ᠮᠠᠨ ᠤ ᠣᠷᠣᠨ ᠤ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠲᠤᠭ᠎ᠠ ᠪᠠᠷᠢᠮᠲᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2024/4/22
      ᠲᠦᠷᠦᠭᠦᠬᠡᠨ ᠶᠠᠪᠤᠭᠳᠠᠭᠰᠠᠨ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ  ᠤᠨ ᠪᠦᠲᠦᠭᠡᠭᠳᠡᠬᠦᠨ ᠤ ᠶᠠᠰᠤ ᠴᠢᠨᠠᠷ ᠤᠨ ᠲᠤᠭ᠎ᠠ ᠪᠠᠷᠢᠮᠲᠠ ᠶᠢ ᠨᠡᠶᠢᠲᠡᠯᠡᠬᠦ ᠬᠤᠷᠠᠯ ᠳᠤ ᠥᠪᠥᠷ ᠮᠣᠩᠭᠤᠯ ᠤᠨ ᠠᠩᠬᠠᠨ ᠤ ᠪᠦᠯᠦᠭ ᠤᠨ ᠦᠨᠢᠶᠡᠨ ᠰᠦ᠂ ᠬᠤᠨᠢᠨ ᠮᠢᠬ᠎ᠠ᠂ ᠦᠬᠡᠷ ᠤᠨ ᠮᠢᠬ᠎ᠠ᠂ ᠲᠥᠮᠥᠰᠥ ᠵᠡᠷᠭᠡ 4 ᠲᠥᠷᠥᠯ ᠤᠨ ᠪᠦᠲᠦᠭᠡᠭᠳᠡᠬᠦᠨ ᠤ ᠶᠠᠰᠤ ᠴᠢᠨᠠᠷ ᠤᠨ ᠲᠤᠭ᠎ᠠ ᠪᠠᠷᠢᠮᠲᠠ ᠶᠢ ᠨᠡᠶᠢᠲᠡᠯᠡᠪᠡ᠃ ᠣᠳᠣᠬᠠᠨ ᠪᠤᠯᠳᠠᠯ᠎ᠠ ᠮᠠᠨ ᠤ ᠣᠷᠣᠨ ᠨᠡᠶᠢᠳᠡ 2241 ᠪᠦᠲᠦᠭᠡᠭᠳᠡᠬᠦᠨ ᠢ ᠪᠠᠶᠢᠴᠠᠭᠠᠨ ᠰᠢᠯᠭᠠᠵᠤ᠂ ᠲᠡᠳᠡᠭᠡᠷ ᠤᠨ ᠳᠣᠲᠣᠷᠠᠬᠢ ᠰᠢᠮ᠎ᠡ ᠲᠡᠵᠢᠭᠡᠯᠲᠦ ᠪᠣᠳᠠᠰ᠂ ᠦᠨᠦᠷ ᠠᠮᠲᠠ ᠶᠢᠨ ᠡᠳ᠋᠂ ᠦᠨᠦᠷᠲᠦ ᠡᠳ᠋ ᠵᠡᠷᠭᠡ ᠶᠢ ᠰᠢᠯᠭᠠᠨ ᠪᠠᠶᠢᠴᠠᠭᠠᠵᠤ᠂ 147793 ᠬᠤᠪᠢ ᠰᠢᠯᠭᠠᠨ ᠪᠠᠶᠢᠴᠠᠭᠠᠭᠰᠠᠨ ᠲᠤᠭ᠎ᠠ ᠪᠠᠷᠢᠮᠲᠠ ᠶᠢ ᠭᠠᠷᠭᠠᠪᠠ᠃      ᠣᠶᠢᠯᠠᠭᠠᠭᠰᠠᠨ ᠢᠶᠠᠷ᠂ 2020 ᠣᠨ ᠠᠴᠠ ᠡᠬᠢᠯᠡᠨ ᠮᠠᠨ ᠤ ᠣᠷᠣᠨ ᠪᠦᠭᠦ ᠤᠯᠤᠰ ᠲᠤ ᠲᠦᠷᠦᠭᠦᠯᠡᠨ ᠮᠠᠯ  ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠦᠨᠡᠯᠡᠯᠲᠡ ᠶᠢᠨ ᠠᠵᠢᠯ ᠢ ᠥᠷᠨᠢᠭᠦᠯᠦᠭᠰᠡᠨ ᠪᠥᠭᠡᠳ 4 ᠵᠢᠯ ᠤᠨ ᠲᠤᠷᠰᠢ ᠲᠦᠭᠦᠬᠡᠢ ᠰᠦ᠂ ᠬᠤᠨᠢᠨ ᠮᠢᠬ᠎ᠠ᠂ ᠦᠬᠡᠷ ᠤᠨ ᠮᠢᠬ᠎ᠠ᠂ ᠲᠥᠮᠥᠰᠥ᠂ ᠲᠤᠲᠤᠷᠭ᠎ᠠ᠂ ᠨᠠᠷᠢᠮᠤ᠂ ᠪᠤᠭᠤᠳᠠᠢ ᠵᠡᠷᠭᠡ 7 ᠶᠡᠭᠡ ᠲᠥᠷᠥᠯ ᠤᠨ ᠥᠪᠡᠷᠮᠢᠴᠡ ᠣᠨᠴᠠᠯᠢᠭ ᠲᠠᠢ ᠳᠠᠪᠠᠭᠤᠯᠢᠭᠲᠤ ᠮᠠᠯ  ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠦᠨᠡᠯᠡᠯᠲᠡ ᠶᠢᠨ ᠠᠵᠢᠯ ᠢ ᠥᠷᠨᠢᠭᠦᠯᠪᠡ᠃ ᠥᠪᠥᠷ ᠮᠣᠩᠭᠤᠯ ᠤᠨ ᠥᠪᠡᠷᠮᠢᠴᠡ ᠣᠨᠴᠠᠯᠢᠭ ᠲᠠᠢ ᠳᠠᠪᠠᠭᠤᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠵᠢᠭᠠᠯᠲᠠ ᠲᠤᠭ᠎ᠠ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠤᠭᠰᠠᠨ ᠪᠥᠭᠡᠳ ᠪᠦᠭᠦ ᠤᠯᠤᠰ ᠲᠤ ᠬᠠᠮᠤᠭ ᠤᠨ ᠲᠡᠷᠢᠭᠦᠨ ᠳᠤ ︽ᠰᠢᠮ᠎ᠡ ᠲᠡᠵᠢᠭᠡᠯ ᠰᠠᠶᠢᠲᠠᠢ᠂ ᠠᠩᠬᠢᠯᠤᠮ᠎ᠠ ᠦᠨᠦᠷ ᠲᠠᠢ᠂ ᠠᠮᠲᠠᠯᠢᠭ ᠰᠠᠶᠢᠬᠠᠨ᠂ ᠥᠪᠡᠷᠮᠢᠴᠡ ᠣᠨᠴᠠᠯᠢᠭ ᠲᠠᠢ︾ ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠦᠨᠡᠯᠡᠬᠦ ᠵᠢᠭᠠᠯᠲᠠ ᠲᠤᠭ᠎ᠠ ᠶᠢᠨ ᠰᠢᠰᠲ᠋ᠧᠮ ᠢ ᠪᠠᠶᠢᠭᠤᠯᠵᠤ᠂ ᠰᠢᠮ᠎ᠡ ᠲᠡᠵᠢᠭᠡᠯ  ᠤᠨ ᠵᠢᠭᠠᠯᠲᠠ ᠲᠤᠭ᠎ᠠ᠂ ᠠᠮᠲᠠ ᠤᠷᠤᠭᠤᠯᠬᠤ ᠡᠳ᠋᠂ ᠡᠳ᠋ᠰᠢᠭᠦᠯᠦᠯᠲᠡ ᠶᠢᠨ ᠶᠠᠰᠤ ᠴᠢᠨᠠᠷ᠂ ᠣᠨᠴᠠᠯᠢᠭᠲᠤ ᠵᠢᠭᠠᠯᠲᠠ ᠲᠤᠭ᠎ᠠ ᠵᠡᠷᠭᠡ ᠣᠯᠠᠨ ᠲᠠᠯ᠎ᠠ ᠠᠴᠠ ᠮᠠᠨ ᠤ ᠣᠷᠣᠨ ᠤ ᠳᠠᠪᠠᠭᠤᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠢᠯᠢᠳᠡᠭ ᠰᠠᠶᠢᠨ ᠶᠠᠰᠤ ᠴᠢᠨᠠᠷ ᠢ ᠪᠦᠭᠦ ᠲᠠᠯ᠎ᠠ ᠪᠠᠷ ᠢᠯᠡᠷᠡᠭᠦᠯᠪᠡ᠃ ᠨᠢᠳᠤᠨᠤᠨ ᠮᠠᠨ ᠤ ᠣᠷᠣᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠦᠨᠡᠯᠡᠯᠲᠡ ᠶᠢᠨ ᠠᠵᠢᠯ ᠨᠢ ᠪᠦᠭᠦ ᠤᠯᠤᠰ ᠤᠨ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠤ ︽ᠪᠣᠬᠢᠷᠳᠤᠯ ᠦᠭᠡᠢ᠂ ᠣᠷᠭᠠᠨᠢᠭ᠂ ᠭᠠᠵᠠᠷ ᠵᠦᠢ ᠶᠢᠨ ᠢᠯᠡᠷᠬᠡᠶᠢᠯᠡᠯᠲᠦ᠂ ᠪᠠᠷᠢᠮᠵᠢᠶ᠎ᠠ ᠳᠤ ᠨᠡᠶᠢᠴᠡᠨ ᠬᠢᠷᠢ ᠲᠡᠩᠴᠡᠬᠦ︾ ᠦᠨᠡᠯᠡᠯᠲᠡ ᠶᠢᠨ ᠠᠵᠢᠯ ᠤᠨ ᠨᠡᠶᠢᠲᠡᠯᠢᠭ ᠵᠢᠱᠢᠶ᠎ᠡ ᠪᠠᠷ ᠰᠣᠩᠭᠤᠭᠳᠠᠪᠠ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ  ᠤ ᠲᠢᠩᠬᠢᠮ ᠣᠯᠠᠨ ᠭᠡᠯᠪᠡᠷᠢ ᠪᠠᠷ ᠲᠤᠭ᠎ᠠ ᠪᠠᠷᠢᠮᠲᠠ ᠨᠡᠶᠢᠲᠡᠯᠡᠬᠦ ᠬᠤᠷᠠᠯ ᠢ ᠵᠠᠯᠭᠠᠭ᠎ᠠ ᠪᠠᠷ ᠬᠢᠵᠦ᠂ ᠦᠨᠡᠯᠡᠯᠲᠡ ᠶᠢᠨ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠨᠡᠶᠢᠲᠡᠯᠡᠬᠦ ᠶᠢᠨ ᠬᠠᠮᠲᠤ᠂ ᠮᠠᠨ ᠤ ᠣᠷᠣᠨ ᠤ 7 ᠲᠣᠮᠣ ᠠᠵᠤ ᠦᠢᠯᠡᠰ  ᠤᠨ ᠬᠡᠯᠬᠢᠶ᠎ᠡ ᠪᠠ 720 ︽ᠨᠡᠷᠡᠲᠦ ᠣᠨᠴᠠᠯᠢᠭᠲᠤ ᠤᠭᠢ ᠰᠢᠨ᠎ᠡ︾ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠤᠨ ᠲᠣᠭᠤᠷᠢᠨ ᠳᠤ ᠦᠷᠭᠦᠯᠵᠢᠯᠡᠨ ᠬᠦᠴᠦᠯᠡᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠦᠨᠡᠯᠡᠯᠲᠡ ᠶᠢᠨ ᠰᠠᠶᠢᠨ ᠬᠢᠷᠢ ᠪᠦᠲᠦᠮᠵᠢ ᠣᠯᠬᠤ ᠶᠢ ᠠᠬᠢᠭᠤᠯᠬᠤ ᠪᠣᠯᠣᠨ᠎ᠠ᠃ 
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号