ᠥᠪᠡᠷᠲᠡᠭᠡᠨ ᠵᠠᠰᠠᠬᠤ ᠣᠷᠣᠨ ᠤ ᠲᠡᠷᠢᠭᠦᠨ ᠰᠠᠭᠤᠳᠠᠯᠳᠤ  ᠲᠤᠰᠬᠠᠶ ᠮᠡᠷᠭᠡᠵᠢᠯᠲᠡᠨ ᠬᠢᠩᠭᠠᠨ ᠠᠶᠢᠮᠠᠭ ᠤᠨ ᠲᠦᠮᠦᠰᠦ ᠶᠢᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠠᠮᠤ ᠪᠤᠳᠠᠭ᠎ᠠ ᠨᠡᠮᠡᠭᠳᠡᠭᠦᠯᠬᠦ ᠵᠢᠱᠢᠶ᠎ᠡ ᠦᠵᠡᠭᠦᠯᠬᠦ ᠣᠷᠣᠨ ᠳᠤ ᠰᠠᠶᠢᠨ ᠠᠷᠭ᠎ᠠ ᠭᠠᠷᠭᠠᠵᠤ ᠥᠭᠪᠡ
ᠨᠡᠶᠢᠲᠡᠯᠡᠭᠰᠡᠨ ᠴᠠᠭ᠄
2024/4/26
      ᠬᠢᠩᠭᠠᠨ ᠠᠶᠢᠮᠠᠭ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠰᠠᠶᠢᠨ ᠬᠠᠨᠳᠤᠰᠢ ᠶᠢ ᠪᠠᠬᠢᠵᠢᠭᠦᠯᠵᠦ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠠᠮᠤ ᠪᠤᠳᠠᠭ᠎ᠠ ᠶᠢ ᠨᠡᠮᠡᠭᠳᠡᠭᠦᠯᠬᠦ ᠵᠢᠱᠢᠶ᠎ᠡ ᠦᠵᠡᠭᠦᠯᠬᠦ ᠠᠵᠢᠯᠯᠠᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠭᠦᠨᠵᠡᠭᠡᠶ ᠠᠬᠢᠭᠤᠯᠵᠤ᠂ ᠵᠢᠱᠢᠶ᠎ᠡ ᠦᠵᠡᠭᠦᠯᠬᠦ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠲᠤᠪᠤᠶᠢᠯᠭᠠᠬᠤ ᠶᠢᠨ ᠲᠦᠯᠦᠭᠡ᠂ ᠬᠢᠩᠭᠠᠨ ᠠᠶᠢᠮᠠᠭ ᠡᠷᠳᠠ ᠠᠴᠠ ᠬᠥᠳᠡᠯᠦᠯᠴᠡᠵᠦ᠂ ᠡᠷᠳᠠ ᠠᠴᠠ ᠲᠣᠬᠢᠷᠠᠭᠤᠯᠵᠤ᠂ ᠡᠷᠳᠠ ᠠᠴᠠ ᠨᠠᠶᠢᠳᠠᠪᠤᠷᠢᠵᠢᠭᠤᠯᠵᠦ᠂ 4 ᠰᠠᠷ᠎ᠠ ᠶᠢᠨ 23 ᠤ ᠡᠳᠦᠷ ᠠᠴᠠ 24 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠥᠨᠳᠥᠷ ᠪᠦᠲᠦᠮᠵᠢᠲᠡᠶ ᠠᠮᠤ ᠪᠤᠳᠠᠭ᠎ᠠ ᠨᠡᠮᠡᠭᠳᠡᠭᠦᠯᠬᠦ ᠵᠢᠱᠢᠶ᠎ᠡ ᠦᠵᠡᠭᠦᠯᠬᠦ ᠠᠵᠢᠯᠯᠠᠭ᠎ᠠ ᠶᠢᠨ ᠲᠥᠮᠥᠰᠥ ᠶᠢ ᠳᠡᠯᠭᠡᠷᠡᠭᠦᠯᠬᠦ ᠲᠡᠷᠢᠭᠦᠨ ᠰᠠᠭᠤᠳᠠᠯᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠠᠮᠤ ᠲᠣᠰᠣᠨ ᠤ ᠭᠠᠵᠠᠷ ᠤᠨ ᠳᠡᠯᠭᠡᠷᠡᠭᠦᠯᠬᠦ ᠰᠣᠳᠤᠯᠤᠭᠴᠢ ᠯᠢᠦ ᠹᠦ᠋ ᠴᠢᠶᠠᠩ ᠨᠠᠷ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠷᠠᠭᠤᠨ ᠵᠢᠷᠢᠮ ᠪᠠᠯᠭᠠᠰᠤᠨ ᠤ ᠪᠦᠦ ᠪᠦᠦ ᠯᠦᠩ ᠲᠥᠮᠥᠰᠥ ᠳᠠᠷᠢᠬᠤ ᠲᠤᠰᠬᠠᠶ ᠬᠤᠷᠰᠢᠶ᠎ᠠ ᠳᠤ ᠬᠦᠷᠴᠦ ᠲᠥᠮᠥᠰᠥ ᠶᠢᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠠᠮᠤ ᠪᠤᠳᠠᠭ᠎ᠠ ᠨᠡᠮᠡᠭᠳᠡᠭᠦᠯᠬᠦ ᠵᠢᠱᠢᠶ᠎ᠡ ᠦᠵᠡᠭᠦᠯᠬᠦ ᠠᠵᠢᠯᠯᠠᠭ᠎ᠠ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠠᠵᠢᠯ ᠢ ᠥᠷᠨᠢᠭᠦᠯᠪᠡ᠃      23 ᠤ ᠡᠳᠦᠷ᠂ ᠲᠡᠷᠢᠭᠦᠨ ᠯᠢᠦ ᠹᠦ᠋ ᠴᠢᠶᠠᠩ ᠨᠡᠷ ᠬᠤᠷᠰᠢᠶ᠎ᠠ ᠶᠢᠨ ᠭᠤᠣᠯ ᠲᠠᠷᠢᠮᠠᠯ ᠤᠨ ᠡᠭᠦᠯᠳᠡᠷ᠂ ᠭᠤᠣᠯ ᠳᠡᠯᠭᠡᠷᠡᠭᠦᠯᠬᠦ ᠮᠡᠷᠭᠡᠵᠢᠯ ᠤᠨ ᠵᠠᠭᠪᠤᠷ ᠪᠣᠯᠤᠨ ᠤᠰᠤ ᠪᠤᠷᠳᠤᠭᠤᠷ ᠤᠨ ᠬᠠᠮᠢᠶᠠᠷᠤᠯᠲᠠ ᠶᠢᠨ ᠲᠦᠪᠰᠢᠨ ᠢ ᠲᠤᠰ ᠲᠤᠰ ᠣᠶᠢᠯᠠᠭᠠᠵᠤ᠂ ᠳᠠᠷᠠᠭ᠎ᠠ ᠨᠢ ᠲᠤᠷᠰᠢᠯᠲᠠ ᠶᠢᠨ ᠵᠢᠱᠢᠶ᠎ᠡ ᠦᠵᠡᠭᠦᠯᠬᠦ ᠭᠠᠵᠠᠷ ᠪᠣᠯᠤᠨ ᠦᠷ᠎ᠡ ᠶᠢᠨ ᠲᠥᠮᠥᠰᠥ  ᠶᠢᠨ  ᠦᠢᠯᠡᠳᠪᠦᠷᠢ ᠶᠢᠨ ᠲᠠᠰᠤᠭ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ 24 ᠤ ᠡᠳᠦᠷ᠂ ᠲᠡᠷᠢᠭᠦᠨ ᠰᠠᠭᠤᠳᠠᠯᠳᠤ ᠯᠢᠦ ᠹᠦ᠋ ᠴᠢᠶᠠᠩ ᠬᠢᠩᠭᠠᠨ ᠠᠶᠢᠮᠠᠭ ᠤᠨ ᠲᠥᠮᠥᠰᠥ ᠶᠢᠨ ᠦᠢᠯᠡᠳᠪᠦᠷᠢᠯᠡᠯ ᠤᠨ ᠪᠣᠳᠠᠲᠤ ᠪᠠᠶᠢᠳᠠᠯ ᠳᠤ ᠴᠢᠭᠯᠡᠭᠦᠯᠦᠨ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠠᠮᠤ ᠪᠤᠳᠠᠭᠠᠨ ᠤ ᠵᠢᠱᠢᠶ᠎ᠡ ᠦᠵᠡᠭᠦᠯᠬᠦ ᠠᠵᠢᠯᠯᠠᠭ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠲᠥᠮᠥᠰᠥᠨ ᠤ ᠴᠢᠨᠠᠷ ᠰᠠᠶᠢᠲᠠᠶ ᠥᠨᠳᠥᠷ ᠪᠦᠲᠦᠮᠵᠢᠲᠡᠶ ᠠᠮᠤ ᠪᠤᠳᠠᠭ᠎ᠠ ᠶᠢ ᠨᠡᠮᠡᠭᠳᠡᠭᠦᠯᠬᠦ ᠵᠢᠱᠢᠶ᠎ᠡ ᠦᠵᠡᠭᠦᠯᠬᠦ ᠣᠷᠣᠨ ᠤ ᠭᠤᠷᠪᠠᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠲᠥᠯᠥᠪᠵᠢᠭᠦᠯᠦᠨ ᠲᠥᠯᠥᠪᠯᠡᠪᠡ᠃ ᠪᠣᠭᠤᠮᠲᠠ ᠰᠢᠪᠲᠤᠯᠬᠤ ᠣᠷᠣᠨ ᠳᠤ ᠴᠢᠨᠠᠷ ᠰᠠᠶᠢᠲᠠᠶ ᠡᠭᠦᠯᠳᠡᠷ ᠢ ᠰᠢᠭᠰᠢᠨ ᠰᠣᠩᠭᠤᠬᠤ ᠲᠤᠷᠰᠢᠯᠲᠠ᠂ ᠤᠰᠤ ᠪᠣᠷᠳᠣᠭᠤᠷ ᠢ ᠨᠢᠭᠡ ᠴᠤᠭᠴᠠᠵᠢᠭᠤᠯᠤᠭᠰᠠᠨ ᠥᠨᠳᠥᠷ ᠪᠦᠲᠦᠮᠵᠢᠲᠡᠶ ᠪᠠᠷ ᠠᠰᠢᠭᠯᠠᠬᠤ ᠠᠳᠠᠯᠢᠳᠬᠠᠯ ᠤᠨ ᠲᠤᠷᠰᠢᠯᠲᠠ ᠶᠢ ᠭᠤᠤᠯᠳᠠᠯᠭ᠎ᠠ ᠲᠠᠢ ᠥᠷᠨᠢᠭᠦᠯᠪᠡ︔ ᠠᠳᠠᠯᠢᠳᠬᠠᠨ ᠰᠢᠯᠭᠠᠷᠠᠭᠤᠯᠬᠤ ᠦᠵᠡᠭᠦᠯᠭᠡ ᠶᠢᠨ ᠲᠣᠭᠤᠷᠢᠭ ᠲᠤ ᠡᠮ ᠬᠤᠯᠢᠵᠤ ᠲᠠᠷᠢᠬᠤ ᠶᠢ ᠬᠠᠷᠢᠴᠠᠭᠤᠯᠤᠨ ᠵᠢᠱᠢᠶ᠎ᠡ ᠦᠵᠡᠭᠦᠯᠬᠦ᠂ ᠠᠳᠠᠯᠢ ᠪᠤᠰᠤ ᠨᠠᠶᠢᠷᠠᠯᠭ᠎ᠠ ᠲᠠᠢ ᠪᠤᠷᠳᠤᠭᠤᠷ ᠢ ᠬᠠᠷᠢᠴᠠᠭᠤᠯᠤᠨ ᠵᠢᠱᠢᠶ᠎ᠡ ᠦᠵᠡᠭᠦᠯᠬᠦ᠂ ᠠᠳᠠᠯᠢ ᠪᠤᠰᠤ ᠡᠮ ᠨᠠᠶᠢᠷᠠᠯᠭ᠎ᠠ ᠶᠢ ᠰᠡᠷᠭᠡᠶᠢᠯᠡᠨ ᠵᠠᠰᠠᠬᠤ ᠦᠷ᠎ᠡ ᠪᠦᠲᠦᠮᠵᠢ ᠳᠤ ᠵᠢᠱᠢᠶ᠎ᠡ ᠦᠵᠡᠭᠦᠯᠦᠨ ᠳᠡᠯᠭᠡᠨ ᠦᠵᠡᠭᠦᠯᠬᠦ ᠶᠢ ᠭᠤᠣᠯᠳᠠᠯᠭ᠎ᠠ ᠲᠠᠢ ᠥᠷᠨᠢᠭᠦᠯᠪᠡ︔ ᠵᠢᠱᠢᠶ᠎ᠡ ᠦᠵᠡᠭᠦᠯᠵᠦ ᠳᠡᠯᠭᠡᠷᠡᠭᠦᠯᠬᠦ ᠣᠷᠣᠨ ᠳᠤ ᠲᠥᠮᠥᠰᠥ ᠶᠢᠨ ᠥᠨᠳᠥᠷ ᠳᠠᠯᠠᠩ ᠲᠠᠢ ᠭᠦᠢᠬᠡᠨ ᠪᠤᠯᠠᠵᠤ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠥᠨᠳᠥᠷ ᠦᠷ᠎ᠡ ᠪᠦᠲᠦᠮᠵᠢᠲᠡᠢ ᠲᠠᠷᠢᠬᠤ ᠮᠡᠷᠭᠡᠵᠢᠯ ᠤᠨ ᠦᠵᠡᠭᠦᠯᠭᠡ  ᠶᠢ ᠭᠤᠣᠯᠳᠠᠯᠭ᠎ᠠ ᠲᠠᠢ ᠥᠷᠨᠢᠭᠦᠯᠪᠡ᠃    ᠲᠥᠮᠥᠰᠥ  ᠨᠢ ᠤᠤᠯ ᠠᠴᠠ ᠪᠠᠨ ᠬᠢᠩᠭᠠᠨ ᠠᠶᠢᠮᠠᠭ ᠤᠨ ᠤᠯᠠᠮᠵᠢᠯᠠᠯᠲᠤ ᠣᠨᠴᠠᠯᠢᠭᠲᠤ ᠠᠵᠤ ᠦᠢᠯᠡᠰ ᠪᠣᠯᠤᠨ᠎ᠠ᠂ ᠣᠳᠣ ᠬᠢᠩᠭᠠᠨ ᠠᠶᠢᠮᠠᠭ ᠲᠤ ᠲᠥᠮᠥᠰᠥ ᠶᠢᠨ ᠭᠤᠤᠯ ᠭᠠᠷᠤᠯᠲᠠ ᠶᠢᠨ ᠣᠷᠣᠨ ᠳᠤ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠪᠠᠷ ᠠᠮᠤ ᠪᠤᠳᠠᠭ᠎ᠠ ᠨᠡᠮᠡᠭᠳᠡᠭᠦᠯᠬᠦ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠵᠤ ᠪᠠᠶᠢᠨ᠎ᠠ᠂ ᠡᠨᠡ ᠨᠢ ᠬᠢᠩᠭᠠᠨ ᠠᠶᠢᠮᠠᠭ ᠤᠨ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠶᠢᠰᠢᠳᠠ᠂ ᠬᠢᠩᠭᠠᠨ ᠠᠶᠢᠮᠠᠭ ᠲᠥᠷᠥᠯ ᠵᠦᠢᠯ ᠤᠨ ᠱᠠᠭᠠᠷᠳᠠᠯᠭ᠎ᠠ ᠪᠠ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠣᠰᠣᠭᠠᠷ᠂ ᠬᠦᠷᠢᠶᠡᠯᠡᠩ ᠲᠣᠭᠤᠷᠢᠭ ᠤᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠢᠩᠭᠠᠨ ᠠᠶᠢᠮᠠᠭ ᠤᠨ ᠲᠥᠮᠥᠰᠥ ᠶᠢᠨ ᠠᠵᠤ ᠦᠢᠯᠡᠰ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠲᠠᠷᠢᠶᠠᠴᠢᠳ ᠤᠨ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ︕
 
ᠢᠷᠡᠯᠲᠡ᠄ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号