ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠭᠦᠭᠡᠷᠦᠮᠵᠢᠲᠦ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠶᠢᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/4/23
      4 ᠰᠠᠷ᠎ᠠ ᠶᠢᠨ 22 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠭᠦᠭᠡᠷᠦᠮᠵᠢᠲᠦ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠶᠢᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠪᠠᠶᠢᠭᠤᠯᠤᠭᠳᠠᠪᠠ᠃ ᠰᠤᠳᠤᠯᠭᠠᠨ ᠤ ᠬᠦᠷᠢᠶᠡᠯᠡᠩ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ᠂ ᠮᠡᠷᠭᠡᠵᠢᠯ ᠤᠨ ᠪᠣᠯᠪᠠᠰᠤᠷᠠᠯᠲᠠ᠂ ᠦᠷ᠎ᠡ ᠪᠦᠲᠦᠭᠡᠯ ᠤᠨ ᠤᠨᠳᠤᠤᠰᠢᠭᠤᠯᠤᠯᠳᠠ᠂ ᠵᠢᠱᠢᠶ᠎ᠡ ᠦᠵᠡᠭᠦᠯᠦᠨ ᠳᠡᠯᠭᠡᠷᠡᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ ᠵᠡᠷᠭᠡ ᠴᠢᠳᠠᠪᠬᠢ ᠶᠢ ᠨᠢᠭᠡ ᠴᠣᠭᠴᠠᠵᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠭᠪᠤᠷ ᠤᠨ ᠰᠢᠨ᠎ᠡ ᠶᠢ ᠡᠭᠦᠳᠬᠦ ᠶᠢ ᠬᠠᠶᠢᠨ ᠰᠦᠪᠡᠭᠴᠢᠯᠡᠬᠦ ᠪᠠᠷ ᠴᠢᠷᠮᠠᠶᠢᠵᠤ᠂ ᠭᠤᠣᠯᠯᠠᠭᠴᠢ ᠮᠡᠷᠭᠡᠵᠢᠯ ᠤᠨ ᠲᠠᠯ᠎ᠠ ᠪᠠᠷ ᠬᠠᠮᠵᠢᠯᠴᠠᠨ ᠰᠢᠪᠲᠤᠯᠤᠯᠲᠠ ᠬᠢᠵᠦ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠵᠦ᠂ ᠤᠳᠤ ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ ᠤᠨ ᠰᠢᠨ᠎ᠡ ᠶᠢ ᠡᠭᠦᠳᠬᠦ ᠰᠢᠰᠲ᠋ᠧᠮᠵᠢ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠦᠭᠦᠭᠡᠷᠦᠮᠵᠢᠲᠦ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠢ ᠶᠢ ᠭᠤᠣᠯᠳᠠᠯᠭ᠎ᠠ ᠲᠠᠢ ᠰᠤᠳᠤᠯᠤᠨ ᠰᠢᠢᠳᠪᠦᠷᠢᠯᠡᠵᠦ᠂ ᠲᠦᠭᠦᠭᠡᠷᠦᠮᠵᠢᠲᠦ ᠲᠠᠷᠢᠶᠠᠯᠠᠩ ᠤᠨ ᠪᠣᠬᠢᠷᠲᠤᠯ ᠦᠭᠡᠢ ᠥᠨᠳᠥᠷ ᠦᠷ᠎ᠡ ᠪᠦᠲᠦᠮᠵᠢᠲᠡᠶ ᠮᠡᠷᠭᠡᠵᠢᠯ ᠢ ᠪᠣᠯᠪᠠᠰᠤᠷᠠᠩᠭᠤᠢ ᠬᠤᠷᠠᠭᠤᠯᠬᠤ ᠪᠠ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠮᠠᠯᠴᠢᠨ ᠲᠠᠷᠢᠶᠠᠴᠢᠨ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ ᠡᠷᠦᠬᠡ ᠵᠢᠴᠢ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠣᠯᠪᠠᠰᠤᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠲᠦᠭᠦᠭᠡᠷᠦᠮᠵᠢᠲᠦ ᠲᠠᠷᠢᠶᠠᠯᠠᠩ ᠤᠨ ᠣᠳᠣᠬᠢᠴᠢᠯᠠᠭᠰᠠᠨ ᠪᠣᠬᠢᠷᠲᠤᠯ ᠦᠭᠡᠢ ᠬᠥᠭᠵᠢᠯᠲᠡ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ︽ᠢᠳᠡᠰᠢᠨ ᠨᠣᠭᠤᠭ᠎ᠠ︾ ᠶᠢᠨ ᠤᠨᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠬᠦ ᠪᠣᠯᠤᠨ᠎ᠠ᠃ 
111.jpg
       ᠰᠤᠳᠤᠯᠭᠠᠨ ᠤ ᠬᠦᠷᠢᠶᠡᠯᠡᠩ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠳᠠᠭᠠᠭᠤᠯᠤᠨ ᠵᠣᠬᠢᠶᠠᠨ ᠪᠠᠶᠢᠭᠤᠯᠵᠤ᠂ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠵᠢᠷᠭᠤᠭᠠᠨ ᠢᠨᠵᠧᠨᠧᠷᠢᠩ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠣᠨ᠎ᠠ᠃ ᠳᠣᠣᠷ᠎ᠠ ᠨᠢ ᠲᠦᠭᠦᠭᠡᠷᠦᠮᠵᠢᠲᠦ ᠲᠠᠷᠢᠶᠠᠯᠠᠩ ᠤᠨ ᠦᠢᠯᠡᠳᠪᠦᠷᠢᠯᠡᠯ ᠤᠨ ᠮᠡᠷᠭᠡᠵᠢᠯ ᠤᠨ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ᠂ ᠲᠦᠭᠦᠭᠡᠷᠦᠮᠵᠢ ᠶᠢᠨ ᠪᠦᠲᠦᠴᠡ ᠬᠢᠭᠡᠳ ᠡᠳ᠋ ᠮᠠᠲ᠋ᠧᠷᠢᠶᠠᠯ ᠤᠨ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ᠂ ᠣᠶᠤᠨᠴᠢ ᠲᠦᠭᠦᠭᠡᠷᠦᠮᠵᠢᠲᠦ ᠲᠠᠷᠢᠶᠠᠯᠠᠩ ᠤᠨ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ᠂ ᠨᠠᠷᠠᠲᠤ ᠲᠡᠮᠳᠡᠭᠲᠦ ᠶᠢᠨ ᠰᠢᠨ᠎ᠡ ᠶᠢ ᠡᠭᠦᠳᠬᠦ ᠵᠢᠴᠢ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠤᠯᠲᠠ ᠶᠢ ᠥᠷᠭᠡᠳᠬᠡᠬᠦ ᠵᠡᠷᠭᠡ 4 ᠲᠥᠪ ᠢ ᠲᠣᠬᠢᠷᠠᠭᠤᠯᠤᠨ᠎ᠠ᠃ ᠡᠭᠦᠨ ᠤ ᠬᠠᠮᠲᠤ᠂ ᠲᠦᠭᠦᠭᠡᠷᠦᠮᠵᠢᠲᠦ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠷᠠᠭᠤᠯᠤᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 4 ᠪᠠᠶᠢᠭᠤᠯᠵᠤ᠂ ᠲᠣᠰ ᠲᠣᠰ ᠤᠯᠠᠭᠠᠨᠬᠠᠳᠠ ᠬᠤᠲᠠ ᠶᠢᠨ ᠨᠢᠩᠴᠧᠩ ᠰᠢᠶᠠᠨ᠂ ᠪᠤᠭᠤᠲᠤ ᠬᠤᠲᠠ ᠶᠢᠨ ᠳ᠋ᠦᠩ ᠾᠧ ᠲᠣᠭᠤᠷᠢᠭ᠂ ᠣᠷᠳᠣᠰ ᠬᠤᠲᠠ ᠶᠢᠨ ᠵᠡᠭᠦᠨᠭᠠᠷ ᠬᠤᠰᠢᠭᠤ᠂ ᠪᠠᠶᠠᠨᠨᠠᠭᠤᠷ ᠬᠤᠲᠠ ᠶᠢᠨ ᠬᠠᠩᠭᠢᠨ ᠬᠤᠶᠢᠲᠤ ᠬᠤᠰᠢᠭᠤᠨ ᠳᠤ ᠪᠠᠶᠢᠷᠢᠯᠠᠭᠤᠯᠵᠤ᠂ ᠭᠤᠣᠯᠳᠠᠭᠤ ᠵᠠᠯᠭᠠᠨ ᠵᠣᠯᠭᠠᠭᠤᠯᠬᠤ ᠰᠢᠨ᠎ᠡ ᠶᠢ ᠡᠭᠦᠳᠬᠦ ᠲᠥᠪ ᠤᠨ ᠰᠤᠳᠤᠯᠤᠨ ᠨᠡᠭᠡᠭᠡᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠣᠯᠪᠠᠰᠤᠷᠠᠩᠭᠤᠢ ᠪᠣᠯᠭᠠᠬᠤ᠂ ᠬᠤᠷᠠᠭᠤᠯᠬᠤ ᠪᠠ ᠵᠢᠱᠢᠶ᠎ᠡ ᠦᠵᠡᠭᠦᠯᠦᠨ ᠳᠡᠯᠭᠡᠷᠡᠭᠦᠯᠬᠦ ᠶᠢ ᠥᠷᠨᠢᠭᠦᠯᠵᠦ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠤᠨ᠎ᠠ︔ ᠤᠯᠤᠰ ᠤᠨ ᠳᠣᠲᠣᠭᠠᠳᠤ ᠭᠠᠳᠠᠭᠠᠳᠤ ᠶᠢᠨ ᠰᠢᠨ᠎ᠡ ᠡᠭᠦᠯᠳᠡᠷ᠂ ᠰᠢᠨ᠎ᠡ ᠮᠡᠷᠭᠡᠵᠢᠯ᠂ ᠰᠢᠨ᠎ᠡ ᠮᠠᠲ᠋ᠧᠷᠢᠶᠠᠯ᠂ ᠰᠢᠨ᠎ᠡ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ ᠰᠢᠯᠢᠨ ᠰᠣᠩᠭᠤᠵᠤ᠂ ᠵᠣᠬᠢᠴᠠᠬᠤ ᠴᠢᠨᠠᠷᠲᠠᠢ ᠮᠡᠷᠭᠡᠵᠢᠯ ᠢ ᠢᠵᠢ ᠪᠦᠷᠢᠳᠦᠭᠦᠯᠬᠦ ᠪᠠ ᠦᠯᠢᠭᠡᠷ ᠵᠢᠱᠢᠶ᠎ᠡ ᠦᠵᠡᠭᠦᠯᠦᠨ ᠳᠡᠯᠭᠡᠷᠡᠭᠦᠯᠬᠦ ᠵᠡᠷᠭᠡ ᠠᠵᠢᠯ ᠢ ᠬᠢᠨ᠎ᠡ᠃ 
222.jpg
       ᠰᠤᠳᠤᠯᠭᠠᠨ ᠤ ᠬᠦᠷᠢᠶᠡᠯᠡᠩ ᠳᠤ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠯᠢ ᠲᠢᠶᠠᠨ ᠯᠠᠢ ᠪᠠᠷ ᠮᠠᠩᠯᠠᠶᠢᠯᠠᠭᠤᠯᠤᠭᠰᠠᠨ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠰᠠᠭᠤᠨ ᠯᠠᠪᠯᠠᠬᠤ ᠳᠤᠭᠤᠶᠢᠯᠠᠩ ᠢ ᠪᠠᠶᠢᠭᠤᠯᠵᠤ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠼᠦᠢ ᠱᠢ ᠮᠣᠣ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ᠂ ᠪᠦᠬᠦ ᠣᠷᠣᠨ ᠤ ᠡᠯ᠎ᠡ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠰᠠᠯᠠᠭ᠎ᠠ ᠮᠥᠴᠢᠷ ᠤᠨ 70 ᠭᠠᠷᠤᠢ ᠰᠤᠳᠤᠯᠤᠭᠴᠢ᠂ ᠫᠷᠤᠹᠧᠰᠰᠤᠷ᠂ ᠳᠡᠭᠡᠳᠦ ᠵᠡᠷᠭᠡ ᠶᠢᠨ ᠲᠠᠷᠢᠶᠠᠯᠠᠩ ᠤᠨ ᠮᠡᠷᠭᠡᠵᠢᠯᠲᠡᠨ ᠨᠠᠷ ᠮᠡᠷᠭᠡᠵᠢᠯ ᠤᠨ ᠲᠤᠰᠬᠠᠢ ᠮᠡᠷᠭᠡᠵᠢᠯᠲᠡᠨ ᠤ ᠵᠢᠯᠤᠭᠤᠳᠬᠤ ᠳᠤᠭᠤᠶᠢᠯᠠᠩ ᠢ ᠪᠦᠷᠢᠯᠳᠦᠭᠦᠯᠵᠡᠢ᠃      2030 ᠣᠨ ᠪᠣᠯᠬᠤ ᠳᠤ᠂ ᠰᠤᠳᠤᠯᠭᠠᠨ ᠤ ᠬᠦᠷᠢᠶᠡᠯᠡᠩ ᠨᠢ ᠰᠠᠶᠢᠨ ᠰᠠᠶᠢᠬᠠᠨ ᠥᠪᠡᠷ ᠢ ᠪᠠᠨ ᠬᠥᠭᠵᠢᠭᠦᠯᠬᠦ ᠴᠢᠳᠠᠪᠤᠷᠢ ᠪᠠ ᠰᠢᠨ᠎ᠡ ᠶᠢ ᠡᠭᠦᠳᠬᠦ ᠴᠢᠳᠠᠪᠤᠷᠢ ᠶᠢ ᠪᠦᠷᠢᠯᠳᠦᠭᠦᠯᠦᠭᠰᠡᠨ ᠤᠳᠤ ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠶᠢᠨ ᠮᠡᠷᠭᠡᠵᠢᠯ ᠤᠨ ᠬᠠᠮᠲᠤᠷᠠᠭᠰᠠᠨ ᠪᠣᠭᠤᠮᠲᠠ ᠰᠢᠪᠲᠤᠯᠬᠤ ᠲᠠᠪᠴᠠᠩ ᠢ ᠪᠠᠶᠢᠭᠤᠯᠵᠤ᠂ ᠨᠢᠭᠡ ᠪᠦᠯᠦᠭ ᠠᠩᠬᠠᠨ ᠤ ᠡᠭᠦᠳᠦᠯᠲᠡ ᠶᠢᠨ ᠴᠢᠨᠠᠷᠲᠠᠢ᠂ ᠰᠢᠨ᠎ᠡ ᠶᠢ ᠡᠭᠦᠳᠬᠦ ᠴᠢᠨᠠᠷᠲᠠᠢ ᠪᠠ ᠵᠠᠬ᠎ᠠ ᠳᠡᠯᠭᠡᠭᠦᠷ ᠤᠨ ᠬᠡᠷᠡᠭᠴᠡᠭᠡ ᠳᠤ ᠨᠡᠶᠢᠴᠡᠭᠰᠡᠨ ᠰᠤᠳᠤᠯᠭᠠᠨ ᠤ ᠦᠷ᠎ᠡ ᠪᠦᠲᠦᠭᠡᠯ ᠢ ᠪᠦᠷᠢᠯᠳᠦᠭᠦᠯᠦᠨ᠎ᠡ᠃ ᠳᠡᠯᠭᠡᠷᠡᠭᠦᠯᠦᠨ ᠬᠤᠪᠢᠷᠠᠭᠤᠯᠬᠤ ᠪᠠᠷ ᠳᠠᠮᠵᠢᠭᠤᠯᠤᠨ᠂ ᠪᠥᠬᠦ ᠣᠷᠣᠨ ᠤ ᠲᠦᠭᠦᠭᠡᠷᠦᠮᠵᠢᠲᠦ ᠲᠠᠷᠢᠶᠠᠯᠠᠩ ᠤᠨ ᠬᠥᠳᠡᠯᠮᠦᠷᠢ ᠦᠢᠯᠡᠳᠪᠦᠷᠢᠯᠡᠯ ᠤᠨ ᠨᠣᠷᠮ᠎ᠠ᠂ ᠭᠠᠵᠠᠷ ᠰᠢᠷᠣᠢ ᠶᠢᠨ ᠭᠠᠷᠤᠯᠲᠠ ᠶᠢᠨ ᠨᠣᠷᠮ᠎ᠠ ᠪᠠ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠶᠢ ᠢᠯᠡᠳᠲᠡ ᠳᠡᠭᠡᠭᠰᠢᠯᠡᠭᠦᠯᠵᠦ᠂ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠣᠷᠣᠯᠭ᠎ᠠ ᠶᠢ ᠶᠡᠬᠡᠪᠡᠷ ᠨᠡᠮᠡᠭᠳᠡᠭᠦᠯᠦᠨ᠂ ᠪᠥᠬᠦ ᠣᠷᠣᠨ ᠤ ᠲᠦᠭᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢ ᠪᠥᠬᠦ ᠲᠠᠯ᠎ᠠ ᠪᠠᠷ ᠲᠠᠰ ᠳᠡᠪᠰᠢᠭᠦᠯᠬᠦ ᠶᠢ ᠪᠡᠶᠡᠯᠡᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号