ᠡᠭᠦᠯᠳᠡᠷ ᠤᠨ ᠨᠡᠷᠡᠶᠢᠳᠦᠯ᠄ ᠬᠠᠢ ᠺᠧ ᠢᠦᠢ 3 | ᠬᠢᠨᠠᠨ ᠲᠣᠭᠲᠠᠭᠠᠭᠰᠠᠨ ᠳ᠋ᠤᠭᠠᠷ᠄ ᠭᠦᠸᠧ ᠱᠧᠨ ᠢᠦᠢ 20220069 | ᠰᠣᠩᠭᠤᠨ ᠪᠣᠶᠢᠵᠢᠭᠤᠯᠬᠤ ᠨᠢᠭᠡᠴᠡ᠄ ᠥᠪᠥᠷ ᠮᠣᠩᠭᠤᠯ ᠤᠨ ᠰᠢᠩ ᠹᠧᠩ ᠦᠷ᠎ᠡ ᠶᠢᠨ ᠦᠢᠯᠡᠰ ᠤᠨ | ᠬᠢᠵᠠᠭᠠᠷᠲᠤ ᠺᠣᠮᠫᠠᠨᠢ | ᠣᠨᠴᠠᠯᠢᠭ ᠰᠢᠨᠵᠢ᠄ ᠵᠡᠭᠦᠨ ᠤᠮᠠᠷᠠᠲᠤ ᠣᠷᠣᠨ ᠤ ᠳᠤᠮᠳᠠ ᠵᠡᠷᠭᠡ ᠶᠢᠨ ᠡᠷᠲᠡ ᠪᠣᠯᠪᠠᠰᠤᠷᠠᠬᠤ ᠬᠠᠪᠤᠷ ᠤᠨ | ᠡᠷᠳᠡᠨᠢ ᠰᠢᠰᠢ ᠶᠢᠨ ᠳᠤᠭᠤᠶᠢᠯᠠᠩ ᠤᠨ ᠴᠢᠬᠢᠯᠡᠬᠦ ᠠᠴᠠ ᠪᠣᠯᠪᠠᠰᠤᠷᠠᠬᠤ ᠬᠦᠷᠲᠡᠯ᠎ᠡ 124.0 ᠡᠳᠦᠷ᠂ ᠵᠢᠢ ᠳ᠋ᠠᠨ | 27 ᠲᠠᠢ ᠬᠠᠷᠢᠴᠠᠭᠤᠯᠪᠠᠯ 0.6 ᠡᠳᠦᠷ ᠣᠷᠣᠢ ᠪᠣᠯᠪᠠᠰᠤᠷᠠᠨ᠎ᠠ᠃ ᠨᠢᠯᠬ᠎ᠠ ᠴᠢᠬᠢ ᠶᠢᠨ ᠨᠠᠪᠴᠢᠨ ᠤ ᠳᠤᠭᠲᠤᠢ ᠨᠢ | ᠬᠦᠷᠡᠩ ᠥᠩᠭᠡᠲᠡᠢ᠂ ᠴᠡᠴᠡᠭ ᠤᠨ ᠰᠢᠷᠬᠡᠭ ᠨᠢ ᠬᠦᠷᠡᠩ ᠥᠩᠭᠡᠲᠡᠢ᠂ ᠴᠡᠴᠡᠭ ᠤᠨ ᠡᠮ ᠨᠢ ᠰᠢᠷ᠎ᠠ ᠥᠩᠭᠡᠲᠡᠢ᠂ | ᠬᠠᠯᠢᠰᠤ ᠨᠢ ᠨᠣᠭᠤᠭᠠᠨ ᠥᠩᠭᠡᠲᠡᠢ ᠪᠠᠶᠢᠳᠠᠭ᠃ ᠰᠠᠭᠤᠷᠢ ᠶᠢᠨ ᠬᠡᠯᠪᠡᠷᠢ ᠨᠢ ᠬᠠᠭᠠᠰ ᠨᠢᠭᠲᠠ᠂ ᠰᠠᠭᠤᠷᠢ ᠶᠢᠨ ᠥᠨᠳᠥᠷ | ᠨᠢ 283 ᠰᠠᠨᠲ᠋ᠢᠮᠧᠲᠷ᠂ ᠲᠦᠷᠦᠭᠦᠦ ᠶᠢᠨ ᠪᠠᠶᠢᠷᠢ ᠨᠢ 112 ᠰᠠᠨᠲ᠋ᠢᠮᠧᠲᠷ ᠥᠨᠳᠥᠷ᠂ ᠪᠣᠯᠪᠠᠰᠤᠷᠠᠭᠰᠠᠨ ᠨᠠᠪᠴᠢᠨ ᠤ | ᠢᠯᠲᠠᠰᠤ ᠨᠢ 20 ᠬᠡᠰᠡᠭ ᠪᠠᠶᠢᠳᠠᠭ᠃ ᠵᠢᠮᠢᠰ ᠤᠨ ᠲᠦᠷᠦᠭᠦᠦ ᠨᠢ ᠪᠣᠷᠲᠣᠭᠤᠨ ᠬᠡᠯᠪᠡᠷᠢᠲᠡᠢ᠂ ᠲᠦᠷᠦᠭᠦᠦ ᠶᠢᠨ | ᠣᠷᠳᠣ ᠨᠢ 18.1 ᠰᠠᠨᠲ᠋ᠢᠮᠧᠲᠷ᠂ ᠲᠦᠷᠦᠭᠦᠦ ᠶᠢᠨ ᠮᠥᠷ ᠨᠢ 14 - 22 ᠮᠥᠷ᠂ ᠲᠦᠷᠦᠭᠦᠦ ᠶᠢᠨ ᠲᠡᠩᠭᠡᠯᠢᠭ ᠨᠢ | ᠤᠯᠠᠭᠠᠨ ᠥᠩᠭᠡᠲᠡᠢ᠂ ᠮᠥᠬᠦᠯᠢᠭ ᠨᠢ ᠰᠢᠷ᠎ᠠ ᠥᠩᠭᠡᠲᠡᠢ᠂ ᠵᠠᠭᠤᠨ ᠮᠥᠬᠦᠯᠢᠭ ᠤᠨ ᠬᠦᠨᠳᠦ ᠨᠢ 32.3 ᠭᠷᠡᠮ | ᠪᠠᠶᠢᠳᠠᠭ᠃ ᠬᠢᠨᠠᠨ ᠲᠣᠭᠲᠠᠭᠠᠭᠰᠠᠨ ᠢᠶᠠᠷ᠂ ᠲᠣᠮᠣ ᠲᠣᠯᠪᠣᠲᠤ ᠡᠪᠡᠳᠴᠢᠨ᠂ ᠡᠰᠢ ᠶᠢᠨ ᠢᠯᠵᠢᠷᠡᠬᠦ ᠡᠪᠡᠳᠴᠢᠨ᠂ | ᠲᠦᠷᠦᠭᠦᠸ ᠶᠢᠨ ᠢᠯᠵᠢᠷᠡᠬᠦ ᠡᠪᠡᠳᠴᠢᠨ᠂ ᠪᠣᠷᠣ ᠲᠣᠯᠪᠣᠲᠤ ᠡᠪᠡᠳᠴᠢᠨ᠂ ᠰᠢᠷᠬᠡᠭ ᠬᠠᠷᠠᠯᠠᠬᠤ ᠡᠪᠡᠳᠴᠢᠨ ᠵᠡᠷᠭᠡ ᠶᠢ | ᠡᠰᠡᠷᠭᠦᠴᠡᠬᠦ ᠳᠤᠮᠳᠠ ᠵᠡᠷᠭᠡ ᠶᠢᠨ ᠡᠪᠡᠳᠴᠢᠨ ᠢ ᠡᠰᠡᠷᠭᠦᠴᠡᠬᠦ ᠴᠢᠳᠠᠪᠤᠷᠢ ᠲᠠᠢ᠃ ᠬᠡᠮᠵᠢᠨ ᠲᠣᠭᠲᠠᠭᠠᠭᠰᠠᠨ ᠢᠶᠠᠷ᠂ | ᠮᠥᠬᠦᠯᠢᠭ ᠤᠨ ᠪᠠᠭᠲᠠᠭᠠᠮᠵᠢ ᠶᠢᠨ ᠬᠦᠨᠳᠦ ᠨᠢ 720 ᠭᠷᠡᠮ\ ᠯᠢᠲᠷ᠂ ᠪᠦᠳᠦᠭᠦᠯᠢᠭ ᠴᠠᠷᠳᠠᠭᠤᠯ ᠤᠨ ᠠᠭᠤᠯᠤᠭᠳᠠᠴᠠ | ᠨᠢ 75.31%᠂ ᠪᠦᠳᠦᠭᠦᠯᠢᠭ ᠤᠭᠤᠷᠠᠭ ᠤᠨ ᠠᠭᠤᠯᠤᠭᠳᠠᠴᠠ ᠨᠢ 9.22%᠂ ᠪᠦᠳᠦᠭᠦᠯᠢᠭ ᠥᠭᠡᠬᠦ ᠶᠢᠨ | ᠠᠭᠤᠯᠤᠭᠳᠠᠴᠠ ᠨᠢ 4.0%᠂ ᠯᠠᠶᠢᠰᠢᠨ ᠰᠢᠪᠲᠦᠷᠲᠦ ᠬᠦᠴᠢᠯ ᠤᠨ ᠠᠭᠤᠯᠤᠭᠳᠠᠴᠠ ᠨᠢ 0.27% ᠪᠣᠯᠣᠨ᠎ᠠ᠃ | ᠲᠣᠬᠢᠷᠠᠮᠵᠢᠲᠠᠢ ᠲᠠᠷᠢᠬᠤ ᠣᠷᠣᠨ ᠪᠦᠰᠡ᠄ ᠵᠡᠭᠦᠨ ᠤᠮᠠᠷᠠᠲᠤ ᠣᠷᠣᠨ ᠤ ᠳᠤᠮᠳᠠ ᠪᠠ ᠡᠷᠲᠡ ᠪᠣᠯᠪᠠᠰᠤᠷᠠᠬᠤ | ᠬᠠᠪᠤᠷ ᠤᠨ ᠡᠷᠳᠡᠨᠢ ᠰᠢᠰᠢ ᠶᠢᠨ ᠲᠥᠷᠥᠯ ᠬᠡᠯᠪᠡᠷᠢ ᠶᠢᠨ ᠣᠷᠣᠨ᠂ ᠲᠤᠬᠠᠶᠢᠯᠠᠪᠠᠯ ᠥᠪᠥᠷ ᠮᠣᠩᠭᠤᠯ ᠤᠨ ᠳᠤᠮᠳᠠ ᠪᠠ | ᠵᠡᠭᠦᠨ ᠬᠡᠰᠡᠭ ᠤᠨ ᠬᠥᠯᠥᠨ ᠪᠤᠶᠢᠷ ᠬᠤᠲᠠ ᠶᠢᠨ ᠵᠠᠯᠠᠨ ᠠᠶᠢᠯ ᠬᠤᠲᠠ ᠶᠢᠨ ᠡᠮᠦᠨ᠎ᠡ ᠬᠡᠰᠡᠭ᠂ ᠬᠢᠩᠭᠠᠨ ᠠᠶᠢᠮᠠᠭ ᠤᠨ | ᠳᠤᠮᠳᠠ ᠪᠠ ᠬᠤᠶᠢᠲᠤ ᠬᠡᠰᠡᠭ᠂ ᠲᠦᠩᠯᠢᠶᠣᠣ ᠬᠤᠲᠠ ᠶᠢᠨ ᠵᠠᠷᠤᠳ ᠬᠤᠰᠢᠭᠤᠨ ᠤ ᠳᠤᠮᠳᠠ ᠬᠡᠰᠡᠭ᠂ ᠤᠯᠠᠭᠠᠨᠬᠠᠳᠠ | ᠬᠤᠲᠠ ᠶᠢᠨ ᠳᠤᠮᠳᠠ ᠪᠠ ᠬᠤᠶᠢᠲᠤ ᠬᠡᠰᠡᠭ᠂ ᠤᠯᠠᠭᠠᠨᠴᠠᠪ ᠬᠤᠲᠠ ᠶᠢᠨ ᠴᠢᠶᠠᠨᠱᠠᠨ᠂ ᠬᠥᠬᠡᠬᠤᠲᠠ ᠶᠢᠨ ᠬᠤᠶᠢᠲᠤ | ᠬᠡᠰᠡᠭ᠂ ᠪᠤᠭᠤᠲᠤ ᠬᠤᠲᠠ ᠶᠢᠨ ᠬᠤᠶᠢᠲᠤ ᠬᠡᠰᠡᠭ ᠤᠨ ᠡᠷᠲᠡ ᠪᠣᠯᠪᠠᠰᠤᠷᠠᠬᠤ ᠣᠷᠣᠨ ᠳᠤ ᠳᠠᠷᠢᠬᠤ ᠳᠤ | ᠲᠣᠬᠢᠷᠠᠮᠵᠢᠲᠠᠢ ᠪᠠᠶᠢᠳᠠᠭ᠃ | | |