ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠢ ᠰᠡᠳᠦᠪᠲᠦ ᠲᠠᠶᠢᠯᠤᠮᠵᠢ ᠡᠷᠭᠢᠯᠡᠪᠡ
ᠨᠡᠶᠢᠲᠡᠯᠡᠭᠰᠡᠨ ᠴᠠᠭ᠄
2024/4/19
      4 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠢ ᠰᠤᠷᠤᠯᠴᠠᠨ ᠲᠤᠭᠤᠰᠢᠯᠠᠭᠤᠯᠵᠤ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ ᠳᠡᠭᠡᠳᠦ ᠬᠡᠮᠵᠢᠶᠡᠨ ᠤ ᠤᠬᠠᠮᠰᠠᠷ ᠢ ᠪᠦᠷᠢᠯᠳᠦᠭᠦᠯᠬᠦ ᠶᠢ ᠲᠦᠯᠬᠢᠨ ᠠᠬᠢᠭᠤᠯᠬᠤ ᠲᠤᠰᠬᠠᠢ ᠰᠡᠳᠦᠪᠲᠦ ᠲᠠᠶᠢᠯᠤᠮᠵᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠬᠤᠷᠢᠶ᠎ᠠ ᠶᠢᠨ ᠬᠠᠷᠢᠭᠤᠴᠠᠯᠭᠠᠲᠠᠨ ᠨᠥᠬᠦᠳ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠪᠡ᠃ 
1.png
       ᠲᠤᠰᠬᠠᠢ ᠰᠡᠳᠦᠪᠲᠦ ᠲᠠᠶᠢᠯᠤᠮᠵᠢ ᠨᠢ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠴᠢᠬᠤᠯᠠ ᠴᠢᠨᠠᠷ ᠢ ᠴᠢᠩᠭᠠᠳᠬᠠᠬᠤ ᠠᠴᠠ ᠭᠠᠷᠳᠠᠵᠤ᠂ ︽ᠳᠦᠷᠢᠮ︾ ᠳᠤ ᠵᠠᠰᠠᠪᠤᠷᠢ ᠣᠷᠣᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠬᠤ᠂ ︽ᠳᠦᠷᠢᠮ︾ ᠳᠤ ᠵᠠᠰᠠᠪᠤᠷᠢ ᠣᠷᠣᠭᠤᠯᠬᠤ ᠶᠢᠨ ᠭᠤᠣᠯ ᠵᠣᠷᠢᠯᠲᠠ ᠴᠢᠬᠤᠯᠠ ᠠᠭᠤᠯᠭ᠎ᠠ ᠶᠢ ᠣᠨᠣᠪᠴᠢᠲᠠᠶ ᠡᠵᠡᠮᠳᠡᠬᠦ᠂ ︽ᠳᠦᠷᠢᠮ︾ ᠢ ᠲᠤᠭᠤᠰᠢᠯᠠᠭᠤᠯᠤᠨ ᠬᠡᠷᠡᠭᠵᠢᠭᠦᠯᠬᠦ ᠵᠡᠷᠭᠡ ᠭᠤᠷᠪᠠᠨ ᠲᠠᠯ᠎ᠠ ᠶᠢ ᠰᠠᠶᠢᠲᠤᠷ ᠠᠳᠬᠤᠬᠤ ᠪᠠᠷ ᠭᠠᠷᠳᠠᠬᠤ ᠴᠡᠭ ᠪᠣᠯᠭᠠᠵᠤ᠂ ᠬᠢᠴᠢᠶᠡᠯ ᠤᠨ ᠠᠭᠤᠯᠭ᠎ᠠ ᠨᠢ ᠨᠠᠷᠢᠨ ᠪᠣᠳᠠᠲᠠᠢ᠂ ᠭᠤᠣᠯᠳᠠᠯᠭ᠎ᠠ ᠨᠢ ᠲᠣᠪᠣᠶᠢᠮ᠎ᠠ᠂ ᠲᠠᠶᠢᠯᠤᠮᠵᠢ ᠨᠢ ᠲᠤᠭᠤᠰᠢᠲᠠᠢ ᠪᠠᠶᠢᠵᠤ᠂ ᠲᠢᠩᠬᠢᠮ ᠤᠨ ︽ᠳᠦᠷᠢᠮ︾ ᠢ ᠰᠢᠰᠲ᠋ᠧᠮ ᠲᠠᠢ ᠪᠠᠷ ᠰᠠᠶᠢᠲᠤᠷ ᠰᠤᠷᠤᠯᠴᠠᠵᠤ ᠰᠠᠶᠢᠲᠤᠷ ᠲᠤᠭᠤᠰᠢᠯᠠᠭᠤᠯᠤᠨ ᠬᠡᠷᠡᠭᠵᠢᠭᠦᠯᠬᠦ ᠳᠤ ᠬᠦᠴᠦᠲᠡᠢ ᠵᠢᠯᠣᠭᠤᠳᠤᠯᠭ᠎ᠠ ᠬᠠᠩᠭᠠᠭᠰᠠᠨ ᠪᠠᠶᠢᠨ᠎ᠠ᠃ 
2.png
       ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠧᠦ ᠯᠠᠢ ᠱᠦᠨ ᠪᠣᠯᠪᠠᠰᠤᠷᠠᠯ ᠢ ᠡᠷᠭᠢᠯᠡᠵᠦ᠂ ᠪᠥᠬᠦ ᠲᠢᠩᠬᠢᠮ ᠤᠨ ᠰᠢᠰᠲ᠋ᠧᠮ ᠤᠨ ᠬᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠲᠦᠯᠬᠢᠨ ᠠᠬᠢᠭᠤᠯᠬᠤ ᠳᠤᠮᠳᠠ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠠᠯᠲᠠ ᠶᠢᠨ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠨ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠢᠶᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠬᠠᠷᠠᠯᠲᠠ ᠶᠢᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠰᠤᠷᠤᠯᠭ᠎ᠠ ᠶᠢᠨ ᠰᠠᠬᠢᠯᠭ᠎ᠠ ᠪᠠᠲᠤ ᠠᠴᠠ ᠭᠠᠷᠳᠠᠬᠤ ᠶᠢ ᠪᠠᠷᠢᠮᠲᠠᠯᠠᠵᠤ᠂ ᠴᠢᠩᠭ᠎ᠠ ᠲᠣᠳᠣᠷᠬᠠᠢ ᠰᠠᠬᠢᠯᠭ᠎ᠠ ᠪᠠᠲᠤ ᠪᠠᠷ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠪᠠᠨ ᠴᠢᠩᠭᠠᠳᠬᠠᠵᠤ᠂ ︽ᠳᠦᠷᠢᠮ︾ ᠢ ᠭᠦᠨᠵᠡᠭᠡᠢ ᠰᠤᠷᠤᠯᠴᠠᠵᠦ ᠨᠡᠪᠲᠡᠷᠬᠡᠢ ᠰᠤᠷᠤᠯᠴᠠᠬᠤ ᠶᠢ ᠠᠬᠢᠭᠤᠯᠵᠤ᠂ ︽ᠳᠦᠷᠢᠮ︾ ᠤᠨ ᠰᠤᠷᠤᠯᠴᠠᠯᠭ᠎ᠠ ᠶᠢ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠪᠠ ᠨᠠᠮ ᠤᠨ ᠡᠭᠦᠷ ᠤᠨ ᠰᠤᠷᠤᠯᠴᠠᠬᠤ ᠲᠥᠯᠥᠪᠯᠡᠭᠡ ᠳᠤ ᠣᠷᠣᠭᠤᠯᠵᠤ᠂ ᠪᠠᠶᠢᠭᠤᠯᠤᠯᠭ᠎ᠠ ᠶᠢᠨ ᠨᠠᠮ ᠤᠨ ᠬᠤᠷᠢᠶ᠎ᠠ ᠤᠯᠠᠨ ᠬᠠᠷᠠᠭᠠᠰᠤ᠂ ᠪᠦᠬᠦ ᠲᠠᠯ᠎ᠠ᠂ ᠤᠯᠠᠨ ᠬᠡᠯᠪᠡᠷᠢ ᠪᠠᠷ ᠰᠤᠷᠤᠯᠴᠠᠯᠭ᠎ᠠ ᠶᠢ ᠰᠠᠶᠢᠲᠤᠷ ᠵᠣᠬᠢᠶᠠᠨ ᠪᠠᠶᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠬᠠᠮᠵᠢᠯᠴᠠᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠰᠤᠷᠤᠯᠴᠠᠯᠭ᠎ᠠ ᠬᠥᠮᠦᠵᠢᠯ ᠤᠨ ᠡᠮᠬᠢ ᠵᠢᠷᠤᠮ ᠲᠠᠢ ᠥᠷᠨᠢᠬᠦ ᠶᠢ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠤᠷᠤᠯᠴᠠᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠤᠨ᠂ ᠴᠠᠭ ᠢᠮᠠᠭᠲᠠ ︽ᠳᠦᠷᠢᠮ︾ ᠤᠨ ᠪᠣᠳᠠᠲᠠᠢ ᠠᠭᠤᠯᠭ᠎ᠠ ᠲᠠᠢ ᠬᠠᠷᠢᠴᠠᠭᠤᠯᠵᠤ᠂ ᠭᠤᠣᠯᠳᠠᠯᠭ᠎ᠠ ᠲᠠᠢ ᠠᠵᠢᠯ ᠪᠣᠯᠣᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠤᠶᠠᠯᠳᠤᠭᠤᠯᠵᠤ᠂ ᠠᠮᠢᠳᠤᠷᠠᠯ ᠤᠨ ᠶᠠᠪᠤᠯᠴᠠᠭ᠎ᠠ ᠪᠣᠯᠣᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠰᠠᠬᠢᠯᠭ᠎ᠠ ᠪᠠᠲᠤ ᠶᠣᠰᠣ ᠳᠦᠷᠢᠮ ᠢ ᠦᠨᠡᠨ ᠬᠦ ᠰᠡᠳᠬᠢᠯ ᠳᠡᠭᠡᠨ ᠰᠡᠶᠢᠯᠵᠦ᠂ ᠦᠢᠯᠡ ᠠᠵᠢᠯᠯᠠᠭ᠎ᠠ ᠳᠠᠭᠠᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
3.png
       ᠠᠯᠪᠠᠨ ᠳᠠᠭᠠᠨ ᠪᠠᠶᠢᠭ᠎ᠠ ᠲᠢᠩᠬᠢᠮ ᠤᠨ ᠤᠳᠤᠷᠢᠳᠤᠯᠭ᠎ᠠ᠂ ᠲᠢᠩᠬᠢᠮ ᠤᠨ ᠰᠢᠰᠲ᠋ᠧᠮ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠣᠯᠣᠨ ᠲᠢᠩᠬᠢᠮ ᠤᠨ ᠰᠢᠰᠲ᠋ᠧᠮ ᠤᠨ ᠨᠠᠮ ᠤᠨ ᠭᠡᠰᠢᠭᠦᠨ᠂ ᠺᠠᠳ᠋ᠷᠴᠤᠳ ᠲᠤᠰᠬᠠᠢ ᠰᠡᠳᠦᠪᠲᠦ ᠲᠠᠶᠢᠯᠤᠮᠵᠢ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号