2024 ᠣᠨ ᠤ ᠠᠩᠬᠠᠳᠤᠭᠠᠷ ᠪᠦᠯᠦᠭ ᠲᠠᠷᠢᠶᠠᠨ ᠡᠮ ᠦᠢᠯᠡᠳᠪᠦᠷᠢᠯᠡᠬᠦ ᠵᠥᠪᠰᠢᠶᠡᠷᠡᠯ ᠢ ᠦᠷᠭᠦᠯᠵᠢᠯᠡᠭᠦᠯᠬᠦ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/4/23
      ︽ᠲᠠᠷᠢᠶᠠᠨ ᠡᠮ ᠤᠨ ᠬᠠᠮᠢᠶᠠᠷᠤᠯᠲᠠ ᠶᠢᠨ ᠳᠦᠷᠢᠮ︾ ︽ᠲᠠᠷᠢᠶᠠᠨ ᠡᠮ ᠦᠢᠯᠡᠳᠪᠦᠷᠢᠯᠡᠬᠦ ᠵᠥᠪᠰᠢᠶᠡᠷᠡᠯ ᠤᠨ ᠬᠠᠮᠢᠶᠠᠷᠤᠯᠲᠠ ᠶᠢᠨ ᠠᠷᠭ᠎ᠠ︾ ᠪᠠ ︽ᠲᠠᠷᠢᠶᠠᠨ ᠡᠮ ᠦᠢᠯᠡᠳᠪᠦᠷᠢᠯᠡᠬᠦ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠦᠷᠭᠦᠯᠵᠢᠯᠡᠭᠦᠯᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ᠂ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠠᠢ ᠬᠤᠯᠪᠤᠭᠠᠯᠠᠨ᠂ 2024 ᠣᠨ ᠤ 4 ᠰᠠᠷ᠎ᠠ ᠶᠢᠨ 7 ᠤ ᠡᠳᠦᠷ᠂ ᠲᠠᠷᠢᠶᠠᠨ ᠡᠮ ᠦᠢᠯᠡᠳᠪᠦᠷᠢᠯᠡᠬᠦ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠦᠷᠭᠦᠯᠵᠢᠯᠡᠭᠦᠯᠬᠦ ᠪᠠᠷ ᠭᠤᠶᠤᠴᠢᠯᠠᠭᠰᠠᠨ ᠥᠪᠥᠷ ᠮᠣᠩᠭᠤᠯ ᠤᠨ ᠴᠢᠩ ᠶᠤᠸᠠᠨ ᠪᠦᠦ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠴᠢ ᠯᠦ ᠡᠮ ᠦᠢᠯᠡᠳᠬᠦ ︵ᠥᠪᠥᠷ ᠮᠣᠩᠭᠤᠯ︶ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠪᠠᠢ ᠺᠧ ᠠᠮᠢᠳᠤ ᠪᠣᠳᠠᠰ ᠤᠨ ᠬᠢᠵᠠᠭᠠᠷᠲᠤ ᠺᠣᠮᠫᠠᠨᠢ ᠪᠣᠯᠣᠨ ᠥᠪᠥᠷ ᠮᠣᠩᠭᠤᠯ ᠤᠨ ᠯᠢᠩ ᠱᠧᠩ ᠲᠠᠷᠢᠮᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠢᠨᠠᠨ ᠪᠠᠶᠢᠴᠠᠭᠠᠯᠲᠠ ᠬᠢᠵᠦ᠂ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠳ᠋ᠦᠩᠨᠡᠯᠲᠡ ᠭᠠᠷᠭᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠰᠠᠨᠠᠯ ᠲᠤᠷᠠᠳᠴᠤ᠂ ᠠᠵᠤ ᠠᠬᠤᠶᠢᠯᠠᠯ ᠨᠢᠭᠡᠨᠲᠡ ᠲᠣᠭᠲᠠᠭᠰᠠᠨ ᠬᠤᠭᠤᠴᠠᠭᠠᠨ ᠳᠠᠭᠠᠨ ᠪᠦᠬᠦᠨ ᠢ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠪᠡ᠃      ᠡᠳᠦᠭᠡ ᠬᠢᠨᠠᠨ ᠪᠠᠶᠢᠴᠠᠭᠠᠭᠰᠠᠨ ᠪᠠᠶᠢᠳᠠᠯ ᠢ ᠵᠠᠷᠯᠠᠨ ᠨᠡᠶᠢᠲᠡᠯᠡᠵᠦ ᠪᠠᠶᠢᠨ᠎ᠠ᠂ ᠵᠠᠷᠯᠠᠨ ᠨᠡᠶᠢᠲᠡᠯᠡᠬᠦ ᠬᠤᠭᠤᠴᠠᠭ᠎ᠠ  ᠨᠢ 2024 ᠣᠨ ᠤ 4 ᠰᠠᠷ᠎ᠠ ᠶᠢᠨ 23 ᠤ ᠡᠳᠦᠷ ᠠᠴᠠ 2024 ᠣᠨ ᠤ 5 ᠰᠠᠷ᠎ᠠ ᠶᠢᠨ 7 ᠤ ᠡᠳᠦᠷ ᠪᠣᠯᠲᠠᠯ᠎ᠠ ᠪᠣᠯᠣᠨ᠎ᠠ᠃ ᠬᠡᠷᠪᠡ ᠣᠨᠳᠣᠣ ᠰᠠᠨᠠᠯ ᠲᠠᠢ ᠪᠣᠯ ᠢᠯᠡ ᠨᠡᠶᠢᠲᠡᠯᠡᠬᠦ ᠬᠤᠭᠤᠴᠠᠭᠠᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠳᠤ ᠬᠠᠷᠢᠭᠤ ᠳᠤᠰᠬᠠᠭᠠᠷᠠᠢ᠃      ᠬᠠᠷᠢᠯᠴᠠᠬᠤ ᠬᠥᠮᠥᠨ᠄ ᠬᠤᠸ ᠵᠢᠶᠠᠩ ᠨᠢᠩ      ᠤᠳᠠᠰᠤ / ᠹᠠᠺᠠᠰ᠄ 0471-4918573      ᠢᠮᠧᠯ᠄ nongyaoke@126.com      ᠰᠢᠤᠳᠠᠨ ᠳ᠋ᠤᠭᠠᠷ᠄ 010010      ᠬᠠᠶ᠋ᠢᠭ᠄ ᠬᠥᠬᠡᠬᠤᠲᠠ ᠶᠢᠨ ᠤᠯᠠᠭᠠᠨᠴᠠᠪ ᠤᠨ ᠵᠡᠭᠦᠨ ᠵᠡᠭᠡᠯᠢ ᠶᠢᠨ 70 ᠳ᠋ᠤᠭᠠᠷ ᠨᠣᠮᠧᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ      ᠳᠠᠭᠠᠯᠳᠤᠭᠤᠯᠤᠯ᠄ 2024 ᠣᠨ ᠤ ᠠᠩᠬᠠᠳᠤᠭᠠᠷ ᠪᠦᠯᠦᠭ ᠤᠨ ᠲᠠᠷᠢᠶᠠᠨ ᠡᠮ ᠦᠢᠯᠡᠳᠪᠦᠷᠢᠯᠡᠬᠦ ᠡᠵᠡᠩᠨᠡᠯᠲᠡ ᠶᠢᠨ ᠵᠥᠪᠰᠢᠶᠡᠷᠡᠯ ᠢ ᠦᠷᠭᠦᠯᠵᠢᠯᠡᠭᠦᠯᠬᠦ ᠶᠢ ᠬᠢᠨᠠᠨ ᠪᠠᠶᠢᠴᠠᠭᠠᠭᠰᠠᠨ ᠪᠠᠶᠢᠳᠠᠯ ᠢ ᠵᠠᠷᠯᠠᠨ ᠨᠡᠶᠢᠲᠡᠯᠡᠬᠦ ᠬᠦᠰᠦᠨᠦᠭᠲᠦ                         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                        ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                              2024 ᠣᠨ ᠤ 4 ᠰᠠᠷ᠎ᠠ ᠶᠢᠨ 23 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号