ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠮᠠᠯ ᠤᠨ ᠡᠮ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/4/19
      ᠮᠠᠯ ᠤᠨ ᠡᠮ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠮᠠᠯ ᠤᠨ ᠡᠮ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠮᠠᠯ ᠠᠵᠤ ᠠᠬᠤᠢ ᠶᠢᠨ ᠲᠣᠭᠲᠠᠭᠤᠨ ᠬᠦᠭᠵᠢᠯᠳᠡ ᠶᠢ ᠪᠦᠲᠦᠮᠵᠢᠲᠡᠶ ᠪᠠᠲᠤᠯᠠᠬᠤ ᠶᠢᠨ ᠲᠥᠯᠥᠭᠡ᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ︽2024 ᠣᠨ ᠤ ᠬᠥᠬᠡᠬᠤᠲᠠ ᠶᠢᠨ ᠮᠠᠯ ᠡᠮᠨᠡᠯᠭᠡ ᠶᠢᠨ ᠠᠵᠢᠯ ᠤᠨ ᠭᠤᠣᠯᠳᠠᠯᠭ᠎ᠠ︾ ᠵᠡᠷᠭᠡ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠬᠠᠤᠯᠢ ᠬᠡᠷᠡᠭᠵᠢᠭᠦᠯᠬᠦ ᠭᠤᠷᠪᠠᠳᠤᠭᠠᠷ ᠶᠡᠭᠡ ᠠᠩᠭᠢ 3 ᠰᠠᠷ᠎ᠠ ᠶᠢᠨ 25 ᠤ ᠡᠳᠦᠷ ᠠᠴᠠ 4 ᠰᠠᠷ᠎ᠠ ᠶᠢᠨ 16 ᠤ ᠡᠳᠦᠷ ᠪᠣᠯᠲᠠᠯ᠎ᠠ᠂ ᠬᠥᠬᠡᠬᠤᠲᠠ ᠶᠢᠨ ᠢᠦᠢ ᠴᠢᠤᠸᠠᠨ ᠲᠣᠭᠤᠷᠢᠭ ᠤᠨ ᠬᠠᠷᠢᠶ᠎ᠠ ᠣᠷᠣᠨ ᠳᠠᠬᠢ ᠮᠠᠯ ᠤᠨ ᠡᠮ ᠡᠵᠡᠩᠨᠡᠬᠦ 19 ᠳᠡᠯᠭᠡᠭᠦᠷ ᠲᠤ ᠪᠦᠬᠦᠨ ᠢ ᠬᠠᠮᠤᠷᠤᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠵᠡᠢ᠃
图片1.png
       ᠪᠠᠶᠢᠴᠠᠭᠠᠯᠲᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠣᠷᠣᠭᠤᠯᠵᠤ ᠪᠣᠷᠣᠯᠠᠭᠤᠯᠬᠤ ᠡᠬᠡ ᠲᠠᠩᠰᠠ᠂ ᠫᠢᠶᠣᠣ ᠪᠠᠷᠢᠮᠲᠠ᠂ ᠱᠣᠰᠢᠭ᠎ᠠ ᠲᠡᠮᠳᠡᠭ᠂ ᠬᠤᠶᠠᠷ ᠬᠡᠮᠵᠢᠯ ᠤᠨ ᠺᠣᠳ᠋ ᠤᠨ ᠮᠥᠷᠳᠡᠯᠲᠡ ᠵᠢᠴᠢ ᠦᠢᠯᠡᠳᠪᠦᠷᠢ ᠶᠢᠨ ᠬᠢᠷᠢ ᠬᠡᠮ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠳᠤ ᠨᠠᠷᠢᠨ ᠨᠢᠮᠪᠠᠢ ᠪᠠᠶᠢᠴᠠᠭᠠᠯᠲᠠ ᠬᠢᠭᠰᠡᠨ ᠤ ᠬᠠᠮᠲᠤ ᠬᠠᠷᠢᠭᠤᠴᠠᠯᠭᠠᠲᠠᠨ ᠢ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠢᠷᠡᠯᠲᠡ ᠨᠢ ᠲᠣᠳᠣᠷᠬᠠᠢ᠂ ᠬᠠᠮᠢᠭᠠᠰᠢ ᠪᠣᠷᠤᠯᠠᠭᠤᠯᠬᠤ  ᠨᠢ ᠲᠣᠳᠣᠷᠬᠠᠢ᠂ ᠪᠥᠬᠦ ᠶᠠᠪᠤᠴᠠ ᠳᠤ ᠨᠡᠬᠡᠮᠵᠢᠯᠡᠵᠦ ᠪᠣᠯᠬᠤ ᠶᠢ ᠪᠡᠶᠡᠯᠡᠭᠦᠯᠵᠦ᠂ ᠬᠠᠭᠤᠷᠮᠠᠭ ᠮᠠᠭᠤ ᠮᠠᠯ ᠤᠨ ᠡᠮ ᠤᠨ ᠵᠠᠬ᠎ᠠ ᠳᠡᠯᠭᠡᠭᠦᠷ ᠲᠤ ᠣᠷᠣᠬᠤ ᠶᠢ ᠡᠬᠢ ᠡᠭᠦᠰᠦᠯ ᠠᠴᠠ ᠨᠢ ᠰᠡᠷᠭᠡᠶᠢᠯᠡᠨ᠂ ᠮᠠᠯ ᠤᠨ ᠡᠮ ᠤᠨ ᠮᠥᠷᠳᠡᠯᠲᠡ ᠶᠢᠨ ᠳᠦᠷᠢᠮ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
图片2.png
       ᠲᠠᠷᠠᠭᠠᠴᠢ ᠶᠢᠨ ᠠᠯᠬᠤᠮ ᠳᠤ᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠬᠢᠨ ᠮᠠᠯ ᠤᠨ ᠡᠮ ᠤᠨ ᠬᠠᠤᠯᠢ ᠬᠡᠷᠡᠭᠵᠢᠭᠦᠯᠬᠦ ᠠᠵᠢᠯ ᠢ ᠦᠷᠭᠦᠯᠵᠢᠯᠡᠨ ᠴᠢᠩᠭᠠᠳᠬᠠᠵᠤ᠂ ᠪᠠᠶᠢᠴᠠᠭᠠᠯᠲᠠ ᠶᠢᠨ ᠳᠤᠮᠳᠠ ᠢᠯᠡᠷᠡᠭᠰᠡᠨ ᠲᠠᠩᠰᠠ ᠡᠪᠬᠡᠮᠡᠯ ᠨᠢ ᠪᠦᠷᠢᠨ ᠪᠤᠰᠤ᠂ ᠬᠤᠳᠠᠯᠳᠤᠨ ᠠᠪᠤᠭᠰᠠᠨ ᠪᠠ ᠪᠣᠷᠣᠯᠠᠭᠤᠯᠤᠭᠰᠠᠨ ᠲᠡᠮᠳᠡᠭᠯᠡᠯ ᠨᠢ ᠨᠠᠷᠢᠨ ᠲᠣᠳᠣᠷᠬᠠᠢ ᠦᠭᠡᠢ ᠵᠡᠷᠭᠡ ᠠᠰᠠᠭᠤᠳᠠᠯ ᠢ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠦᠷᠭᠦᠯᠵᠢᠯᠡᠨ ᠳᠠᠭᠠᠵᠤ᠂ ᠮᠠᠯ ᠤᠨ ᠡᠮ ᠤᠨ ᠡᠵᠡᠩᠨᠡᠯᠲᠡ ᠶᠢᠨ ᠡᠮᠬᠢ ᠵᠢᠷᠤᠮ ᠢ ᠦᠨᠡᠨ ᠬᠦ ᠵᠢᠷᠤᠮᠵᠢᠭᠤᠯᠤᠨ᠂ ᠮᠠᠯ ᠤᠨ ᠡᠮ ᠤᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃
 
ᠢᠷᠡᠯᠲᠡ᠄ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号