ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ ᠳᠥᠷᠪᠡᠳᠦᠭᠡᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2024/4/25
      4 ᠰᠠᠷ᠎ᠠ ᠶᠢᠨ 23 ᠤ ᠡᠳᠦᠷ ᠠᠴᠠ 24 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ ᠳᠥᠷᠪᠡᠳᠦᠭᠡᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠡᠷᠭᠢᠯᠡᠪᠡ᠃
1.jpg
      ᠨᠣᠮ ᠤᠩᠰᠢᠬᠤ ᠠᠩᠭᠢ  ᠨᠢ ᠲᠥᠪᠯᠡᠷᠡᠭᠦᠯᠦᠨ ᠰᠤᠷᠤᠯᠴᠠᠬᠤ᠂ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ᠂ ᠰᠡᠷᠡᠮᠵᠢᠯᠡᠭᠦᠯᠬᠦ ᠬᠥᠮᠦᠵᠢᠯ᠂ ᠰᠤᠳᠤᠯᠤᠨ ᠶᠠᠷᠢᠯᠴᠠᠵᠤ ᠰᠣᠯᠢᠯᠴᠠᠬᠤ ᠪᠠ ᠬᠤᠪᠢ ᠬᠥᠮᠦᠨ ᠥᠪᠡᠰᠦᠪᠡᠨ ᠰᠤᠷᠤᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠬᠳᠠᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠪᠠ ᠤᠳᠤᠷᠢᠳᠤᠯᠭ᠎ᠠ ᠶᠢᠨ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠲᠡᠷᠡ ᠬᠡᠪ ᠢᠶᠠᠷ ᠨᠢ ᠰᠤᠷᠤᠯᠴᠠᠨ ᠣᠶᠢᠯᠠᠭᠠᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠠᠩ ᠮᠢᠩ ᠵᠢᠶᠧ ︽ᠲᠦᠷᠢᠮ︾ ᠤᠨ ᠭᠤᠤᠯ ᠣᠨᠴᠠᠯᠢᠭ᠂ ᠭᠤᠤᠯ ᠠᠭᠤᠯᠭ᠎ᠠ ᠵᠢᠴᠢ ᠬᠡᠷᠬᠢᠨ ᠲᠤᠭᠤᠰᠢᠯᠠᠭᠤᠯᠤᠨ ᠬᠡᠷᠡᠭᠵᠢᠭᠦᠯᠬᠦ ᠵᠡᠷᠭᠡ ᠲᠠᠯ᠎ᠠ ᠠᠴᠠ ᠠᠮᠢᠳᠤᠯᠢᠭ ᠨᠡᠶᠢᠲᠡᠯᠢᠭ ᠬᠡᠷᠡᠭ ᠤᠨ ᠵᠢᠱᠢᠶ᠎ᠡ ᠪᠠ ᠠᠵᠢᠯ ᠤᠨ ᠦᠢᠯᠡᠳᠦᠯᠭᠡ ᠲᠠᠢ ᠤᠶᠠᠯᠳᠤᠭᠤᠯᠤᠨ ︽ᠲᠦᠷᠢᠮ︾ ᠳᠤ ᠭᠦᠨᠵᠡᠭᠡᠶ ᠲᠠᠶᠢᠯᠤᠮᠵᠢ ᠬᠢᠪᠠ᠃ ᠬᠤᠷᠠᠯ ᠳᠤ ᠣᠷᠣᠯᠴᠠᠭᠰᠠᠨ ᠲᠢᠩᠬᠢᠮ ᠤᠨ ᠤᠳᠤᠷᠢᠳᠤᠯᠭ᠎ᠠ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠣᠶᠢᠯᠠᠭᠠᠬᠤ ᠲᠠᠢ ᠤᠶᠠᠯᠳᠤᠭᠤᠯᠤᠨ᠂ ᠨᠠᠮ ᠤᠨ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠲᠠᠢ ᠨᠢᠭᠲᠠ ᠤᠶᠠᠯᠳᠤᠭᠤᠯᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃
2.jpg
      ᠬᠤᠷᠠᠯ ᠠᠴᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠲᠤᠬᠠᠢ ᠲᠠᠬᠢᠨ ᠪᠠᠶᠢᠷᠢᠯᠠᠭᠤᠯᠤᠯᠲᠠ ᠬᠢᠵᠦ᠂ ᠲᠠᠬᠢᠨ ᠴᠢᠬᠤᠯᠠᠴᠢᠯᠠᠪᠠ᠃ ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ︔ ᠬᠠᠷᠠᠯᠲᠠ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠴᠢᠭᠯᠡᠯ ᠬᠡᠯᠪᠠᠶᠢᠬᠦ ᠦᠭᠡᠢ᠂ ᠲᠥᠪᠯᠡᠷᠡᠯ ᠤᠨ ᠴᠡᠭ ᠰᠠᠷᠨᠢᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ︔ ᠰᠤᠷᠤᠯᠴᠠᠯᠭ᠎ᠠ ᠶᠢᠨ ᠭᠤᠤᠯᠳᠠᠯᠭ᠎ᠠ ᠶᠢ ᠠᠩᠬᠠᠷᠴᠤ᠂ ᠭᠦᠨᠵᠡᠭᠡᠶ ᠰᠤᠷᠤᠯᠴᠠᠵᠤ ᠨᠡᠪᠲᠡᠷᠡᠲᠡᠯ᠎ᠡ ᠰᠤᠷᠤᠯᠴᠠᠵᠤ᠂ ᠮᠡᠳᠡᠬᠦᠶ ᠬᠢᠬᠦᠶ ᠶᠢ ᠨᠢᠭᠡᠳᠬᠡᠬᠦ ᠬᠡᠷᠡᠭᠲᠡᠶ︔ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠦᠴᠦᠲᠡᠢ ᠡᠮᠬᠢ ᠵᠢᠷᠤᠮ ᠲᠠᠢ ᠥᠷᠨᠢᠬᠦ ᠶᠢ ᠠᠬᠢᠭᠤᠯᠬᠤ ᠬᠡᠷᠡᠭᠲᠡᠢ︔ ᠨᠠᠶᠢᠳᠠᠪᠤᠷᠢᠵᠢᠭᠤᠯᠤᠯᠲᠠ ᠶᠢ ᠠᠳᠬᠤᠨ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨᠬᠦ ᠭᠤᠣᠯ ᠠᠵᠢᠯ ᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃
3.jpg
          ᠲᠢᠩᠬᠢᠮ ᠤᠨ ᠤᠳᠤᠷᠢᠳᠤᠯᠭ᠎ᠠ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠭᠡᠷ ᠲᠣᠪᠴᠢᠶ᠎ᠠ᠂ ᠲᠢᠩᠬᠢᠮ ᠤᠨ ᠬᠠᠷᠢᠶ᠎ᠠ ᠡᠯ᠎ᠡ ᠨᠢᠭᠡᠴᠢ ᠶᠢᠨ ᠭᠤᠤᠯ ᠬᠠᠷᠢᠭᠤᠴᠠᠯᠭᠠᠲᠠᠨ ᠬᠠᠮᠲᠤ ᠶᠢᠨ ᠰᠤᠷᠤᠯᠴᠠᠯᠭ᠎ᠠ ᠪᠠ ᠰᠤᠳᠤᠯᠤᠨ ᠶᠠᠷᠢᠯᠴᠠᠬᠤ ᠰᠣᠯᠢᠯᠴᠠᠭᠠᠨ ᠳᠤ ᠣᠷᠣᠯᠴᠠᠵᠤ᠂ ᠲᠢᠩᠬᠢᠮ ᠤᠨ ᠰᠢᠰᠲ᠋ᠧᠮ ᠤᠨ 338 ᠨᠠᠮ ᠤᠨ ᠭᠡᠰᠢᠭᠦᠨ ᠺᠠᠳ᠋ᠷ ︽ᠲᠦᠷᠢᠮ︾ ᠤᠨ ᠲᠠᠶᠢᠯᠤᠮᠵᠢ ᠪᠠ ᠰᠤᠷᠤᠯᠴᠠᠯᠭ᠎ᠠ ᠳᠤ ᠣᠷᠣᠯᠴᠠᠪᠠ᠃
4.jpg
 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号