ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠵᠥᠪᠯᠡᠯ ᠤᠨ ᠭᠤᠷᠪᠠᠳᠤᠭᠠᠷ ᠤᠳᠠᠭᠠᠨ ᠤ ᠬᠢᠨᠠᠨ ᠲᠣᠭᠲᠠᠭᠠᠬᠤ ᠬᠤᠷᠠᠯ   ᠤᠨ ᠠᠩᠬᠠᠨ ᠤ ᠬᠢᠨᠠᠯᠲᠠ ᠳᠤ ᠪᠠᠲᠤᠯᠠᠭᠰᠠᠨ ᠡᠭᠦᠯᠳᠡᠷ ᠤᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/4/3
      ︽ᠭᠤᠣᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠠᠷᠭ᠎ᠠ︾ ︽ᠲᠠᠷᠢᠶᠠᠯᠠᠩ ᠤᠨ ᠤᠷᠭᠤᠮᠠᠯ ᠤᠨ ᠡᠭᠦᠯᠳᠡᠷ ᠢ ᠨᠡᠷᠡᠶᠢᠳᠬᠦ ᠲᠣᠭᠲᠠᠭᠠᠯ︾ ᠢ ᠦᠨᠳᠦᠰᠦᠯᠡᠨ᠂ ᠡᠳᠦᠭᠡ ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠵᠥᠪᠯᠡᠯ ᠤᠨ ᠭᠤᠷᠪᠠᠳᠤᠭᠠᠷ ᠤᠳᠠᠭᠠᠨ ᠤ ᠬᠢᠨᠠᠨ ᠲᠣᠭᠲᠠᠭᠠᠬᠤ ᠬᠤᠷᠠᠯ ᠤᠨ ᠠᠩᠬᠠᠨ ᠤ ᠬᠢᠨᠠᠯᠲᠠ ᠳᠤ ᠪᠠᠲᠤᠯᠠᠭᠰᠠᠨ ᠡᠭᠦᠯᠳᠡᠷ ᠵᠢᠴᠢ ᠬᠠᠮᠢᠶ᠎ᠠ ᠪᠦᠬᠦᠢ ᠮᠡᠳᠡᠭᠡ ᠵᠠᠩᠭᠢ ᠶᠢ ᠵᠠᠷᠯᠠᠨ ᠨᠡᠶᠢᠲᠡᠯᠡᠵᠦ ᠪᠠᠶᠢᠨ᠎ᠠ᠃ ᠵᠠᠷᠯᠠᠨ ᠨᠡᠶᠢᠲᠡᠯᠡᠬᠦ ᠬᠤᠭᠤᠴᠠᠭ᠎ᠠ ᠨᠢ 30 ᠡᠳᠦᠷ ︵2024 ᠣᠨ ᠤ 4 ᠰᠠᠷ᠎ᠠ ᠶᠢᠨ 3 ᠤ ᠡᠳᠦᠷ ᠠᠴᠠ 2024 ᠣᠨ ᠤ 5 ᠰᠠᠷ᠎ᠠ ᠶᠢᠨ 2 ᠤᠨ ᠡᠳᠦᠷ ᠪᠣᠯᠲᠠᠯ᠎ᠠ︶ ᠪᠣᠯᠣᠨ᠎ᠠ᠃ ᠠᠩᠬᠠᠨ ᠤ ᠬᠢᠨᠠᠯᠲᠠ ᠳᠤ ᠪᠠᠲᠤᠯᠠᠭᠰᠠᠨ ᠡᠭᠦᠯᠳᠡᠷ ᠤᠨ ᠡᠯ᠎ᠡ ᠲᠤᠷᠰᠢᠯᠲᠠ ᠶᠢᠨ ᠴᠢᠭ᠋ ᠤᠨ ᠲᠤᠷᠰᠢᠯᠲᠠ ᠶᠢᠨ ᠲᠤᠭ᠎ᠠ ᠪᠠᠷᠢᠮᠲᠠ᠂ ᠬᠤᠷᠢᠶᠠᠩᠭᠤᠶᠢᠯᠠᠭᠰᠠᠨ ᠦᠷ᠎ᠡ ᠳ᠋ᠦᠩ ᠵᠡᠷᠭᠡ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠰᠦᠯᠵᠢᠶ᠎ᠡ ᠳᠤ ᠭᠠᠷᠴᠤ ᠪᠠᠶᠢᠴᠠᠭᠠᠨ ᠯᠠᠪᠯᠠᠵᠤ ᠪᠣᠯᠣᠨ᠎ᠠ᠃ ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠬᠡᠷᠪᠡ ᠣᠨᠳᠣᠣ ᠰᠠᠨᠠᠯ ᠲᠠᠢ ᠪᠠᠶᠢᠪᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠵᠥᠪᠯᠡᠯ ᠤᠨ ᠠᠯᠪᠠᠨ ᠭᠡᠷ ᠲᠤ ᠲᠤᠰᠬᠠᠬᠤ ᠶᠢᠨ ᠬᠠᠮᠲᠤ ᠪᠢᠴᠢᠭ ᠤᠨ ᠲᠣᠳᠣᠷᠬᠠᠶᠢᠯᠠᠯᠲᠠ ᠶᠢᠨ ᠮᠠᠲ᠋ᠧᠷᠢᠶᠠᠯ ᠢ ᠬᠠᠩᠭᠠᠬᠤ ᠪᠤᠯᠪᠠᠤ᠂ ᠡᠭᠦᠨ ᠳᠤ ᠣᠨᠳᠣᠣ ᠰᠠᠨᠠᠯ ᠤᠨ ᠠᠭᠤᠯᠭ᠎ᠠ᠂ ᠣᠨᠳᠣᠣ ᠰᠠᠨᠠᠯ ᠲᠠᠢ ᠬᠥᠮᠥᠨ ᠤ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ᠂ ᠭᠠᠷ ᠤᠲᠠᠰᠤᠨ ᠤ ᠨᠣᠮᠧᠷ ᠵᠢᠴᠢ ᠢᠮᠧᠯ ᠵᠡᠷᠭᠡ ᠬᠠᠷᠢᠯᠴᠠᠬᠤ ᠠᠷᠭ᠎ᠠ ᠮᠠᠶ᠋ᠢᠭ ᠪᠠᠭᠲᠠᠨ᠎ᠠ᠂ ᠣᠨᠳᠣᠣ ᠰᠠᠨᠠᠯ ᠲᠠᠢ ᠨᠢᠭᠡᠴᠡ ᠶᠢᠨ ᠪᠢᠴᠢᠭ ᠤᠨ ᠲᠣᠳᠣᠷᠬᠠᠶᠢᠯᠠᠯᠲᠠ ᠶᠢᠨ ᠮᠠᠲ᠋ᠧᠷᠢᠶᠠᠯ ᠳᠤ ᠨᠢᠭᠡᠴᠡ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠢ᠃      ᠬᠠᠷᠢᠯᠴᠠᠬᠤ ᠬᠥᠮᠥᠨ ᠵᠢᠴᠢ ᠬᠠᠷᠢᠯᠴᠠᠬᠤ ᠬᠡᠯᠪᠡᠷᠢ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠭᠠᠵᠠᠷ᠂ ᠯᠢ ᠰᠢᠨ ︵ᠤᠲᠠᠰᠤ᠄ 0471︱6285043᠂ ᠢᠮᠧᠯ᠄ pinzhong2023@126.com᠂ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠬᠥᠯᠥᠨ ᠬᠤᠶᠢᠲᠤ ᠵᠠᠮ ᠤᠨ 13 ᠳ᠋ᠤᠭᠠᠷ ᠨᠣᠮᠧᠷ᠂ ᠰᠢᠤᠳᠠᠨ ᠤ ᠨᠣᠮᠧᠷ᠄ 010010︶       ᠳᠠᠭᠠᠯᠳᠤᠭᠤᠯᠤᠯ 1 ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠵᠥᠪᠯᠡᠯ ᠤᠨ ᠭᠤᠷᠪᠠᠳᠤᠭᠠᠷ ᠤᠳᠠᠭᠠᠨ ᠤ ᠬᠢᠨᠠᠨ ᠲᠣᠭᠲᠠᠭᠠᠬᠤ ᠬᠤᠷᠠᠯ ᠤᠨ ᠠᠩᠬᠠᠨ ᠤ ᠬᠢᠨᠠᠯᠲᠠ ᠳᠤ ᠪᠠᠲᠤᠯᠠᠭᠰᠠᠨ ᠡᠭᠦᠯᠳᠡᠷ ᠤᠨ ᠭᠠᠷᠴᠠᠭᠯᠠᠯ      ᠳᠠᠭᠠᠯᠳᠤᠭᠤᠯᠤᠯ 2 ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠵᠥᠪᠯᠡᠯ ᠤᠨ ᠭᠤᠷᠪᠠᠳᠤᠭᠠᠷ ᠤᠳᠠᠭᠠᠨ ᠤ ᠬᠢᠨᠠᠨ ᠲᠣᠭᠲᠠᠭᠠᠬᠤ ᠬᠤᠷᠠᠯ ᠤᠨ ᠠᠩᠬᠠᠨ ᠤ ᠬᠢᠨᠠᠯᠲᠠ ᠳᠤ ᠪᠠᠲᠤᠯᠠᠭᠰᠠᠨ ᠡᠭᠦᠯᠳᠡᠷ ᠤᠨ ᠲᠣᠪᠴᠢ ᠲᠠᠨᠢᠯᠴᠠᠭᠤᠯᠭ᠎ᠠ                         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                        ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠵᠦᠪᠯᠠᠯ ᠤᠨ ᠠᠯᠪᠠᠨ ᠭᠡᠷ                                 2024 ᠣᠨ ᠤ 4 ᠰᠠᠷ᠎ᠠ ᠶᠢᠨ 3 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号