ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠪᠥᠬᠦ ᠣᠷᠣᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠤᠳᠠᠯ ᠬᠠᠭᠤᠷᠮᠠᠭ ᠲᠤ ᠴᠣᠬᠢᠯᠲᠠ ᠥᠭᠬᠦ ᠠᠵᠢᠯ ᠤᠨ ᠰᠣᠯᠢᠯᠴᠠᠭ᠎ᠠ ᠵᠢᠴᠢ 2024 ᠣᠨ ᠤ ︽ᠨᠣᠭᠤᠭᠠᠨ ᠰᠡᠯᠡᠮ᠎ᠡ ᠪᠠᠷ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ︾ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠰᠦᠯᠵᠢᠶᠡᠨ ᠳᠡᠭᠡᠷᠡᠬᠢ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2024/4/24
      ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠶᠡᠷᠦᠩᠬᠡᠶᠢᠯᠡᠭᠰᠡᠨ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 22 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠤᠳᠠᠯ ᠬᠠᠭᠤᠷᠮᠠᠭ ᠵᠦᠢᠯᠡᠰ ᠲᠤ ᠴᠣᠬᠢᠯᠲᠠ ᠥᠭᠬᠦ ᠠᠵᠢᠯ ᠤᠨ ᠰᠣᠯᠢᠯᠴᠠᠭ᠎ᠠ ᠵᠢᠴᠢ 2024 ᠣᠨ ᠤ ︽ᠨᠣᠭᠤᠭᠠᠨ ᠰᠡᠯᠡᠮ᠎ᠡ ᠪᠠᠷ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ︾ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠰᠦᠯᠵᠢᠶᠡᠨ ᠳᠡᠭᠡᠷᠡᠬᠢ ᠪᠣᠯᠪᠠᠰᠤᠷᠠᠯ ᠤᠨ ᠠᠩᠭᠢ ᠡᠷᠬᠢᠯᠡᠪᠡ᠃ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠂ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠤᠯᠢ ᠬᠡᠷᠡᠭᠵᠢᠭᠦᠯᠬᠦ ᠠᠵᠢᠯᠲᠠᠨ᠂ ᠲᠢᠩᠬᠢᠮ ᠤᠨ ᠬᠠᠮᠢᠶ᠎ᠠ ᠪᠦᠬᠦᠢ ᠭᠠᠵᠠᠷ ᠠᠯᠪᠠᠨ ᠭᠡᠷ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠨᠡᠶᠢᠲᠡ 260 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃      ᠪᠣᠯᠪᠠᠰᠤᠷᠠᠯ ᠤᠨ ᠠᠩᠭᠢ ᠳᠤ ᠬᠥᠬᠡᠬᠤᠲᠠ᠂ ᠬᠥᠯᠥᠨ ᠪᠤᠶᠢᠷ ᠬᠤᠳᠠ᠂ ᠲᠦᠩᠯᠢᠶᠣᠣ ᠬᠤᠳᠠ᠂ ᠬᠢᠩᠭᠠᠨ ᠠᠶᠢᠮᠠᠭ᠂ ᠪᠠᠶᠠᠨᠨᠠᠭᠤᠷ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠢᠨ ᠨᠡᠶᠢᠲᠡᠯᠢᠭ ᠵᠢᠱᠢᠶ᠎ᠡ ᠶᠢᠨ ᠰᠣᠯᠢᠯᠴᠠᠭᠠᠨ ᠤ ᠶᠠᠷᠢᠶ᠎ᠠ ᠲᠠᠯᠪᠢᠪᠠ᠃ ᠦᠷ᠎ᠡ᠂ ᠪᠣᠷᠳᠣᠭᠤᠷ᠂ ᠲᠠᠷᠢᠶᠠᠨ ᠡᠮ ᠵᠡᠷᠭᠡ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠪᠠᠴᠢᠮ ᠬᠡᠷᠡᠭᠰᠡᠬᠦ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠪᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ︽ᠬᠠᠭᠤᠷᠤᠨ ᠮᠡᠬᠡᠯᠡᠬᠦ ᠪᠦᠯᠬᠦᠮ︾᠂ ᠰᠦᠯᠵᠢᠶ᠎ᠡ ᠪᠠᠷ ᠣᠷᠣᠨ ᠠᠯᠤᠰᠯᠠᠨ ᠲᠣᠭᠲᠠᠭᠠᠯ ᠠᠴᠠ ᠵᠥᠷᠢᠴᠡᠨ ᠦᠷ᠎ᠡ ᠪᠣᠷᠣᠯᠠᠭᠤᠯᠬᠤ ᠵᠡᠷᠭᠡ 2 ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠰ ᠭᠠᠵᠠᠷ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠤᠳᠠᠯ ᠬᠠᠭᠤᠷᠮᠠᠭ ᠲᠤ ᠵᠦᠢᠯᠡᠰ ᠲᠤ ᠴᠣᠬᠢᠯᠲᠠ ᠥᠭᠬᠦ ᠠᠵᠢᠯ ᠢ ᠥᠷᠨᠢᠭᠦᠯᠬᠦ ᠶᠠᠪᠤᠴᠠ ᠳᠠᠬᠢ ᠲᠤᠷᠰᠢᠯᠭ᠎ᠠ ᠠᠷᠭ᠎ᠠ ᠬᠢᠳᠡᠯ ᠵᠢᠴᠢ ᠰᠢᠨ᠎ᠡ ᠶᠢ ᠡᠭᠦᠳᠬᠦ ᠤᠬᠠᠭᠤᠯᠭ᠎ᠠ ᠶᠢᠨ ᠠᠷᠭ᠎ᠠ ᠮᠠᠶ᠋ᠢᠭ ᠢᠶᠠᠨ ᠰᠣᠯᠢᠯᠴᠠᠪᠠ᠃      ᠲᠤᠰ ᠤᠳᠠᠭᠠᠨ ᠤ ᠪᠣᠯᠪᠠᠰᠤᠷᠠᠯ ᠢ ᠣᠳᠣᠬᠠᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠤᠳᠠᠯ ᠬᠠᠭᠤᠷᠮᠠᠭ ᠵᠦᠢᠯᠡᠰ ᠲᠤ ᠴᠣᠬᠢᠯᠲᠠ ᠥᠭᠬᠦ ᠠᠵᠢᠯ ᠤᠨ ᠪᠠᠶᠢᠳᠠᠯ ᠪᠠ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠤᠨ ᠣᠨᠴᠠᠯᠢᠭ ᠲᠠᠢ ᠨᠢᠭᠲᠠ ᠤᠶᠠᠯᠳᠤᠭᠤᠯᠵᠤ᠂ ᠣᠳᠣᠬᠠᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠳᠤᠮᠳᠠᠬᠢ ᠭᠤᠣᠯᠳᠠᠯᠭ᠎ᠠ ᠲᠠᠢ ᠪᠡᠷᠬᠡ ᠠᠵᠢᠯ ᠤᠨ ᠲᠣᠭᠤᠷᠢᠨ ᠳᠤ᠂ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠬᠠᠨ ᠵᠢᠶᠠᠨ ᠭᠠᠩ ᠨᠥᠬᠦᠷ ᠪᠥᠬᠦ ᠣᠷᠣᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠤᠳᠠᠯ ᠬᠠᠭᠤᠷᠮᠠᠭ ᠵᠦᠢᠯᠡᠰ ᠲᠤ ᠴᠣᠬᠢᠯᠲᠠ ᠥᠭᠬᠦ 2023 ᠣᠨ ᠤ ᠠᠵᠢᠯ ᠤᠨ ᠠᠷᠭ᠎ᠠ ᠬᠡᠮᠵᠢᠶ᠎ᠡ ᠪᠠ ᠣᠯᠣᠭᠰᠠᠨ ᠠᠮᠵᠢᠯᠲᠠ ᠶᠢ ᠳ᠋ᠦᠩᠨᠡᠨ ᠡᠮᠬᠢᠯᠡᠵᠦ᠂ ᠥᠪᠡᠷᠲᠡᠭᠡᠨ ᠵᠠᠰᠠᠬᠤ ᠣᠷᠣᠨ ᠤ ᠣᠳᠣᠬᠢ ᠱᠠᠲᠤᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠤᠳᠠᠯ ᠬᠠᠭᠤᠷᠮᠠᠭ ᠵᠦᠢᠯᠡᠰ ᠲᠤ ᠴᠣᠬᠢᠯᠲᠠ ᠥᠭᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠢ ᠵᠠᠳᠠᠯᠵᠤ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠨᠤᠭᠤᠳ ᠲᠠᠷᠠᠭᠠᠴᠢ ᠶᠢᠨ ᠠᠯᠬᠤᠮ ᠤᠨ ᠠᠵᠢᠯ ᠢᠶᠠᠨ ᠬᠡᠷᠬᠢᠨ ᠰᠠᠶᠢᠲᠤᠷ ᠥᠷᠨᠢᠭᠦᠯᠬᠦ ᠶᠢ ᠴᠢᠬᠤᠯᠠᠴᠢᠯᠠᠪᠠ᠃ ᠡᠭᠦᠨ ᠤ ᠬᠠᠮᠲᠤ᠂ 2024 ᠣᠨ ᠳᠤ ᠥᠷᠨᠢᠭᠦᠯᠦᠭᠰᠡᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠴᠢᠬᠤᠯᠠ ᠶᠡᠭᠡ ᠲᠤᠰᠬᠠᠢ ᠬᠠᠤᠯᠢ ᠬᠡᠷᠡᠭᠵᠢᠭᠦᠯᠬᠦ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ 2024 ᠣᠨ ᠤ ︿ᠨᠣᠭᠤᠭᠠᠨ ᠰᠡᠯᠡᠮ᠎ᠡ ᠪᠠᠷ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ﹀ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠯ︾ ︵ᠲᠠᠷᠢᠶᠠᠯᠠᠩ ᠬᠠᠤᠯᠢ ᠲᠠᠷᠬᠠᠭᠠᠭᠰᠠᠨ ﹇2024﹈ 2 ᠳ᠋ᠤᠭᠠᠷ ᠲᠣᠭᠠᠲᠤ︶ ᠳᠤ ᠨᠠᠷᠢᠨ ᠲᠠᠶᠢᠯᠤᠮᠵᠢ ᠬᠢᠵᠦ᠂ ︽ᠲᠠᠨᠢᠯᠲᠠ ᠪᠠᠨ ᠳᠡᠭᠡᠭᠰᠢᠯᠡᠭᠦᠯᠬᠦ︾᠂ ︽ᠭᠤᠣᠯᠳᠠᠯᠭ᠎ᠠ ᠶᠢ ᠪᠣᠳᠠᠲᠠᠢ ᠪᠠᠷ ᠠᠳᠬᠤᠬᠤ︾ ᠪᠠ ︽ᠬᠠᠮᠵᠢᠯᠴᠠᠭ᠎ᠠ ᠪᠠᠨ ᠴᠢᠩᠭᠠᠳᠬᠠᠬᠤ︾ ᠭᠤᠷᠪᠠᠨ ᠲᠠᠯ᠎ᠠ ᠪᠠᠷ ᠥᠪᠡᠷᠲᠡᠭᠡᠨ ᠵᠠᠰᠠᠬᠤ ᠣᠷᠣᠨ ᠤ 2024 ᠣᠨ ᠤ ︽ ᠨᠣᠭᠤᠭᠠᠨ ᠰᠡᠯᠡᠮ᠎ᠡ ᠪᠠᠷ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ︾ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠥᠷᠨᠢᠭᠦᠯᠬᠦ ᠬᠡᠷᠡᠭᠲᠡᠢ ᠭᠡᠵᠦ ᠳᠤᠷᠠᠳᠤᠨ ᠭᠠᠷᠭᠠᠪᠠ᠃
1.png
       ᠲᠣᠰ ᠤᠳᠠᠭᠠᠨ ᠤ ᠪᠣᠯᠪᠠᠰᠤᠷᠠᠯ  ᠨᠢ ᠲᠤᠷᠰᠢᠯᠭ᠎ᠠ ᠰᠣᠯᠢᠯᠴᠠᠬᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠪᠠ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠬᠦ ᠪᠠᠷ ᠭᠠᠷᠳᠠᠴᠠ ᠪᠣᠯᠭᠠᠵᠤ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠠᠵᠢᠯ ᠤᠨ ᠠᠷᠭ᠎ᠠ ᠮᠠᠶ᠋ᠢᠭ ᠪᠠ ᠠᠷᠭ᠎ᠠ ᠶᠢ ᠴᠠᠭ ᠲᠤᠬᠠᠢ ᠳᠤᠨᠢ ᠳ᠋ᠦᠩᠨᠡᠭᠰᠡᠨ ᠢᠶᠠᠷ ᠪᠠᠷᠠᠬᠤ ᠦᠭᠡᠢ᠂ ᠰᠣᠯᠢᠯᠴᠠᠵᠤ ᠬᠠᠷᠢᠯᠴᠠᠨ ᠲᠣᠯᠢᠯᠠᠬᠤ ᠳᠤᠮᠳᠠ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠳᠡᠭᠡᠭᠰᠢᠯᠡᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠬᠤᠶᠢᠰᠢᠳᠠ ᠶᠢᠨ ᠠᠵᠢᠯ ᠢᠶᠠᠨ ᠨᠠᠩ ᠰᠠᠶᠢᠲᠤᠷ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
2.png
 
 
ᠢᠷᠡᠯᠲᠡ᠄ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号