ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠪᠦᠯᠦᠭ ᠤᠨ ᠵᠢᠭᠠᠰᠤᠨ ᠤ ᠠᠵᠤ ᠦᠢᠯᠡᠰ ᠤᠨ ᠠᠯᠪᠠᠨ ᠤ ᠮᠠᠯ ᠤᠨ ᠡᠮᠴᠢ ᠶᠢᠨ ᠨᠡᠷᠡᠰ ᠤᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/4/2
      ᠤᠰᠤᠨ ᠭᠠᠷᠤᠯᠲᠠ ᠶᠢᠨ ᠦᠷ᠎ᠡ ᠵᠢᠷᠠᠭᠠᠬᠠᠢ ᠶᠢᠨ ᠭᠠᠷᠤᠯᠲᠠ ᠶᠢᠨ ᠣᠷᠣᠨ ᠤ ᠬᠢᠵᠢᠭ ᠪᠠᠶᠢᠴᠠᠭᠠᠬᠤ ᠳᠦᠷᠢᠮ ᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠤᠰᠤᠨ ᠤ ᠠᠮᠢᠲᠠᠨ ᠤ ᠬᠢᠵᠢᠭ ᠢ ᠡᠬᠢ ᠡᠭᠦᠰᠦᠯ ᠠᠴᠠ ᠨᠢ ᠰᠡᠷᠭᠡᠶᠢᠯᠡᠨ ᠬᠢᠵᠠᠭᠠᠷᠯᠠᠬᠤ ᠶᠢᠨ ᠲᠦᠯᠦᠭᠡ᠂ ︽ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠤᠰᠤᠨ ᠭᠠᠷᠤᠯᠲᠠ ᠶᠢᠨ ᠦᠷ᠎ᠡ ᠵᠢᠷᠠᠭᠠᠬᠠᠢ ᠶᠢᠨ ᠭᠠᠷᠤᠯᠲᠠ ᠶᠢᠨ ᠣᠷᠣᠨ ᠤ ᠬᠢᠵᠢᠭ ᠪᠠᠶᠢᠴᠠᠭᠠᠬᠤ ᠳᠦᠷᠢᠮ ᠢ ᠬᠡᠷᠡᠭᠵᠢᠭᠦᠯᠬᠦ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠲᠤᠬᠠᠢ ᠮᠡᠳᠡᠭᠳᠡᠯ︾ ︵ᠲᠠᠷᠢᠶᠠᠯᠠᠩ ᠵᠢᠭᠠᠰᠤᠨ ᠲᠠᠷᠬᠠᠭᠠᠭᠰᠠᠨ ﹇2020﹈ 7 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠭᠠᠷᠤᠯᠲᠠ ᠶᠢᠨ ᠦᠷ᠎ᠡ ᠵᠢᠷᠠᠭᠠᠬᠠᠢ ᠶᠢᠨ ᠭᠠᠷᠤᠯᠲᠠ ᠶᠢᠨ ᠣᠷᠣᠨ ᠤ ᠬᠢᠵᠢᠭ ᠪᠠᠶᠢᠴᠠᠭᠠᠬᠤ ᠳᠦᠷᠢᠮ ᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠵᠢᠭᠠᠰᠤᠨ ᠲᠠᠷᠬᠠᠭᠠᠭᠰᠠᠨ ﹇2020﹈ 191 ᠳ᠋ᠦᠭᠡᠷ ᠲᠣᠭᠠᠲᠤ︶ ᠪᠠ ︽ᠬᠤᠶᠠᠳᠤᠭᠠᠷ ᠪᠦᠯᠦᠭ ᠤᠨ ᠵᠢᠭᠠᠰᠤᠨ ᠤ ᠠᠵᠤ ᠦᠢᠯᠡᠰ ᠤᠨ ᠠᠯᠪᠠᠨ ᠤ ᠮᠠᠯ ᠤᠨ ᠡᠮᠴᠢ ᠶᠢᠨ ᠬᠢᠷᠢ ᠬᠡᠮ ᠢ ᠮᠡᠳᠡᠭᠦᠯᠬᠦ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠵᠢᠭᠠᠰᠤᠨ ᠲᠠᠷᠬᠠᠭᠠᠭᠰᠠᠨ ﹇2023﹈ 661 ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠤᠭᠠᠷ᠂ ᠬᠤᠪᠢ ᠬᠥᠮᠥᠨ ᠭᠤᠶᠤᠴᠢᠯᠠᠨ ᠮᠡᠳᠡᠭᠦᠯᠬᠦ᠂ ᠰᠢᠶᠠᠨ ᠤ ᠱᠠᠲᠤᠨ ᠤ ᠬᠢᠨᠠᠨ ᠬᠠᠷᠭᠤᠭᠤᠯᠤᠯᠳᠠ᠂ ᠠᠶᠢᠮᠠᠭ ᠬᠤᠲᠠ ᠶᠢᠨ ᠬᠢᠨᠠᠨ ᠪᠠᠶᠢᠴᠠᠭᠠᠯᠳᠠ ᠪᠠᠷ ᠳᠡᠮᠵᠢᠨ᠂ ᠮᠠᠨ ᠤ ᠣᠷᠣᠨ ᠤ ᠬᠤᠶᠠᠳᠤᠭᠠᠷ ᠪᠦᠯᠦᠭ ᠤᠨ ᠵᠢᠭᠠᠰᠤᠨ  ᠤ ᠠᠵᠤ ᠦᠢᠯᠡᠰ ᠤᠨ ᠠᠯᠪᠠᠨ ᠤ ᠮᠠᠯ ᠤᠨ ᠡᠮᠴᠢ 133 ᠬᠥᠮᠥᠨ ᠢ ᠰᠢᠯᠢᠨ ᠰᠣᠩᠭᠤᠪᠠ᠃ ᠡᠳᠦᠭᠡ ᠨᠡᠷᠡᠰ ᠢ ᠵᠠᠷᠯᠠᠨ ᠨᠡᠶᠢᠲᠡᠯᠡᠵᠦ ᠪᠠᠶᠢᠨ᠎ᠠ ︵ᠳᠠᠭᠠᠯᠳᠤᠭᠤᠯᠤᠯ ᠳᠤ ᠨᠠᠷᠢᠪᠴᠢᠯᠠᠨ ᠦᠵᠡᠭᠡᠷᠡᠢ︶᠃      ᠵᠠᠷᠯᠠᠨ ᠨᠡᠶᠢᠲᠡᠯᠡᠬᠦ ᠬᠤᠭᠤᠴᠠᠭ᠎ᠠ᠄ 2024 ᠣᠨ ᠤ 4 ᠰᠠᠷ᠎ᠠ ᠶᠢᠨ 2 ᠤᠨ ᠡᠳᠦᠷ︱2024 ᠣᠨ ᠤ 4 ᠰᠠᠷ᠎ᠠ ᠶᠢᠨ 9 ᠤ ᠡᠳᠦᠷ ᠪᠣᠯᠲᠠᠯ᠎ᠠ᠃      ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠵᠠᠷᠯᠠᠨ ᠨᠡᠶᠢᠲᠡᠯᠡᠭᠰᠡᠨ ᠦᠷ᠎ᠡ ᠳ᠋ᠦᠩ ᠳᠤ ᠬᠡᠷᠪᠡ ᠣᠨᠳᠣᠣ ᠰᠠᠨᠠᠯ ᠲᠠᠢ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠵᠢᠭᠠᠰᠤᠨ ᠤ ᠠᠵᠤ ᠦᠢᠯᠡᠰ ᠵᠢᠭᠠᠰᠤᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠤᠰᠤᠨ ᠭᠠᠷᠤᠯᠲᠠ ᠶᠢᠨ ᠮᠡᠷᠭᠡᠵᠢᠯ ᠤᠨ ᠭᠠᠵᠠᠷ ᠲᠤ ᠳᠤᠰᠬᠠᠭᠠᠷᠠᠢ᠃      ᠬᠠᠷᠢᠯᠴᠠᠬᠤ ᠬᠥᠮᠥᠨ᠄ ᠵᠢᠶᠠᠨ ᠲᠧᠩ    ᠬᠠᠷᠢᠯᠴᠠᠬᠤ ᠤᠲᠠᠰᠤ᠄ 0471 ︱ 6652046      ᠦ᠋ ᠡᠯ ᠱᠤᠸᠠᠨ     ᠬᠠᠷᠢᠯᠴᠠᠬᠤ ᠤᠲᠠᠰᠤ᠄ 18947149702       ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠪᠦᠯᠦᠭ ᠤᠨ ᠵᠢᠭᠠᠰᠤᠨ ᠤ ᠠᠵᠤ ᠦᠢᠯᠡᠰ ᠤᠨ ᠠᠯᠪᠠᠨ ᠤ ᠮᠠᠯ ᠤᠨ ᠡᠮᠴᠢ ᠶᠢᠨ ᠨᠡᠷᠡᠰ                        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                       ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                               2024 ᠣᠨ ᠤ 4 ᠰᠠᠷ᠎ᠠ ᠶᠢᠨ 2 ᠤᠨ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号