2024 ᠣᠨ ᠤ ᠪᠥᠬᠦ ᠣᠷᠣᠨ ᠤ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠪᠠ ᠬᠤᠯᠤᠭᠠᠨ᠎ᠠ ᠶᠢ ᠤᠰᠠᠳᠬᠠᠬᠤ ᠮᠡᠷᠭᠡᠵᠢᠯ ᠤᠨ ᠪᠣᠯᠪᠠᠰᠤᠷᠠᠯ ᠤᠨ ᠠᠩᠭᠢ ᠣᠷᠳᠣᠰ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/4/27
      ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠵᠢᠴᠢ ᠬᠤᠯᠤᠭᠠᠨ᠎ᠠ ᠶᠢ ᠤᠰᠠᠳᠬᠠᠬᠤ ᠮᠡᠷᠭᠡᠵᠢᠯ ᠤᠨ ᠲᠦᠪᠰᠢᠨ ᠢ ᠳᠡᠭᠡᠭᠰᠢᠯᠡᠭᠦᠯᠵᠦ᠂ ᠪᠣᠭᠤᠮᠲᠠ ᠶᠢ ᠤᠷᠤᠭᠰᠢ ᠰᠢᠯᠵᠢᠭᠦᠯᠵᠦ᠂ ᠳᠦᠷᠰᠦ ᠶᠢᠨ ᠰᠦᠷᠦᠭ ᠤᠨ ᠨᠢᠭᠲᠠᠴᠠ ᠶᠢ ᠪᠠᠭᠠᠰᠬᠠᠨ᠂ ᠥᠪᠡᠷᠲᠡᠭᠡᠨ ᠵᠠᠰᠠᠬᠤ ᠣᠷᠣᠨ ᠤ ᠬᠤᠯᠤᠭᠠᠨ᠎ᠠ ᠪᠠᠷ ᠲᠠᠷᠬᠠᠬᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ 4 ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ ᠣᠷᠳᠣᠰ ᠬᠤᠲᠠ ᠳᠤ 2024 ᠣᠨ ᠤ ᠪᠥᠬᠦ ᠣᠷᠣᠨ ᠤ ᠬᠤᠯᠤᠭᠠᠨ᠎ᠠ ᠶᠢᠨ ᠭᠠᠮᠰᠢᠭ ᠢ ᠬᠢᠨᠠᠨ ᠬᠡᠮᠵᠢᠬᠦ ᠪᠠ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠪᠣᠯᠪᠠᠰᠤᠷᠠᠯ ᠤᠨ ᠠᠩᠭᠢ ᠶᠢ ᠡᠷᠭᠢᠯᠡᠪᠡ᠃ ᠪᠣᠯᠪᠠᠰᠤᠷᠠᠯ ᠤᠨ ᠠᠩᠭᠢ ᠳᠤ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠥᠰᠰᠤᠷ ᠸᠠᠩ ᠳ᠋ᠧᠩ ᠵᠢᠴᠢ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠯᠧᠺᠲ᠋ᠣᠷ ᠬᠢᠩᠭᠠᠨ ᠢ ᠤᠷᠢᠵᠤ ᠬᠤᠷᠠᠯ ᠳᠤ ᠣᠷᠣᠯᠴᠠᠭᠤᠯᠤᠨ ᠬᠢᠴᠢᠶᠡᠯᠯᠡᠭᠦᠯᠵᠡᠢ ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠤᠷᠭᠤᠮᠠᠯ ᠤᠨ ᠬᠠᠮᠠᠭᠠᠯᠠᠯᠲᠠ ᠶᠢᠨ ᠮᠡᠷᠭᠡᠵᠢᠯ ᠤᠨ ᠠᠵᠢᠯᠲᠠᠨ ᠨᠡᠶᠢᠲᠡ 80 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃
图片2.png
      ᠲᠣᠰ ᠤᠳᠠᠭᠠᠨ ᠤ ᠪᠣᠯᠪᠠᠰᠤᠷᠠᠯ  ᠢ ᠲᠤᠰᠬᠠᠢ ᠮᠡᠷᠭᠡᠵᠢᠯᠲᠡᠨ ᠠᠴᠠ ᠬᠢᠴᠢᠶᠡᠯᠯᠡᠬᠦ + ᠲᠤᠬᠠᠢ ᠶᠢᠨ ᠲᠠᠯᠠᠪᠤᠷ ᠲᠤ ᠲᠣᠭᠤᠷᠢᠨ ᠦᠵᠡᠬᠦ + ᠲᠤᠷᠰᠢᠯᠭ᠎ᠠ ᠰᠣᠯᠢᠯᠴᠠᠬᠤ ᠠᠷᠭ᠎ᠠ ᠮᠠᠶ᠋ᠢᠭ ᠢᠶᠠᠷ ᠶᠠᠪᠤᠭᠳᠠᠭᠤᠯᠪᠠ᠃ ᠬᠤᠶᠠᠷ ᠲᠤᠰᠬᠠᠢ ᠮᠡᠷᠭᠡᠵᠢᠯᠲᠡᠨ ᠲᠣᠰ ᠲᠣᠰ ᠲᠠᠷᠢᠶᠠᠯᠠᠬᠤ ᠣᠷᠣᠨ ᠤ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠰᠡᠷᠭᠡᠶᠢᠯᠡᠨ ᠡᠵᠡᠮᠳᠡᠬᠦ ᠤᠯᠠᠮᠵᠢᠯᠠᠯᠲᠤ ᠮᠡᠷᠭᠡᠵᠢᠯ ᠵᠢᠴᠢ ᠲᠣᠰ ᠬᠦᠷᠢᠶᠡᠨ ᠳᠠᠬᠢ ᠵᠢᠯᠣᠭᠤᠴᠢ ᠦᠭᠡᠢ ᠨᠢᠰᠬᠡᠯ ᠤᠨ ᠠᠯᠤᠰ ᠰᠡᠷᠡᠯ ᠤᠨ ᠬᠢᠨᠠᠨ ᠬᠡᠮᠵᠢᠯᠲᠡ ᠪᠠ ᠥᠭᠶᠥᠭᠡ ᠬᠠᠶᠠᠵᠤ ᠬᠤᠯᠤᠭᠠᠨ᠎ᠠ ᠶᠢ ᠤᠰᠠᠳᠬᠠᠬᠤ ᠬᠤᠰᠢᠭᠤᠷᠠᠯ ᠮᠡᠷᠭᠡᠵᠢᠯ ᠤᠨ ᠲᠠᠯ᠎ᠠ ᠪᠠᠷ ᠭᠦᠨᠵᠡᠭᠡᠢ ᠪᠥᠭᠡᠳ ᠣᠶᠢᠯᠠᠭᠠᠮᠵᠢᠲᠠᠢ ᠭᠡᠷ ᠳᠣᠲᠤᠷᠠᠬᠢ ᠬᠢᠴᠢᠶᠡᠯ ᠣᠷᠤᠪᠠ᠃
图片4.jpg
      ᠪᠥᠬᠦ ᠲᠥᠯᠥᠭᠡᠯᠡᠭᠴᠢᠳ ᠬᠠᠩᠭᠢᠨ ᠬᠤᠰᠢᠭᠤᠨ ᠤ ᠬᠤᠯᠤᠭᠠᠨ᠎ᠠ ᠶᠢᠨ ᠪᠠᠶᠢᠳᠠᠯ ᠢ ᠬᠢᠨᠠᠨ ᠬᠡᠮᠵᠢᠬᠦ ᠴᠡᠭ ᠲᠤ ᠬᠦᠷᠴᠦ ᠲᠤᠬᠠᠢ ᠶᠢᠨ ᠭᠠᠵᠠᠷ ᠤᠨ ᠮᠡᠷᠭᠡᠵᠢᠯ ᠤᠨ ᠪᠣᠯᠪᠠᠰᠤᠷᠠᠯ ᠬᠢᠵᠦ᠂ ᠲᠤᠬᠠᠢ ᠶᠢᠨ ᠲᠠᠯᠠᠪᠤᠷ ᠲᠤ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠬᠤᠯᠤᠭᠠᠨ᠎ᠠ ᠶᠢᠨ ᠬᠠᠪᠴᠢᠭᠤᠷ ᠤᠨ ᠠᠷᠭ᠎ᠠ᠂ TBS ᠪᠣᠯᠣᠨ ᠵᠢᠯᠣᠭᠤᠴᠢ ᠦᠭᠡᠢ ᠨᠢᠰᠬᠡᠯ ᠤᠨ ᠠᠯᠤᠰ ᠰᠡᠷᠡᠯ ᠵᠡᠷᠭᠡ ᠬᠢᠨᠠᠨ ᠬᠡᠮᠵᠢᠬᠦ ᠮᠡᠷᠭᠡᠵᠢᠯ ᠢ ᠳᠡᠯᠭᠡᠨ ᠦᠵᠡᠭᠦᠯᠦᠭᠰᠡᠨ ᠪᠥᠭᠡᠳ ᠬᠤᠣᠷᠲᠤ ᠥᠭᠶᠥᠭᠡ ᠶᠢᠨ ᠥᠷᠲᠡᠭᠡ᠂ ᠵᠢᠯᠣᠭᠤᠴᠢ ᠦᠭᠡᠢ ᠨᠢᠰᠬᠡᠯ ᠤᠨ ᠥᠭᠶᠥᠭᠡ ᠬᠠᠶᠠᠬᠤ᠂ TBS ᠵᠡᠷᠭᠡ ᠬᠤᠯᠤᠭᠠᠨ᠎ᠠ ᠶᠢ ᠤᠰᠠᠳᠬᠠᠬᠤ ᠮᠡᠷᠭᠡᠵᠢᠯ ᠳᠤ ᠵᠢᠱᠢᠶ᠎ᠡ ᠦᠵᠡᠭᠦᠯᠵᠡᠢ᠃      ᠭᠡᠷ ᠳᠣᠲᠣᠷᠠᠬᠢ ᠪᠣᠯᠪᠠᠰᠤᠷᠠᠯ ᠤᠨ ᠬᠤᠭᠤᠴᠠᠭᠠᠨ ᠳᠤ᠂ ᠣᠷᠳᠣᠰ ᠬᠤᠲᠠ ᠵᠢᠴᠢ ᠤᠯᠠᠭᠠᠨᠴᠠᠪ ᠬᠤᠲᠠ ᠶᠢᠨ ᠲᠥᠯᠥᠭᠡᠯᠡᠭᠴᠢ ᠨᠡᠶᠢᠲᠡᠯᠢᠭ ᠲᠤᠷᠰᠢᠯᠭ᠎ᠠ ᠪᠠᠨ ᠬᠤᠪᠢᠶᠠᠯᠴᠠᠨ ᠡᠳ᠋ᠯᠡᠵᠦ᠂ ᠬᠤᠷᠠᠯ ᠳᠤ ᠣᠷᠣᠯᠴᠠᠭᠰᠠᠨ ᠪᠤᠰᠤᠳ ᠲᠥᠯᠥᠭᠡᠯᠡᠭᠴᠢᠳ ᠢᠳᠡᠪᠬᠢᠲᠡᠢ ᠪᠠᠷ ᠶᠠᠷᠢᠯᠴᠠᠨ ᠰᠣᠯᠢᠯᠴᠠᠪᠠ᠃
图片5.png
      ᠪᠣᠯᠪᠠᠰᠤᠷᠠᠯ ᠳᠤ ᠴᠢᠬᠤᠯᠠᠴᠢᠯᠠᠭᠰᠠᠨ  ᠨᠢ ᠂ ᠡᠯ᠎ᠡ ᠭᠠᠵᠠᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠠᠷᠢᠶᠠᠯᠠᠬᠤ ᠣᠷᠣᠨ ᠤ ᠬᠤᠯᠤᠭᠠᠨ᠎ᠠ ᠶᠢ ᠤᠰᠠᠳᠬᠠᠵᠤ ᠬᠤᠬᠢᠷᠠᠯ ᠢ ᠪᠠᠭᠠᠰᠬᠠᠬᠤ ᠢᠨᠧᠷᠼᠢ ᠶᠢᠨ ᠰᠡᠳᠬᠢᠬᠦᠢ ᠶᠢ ᠡᠪᠳᠡᠵᠦ᠂ ᠪᠥᠬᠦ ᠣᠷᠣᠨ ᠤ ᠬᠤᠯᠤᠭᠠᠨ᠎ᠠ ᠶᠢᠨ ᠲᠠᠷᠬᠠᠯᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠥᠨᠳᠥᠷᠴᠡ ᠳᠤ ᠵᠣᠭᠰᠣᠨ᠂ ᠲᠠᠷᠢᠶᠠᠯᠠᠬᠤ ᠣᠷᠣᠨ ᠤ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ᠃ ︽ᠣᠯᠠᠨ ᠢᠶᠠᠷ ᠢᠶᠠᠨ ᠠᠷᠭ᠎ᠠ ᠤᠬᠠᠭᠠᠨ ᠭᠠᠷᠭᠠᠵᠤ᠂ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ︾ ᠪᠠᠷ ᠳᠠᠮᠵᠢᠭᠤᠯᠤᠨ ᠬᠤᠯᠤᠭᠠᠨ᠎ᠠ ᠶᠢᠨ ᠬᠥᠨᠥᠭᠡᠯ ᠢ ᠬᠢᠨᠠᠨ ᠬᠡᠮᠵᠢᠵᠦ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠥᠬᠦ ᠣᠷᠣᠨ ᠤ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠪᠥᠬᠦ ᠣᠷᠣᠨ ᠤ ᠣᠯᠠᠨ ᠲᠦᠮᠡᠨ ᠤ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠬᠤ᠂ ︽ᠠᠮᠢ ᠠᠬᠤᠢ ᠶᠢ ᠬᠠᠮᠠᠭᠠᠯᠠᠬᠤ᠂ ᠠᠵᠤ ᠦᠢᠯᠡᠰ ᠢ ᠬᠠᠮᠠᠭᠠᠯᠠᠬᠤ᠂ ᠡᠷᠡᠭᠦᠯ ᠮᠡᠨᠳᠦ ᠣᠷᠣᠰᠢᠨ ᠰᠠᠭᠤᠬᠤ ᠳᠤ ᠲᠣᠬᠢᠷᠠᠮᠵᠢᠲᠠᠢ︾ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠬᠠᠷᠠᠯᠲᠠ ᠶᠢ ᠡᠷᠲᠡᠬᠡᠨ ᠪᠡᠶᠡᠯᠡᠭᠦᠯᠬᠦ ᠶᠢᠨ ᠲᠥᠯᠥᠭᠡ ᠤᠷᠭᠤᠮᠠᠯ ᠢ ᠬᠠᠮᠠᠭᠠᠯᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号