ ᠪᠠ ᠲᠡᠵᠢᠭᠡᠬᠦ ᠳᠤ ᠪᠦᠷ ᠶᠠᠰᠤ ᠴᠢᠨᠠᠷ ᠤᠨ ᠬᠢᠨᠠᠨ ᠲᠣᠭᠲᠠᠭᠠᠯᠲᠠ ᠬᠢᠵᠦ᠂ ᠲᠡᠭᠦᠨ ᠤ ᠴᠢᠨᠠᠷ ᠰᠠᠶᠢᠨ ᠪᠠᠶᠢᠬᠤ ᠶᠢ ᠪᠠᠲᠤᠯᠠᠭᠰᠠᠨ ᠤ ᠳᠠᠷᠠᠭ᠎ᠠ ᠰᠠᠶ᠋ᠢ ᠲᠡᠵᠢᠭᠡᠬᠦ ᠬᠡᠷᠡᠭᠲᠡᠢ᠃ ᠦᠢᠯᠡᠳᠪᠦᠷᠢᠯᠡᠯ ᠤᠨ ᠳᠤᠮᠳᠠ ᠶᠡᠷᠦ ᠳᠡᠭᠡᠨ ᠰᠡᠷᠡᠯ ᠤᠨ ᠬᠢᠨᠠᠨ ᠲᠣᠭᠲᠠᠭᠠᠯᠲᠠ ᠶᠢ ᠬᠡᠷᠡᠭᠯᠡᠳᠡᠭ᠂ ᠲᠡᠭᠦᠨ ᠤ ᠬᠢᠨᠠᠨ ᠲᠣᠭᠲᠠᠭᠠᠯᠲᠠ ᠶᠢᠨ ᠪᠠᠷᠢᠮᠵᠢᠶ᠎ᠠ᠄      ᠨᠢᠭᠡ᠂ ᠥᠩᠭᠡ      ᠨᠤᠭᠤᠭᠠᠨ ᠳᠠᠷᠤᠰᠢ ᠶᠢᠨ ᠥᠩᠭᠡ ᠨᠢ ᠬᠡᠷᠡᠭᠯᠡᠬᠦ ᠲᠦᠭᠦᠬᠡᠢ ᠡᠳ᠋ ᠪᠠ ᠨᠠᠶᠢᠷᠠᠭᠤᠯᠬᠤ ᠠᠷᠭ᠎ᠠ ᠵᠡᠷᠭᠡ ᠨᠥᠬᠦᠴᠡᠯ ᠤᠨ ᠠᠳᠠᠯᠢ ᠪᠤᠰᠤ ᠠᠴᠠ ᠪᠣᠯᠵᠤ ᠵᠥᠷᠢᠶ᠎ᠡ ᠲᠠᠢ ᠪᠠᠶᠢᠳᠠᠭ᠃ ᠡᠩ ᠤᠨ ᠪᠠᠶᠢᠳᠠᠯ ᠳᠤ ᠨᠤᠭᠤᠭᠠᠨ ᠳᠠᠷᠤᠰᠢ  ᠶᠢᠨ ᠥᠩᠭᠡ ᠨᠢ ᠲᠦᠭᠦᠬᠡᠢ ᠡᠳ᠋ ᠲᠠᠢ ᠪᠠᠨ ᠬᠡᠳᠦᠢ ᠣᠶᠢᠷᠠᠯᠴᠠᠭ᠎ᠠ ᠪᠣᠯ ᠲᠡᠳᠦᠢ ᠰᠠᠶᠢᠨ᠂ ᠴᠢᠨᠠᠷ ᠰᠠᠶᠢᠲᠠᠢ ᠨᠤᠭᠤᠭᠠᠨ ᠳᠠᠷᠤᠰᠢ ᠨᠢ ᠨᠣᠭᠤᠭᠠᠨ ᠪᠤᠶᠤ ᠰᠢᠷ᠎ᠠ ᠨᠣᠭᠤᠭᠠᠨ ᠥᠩᠭᠡ ᠲᠠᠢ ᠪᠠᠶᠢᠳᠠᠭ︔ ᠳᠤᠮᠳᠠ ᠵᠡᠷᠭᠡ ᠶᠢᠨ ᠶᠠᠰᠤ ᠴᠢᠨᠠᠷ ᠲᠠᠢ ᠨᠢ ᠰᠢᠷ᠎ᠠ ᠬᠦᠷᠡᠩ ᠪᠤᠶᠤ ᠬᠠᠷᠠᠪᠲᠤᠷ ᠨᠣᠭᠤᠭᠠᠨ ᠥᠩᠭᠡᠲᠡᠢ᠂ ᠴᠢᠨᠠᠷ ᠮᠠᠭᠤᠲᠠᠢ ᠨᠢ ᠬᠦᠷᠡᠩ ᠪᠤᠶᠤ ᠬᠠᠷ᠎ᠠ ᠥᠩᠭᠡᠲᠡᠢ᠃      ᠬᠤᠶᠠᠷ᠂ ᠦᠨᠦᠷ      ᠴᠢᠨᠠᠷ ᠰᠠᠶᠢᠲᠠᠢ ᠨᠤᠭᠤᠭᠠᠨ ᠳᠠᠷᠤᠰᠢ ᠨᠢ ᠨᠡᠯᠢᠶᠡᠳ ᠥᠳᠬᠡᠨ ᠠᠩᠬᠢᠯᠤᠮ᠎ᠠ ᠦᠨᠦᠷᠲᠦ ᠠᠷᠢᠬᠢᠨ ᠤ ᠬᠦᠴᠢᠯᠯᠢᠭ ᠦᠨᠦᠷ ᠲᠠᠢ᠂ ᠦᠨᠦᠷ ᠨᠢ ᠵᠥᠭᠡᠯᠡᠨ᠂ ᠬᠦᠴᠢᠯᠯᠢᠭ ᠮᠥᠷᠲᠡᠭᠡᠨ ᠬᠠᠮᠠᠷ ᠭᠠᠳᠠᠮ᠎ᠠ ᠪᠢᠰᠢ ᠪᠠᠶᠢᠳᠠᠭ︔ ᠳᠤᠮᠳᠠ ᠵᠡᠷᠭᠡ ᠶᠢᠨ ᠴᠢᠨᠠᠷ ᠲᠠᠢ ᠨᠤᠭᠤᠭᠠᠨ ᠳᠠᠷᠤᠰᠢ ᠶᠢᠨ ᠬᠦᠴᠢᠯᠯᠢᠭ ᠠᠮᠲᠠ ᠨᠢ ᠨᠡᠯᠢᠶᠡᠳ ᠥᠳᠬᠡᠨ᠂ ᠵᠢᠭᠠᠬᠠᠨ ᠠᠷᠢᠬᠢᠨ ᠤ ᠦᠨᠦᠷ ᠪᠤᠶᠤ ᠼᠤᠤ ᠶᠢᠨ ᠦᠨᠦᠷ ᠲᠠᠢ᠂ ᠠᠩᠬᠢᠯᠤᠮ᠎ᠠ ᠦᠨᠦᠷ ᠨᠢ ᠨᠡᠯᠢᠶᠡᠳ ᠪᠠᠭᠤᠷᠠᠢ᠂ ᠡᠶᠢᠮᠦᠷᠬᠦᠦ ᠨᠤᠭᠤᠭᠠᠨ ᠳᠠᠷᠤᠰᠢ ᠨᠢ ᠬᠡᠭᠡᠯ ᠳᠠᠢ ᠭᠡᠷ ᠤᠨ ᠲᠡᠵᠢᠭᠡᠪᠦᠷᠢ ᠶᠢ ᠲᠡᠵᠢᠭᠡᠬᠦ ᠳᠤ ᠲᠣᠬᠢᠷᠠᠬᠤ ᠦᠭᠡᠢ᠃ ᠬᠡᠷᠪᠡ ᠨᠤᠭᠤᠭᠠᠨ ᠳᠠᠷᠤᠰᠢ ᠳᠤ ᠬᠠᠮᠠᠷ ᠭᠠᠳᠠᠮ᠎ᠠ ᠦᠮᠡᠬᠡᠢ ᠦᠨᠦᠷ ︵ᠵᠢᠱᠢᠶᠡᠯᠡᠪᠡᠯ ᠲᠠᠷᠠᠭ ᠤᠨ ᠬᠦᠴᠢᠯ ᠤᠨ ᠦᠮᠡᠬᠡᠢ ᠦᠨᠦᠷ︶ ᠪᠤᠶᠤ ᠸᠠᠯᠠᠭᠰᠠᠨ ᠦᠨᠦᠷ ᠲᠠᠢ ᠪᠥᠭᠡᠳ ᠭᠠᠷ ᠢᠶᠠᠷ ᠢᠶᠠᠨ ᠪᠠᠷᠢᠭᠰᠠᠨ ᠤ ᠳᠠᠷᠠᠭ᠎ᠠ᠂ ᠨᠡᠯᠢᠶᠡᠳ ᠣᠷᠳᠣ ᠬᠤᠭᠤᠴᠠᠭ᠎ᠠ ᠪᠠᠷ ᠮᠥᠨ ᠯᠡ ᠮᠠᠭᠤᠬᠠᠢ ᠦᠨᠦᠷ ᠲᠠᠢ ᠪᠠᠶᠢᠵᠤ᠂ ᠤᠰᠤ ᠪᠠᠷ ᠤᠬᠢᠶᠠᠬᠤ ᠳᠤ ᠬᠦᠴᠢᠷ ᠪᠠᠶᠢᠳᠠᠭ᠂ ᠡᠶᠢᠮᠦ ᠠᠴᠠ ᠡᠨᠡ ᠬᠦ ᠵᠦᠢᠯ ᠤᠨ ᠪᠣᠷᠳᠤᠭ᠎ᠠ ᠪᠠᠷ ᠭᠡᠷ ᠤᠨ ᠲᠡᠵᠢᠭᠡᠪᠦᠷᠢ ᠶᠢ ᠲᠡᠵᠢᠭᠡᠵᠦ ᠪᠣᠯᠬᠤ ᠦᠭᠡᠢ᠃      ᠭᠤᠷᠪᠠ᠂ ᠶᠠᠰᠤ ᠴᠢᠨᠠᠷ      ᠰᠢᠯᠢᠳᠡᠭ ᠰᠠᠶᠢᠨ ᠨᠤᠭᠤᠭᠠᠨ ᠳᠠᠷᠤᠰᠢ ᠨᠢ ᠵᠣᠭᠤᠷᠢᠨ ᠳᠤ ᠪᠠᠨ ᠪᠠᠶᠢᠬᠤ ᠳᠤ ᠮᠠᠰᠢ ᠨᠢᠭᠲᠠ  ᠪᠣᠯᠪᠠᠴᠤ ᠭᠠᠷ ᠢᠶᠠᠷ ᠪᠠᠷᠢᠬᠤ ᠳᠤ ᠨᠡᠯᠢᠶᠡᠳ ᠰᠤᠯᠠ ᠰᠡᠪᠰᠡᠭᠡᠷ᠂ ᠵᠥᠭᠡᠯᠡᠨ ᠮᠥᠷᠲᠡᠭᠡᠨ ᠵᠢᠭᠠᠬᠠᠨ ᠴᠢᠭᠢᠭᠯᠢᠭ ᠪᠠᠶᠢᠵᠤ᠂ ᠡᠰᠢ᠂ ᠨᠠᠪᠴᠢ᠂ ᠴᠡᠴᠡᠭ ᠵᠡᠷᠭᠡ ᠨᠢ ᠮᠥᠨ ᠤᠭ ᠤᠨ ᠪᠠᠶᠢᠳᠠᠯ ᠢᠶᠠᠷ ᠢᠶᠠᠨ ᠪᠠᠶᠢᠳᠠᠭ᠃ ᠴᠢᠨᠠᠷ ᠮᠠᠭᠤ ᠨᠤᠭᠤᠭᠠᠨ ᠳᠠᠷᠤᠰᠢ  ᠶᠢ ᠭᠠᠷ ᠢᠶᠠᠷ ᠪᠠᠷᠢᠬᠤ ᠳᠤ ᠭᠠᠷ ᠲᠤ ᠨᠠᠭᠠᠯᠳᠤᠬᠤ ᠪᠤᠶᠤ  ᠪᠦᠭᠡᠮᠨᠡᠷᠡᠨ ᠨᠠᠭᠠᠯᠳᠤᠵᠤ᠂ ᠬᠠᠭᠤᠷᠠᠢ ᠪᠥᠭᠡᠳ ᠬᠠᠲᠠᠭᠤ ᠰᠢᠷᠦᠭᠦᠨ ᠪᠠᠶᠢᠳᠠᠭ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号