ᠨᠤᠭᠤᠭᠠᠨ ᠳᠠᠷᠤᠰᠢ ᠶᠢ ᠬᠢᠬᠦ ᠳᠤ ᠡᠵᠡᠮᠰᠢᠬᠦ ᠮᠡᠷᠭᠡᠵᠢᠯ ᠤᠨ ᠭᠤᠣᠯᠳᠠᠯᠭ᠎ᠠ ᠨᠢ ᠶᠠᠭᠤ ᠪᠤᠢ︖
ᠨᠡᠶᠢᠲᠡᠯᠡᠭᠰᠡᠨ ᠴᠠᠭ᠄
2024/4/22
      ᠳᠠᠷᠤᠰᠢᠭᠤᠯᠬᠤ ᠭᠠᠵᠠᠷ ᠢ ᠭᠠᠵᠠᠷ ᠤᠨ ᠪᠠᠶᠢᠴᠠ ᠨᠢ ᠥᠨᠳᠥᠷ ᠬᠠᠭᠤᠷᠠᠢ᠂ ᠬᠥᠷᠥᠰᠥ ᠨᠢ ᠬᠠᠲᠠᠭᠤ᠂ ᠭᠠᠵᠠᠷ ᠳᠣᠣᠷᠠᠬᠢ ᠤᠰᠤᠨ ᠤ ᠲᠦᠪᠰᠢᠨ ᠳᠣᠣᠷ᠎ᠠ᠂ ᠮᠠᠯ ᠤᠨ ᠬᠠᠰᠢᠶ᠎ᠠ ᠲᠠᠢ ᠣᠶᠢᠷᠠᠯᠴᠠᠭ᠎ᠠ᠂ ᠤᠰᠤᠨ ᠳᠤ ᠳᠡᠪᠲᠦᠬᠦ ᠦᠭᠡᠢ ᠭᠠᠵᠠᠷ ᠢ ᠰᠣᠩᠭᠤᠨ᠎ᠠ᠃ ᠰᠢᠯᠢᠳᠡᠭ ᠰᠠᠶᠢᠨ ᠨᠤᠭᠤᠭᠠᠨ ᠳᠠᠷᠤᠰᠢ ᠬᠢᠬᠦ ᠶᠢᠨ ᠵᠠᠩᠭᠢᠯᠠᠭ᠎ᠠ ᠨᠢ ᠰᠦᠨ ᠬᠦᠴᠢᠯ ᠤᠨ ᠪᠠᠺᠲ᠋ᠧᠷᠢ ᠳᠤ ᠲᠦᠷᠭᠡᠨ ᠦᠷᠡᠵᠢᠬᠦ ᠨᠥᠬᠦᠴᠡᠯ ᠢ ᠪᠦᠷᠢᠯᠳᠦᠭᠦᠯᠵᠦ ᠥᠭᠬᠦ ᠳᠤ ᠪᠣᠢ᠂ ᠡᠶᠢᠮᠦ ᠠᠴᠠ ᠳᠣᠣᠷᠠᠬᠢ ᠮᠡᠲᠦ ᠮᠡᠷᠭᠡᠵᠢᠯ ᠤᠨ ᠴᠢᠬᠤᠯᠠ ᠵᠦᠢᠯ ᠢ ᠡᠵᠡᠮᠰᠢᠪᠡᠯ ᠵᠣᠬᠢᠨ᠎ᠠ᠄      1.ᠬᠦᠴᠢᠯᠲᠥ᠋ᠷᠥᠭᠴᠢ ᠵᠢᠭᠰᠢᠬᠦ ᠨᠥᠬᠦᠴᠡᠯ ᠢ ᠪᠣᠢ ᠪᠣᠯᠭᠠᠨ᠎ᠠ      ᠰᠦᠨ ᠬᠦᠴᠢᠯ ᠤᠨ ᠪᠠᠺᠲ᠋ᠧᠷᠢ ᠪᠣᠯ ᠬᠦᠴᠢᠯᠲᠥ᠋ᠷᠥᠭᠴᠢ ᠵᠢᠭᠰᠢᠬᠦ ᠪᠠᠺᠲ᠋ᠧᠷᠢ ᠤᠴᠢᠷ ᠠᠴᠠ ᠨᠤᠭᠤᠭᠠᠨ ᠳᠠᠷᠤᠰᠢ ᠶᠢ ᠵᠤᠭᠤᠷᠢᠯᠠᠬᠤ ᠳᠠᠭᠠᠨ ᠡᠷᠬᠡᠪᠰᠢ ᠴᠢᠩᠭ᠎ᠠ ᠭᠢᠰᠬᠢᠨ ᠳᠠᠷᠤᠰᠢᠭᠤᠯᠵᠤ᠂ ᠠᠭᠠᠷ ᠢ ᠭᠠᠳᠠᠭᠰᠢᠯᠠᠭᠤᠯᠤᠭᠰᠠᠨ ᠤ ᠳᠠᠷᠠᠭ᠎ᠠ ᠨᠢᠭᠲᠠ ᠪᠢᠲᠡᠭᠦᠮᠵᠢᠯᠡᠵᠦ᠂ ᠬᠡᠢ ᠨᠡᠪᠲᠡᠷᠡᠬᠦ ᠠᠴᠠ ᠰᠡᠷᠭᠡᠶᠢᠯᠡᠨ᠂ ᠬᠦᠴᠢᠯᠲᠥ᠋ᠷᠥᠭᠴᠢ ᠵᠢᠭᠰᠢᠬᠦ ᠨᠥᠬᠦᠴᠡᠯ ᠢ ᠡᠭᠦᠳᠴᠦ᠂ ᠰᠦᠨ ᠬᠦᠴᠢᠯ ᠤᠨ ᠪᠠᠺᠲ᠋ᠧᠷᠢ ᠶᠢᠨ ᠦᠳᠲᠡᠷ ᠲᠦᠷᠭᠡᠨ ᠦᠷᠡᠵᠢᠬᠦ ᠪᠠ ᠣᠷᠭᠠᠨᠢᠭ ᠬᠦᠴᠢᠯ ᠤᠨ ᠬᠤᠷᠠᠮᠳᠤᠯ ᠢ ᠠᠬᠢᠭᠤᠯᠵᠤ᠂ ᠨᠤᠭᠤᠭᠠᠨ ᠳᠠᠷᠤᠰᠢ ᠶᠢᠨ ᠶᠠᠰᠤ ᠴᠢᠨᠠᠷ ᠢ ᠪᠠᠲᠤᠯᠠᠨ᠎ᠠ᠃      2.ᠲᠣᠬᠢᠷᠠᠮᠵᠢᠲᠠᠢ ᠢᠰᠬᠡᠯᠲᠡ ᠶᠢᠨ ᠳᠤᠯᠠᠭᠠᠴᠠ      ᠲᠡᠵᠢᠭᠡᠯ ᠪᠣᠷᠳᠤᠭ᠎ᠠ ᠶᠢ ᠳᠠᠷᠤᠰᠢᠭᠤᠯᠬᠤ ᠳᠤ ᠢᠰᠬᠡᠯᠲᠡ ᠶᠢᠨ ᠳᠤᠯᠠᠭᠠᠨ ᠤ ᠬᠡᠮᠵᠢᠶ᠎ᠡ ᠶᠢ ᠶᠡᠷᠦ ᠳᠡᠭᠡᠨ 19-37℃ ᠤᠨ ᠬᠤᠭᠤᠷᠣᠨᠳᠤ ᠬᠢᠵᠠᠭᠠᠷᠯᠠᠵᠤ᠂ 25-30℃ ᠪᠠᠶᠢᠪᠠᠯ ᠬᠠᠮᠤᠭ ᠰᠠᠶᠢᠨ᠃ ᠲᠡᠵᠢᠭᠡᠯ  ᠪᠤᠷᠳᠤᠭᠠᠨ ᠤ ᠵᠣᠭᠤᠷᠢ ᠶᠢᠨ ᠪᠢᠲᠡᠭᠦᠮᠵᠢᠯᠡᠬᠦ ᠴᠢᠨᠠᠷ ᠨᠢ ᠬᠡᠳᠦᠢ ᠮᠠᠭᠤ ᠪᠣᠯ ᠵᠣᠭᠤᠷᠢ ᠶᠢᠨ ᠳᠤᠯᠠᠭᠠᠨ ᠨᠢ ᠲᠡᠳᠦᠢ ᠥᠨᠳᠥᠷ ᠪᠠᠶᠢᠵᠤ᠂ ᠢᠰᠬᠡᠬᠦ ᠴᠠᠭ ᠨᠢ ᠲᠡᠳᠦᠢ ᠣᠷᠳᠣ ᠪᠣᠯᠵᠤ ᠨᠤᠭᠤᠭᠠᠨ ᠳᠠᠷᠤᠰᠢ ᠶᠢᠨ ᠶᠠᠰᠤ ᠴᠢᠨᠠᠷ ᠢ  ᠮᠠᠭᠤᠳᠠᠭᠤᠯᠳᠠᠭ᠃ ᠡᠶᠢᠮᠦ ᠠᠴᠠ ᠡᠷᠬᠡᠪᠰᠢ ᠳᠠᠷᠤᠰᠢᠭᠤᠯᠬᠤ ᠵᠣᠭᠤᠷᠢ ᠶᠢ ᠨᠢᠭᠲᠠ ᠪᠢᠲᠡᠭᠦᠮᠵᠢᠯᠡᠬᠦ ᠠᠵᠢᠯ ᠢ ᠰᠠᠶᠢᠲᠤᠷ ᠬᠢᠪᠡᠯ ᠰᠠᠶ᠋ᠢ ᠢᠰᠬᠡᠬᠦ ᠶᠠᠪᠤᠴᠠ ᠳᠠᠬᠢ ᠲᠣᠬᠢᠷᠠᠮᠵᠢᠲᠠᠢ ᠳᠤᠯᠠᠭᠠᠨ ᠤ ᠬᠡᠮᠵᠢᠶ᠎ᠡ ᠶᠢ ᠪᠠᠲᠤᠯᠠᠵᠤ ᠴᠢᠳᠠᠨ᠎ᠠ᠃      3.ᠲᠣᠬᠢᠷᠠᠮᠵᠢᠲᠠᠢ ᠰᠢᠬᠢᠷ ᠤᠨ ᠠᠭᠤᠯᠤᠭᠳᠠᠴᠠ      ᠳᠠᠷᠤᠰᠢᠭᠤᠯᠬᠤ ᠶᠠᠪᠤᠴᠠ ᠳᠤ ᠬᠡᠷᠡᠭᠰᠡᠬᠦ ᠲᠦᠭᠦᠬᠡᠢ ᠮᠠᠲ᠋ᠧᠷᠢᠶᠠᠯ ᠤᠨ ᠰᠢᠬᠢᠷ ᠤᠨ ᠠᠭᠤᠯᠤᠭᠳᠠᠴᠠ ᠶᠢ 1%-2% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠬᠡᠷᠪᠡ ᠳᠣᠣᠷ᠎ᠠ ᠪᠣᠯ ᠰᠢᠬᠢᠷ ᠤᠨ ᠠᠭᠤᠯᠤᠭᠳᠠᠴᠠ ᠥᠨᠳᠥᠷ ᠪᠣᠳᠠᠰ ᠢ ᠨᠥᠬᠦᠪᠦᠷᠢᠯᠡᠵᠦ᠂ ᠰᠦᠨ ᠬᠦᠴᠢᠯ ᠤᠨ ᠪᠠᠺᠲ᠋ᠧᠷᠢ ᠶᠢᠨ ᠶᠡᠭᠡ ᠬᠡᠮᠵᠢᠶ᠎ᠡ ᠪᠠᠷ ᠦᠷᠡᠵᠢᠬᠦ ᠶᠢ ᠪᠠᠲᠤᠯᠠᠨ᠎ᠠ᠃      4.ᠵᠣᠬᠢᠬᠤ ᠬᠡᠮᠵᠢᠶᠡᠨ ᠤ ᠤᠰᠤ      ᠳᠠᠷᠤᠰᠢᠭᠤᠯᠬᠤ ᠲᠦᠭᠦᠬᠡᠢ ᠮᠠᠲ᠋ᠧᠷᠢᠶᠠᠯ ᠤᠨ ᠤᠰᠤᠨ ᠤ ᠠᠭᠤᠯᠤᠭᠳᠠᠴᠠ ᠶᠢᠨ ᠶᠡᠭᠡ ᠪᠠᠭ᠎ᠠ ᠨᠢ ᠰᠦᠨ ᠬᠦᠴᠢᠯ ᠤᠨ ᠪᠠᠺᠲ᠋ᠧᠷᠢ ᠶᠢᠨ ᠬᠡᠪ ᠢᠶᠠᠷ ᠦᠷᠡᠵᠢᠬᠦ ᠶᠢ ᠪᠠᠲᠤᠯᠠᠬᠤ ᠴᠢᠬᠤᠯᠠ ᠨᠥᠬᠦᠴᠡᠯ ᠪᠠᠶᠢᠵᠤ᠂ ᠳᠠᠷᠤᠰᠢᠭᠤᠯᠬᠤ ᠮᠠᠲ᠋ᠧᠷᠢᠶᠠᠯ ᠤᠨ ᠶᠠᠰᠤ ᠴᠢᠨᠠᠷ ᠢ ᠰᠢᠭᠤᠳ ᠨᠥᠯᠥᠭᠡᠯᠡᠳᠡᠭ᠃ ᠶᠡᠷᠦ ᠳᠡᠭᠡᠨ ᠰᠦᠨ ᠬᠦᠴᠢᠯ ᠤᠨ ᠪᠠᠺᠲ᠋ᠧᠷᠢ ᠶᠢᠨ ᠦᠷᠡᠵᠢᠯᠲᠡ ᠳᠤ ᠲᠣᠬᠢᠷᠠᠬᠤ ᠤᠰᠤᠨ ᠤ ᠠᠭᠤᠯᠤᠭᠳᠠᠴᠠ ᠨᠢ 65%-75%᠂ ᠪᠤᠷᠴᠠᠭ ᠤᠨ ᠢᠵᠠᠭᠤᠷ ᠤᠨ ᠲᠡᠵᠢᠭᠡᠯ ᠡᠪᠡᠰᠦᠨ ᠤ ᠤᠰᠤᠨ ᠤ ᠠᠭᠤᠯᠤᠭᠳᠠᠴᠠ ᠨᠢ 60%-70% ᠪᠠᠶᠢᠪᠠᠯ ᠬᠠᠮᠤᠭ ᠰᠠᠶᠢᠨ᠂ ᠬᠠᠲᠠᠭᠤ ᠪᠦᠳᠦᠭᠦᠯᠢᠭ ᠲᠦᠭᠦᠬᠡᠢ ᠮᠠᠲ᠋ᠧᠷᠢᠶᠠᠯ ᠤᠨ ᠤᠰᠤᠨ ᠤ ᠠᠭᠤᠯᠤᠭᠳᠠᠴᠠ ᠶᠢ 78%-82% ᠲᠤ ᠬᠦᠷᠭᠡᠵᠦ᠂ ᠬᠠᠷᠢᠨ ᠨᠢᠯᠬ᠎ᠠ ᠵᠥᠭᠡᠯᠡᠨ ᠰᠢᠭᠦᠰᠦᠯᠢᠭ ᠵᠥᠭᠡᠯᠡᠨ ᠲᠦᠭᠦᠬᠡᠢ ᠮᠠᠲ᠋ᠧᠷᠢᠶᠠᠯ ᠤᠨ ᠤᠰᠤᠨ ᠤ ᠠᠭᠤᠯᠤᠭᠳᠠᠴᠠ ᠶᠢ ᠳᠣᠣᠷ᠎ᠠ ᠰᠢᠭ᠋ ᠪᠠᠶᠢᠯᠭᠠᠵᠤ᠂ 60% ᠪᠠᠶᠢᠯᠭᠠᠪᠠᠯ ᠲᠣᠬᠢᠷᠠᠮᠵᠢᠲᠠᠢ᠃ ᠨᠣᠭᠤᠭᠠᠨ ᠳᠠᠷᠤᠰᠢ ᠶᠢᠨ ᠲᠦᠭᠦᠬᠡᠢ ᠮᠠᠲ᠋ᠧᠷᠢᠶᠠᠯ ᠤᠨ ᠤᠰᠤᠨ ᠤ ᠠᠭᠤᠯᠤᠭᠳᠠᠴᠠ ᠶᠢ ᠡᠨᠡ ᠪᠠᠷᠢᠮᠵᠢᠶ᠎ᠠ ᠶᠢᠨ ᠳᠣᠲᠣᠷ᠎ᠠ ᠡᠵᠡᠮᠰᠢᠪᠡᠯ ᠵᠣᠬᠢᠨ᠎ᠠ᠂ ᠬᠡᠲᠦ ᠠᠷᠪᠢᠨ ᠪᠤᠶᠤ ᠬᠡᠲᠦ ᠪᠠᠭ᠎ᠠ ᠪᠣᠯ ᠪᠦᠷ ᠨᠣᠭᠤᠭᠠᠨ ᠳᠠᠷᠤᠰᠢ ᠴᠢᠨᠢ ᠢᠯᠠᠭᠳᠠᠨ᠎ᠠ᠃ ᠤᠰᠤᠨ ᠤ ᠠᠭᠤᠯᠤᠭᠳᠠᠴᠠ ᠨᠢ ᠬᠡᠳᠦ ᠠᠷᠪᠢᠨ ᠳᠠᠷᠤᠰᠢᠭᠤᠯᠬᠤ ᠮᠠᠲ᠋ᠧᠷᠢᠶᠠᠯ ᠢ ᠪᠠᠭ᠎ᠠ ᠰᠠᠭ᠎ᠠ ᠬᠠᠲᠠᠭᠠᠵᠤ ᠦᠭᠦᠰᠢᠷᠡᠬᠦᠯᠦᠭᠡᠳ ᠳᠠᠬᠢᠨ ᠳᠠᠷᠤᠰᠢᠭᠤᠯᠤᠨ᠎ᠠ ᠂  ᠵᠣᠬᠢᠬᠤ ᠬᠡᠮᠵᠢᠶᠡᠨ ᠤ ᠬᠠᠭᠤᠷᠠᠢ ᠪᠣᠷᠳᠤᠭ᠎ᠠ ᠶᠢ ᠬᠤᠯᠢᠵᠤ ᠳᠠᠷᠤᠰᠢᠭᠤᠯᠤᠭᠰᠠᠨ ᠴᠦ ᠪᠣᠯᠣᠨ᠎ᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号