ᠥᠪᠥᠷ ᠮᠣᠩᠭᠤᠯ ᠤᠨ ᠲᠥᠬᠦᠭᠡᠷᠦᠮᠵᠢᠲᠦ ᠲᠠᠷᠢᠶᠠᠯᠠᠩ ᠤᠨ ᠬᠤᠷᠳᠤᠴᠠ ᠳᠠᠬᠢᠨᠲᠠ ᠳᠡᠭᠡᠭᠰᠢᠯᠡᠪᠡ
ᠨᠡᠶᠢᠲᠡᠯᠡᠭᠰᠡᠨ ᠴᠠᠭ᠄
2024/4/23
      4 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠪᠥᠬᠦ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠨᠢᠭᠡᠴᠡ᠂ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ᠂ ᠠᠺᠠᠳᠧᠮᠢᠴᠢ ᠡᠷᠳᠡᠮᠲᠡᠨ ᠢ ᠤᠷᠢᠵᠤ᠂ ᠣᠯᠠᠨ ᠢᠶᠠᠷ ᠢᠶᠠᠨ ᠤᠯᠠᠭᠠᠨᠬᠠᠳᠠ ᠶᠢᠨ ᠨᠢᠩᠴᠧᠩ ᠬᠤᠲᠠ ᠳᠤ ᠴᠤᠭᠯᠠᠷᠠᠨ᠂ ᠥᠪᠥᠷ ᠮᠣᠩᠭᠤᠯ ᠤᠨ ᠲᠥᠬᠦᠭᠡᠷᠦᠮᠵᠢᠲᠦ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠰᠤᠷᠤᠯᠴᠠᠨ ᠰᠣᠯᠢᠯᠴᠠᠵᠤ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠪᠣᠯᠪᠠᠰᠤᠷᠠᠯ ᠤᠨ ᠠᠩᠭᠢ ᠳᠤ ᠣᠷᠣᠯᠴᠠᠪᠠ᠃
11.jpg
       ᠣᠯᠠᠨ ᠢᠶᠠᠷ ᠢᠶᠠᠨ ᠨᠢᠩᠴᠧᠩ ᠰᠢᠶᠠᠨ ᠤ ᠱᠠᠨᠳᠦ᠋ᠩ ᠤᠨ ᠣᠳᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠪᠠᠶᠢᠭᠤᠯᠵᠤ ᠪᠠᠶᠢᠭ᠎ᠠ ᠲᠥᠷᠥᠯ ᠵᠦᠢᠯ᠂ ᠨᠢᠩᠴᠧᠩ ᠰᠢᠶᠠᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠢᠳᠡᠭᠡᠨ ᠤ ᠠᠵᠤ ᠦᠢᠯᠡᠰ ᠤᠨ ᠬᠦᠷᠢᠶᠡᠯᠡᠩ ᠤᠨ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠹᠧᠩ ᠮᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠶᠤᠨᠴᠢ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠦᠢᠯᠡᠳᠪᠦᠷᠢᠯᠡᠯ ᠤᠨ ᠪᠠᠶᠢᠳᠠᠯ᠂ ᠳ᠋ᠠ ᠴᠧᠩ ᠽᠢ ᠶᠢᠨ ᠲᠦᠮᠡᠨ ᠮᠦ ᠲᠥᠪᠡᠳ ᠬᠠᠰᠢ ᠶᠢᠨ ᠬᠦᠷᠢᠶᠡᠯᠡᠩ ᠲᠣᠭᠤᠷᠢᠭ ᠤᠨ ᠬᠡᠪᠴᠢᠶᠡᠵᠢᠭᠰᠡᠨ ᠬᠥᠭᠵᠢᠯᠲᠡ ᠶᠢᠨ ᠪᠠᠶᠢᠳᠠᠯ᠂ ᠰᠢ ᠽᠢ ᠪᠠᠯᠭᠠᠰᠤᠨ ᠤ ᠪᠧ ᠯᠢᠨ ᠶᠢᠩᠽᠢ ᠲᠣᠰᠬᠤᠨ ᠤ ᠵᠢᠶᠠᠩᠰᠤ ᠯᠢᠦᠢ ᠭᠠᠩ ᠤᠨ 15 ᠲᠦᠮᠡᠨ ᠲᠡᠭᠰᠢ ᠳᠦᠷᠪᠡᠯᠵᠢᠨ ᠰᠢᠯ ᠵᠠᠯᠭᠠᠯᠳᠤᠭᠰᠠᠨ ᠬᠦᠯᠡᠮᠵᠢ ᠶᠢᠨ ᠲᠣᠭᠠᠴᠢᠯᠠᠭᠰᠠᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ᠂ ᠲᠥᠬᠦᠭᠡᠷᠦᠮᠵᠢᠲᠦ ᠲᠠᠷᠢᠶᠠᠯᠠᠩ ᠤᠨ ᠰᠢᠨ᠎ᠡ ᠬᠡᠪ ᠵᠠᠭᠪᠤᠷ᠂ ᠰᠢᠨ᠎ᠡ ᠮᠡᠷᠭᠡᠵᠢᠯ᠂ ᠰᠢᠨ᠎ᠡ ᠮᠠᠲ᠋ᠧᠷᠢᠶᠠᠯ᠂ ᠰᠢᠨ᠎ᠡ ᠦᠢᠯᠡᠳᠬᠦᠨ ᠤ ᠦᠵᠡᠭᠦᠯᠭᠡ ᠶᠢ ᠲᠤᠬᠠᠢ ᠶᠢᠨ ᠲᠠᠯᠠᠪᠤᠷ ᠲᠤ ᠲᠣᠭᠤᠷᠢᠨ ᠦᠵᠡᠪᠡ᠃
22.jpg
       ᠪᠣᠯᠪᠠᠰᠤᠷᠠᠯ ᠤᠨ ᠠᠩᠭᠢ ᠳᠤ᠂ ᠠᠺᠠᠳᠧᠮᠢᠴᠢ ᠯᠢ ᠲᠢᠶᠠᠨ ᠯᠠᠢ ᠪᠣᠯᠣᠨ ᠫᠷᠤᠹᠧᠰᠰᠤᠷ ᠼᠦᠢ ᠱᠢ ᠮᠣᠣ ᠲᠥᠬᠦᠭᠡᠷᠦᠮᠵᠢᠲᠦ ᠲᠠᠷᠢᠶᠠᠯᠠᠩ ᠤᠨ ᠢᠷᠡᠭᠡᠳᠦᠢ ᠶᠢᠨ ᠬᠥᠭᠵᠢᠯᠲᠡ ᠶᠢᠨ ᠬᠠᠨᠳᠤᠰᠢ ᠪᠣᠯᠣᠨ ᠲᠥᠬᠦᠭᠡᠷᠦᠮᠵᠢᠲᠦ ᠲᠠᠷᠢᠶᠠᠯᠠᠩ ᠤᠨ ᠰᠢᠨ᠎ᠡ ᠪᠦᠲᠦᠴᠡ ᠰᠢᠨ᠎ᠡ ᠮᠠᠲ᠋ᠧᠷᠢᠶᠠᠯ ᠤᠨ ᠬᠡᠷᠡᠭᠯᠡᠯᠲᠡ ᠶᠢᠨ ᠰᠡᠳᠦᠪ ᠢᠶᠠᠷ ᠲᠤᠰ ᠲᠤᠰ ᠭᠤᠶᠢᠳᠠ ᠰᠠᠶᠢᠬᠠᠨ ᠲᠠᠶᠢᠯᠤᠮᠵᠢ ᠬᠢᠵᠡᠢ᠃ ᠤᠯᠠᠭᠠᠨᠬᠠᠳᠠ ᠬᠤᠳᠠ᠂ ᠨᠢᠩᠴᠧᠩ ᠰᠢᠶᠠᠨ᠂ ᠬᠥᠬᠡᠬᠤᠲᠠ᠂ ᠪᠤᠭᠤᠲᠤ ᠬᠤᠳᠠ᠂ ᠪᠠᠶᠠᠨᠨᠠᠭᠤᠷ ᠬᠤᠳᠠ᠂ ᠣᠷᠳᠣᠰ ᠬᠤᠳᠠ ᠶᠢᠨ ᠬᠢᠨ ᠲᠤᠰ ᠲᠤᠰ ᠰᠣᠯᠢᠯᠴᠠᠭᠠᠨ ᠤ ᠶᠠᠷᠢᠶ᠎ᠠ ᠲᠠᠯᠪᠢᠵᠠᠢ᠃
33.jpg
44.png
       ᠥᠪᠡᠷᠲᠡᠭᠡᠨ ᠵᠠᠰᠠᠬᠤ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠶᠢᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠵᠢᠩᠬᠢᠨᠢ ᠪᠠᠷ ᠪᠠᠶᠢᠭᠤᠯᠤᠭᠳᠠᠭᠰᠠᠨ ᠢ ᠵᠠᠷᠯᠠᠭᠰᠠᠨ ᠪᠥᠭᠡᠳ ᠰᠤᠳᠤᠯᠭᠠᠨ ᠤ ᠬᠦᠷᠢᠶᠡᠯᠡᠩ ᠤᠨ ᠠᠺᠠᠳᠧᠮᠢᠴᠢ ᠲᠤᠰᠬᠠᠢ ᠮᠡᠷᠭᠡᠵᠢᠯᠲᠡᠨ ᠤ ᠯᠠᠪᠯᠠᠯᠭ᠎ᠠ ᠶᠢᠨ ᠳᠤᠭᠤᠶᠢᠯᠠᠩ ᠤᠨ ᠳᠠᠷᠤᠭ᠎ᠠ ᠯᠢ ᠲᠢᠶᠠᠨ ᠯᠠᠢ ᠠᠺᠠᠳᠧᠮᠢᠴᠢ ᠪᠣᠯᠣᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠼᠦᠢ ᠱᠢ ᠮᠣᠣ ᠫᠷᠤᠹᠧᠰᠰᠤᠷ ᠲᠤ ᠤᠷᠢᠯᠭ᠎ᠠ ᠶᠢᠨ ᠪᠢᠴᠢᠭ ᠭᠠᠷᠳᠠᠭᠤᠯᠵᠠᠢ᠃ ᠤᠯᠠᠭᠠᠨᠬᠠᠳᠠ ᠬᠤᠲᠠ ᠶᠢᠨ ᠨᠢᠩᠴᠧᠩ ᠰᠢᠶᠠᠨ᠂ ᠪᠤᠭᠤᠲᠤ ᠬᠤᠲᠠ ᠶᠢᠨ ᠳ᠋ᠦᠩ ᠾᠧ ᠲᠣᠭᠤᠷᠢᠭ᠂ ᠣᠷᠳᠣᠰ ᠬᠤᠲᠠ ᠶᠢᠨ ᠵᠡᠭᠦᠨᠭᠠᠷ ᠬᠤᠰᠢᠭᠤ᠂ ᠪᠠᠶᠠᠨᠨᠠᠭᠤᠷ ᠬᠤᠲᠠ ᠶᠢᠨ ᠬᠠᠩᠭᠢᠨ ᠬᠤᠶᠢᠲᠤ ᠬᠤᠰᠢᠭᠤᠨ ᠤ 4 ᠲᠥᠬᠦᠭᠡᠷᠦᠮᠵᠢᠲᠦ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠷᠠᠭᠤᠯᠤᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠫᠠᠶᠢᠰᠠ ᠣᠯᠭᠤᠪᠠ᠃ ᠰᠤᠳᠤᠯᠭᠠᠨ ᠤ ᠬᠦᠷᠢᠶᠡᠯᠡᠩ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ᠂ ᠮᠡᠷᠭᠡᠵᠢᠯ ᠢ ᠪᠣᠯᠪᠠᠰᠤᠷᠠᠭᠤᠯᠬᠤ᠂ ᠦᠷ᠎ᠡ ᠪᠦᠲᠦᠭᠡᠯ ᠢ ᠣᠨᠳᠣᠣᠰᠢᠭᠤᠯᠬᠤ᠂ ᠵᠢᠱᠢᠶ᠎ᠡ ᠦᠵᠡᠭᠦᠯᠦᠨ ᠳᠡᠯᠭᠡᠷᠡᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ ᠬᠠᠩᠭᠠᠬᠤ ᠵᠡᠷᠭᠡ ᠴᠢᠳᠠᠪᠬᠢ ᠶᠢ ᠨᠢᠭᠡ ᠴᠣᠭᠴᠠᠵᠢᠭᠤᠯᠵᠤ᠂ ᠥᠪᠥᠷ ᠮᠣᠩᠭᠤᠯ ᠤᠨ ᠲᠥᠬᠦᠭᠡᠷᠦᠮᠵᠢᠲᠦ ᠲᠠᠷᠢᠶᠠᠯᠠᠩ ᠤᠨ ᠣᠳᠣᠬᠢᠴᠢᠯᠠᠭᠰᠠᠨ ᠪᠣᠬᠢᠷᠲᠤᠯ ᠦᠭᠡᠢ ᠬᠥᠭᠵᠢᠯᠲᠡ ᠳᠤ ᠬᠦᠴᠦᠲᠡᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠪᠣᠯᠣᠨ᠎ᠠ᠃
55.jpg
66.png
      2023 ᠣᠨ ᠠᠴᠠ ᠡᠬᠢᠯᠡᠨ᠂ ᠥᠪᠥᠷ ᠮᠣᠩᠭᠤᠯ ᠣᠲᠣ ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠡᠨᠡ ᠵᠢᠯ ᠲᠥᠬᠦᠭᠡᠷᠦᠮᠵᠢᠲᠦ ᠲᠠᠷᠢᠶᠠᠯᠠᠩ ᠤᠨ ᠲᠠᠯᠠᠪᠠᠶ ᠶᠢ 24 ᠲᠦᠮᠡᠨ ᠮᠦ ᠳᠤ ᠰᠢᠨ᠎ᠡ ᠪᠠᠷ ᠪᠠᠶᠢᠭᠤᠯᠵᠤ᠂ 5 ᠲᠦᠮᠡᠨ ᠮᠦ ᠶᠢ ᠥᠭᠡᠷᠡᠴᠢᠯᠡᠨ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ  ᠨᠢ ᠬᠦᠷᠢᠶᠡᠯᠡᠩ ᠲᠣᠭᠤᠷᠢᠭ ᠢᠶᠠᠷ ᠵᠢᠯᠣᠭᠤᠳᠤᠮᠵᠢ ᠪᠣᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠨᠠᠷᠢᠯᠢᠭ ᠭᠦᠨᠵᠡᠭᠡᠢ ᠡᠳ᠋ᠰᠢᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ᠂ ᠬᠡᠷᠡᠯ ᠸᠣᠯᠲ ᠵᠡᠷᠭᠡ ᠠᠵᠤ ᠦᠢᠯᠡᠰ ᠯᠦᠭᠡ ᠪᠦᠲᠦᠮᠵᠢᠲᠡᠶ ᠤᠶᠠᠯᠳᠤᠭᠤᠯᠤᠨ᠂ ᠲᠣᠭᠲᠠᠴᠠ ᠶᠢᠨ ᠰᠢᠨ᠎ᠡ ᠶᠢ ᠡᠭᠦᠳᠬᠦ ᠶᠢ ᠰᠠᠶᠢᠲᠤᠷ ᠠᠳᠬᠤᠵᠤ᠂ ᠪᠡᠯᠡ ᠣᠷᠣᠭᠤᠯᠤᠯᠲᠠ ᠶᠢᠨ ᠠᠷᠭ᠎ᠠ ᠵᠠᠮ ᠢ ᠥᠷᠭᠡᠳᠬᠡᠨ᠂ ᠨᠠᠷᠠᠲᠤ ᠲᠡᠮᠳᠡᠭᠲᠦ ᠪᠠᠷ ᠡᠵᠡᠩᠨᠡᠨ ᠪᠣᠷᠣᠯᠠᠭᠤᠯᠬᠤ ᠶᠢ ᠴᠢᠩᠭᠠᠷᠠᠭᠤᠯᠵᠤ᠂ ᠮᠠᠨ ᠤ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠠᠵᠤ ᠦᠢᠯᠡᠰ ᠤᠨ ᠬᠡᠯᠬᠢᠶᠡᠵᠢᠭᠦᠯᠦᠯᠲᠡ᠂ ᠲᠠᠷᠢᠶᠠᠯᠠᠩ ᠰᠣᠶᠣᠯ ᠵᠢᠭᠤᠯᠴᠢᠯᠠᠯ ᠤᠨ ᠨᠢᠭᠡ ᠴᠣᠭᠴᠠᠵᠢᠭᠤᠯᠤᠯᠲᠠ᠂ ᠮᠠᠰᠢᠨ ᠤ ᠣᠶᠤᠨᠴᠢᠯᠠᠯᠲᠠ ᠶᠢ ᠠᠬᠢᠭᠤᠯᠤᠨ᠂ ᠥᠪᠥᠷ ᠮᠣᠩᠭᠤᠯ ᠤᠨ ︽ᠢᠳᠡᠰᠢᠨ ᠨᠣᠭᠤᠭ᠎ᠠ︾ ᠶᠢᠨ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃
77.jpg
 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号