2023 ᠣᠨ ᠤ ᠪᠥᠬᠦ ᠣᠷᠣᠨ ᠤ ᠪᠡᠯᠡᠨ ᠵᠠᠭᠤᠰᠢ ᠶᠢᠨ ᠳᠠᠭᠠᠭᠤᠯᠤᠭᠴᠢ​᠂ ᠰᠦᠯᠵᠢᠶᠡᠨ ᠳᠡᠭᠡᠷ᠎ᠡ ᠪᠣᠷᠣᠯᠠᠭᠤᠯᠬᠤ᠂ ᠣᠨᠴᠠᠯᠢᠭᠲᠤ ᠨᠠᠷᠠᠲᠤ ᠲᠡᠮᠳᠡᠭᠲᠦ ᠰᠢᠯᠢᠳᠡᠭ ᠠᠵᠤ ᠠᠬᠤᠶᠢᠯᠠᠯ ᠢ ᠰᠢᠯᠭᠠᠷᠠᠭᠤᠯᠤᠭᠰᠠᠨ ᠦᠷ᠎ᠡ ᠳ᠋ᠦᠩ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠠᠯᠪᠠᠨ ᠵᠠᠷ
ᠨᠡᠶᠢᠲᠡᠯᠡᠭᠰᠡᠨ ᠴᠠᠭ᠄
2024/4/3
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠡᠨ ᠵᠠᠭᠤᠰᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ ︵2023︱2025 ᠣᠨ︶︾ ︵ᠥᠪᠥᠷ ᠲᠠᠷᠢᠶᠠᠯᠠᠩ ᠮᠠᠯ ᠠᠵᠤ ᠦᠢᠯᠡᠰ ᠲᠠᠷᠬᠠᠭᠠᠭᠰᠠᠨ ﹇2023﹈ 178 ᠳ᠋ᠤᠭᠠᠷ ᠲᠣᠭᠠᠲᠤ︶᠂ ︽ᠪᠡᠯᠡᠨ ᠵᠠᠭᠤᠰᠢ ᠶᠢᠨ ︿ᠳᠠᠭᠠᠭᠤᠯᠤᠬᠴᠢ ᠠᠷᠪᠠᠨ ᠬᠦᠴᠦᠷᠬᠡᠭ᠂ ᠣᠨᠴᠠᠯᠢᠭᠲᠤ ᠨᠠᠷᠠᠲᠤ ᠲᠡᠮᠳᠡᠭᠲᠦ ᠶᠢᠨ ᠠᠷᠪᠠᠨ ᠬᠦᠴᠦᠷᠬᠡᠭ᠂ ᠰᠦᠯᠵᠢᠶᠡᠨ ᠳᠡᠭᠡᠷ᠎ᠡ ᠪᠣᠷᠣᠯᠠᠭᠤᠯᠬᠤ ᠠᠷᠪᠠᠨ ᠬᠦᠴᠦᠷᠬᠡᠭ﹀ ᠠᠵᠤ ᠠᠬᠤᠶᠢᠯᠠᠯ ᠢ ᠰᠢᠯᠭᠠᠷᠠᠭᠤᠯᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠦᠢᠯᠡᠰ ᠲᠠᠷᠬᠠᠭᠠᠭᠰᠠᠨ ﹇2023﹈ 724 ᠳ᠋ᠤᠭᠡᠷ ᠲᠣᠭᠠᠲᠤ︶ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠵᠡᠷᠭᠡ ᠵᠢᠷᠭᠤᠭᠠᠨ ᠰᠠᠯᠠᠭ᠎ᠠ ᠮᠥᠴᠢᠷ ᠤᠨ 2024 ᠣᠨ ᠤ 3 ᠰᠠᠷ᠎ᠠ ᠶᠢᠨ 18 ᠤ ᠡᠳᠦᠷ ᠤᠨ ᠳᠠᠷᠤᠮᠠᠯᠯᠠᠨ ᠲᠠᠷᠬᠠᠭᠠᠭᠰᠠᠨ ︽ᠪᠡᠯᠡᠨ ᠵᠠᠭᠤᠰᠢ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠮᠡᠳᠡᠭᠳᠡᠯ︾ ︵ᠤᠯᠤᠰ ᠵᠠᠬ᠎ᠠ ᠳᠡᠯᠭᠡᠭᠦᠷ ᠬᠢᠨᠠᠯᠲᠠ ᠢᠳᠡᠭᠡᠨ ᠲᠠᠷᠬᠠᠭᠠᠭᠰᠠᠨ ﹇2024﹈ 27 ᠳ᠋ᠤᠭᠠᠷ ᠲᠣᠭᠠᠲᠤ︶ ᠤᠨ ᠪᠡᠯᠡᠨ ᠵᠠᠭᠤᠰᠢ ᠶᠢᠨ ᠲᠤᠬᠠᠢ ᠬᠠᠮᠤᠭ ᠤᠨ ᠰᠢᠨ᠎ᠡ ᠲᠣᠮᠢᠶᠠᠯᠠᠯ ᠪᠠ ᠬᠦᠷᠢᠶ᠎ᠡ ᠬᠡᠪᠴᠢᠶ᠎ᠡ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠢ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ᠂ 2023 ᠣᠨ ᠤ ᠥᠪᠡᠷᠲᠡᠭᠡᠨ ᠵᠠᠰᠠᠬᠤ ᠣᠷᠣᠨ ᠤ ᠪᠡᠯᠡᠨ ᠵᠠᠭᠤᠰᠢ ᠶᠢᠨ ᠳᠠᠭᠠᠭᠤᠯᠤᠭᠴᠢ᠂ ᠣᠨᠴᠠᠯᠢᠭᠲᠤ ᠨᠠᠷᠠᠲᠤ ᠲᠡᠮᠳᠡᠭᠲᠦ᠂ ᠰᠦᠯᠵᠢᠶᠡᠨ ᠳᠡᠭᠡᠷ᠎ᠡ ᠪᠣᠷᠤᠯᠠᠭᠤᠯᠭ᠎ᠠ ᠶᠢᠨ ᠰᠢᠯᠢᠳᠡᠭ ᠠᠵᠤ ᠠᠬᠤᠶᠢᠯᠠᠯ ᠢ ᠰᠢᠯᠭᠠᠷᠠᠭᠤᠯᠬᠤ ᠠᠵᠢᠯ ᠢ ᠥᠷᠨᠢᠭᠦᠯᠪᠡ᠃ ᠠᠵᠤ ᠠᠬᠤᠶᠢᠯᠠᠯ ᠦᠪᠡᠰᠦᠪᠡᠨ ᠭᠤᠶᠤᠴᠢᠯᠠᠨ ᠮᠡᠳᠡᠭᠦᠯᠬᠦ᠂ ᠬᠤᠰᠢᠭᠤ ᠰᠢᠶᠠᠨ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠱᠠᠲᠤ ᠳᠠᠷᠠᠭᠠᠯᠠᠨ ᠲᠠᠨᠢᠯᠴᠠᠭᠤᠯᠬᠤ᠂ ᠭᠤᠷᠪᠠᠳᠠᠭᠢ ᠡᠲᠡᠭᠡᠳ ᠤᠨ ᠲᠤᠭ᠎ᠠ ᠪᠠᠷᠢᠮᠲᠠ ᠶᠢᠨ ᠬᠢᠨᠠᠨ ᠬᠠᠷᠭᠤᠭᠤᠯᠤᠯᠲᠠ᠂ ᠲᠤᠰᠬᠠᠢ ᠮᠡᠷᠭᠡᠵᠢᠯᠲᠡᠨ ᠤ ᠰᠢᠯᠭᠠᠷᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠢᠯᠡᠳᠬᠦᠨ ᠤ ᠠᠰᠠᠭᠤᠳᠠᠯ᠂ ᠬᠡᠷᠡᠭ ᠲᠤ ᠬᠤᠯᠪᠣᠭᠳᠠᠭᠰᠠᠨ ᠪᠠᠶᠢᠳᠠᠯ ᠢ ᠬᠢᠨᠠᠨ ᠬᠠᠷᠭᠤᠭᠤᠯᠬᠤ᠂ ᠥᠪᠡᠷᠲᠡᠭᠡᠨ ᠵᠠᠰᠠᠬᠤ ᠣᠷᠣᠨ ᠤ ᠢᠨᠲ᠋ᠧᠷ ᠰᠦᠯᠵᠢᠶ᠎ᠡ ᠶᠢᠨ ᠮᠡᠳᠡᠭᠡ ᠵᠠᠩᠭᠢ ᠶᠢᠨ ᠠᠯᠪᠠᠨ ᠭᠡᠷ ᠠᠴᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠠᠷᠭᠤᠭᠤᠯᠬᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠰᠤᠳᠤᠯᠬᠤ ᠵᠡᠷᠭᠡ ᠲᠠᠰ ᠳᠠᠷᠠᠭᠠᠯᠠᠯ ᠢ ᠶᠠᠪᠤᠭᠳᠠᠭᠤᠯᠬᠤ ᠪᠠᠷ ᠳᠠᠮᠵᠢᠨ᠂ ᠨᠡᠶᠢᠲᠡ 30 ᠰᠢᠯᠢᠳᠡᠭ ᠠᠵᠤ ᠠᠬᠤᠶᠢᠯᠠᠯ ᠢ ᠰᠢᠯᠭᠠᠷᠠᠭᠤᠯᠤᠨ ᠭᠠᠷᠭᠠᠪᠠ᠂ ᠡᠳᠦᠭᠡ ᠵᠠᠷᠯᠠᠨ ᠨᠡᠶᠢᠲᠡᠯᠡᠵᠦ ᠪᠠᠶᠢᠨ᠎ᠠ᠃      ᠵᠠᠷᠯᠠᠨ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ︵4 ᠰᠠᠷ᠎ᠠ ᠶᠢᠨ 3 ᠤ ᠡᠳᠦᠷ ᠠᠴᠠ 10 ᠤ ᠡᠳᠦᠷ︶ ᠪᠣᠯᠣᠨ᠎ᠠ᠂ ᠬᠡᠷᠪᠡ ᠣᠨᠳᠣᠣ ᠰᠠᠨᠠᠯ ᠲᠠᠢ ᠪᠣᠯ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠶᠢ ᠵᠢᠯᠤᠭᠤᠳᠬᠤ ᠭᠠᠵᠠᠷ ᠲᠤ ᠲᠤᠰᠬᠠᠭᠠᠷᠠᠢ᠂ ᠬᠠᠷᠢᠯᠴᠠᠬᠤ ᠤᠲᠠᠰᠤ᠄ 0471︱6652281︔ ᠬᠡᠷᠪᠡ ᠬᠠᠤᠯᠢ ᠰᠠᠬᠢᠯᠭ᠎ᠠ ᠠᠴᠠ ᠵᠥᠷᠢᠴᠡᠭᠰᠡᠨ ᠠᠰᠠᠭᠤᠳᠠᠯ ᠪᠠᠶᠢᠪᠠᠯ᠂ ᠬᠠᠮᠢᠶ᠎ᠠ ᠪᠦᠬᠦᠢ ᠭᠡᠷᠡᠴᠢ ᠪᠠᠷᠢᠮᠲᠠ ᠬᠠᠩᠭᠠᠵᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠪᠠᠶᠢᠭᠤᠯᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠤ ᠲᠤᠰᠬᠠᠭᠠᠷᠠᠢ᠂ ᠤᠲᠠᠰᠤ᠄ 0471-6651073᠃      ᠳᠠᠭᠠᠯᠳᠤᠭᠤᠯᠤᠯ᠄ 2023 ᠣᠨ ᠤ ᠪᠡᠯᠡᠨ ᠵᠠᠭᠤᠰᠢ ᠶᠢᠨ ᠳᠠᠭᠠᠭᠤᠯᠤᠭᠴᠢ᠂ ᠣᠨᠴᠠᠯᠢᠭᠲᠤ ᠨᠠᠷᠠᠲᠤ ᠲᠡᠮᠳᠡᠭᠲᠦ᠂ ᠰᠦᠯᠵᠢᠶᠡᠨ ᠳᠡᠭᠡᠷ᠎ᠡ ᠪᠣᠷᠤᠯᠠᠭᠤᠯᠭ᠎ᠠ ᠶᠢᠨ ᠠᠵᠤ ᠠᠬᠤᠶᠢᠯᠠᠯ ᠤᠨ ᠨᠡᠷᠡᠰ                        ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                       ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                               2024 ᠣᠨ ᠤ 4 ᠰᠠᠷ᠎ᠠ ᠶᠢᠨ 3 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号