ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠮᠥᠰᠥ ᠶᠢᠨ ᠦᠷ᠎ᠡ ᠪᠣᠶᠢᠵᠢᠭᠤᠯᠬᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠤᠨ ᠱᠠᠯᠠᠪᠳᠠᠭᠤᠯᠤᠨ ᠭᠦᠢᠴᠡᠳᠭᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/22
      4 ᠰᠠᠷ᠎ᠠ ᠶᠢᠨ 20 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠮᠥᠰᠥ ᠶᠢᠨ ᠦᠷ᠎ᠡ ᠪᠣᠶᠢᠵᠢᠭᠤᠯᠬᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠤᠨ ᠱᠠᠯᠠᠪᠳᠠᠭᠤᠯᠤᠨ ᠭᠦᠢᠴᠡᠳᠭᠡᠬᠦ ᠬᠤᠷᠠᠯ ᠬᠤᠷᠠᠯᠳᠤᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠠᠩ ᠬᠤᠸᠠ ᠵᠧᠨ᠂ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠸᠠᠩ ᠭᠠᠩ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠨᠠᠮ ᠤᠨ ᠬᠤᠷᠢᠶ᠎ᠠ ᠶᠢᠨ ᠱᠦᠵᠢ ᠴᠧᠩ ᠷᠦᠢ ᠪᠦᠦ᠂ ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠦᠢᠯᠡᠰ ᠤᠨ ᠬᠥᠭᠵᠢᠯᠲᠡ ᠶᠢᠨ ᠭᠠᠵᠠᠷ ᠤᠨ ᠳᠡᠳ᠋ ᠳᠠᠷᠤᠭ᠎ᠠ ᠰᠦ᠋ ᠮᠢᠨ ᠯᠢ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠰᠠᠯᠠᠭ᠎ᠠ ᠶᠢᠨ ᠬᠠᠮᠢᠶ᠎ᠠ ᠪᠦᠬᠦᠢ ᠬᠥᠮᠥᠰ ᠵᠢᠴᠢ ᠪᠠᠭᠠᠷᠢᠨ ᠪᠠᠷᠠᠭᠤᠨ ᠬᠤᠰᠢᠭᠤᠨ ᠤ ᠵᠠᠰᠠᠭ ᠤᠨ ᠣᠷᠳᠣᠨ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠤᠳᠤᠷᠢᠳᠤᠯᠭ᠎ᠠ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠣᠷᠤᠯᠴᠠᠪᠠ᠃
图片1.png
       ᠪᠠᠭᠠᠷᠢᠨ ᠪᠠᠷᠠᠭᠤᠨ ᠬᠤᠰᠢᠭᠤᠨ ᠤ ᠳᠡᠳ᠋ ᠳᠠᠷᠤᠭ᠎ᠠ ᠱᠢ ᠱᠠᠩ ᠾᠦᠢ ᠨᠥᠬᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠮᠥᠰᠥ ᠶᠢᠨ ᠦᠷ᠎ᠡ ᠪᠣᠶᠢᠵᠢᠭᠤᠯᠬᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠭᠤᠣᠯᠳᠠᠭᠤ ᠲᠥᠷᠥᠯ ᠵᠦᠢᠯ ᠤᠨ ᠦᠨᠳᠦᠰᠦᠨ ᠪᠠᠶᠢᠳᠠᠯ᠂ ᠲᠥᠷᠥᠯ ᠵᠦᠢᠯ ᠤᠨ ᠬᠤᠪᠢᠷᠠᠯᠲᠠ ᠶᠢᠨ ᠪᠠᠶᠢᠳᠠᠯ᠂ ᠲᠥᠷᠥᠯ ᠵᠦᠢᠯ ᠤᠨ ᠠᠬᠢᠴᠠ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠲᠠᠨᠢᠯᠴᠠᠭᠤᠯᠪᠠ᠃ ᠲᠥᠷᠥᠯ ᠵᠦᠢᠯ ᠤᠨ ᠨᠢᠭᠡᠴᠡ ᠨᠦᠭᠦᠳ ᠲᠥᠷᠥᠯ ᠵᠦᠢᠯ ᠤᠨ ᠠᠬᠢᠴᠠ ᠶᠢᠨ ᠪᠠᠶᠢᠳᠠᠯ᠂ ᠲᠥᠷᠥᠯ ᠵᠦᠢᠯ ᠤᠨ ᠠᠬᠢᠴᠠ ᠳᠤ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠢᠶᠠᠨ ᠨᠠᠷᠢᠨ ᠲᠣᠳᠣᠷᠬᠠᠢ ᠬᠠᠷᠢᠭᠤ ᠮᠡᠳᠡᠭᠦᠯᠪᠡ᠃ ᠪᠠᠭᠠᠷᠢᠨ ᠪᠠᠷᠠᠭᠤᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢᠨ ᠪᠣᠳᠠᠲᠠᠢ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃
图片2.png
       ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠸᠠᠩ ᠭᠠᠩ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠲᠥᠷᠥᠯ ᠵᠦᠢᠯ ᠤᠨ ᠨᠢᠭᠡᠴᠡ ᠶᠢ ︽ᠲᠥᠪ ᠤᠨ ᠲᠥᠰᠥᠪ ᠤᠨ ᠳᠣᠲᠣᠷᠠᠬᠢ ᠰᠢᠭᠤᠳ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ︾ ᠶᠢᠨ ᠶᠣᠰᠣᠭᠠᠷ ᠲᠥᠮᠥᠰᠥ ᠶᠢᠨ ᠦᠷ᠎ᠡ ᠪᠣᠶᠢᠵᠢᠭᠤᠯᠬᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠠᠵᠢᠯ ᠢ ᠯᠠᠪᠳᠠᠭᠤᠨ ᠪᠦᠲᠦᠮᠵᠢᠲᠡᠶ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号