ᠣᠶᠢᠷ᠎ᠠ ᠳᠤ᠂ ᠮᠠᠨ ᠤ ᠣᠷᠣᠨ ᠤ ᠤᠯᠤᠰ ᠤᠨ ᠲᠠᠰ ᠤᠨ ᠤᠳᠤ ᠦᠶ᠎ᠡ ᠶᠢᠨ ᠲᠠᠷᠢᠶᠠᠯᠠᠩ ᠤᠨ ᠠᠵᠤ | ᠦᠢᠯᠡᠰ ᠤᠨ ᠬᠦᠷᠢᠶᠡᠯᠡᠩ ᠤᠨ 2 ᠲᠥᠷᠥᠯ ᠵᠦᠢᠯ᠂ ᠠᠵᠤ ᠦᠢᠯᠡᠰ ᠤᠨ ᠬᠦᠴᠦᠷᠬᠡᠭ ᠪᠠᠯᠭᠠᠰᠤ ᠶᠢᠨ 8 ᠲᠥᠷᠥᠯ | ᠵᠦᠢᠯ ᠨᠢ ᠤᠯᠤᠰ ᠤᠨ ᠡᠳ᠋ ᠤᠨ ᠵᠠᠰᠠᠭ ᠤᠨ ᠶᠠᠮᠤᠨ ᠪᠣᠯᠣᠨ ᠬᠤᠯᠪᠣᠭᠳᠠᠯ ᠪᠦᠬᠦᠢ ᠶᠠᠮᠤᠨ ᠵᠥᠪᠯᠡᠯ ᠤᠨ | ᠵᠥᠪᠰᠢᠶᠡᠷᠡᠯ ᠢ ᠥᠩᠭᠡᠷᠡᠭᠡᠵᠦ᠂ ᠨᠡᠶᠢᠲᠡ 4.5 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠡᠷᠡᠮᠡᠯᠵᠡᠯᠡᠨ | ᠣᠯᠪᠠ᠃ | 2020 ᠣᠨ ᠳᠤ ᠲᠥᠪ ᠤᠨ ᠡᠳ᠋ ᠤᠨ ᠵᠠᠰᠠᠭ ᠠᠴᠠ ᠠᠵᠤ ᠦᠢᠯᠡᠰ ᠢ ᠠᠭᠤᠰᠤᠯᠴᠠᠭᠤᠯᠬᠤ ᠲᠥᠷᠥᠯ | ᠵᠦᠢᠯ ᠢ ᠬᠢᠨᠠᠨ ᠲᠣᠭᠲᠠᠭᠠᠬᠤ ᠠᠵᠢᠯ ᠢ ᠬᠡᠷᠡᠭᠵᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠠᠴᠠ | ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢᠨ ᠲᠥᠷᠥᠯ ᠵᠦᠢᠯ 62᠂ ᠤᠳᠤ ᠦᠶ᠎ᠡ ᠶᠢᠨ | ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ 11᠂ ᠳᠠᠪᠠᠭᠤᠯᠢᠭ ᠣᠨᠴᠠᠯᠢᠭᠲᠤ ᠠᠵᠤ | ᠦᠢᠯᠡᠰ ᠤᠨ ᠪᠦᠯᠦᠭᠵᠢᠯ ᠤᠨ ᠲᠥᠷᠥᠯ ᠵᠦᠢᠯ 8 ᠶᠢ ᠭᠤᠶᠤᠴᠢᠯᠠᠨ ᠣᠯᠵᠤ᠂ ᠲᠥᠪ ᠤᠨ ᠡᠳ᠋ ᠤᠨ ᠵᠠᠰᠠᠭ ᠤᠨ | 28.12 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠯᠪᠠ᠃ ᠡᠭᠦᠨ ᠳᠤ᠂ ᠤᠯᠤᠰ ᠤᠨ ᠲᠠᠰ ᠤᠨ ᠠᠵᠤ | ᠦᠢᠯᠡᠰ ᠤᠨ ᠪᠦᠯᠦᠭᠵᠢᠯ ᠨᠢ ᠭᠤᠣᠯᠳᠠᠭᠤ ᠬᠡᠪᠴᠢᠶᠡᠵᠢᠭᠰᠡᠨ ᠦᠢᠯᠡᠳᠪᠦᠷᠢᠯᠡᠯ ᠤᠨ ᠰᠠᠭᠤᠷᠢᠨ ᠢ ᠪᠠᠷᠢᠮᠵᠢᠶᠠᠵᠢᠭᠤᠯᠬᠤ᠂ | ᠲᠠᠷᠢᠶᠠᠯᠠᠩ ᠤᠨ ᠪᠦᠲᠦᠭᠡᠭᠳᠡᠬᠦᠨ ᠢ ᠠᠩᠬ᠎ᠠ ᠪᠤᠯᠪᠠᠰᠤᠷᠠᠭᠤᠯᠬᠤ ᠭᠦᠨᠵᠡᠭᠡᠢ ᠪᠤᠯᠪᠠᠰᠤᠷᠠᠭᠤᠯᠬᠤ ᠪᠠ ᠪᠠᠷᠠᠭᠠᠨ ᠤ | ᠭᠦᠢᠯᠭᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠤᠨ ᠪᠦᠭᠦ ᠠᠵᠤ ᠦᠢᠯᠡᠰ ᠤᠨ | ᠬᠡᠯᠬᠢᠶ᠎ᠡ ᠶᠢ ᠲᠣᠭᠠᠴᠢᠯᠠᠭᠤᠯᠬᠤ ᠵᠡᠷᠭᠡ ᠰᠢᠨ᠎ᠡ ᠰᠠᠭᠤᠷᠢᠨ ᠤ ᠪᠦᠲᠦᠭᠡᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ | ᠲᠥᠷᠥᠯ ᠲᠡᠮᠳᠡᠭᠲᠦ ᠶᠢᠨ ᠰᠢᠰᠲ᠋ᠧᠮ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠦᠲᠦᠭᠡᠨ | ᠪᠠᠶᠢᠭᠤᠯᠤᠯᠲᠠ ᠵᠢᠴᠢ ᠡᠵᠡᠩᠨᠡᠯᠲᠡ ᠶᠢᠨ ᠭᠤᠣᠯ ᠴᠣᠭᠴᠠ ᠪᠠ ᠦᠢᠯᠡᠴᠢᠯᠡᠭᠡᠨ ᠤ ᠭᠤᠣᠯ ᠴᠣᠭᠴᠠ ᠶᠢ | ᠪᠣᠶᠢᠵᠢᠭᠤᠯᠤᠨ ᠪᠤᠵᠠᠭᠠᠶᠢᠷᠠᠭᠤᠯᠬᠤ ᠵᠡᠷᠭᠡ ᠲᠠᠯ᠎ᠠ ᠶᠢ ᠳᠡᠮᠵᠢᠨ᠎ᠡ︔ ᠤᠯᠤᠰ ᠤᠨ ᠤᠳᠤ ᠦᠶ᠎ᠡ ᠶᠢᠨ ᠲᠠᠷᠢᠶᠠᠯᠠᠩ ᠤᠨ | ᠠᠵᠤ ᠦᠢᠯᠡᠰ ᠤᠨ ᠬᠦᠷᠢᠶᠡᠯᠡᠩ ᠨᠢ ᠭᠤᠣᠯᠳᠠᠭᠤ ᠬᠡᠪᠴᠢᠶᠡᠵᠢᠭᠰᠡᠨ ᠳᠠᠷᠢᠵᠤ ᠲᠡᠵᠢᠭᠡᠬᠦ ᠰᠠᠭᠤᠷᠢ ᠲᠥᠬᠦᠭᠡᠷᠦᠮᠵᠢ᠂ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠲᠡᠭᠦᠯᠳᠡᠷᠵᠢᠭᠦᠯᠦᠨ ᠳᠡᠭᠡᠭᠰᠢᠯᠡᠭᠦᠯᠭᠦ᠂ ᠣᠶᠤᠨᠴᠢ | ᠲᠠᠷᠢᠶᠠᠯᠠᠩ ᠤᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ ᠬᠢᠭᠡᠳ ᠲᠥᠷᠥᠯ | ᠲᠡᠮᠳᠡᠭᠲᠦ ᠶᠢ ᠪᠣᠶᠢᠵᠢᠭᠤᠯᠬᠤ ᠵᠡᠷᠭᠡ ᠲᠠᠯ᠎ᠠ ᠶᠢ ᠳᠡᠮᠵᠢᠨ᠎ᠡ︔ ᠠᠵᠤ ᠦᠢᠯᠡᠰ ᠤᠨ ᠬᠦᠴᠦᠷᠬᠡᠭ ᠪᠠᠯᠭᠠᠰᠤ ᠨᠢ | ᠭᠤᠣᠯᠳᠠᠭᠤ ᠭᠤᠣᠯᠯᠠᠬᠤ ᠠᠵᠤ ᠦᠢᠯᠡᠰ ᠤᠨ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ᠂ ᠪᠠᠭᠤᠷᠠᠢ ᠭᠤᠭᠴᠤᠭ᠎ᠠ ᠶᠢᠨ | ᠬᠥᠭᠵᠢᠯᠲᠡ ᠶᠢ ᠳᠡᠮᠵᠢᠵᠦ᠂ ᠲᠦᠭᠦᠬᠡᠢ ᠮᠠᠲ᠋ᠧᠷᠢᠶᠠᠯ ᠤᠨ ᠰᠠᠭᠤᠷᠢᠨ᠂ ᠡᠳ᠋ᠰᠢᠭᠦᠯᠵᠦ ᠪᠣᠷᠣᠯᠠᠭᠤᠯᠬᠤ ᠵᠡᠷᠭᠡ ᠲᠤᠨᠤᠭ | ᠲᠥᠬᠦᠭᠡᠷᠦᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠭᠤᠣᠯᠯᠠᠬᠤ ᠠᠵᠤ ᠦᠢᠯᠡᠰ ᠤᠨ ᠭᠡᠯᠪᠡᠷᠢ ᠪᠠᠨ | ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠵᠤ᠂ ᠲᠣᠮᠣ ᠪᠠᠶᠢᠭᠰᠠᠨ ᠠᠴᠠ ᠨᠢ ᠬᠦᠴᠦᠷᠬᠡᠭ ᠪᠣᠯᠭᠠᠨ᠎ᠠ᠃ | ᠤᠯᠤᠰ ᠤᠨ ᠲᠠᠰ ᠤᠨ ᠰᠢᠯᠭᠠᠷᠠᠭᠤᠯᠤᠯᠲᠠ ᠳᠤ ᠱᠠᠲᠤ ᠱᠠᠲᠤ ᠪᠠᠷ ᠥᠷᠢᠰᠦᠯᠳᠦᠵᠦ᠂ ᠦᠷᠭᠦᠯᠵᠢᠯᠡᠨ ᠰᠠᠶᠢᠨ | ᠬᠢᠷᠢ ᠪᠦᠲᠦᠮᠵᠢ ᠭᠠᠷᠭᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 3.4 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠠᠵᠤ ᠦᠢᠯᠡᠰ ᠤᠨ ᠰᠠᠭᠤᠷᠢ ᠰᠠᠶᠢᠨ᠂ ᠣᠯᠠᠨ ᠲᠦᠮᠡᠨ ᠤ ᠡᠷᠴᠢ | ᠵᠣᠷᠢᠭ ᠲᠡᠭᠦᠯᠳᠡᠷ᠂ ᠬᠥᠭᠵᠢᠯᠲᠡ ᠶᠢᠨ ᠳᠠᠯᠳᠠ ᠬᠦᠴᠦᠨ ᠶᠡᠭᠡ ᠭᠠᠵᠠᠷ ᠣᠷᠣᠨ ᠢ ᠭᠤᠣᠯᠳᠠᠯᠭ᠎ᠠ ᠲᠠᠢ ᠬᠥᠭᠵᠢᠭᠦᠯᠵᠦ᠂ | ᠥᠪᠡᠷᠲᠡᠭᠡᠨ ᠵᠠᠰᠠᠬᠤ ᠣᠷᠣᠨ ᠤ ᠲᠠᠰ ᠤᠨ 37 ᠣᠲᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠠᠵᠤ | ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠪᠡ᠃ ᠡᠨᠡ ᠵᠢᠯ ᠲᠠᠷᠢᠶᠠᠯᠠᠩ ᠳᠤ ᠬᠤᠯᠪᠣᠭᠳᠠᠬᠤ | ᠬᠡᠰᠡᠭ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠵᠦ᠂ ᠤᠯᠤᠰ ᠤᠨ ᠲᠠᠰ ᠤᠨ ᠬᠢᠨᠠᠨ ᠰᠢᠯᠭᠠᠷᠠᠭᠤᠯᠤᠯᠲᠠ ᠳᠤ | ᠵᠥᠪᠰᠢᠶᠡᠷᠡᠭᠳᠡᠭᠰᠡᠨ ᠭᠠᠵᠠᠷ ᠣᠷᠣᠨ ᠪᠠ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ | ᠨᠡᠷ᠎ᠡ ᠠᠯᠳᠠᠷ ᠲᠠᠢ᠂ ᠣᠷᠣᠨ ᠨᠤᠲᠤᠭ ᠤᠨ ᠣᠨᠴᠠᠯᠢᠭ ᠲᠠᠢ ᠳᠠᠪᠠᠭᠤᠯᠢᠭ ᠠᠵᠤ ᠦᠢᠯᠡᠰ ᠤᠨ ᠪᠦᠯᠦᠭᠵᠢᠯ᠂ | ᠬᠦᠷᠢᠶᠡᠯᠡᠩ ᠲᠣᠭᠤᠷᠢᠭ᠂ ᠬᠦᠴᠦᠷᠬᠡᠭ ᠪᠠᠯᠭᠠᠰᠤ ᠶᠢ ᠭᠤᠣᠯᠳᠠᠯᠭ᠎ᠠ ᠲᠠᠢ ᠪᠠᠶᠢᠭᠤᠯᠬᠤ ᠪᠠᠷ ᠪᠠᠶᠢᠨ᠎ᠠ᠃ |