ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠬᠢᠮᠢ ᠶᠢᠨ ᠪᠣᠷᠳᠣᠭᠤᠷ ᠨᠥᠭᠡᠴᠡᠯᠡᠬᠦ ᠠᠵᠢᠯ ᠢ ᠳᠡᠮᠵᠢᠵᠦ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠬᠦᠴᠦᠨ ᠨᠡᠮᠡᠷᠢᠯᠡᠵᠦ ᠪᠤᠢ
ᠨᠡᠶᠢᠲᠡᠯᠡᠭᠰᠡᠨ ᠴᠠᠭ᠄
2024/4/22
      ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠵᠤ᠂ ᠬᠢᠮᠢ ᠶᠢᠨ ᠪᠣᠷᠳᠣᠭᠤᠷ ᠤᠨ ᠨᠦᠭᠡᠴᠡᠯᠡᠯᠳᠡ ᠵᠢᠴᠢ ᠬᠢᠮᠢ ᠶᠢᠨ ᠪᠣᠷᠳᠣᠭᠤᠷ ᠤᠨ ᠦᠨ᠎ᠡ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠬᠦᠴᠦᠨ ᠨᠡᠮᠡᠷᠢᠯᠡᠵᠦ ᠪᠠᠶᠢᠨ᠎ᠠ᠃      ︽ᠤᠯᠤᠰ ᠤᠨ ᠬᠢᠮᠢ ᠶᠢᠨ ᠪᠣᠷᠳᠣᠭᠤᠷ ᠤᠨ ᠬᠤᠳᠠᠯᠳᠤᠭᠠᠨ ᠤ ᠨᠦᠭᠡᠴᠡᠯᠡᠯᠳᠡ ᠶᠢᠨ ᠬᠠᠮᠢᠶᠠᠷᠤᠯᠲᠠ ᠶᠢᠨ ᠠᠷᠭ᠎ᠠ︾ ᠵᠢᠴᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ 2024 ᠣᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠡᠯ᠎ᠡ ᠱᠠᠲᠤᠨ ᠤ ᠪᠡᠯᠡ ᠮᠥᠩᠭᠦ ᠶᠢ 2200 ᠲᠦᠮᠡᠨ ᠲᠥᠭᠦᠷᠢᠭ ᠨᠢᠭᠡᠳᠦᠯᠲᠡᠢ ᠲᠥᠯᠥᠪᠵᠢᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠪᠣᠷᠳᠣᠭᠤᠷ ᠤᠨ ᠬᠤᠳᠠᠯᠳᠤᠭᠠᠨ ᠤ ᠨᠦᠭᠡᠴᠡᠯᠡᠯᠳᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠳᠤ ᠭᠡᠷᠡᠭᠯᠡᠭᠦᠯᠪᠡ︔ ᠳᠠᠭᠠᠭᠠᠴᠢᠯᠠᠨ ᠨᠥᠭᠡᠴᠡᠯᠡᠬᠦ ᠠᠵᠤ ᠠᠬᠤᠶᠢᠯᠠᠯ ᠤᠨ ᠨᠥᠭᠡᠴᠡᠯᠡᠯᠳᠡ ᠶᠢᠨ ᠡᠭᠦᠷᠭᠡ ᠶᠢᠨ ᠶᠣᠰᠣᠭᠠᠷ ᠲᠣᠭᠲᠠᠭᠰᠠᠨ ᠲᠥᠷᠥᠯ ᠤᠨ ᠬᠢᠮᠢ ᠶᠢᠨ ᠪᠣᠷᠳᠣᠭᠤᠷ ᠢ ᠬᠤᠳᠠᠯᠳᠤᠨ ᠣᠷᠣᠭᠤᠯᠬᠤ ᠶᠢ ᠳᠡᠮᠵᠢᠵᠦ᠂ ᠬᠥᠳᠡᠯᠦᠩᠭᠦᠢ ᠪᠠᠷ ᠡᠭᠡᠯᠵᠢᠯᠡᠨ ᠬᠠᠳᠠᠭᠠᠯᠠᠬᠤ ᠲᠣᠭᠲᠠᠴᠠ ᠪᠠᠷ ᠳᠠᠮᠵᠢᠭᠤᠯᠤᠨ ᠭᠦᠢᠯᠭᠡᠭᠡᠨ ᠤ ᠭᠤᠭᠴᠤᠭ᠎ᠠ ᠶᠢ ᠲᠡᠭᠦᠯᠳᠡᠷᠵᠢᠭᠦᠯᠦᠨ᠂ ᠳᠠᠭᠠᠭᠠᠴᠢᠯᠠᠨ ᠨᠥᠭᠡᠴᠡᠯᠡᠬᠦ ᠬᠤᠭᠤᠴᠠᠭᠠᠨ ᠳᠤ ᠨᠦᠭᠡᠴᠡᠯᠡᠯᠳᠡ ᠶᠢᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ 2023 - 2024 ᠣᠨ ᠤ ᠤᠯᠤᠰ ᠤᠨ ᠬᠢᠮᠢ ᠶᠢᠨ ᠪᠣᠷᠳᠣᠭᠤᠷ ᠤᠨ ᠬᠤᠳᠠᠯᠳᠤᠭᠠᠨ ᠤ ᠨᠥᠭᠡᠴᠡᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠠᠵᠢᠯ ᠰᠢᠪᠲᠤᠷᠠᠭᠠᠨ  ᠳᠠᠭᠠᠨ ᠣᠷᠣᠵᠤ᠂ ᠨᠥᠭᠡᠴᠡᠯᠡᠭᠰᠡᠨ ᠬᠢᠮᠢ ᠶᠢᠨ ᠪᠣᠷᠳᠣᠭᠤᠷ ᠢ ᠶᠠᠭ ᠡᠮᠬᠢ ᠵᠢᠷᠤᠮ ᠲᠠᠢ ᠪᠠᠷ ᠵᠠᠬ᠎ᠠ ᠳᠡᠯᠭᠡᠭᠦᠷ ᠲᠤ ᠭᠠᠷᠭᠠᠵᠤ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠲᠡᠭᠡᠭᠰᠢᠯᠡᠭᠦᠯᠵᠤ᠂ ᠪᠡᠯᠡ ᠮᠥᠩᠭᠦ ᠶᠢᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠵᠡᠷᠭᠡ ᠪᠠᠷ ᠰᠠᠶᠢᠲᠤᠷ ᠬᠢᠬᠦ ᠶᠢ ᠪᠠᠷᠢᠮᠲᠠᠯᠠᠨ᠂ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢ ᠱᠠᠯᠠᠪᠳᠠᠭᠤᠯᠬᠤ ᠶᠢᠨ ᠬᠠᠮᠲᠤ ᠬᠢᠮᠢ ᠶᠢᠨ ᠪᠣᠷᠳᠣᠭᠤᠷ ᠤᠨ ᠨᠦᠭᠡᠴᠡᠯᠡᠯᠳᠡ ᠶᠢᠨ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠪᠠᠶᠢᠴᠠᠭᠠᠵᠤ ᠰᠢᠯᠭᠠᠨ ᠬᠢᠨᠠᠬᠤ ᠠᠵᠢᠯ ᠢ ᠴᠠᠭ ᠲᠤᠬᠠᠢ ᠳᠤᠨᠢ ᠥᠷᠨᠢᠭᠦᠯᠵᠦ᠂ ᠬᠢᠮᠢ ᠶᠢᠨ ᠪᠣᠷᠳᠣᠭᠤᠷ ᠢ ᠳᠠᠭᠠᠭᠠᠴᠢᠯᠠᠨ ᠨᠥᠭᠡᠴᠡᠯᠡᠬᠦ ᠡᠭᠦᠷᠭᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ ᠪᠠᠶᠢᠨ᠎ᠡ︔ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠥᠷᠨᠢᠭᠦᠯᠵᠦ᠂ ᠬᠢᠮᠢ ᠶᠢᠨ ᠪᠣᠷᠳᠣᠭᠤᠷ ᠨᠥᠭᠡᠴᠡᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠲᠡᠭᠡᠭᠰᠢᠯᠡᠭᠦᠯᠵᠤ ᠪᠤᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号