ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠴᠠ | ︽︿ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ﹀ ᠢᠨᠵᠧᠨᠧᠷᠢᠩ ᠤᠨ | ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠬᠦᠴᠦᠲᠡᠢ ᠪᠥᠭᠡᠳ ᠪᠦᠲᠦᠮᠵᠢᠲᠡᠶ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ | ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠯᠪᠠᠨ ᠭᠡᠷ ᠤᠨ | ᠬᠠᠷᠢᠭᠤᠴᠠᠯᠭᠠᠲᠠᠨ ᠨᠥᠬᠦᠳ ︽ᠬᠡᠷᠡᠭᠵᠢᠭᠦᠯᠬᠦ ᠰᠠᠨᠠᠯ︾ ᠤᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠠᠰᠠᠭᠤᠯᠲᠠ᠄ ︽ᠬᠡᠷᠡᠭᠵᠢᠭᠦᠯᠬᠦ ᠰᠠᠨᠠᠯ︾ ᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠣᠶ︖ | ᠬᠠᠷᠢᠭᠤᠯᠲᠠ᠄ ᠶᠡᠷᠦᠩᠬᠡᠢ ᠱᠦᠵᠢ ᠰᠢ ᠶᠢᠨ ᠫᠢᠩ ︽ ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ ︾ ᠤ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠨᠢᠳᠤᠨᠤᠨ ᠤ ᠵᠢᠯ ᠤᠨ ᠰᠡᠭᠦᠯᠴᠢ ᠪᠠᠷ ᠬᠤᠷᠠᠯᠳᠤᠭᠰᠠᠨ | ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ ᠂ ︽ ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ ︾ ᠤ | ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠵᠤ ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ | ᠳᠡᠭᠡᠷ᠎ᠡ ᠴᠢᠬᠤᠯᠠ ᠵᠢᠭᠠᠪᠤᠷᠢ ᠥᠭᠴᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ | ᠡᠷᠬᠡᠪᠰᠢ ᠲᠠᠷᠢᠶᠠᠯᠠᠩ ᠤᠨ ᠰᠠᠭᠤᠷᠢ ᠶᠢ ᠴᠥᠬᠦᠷᠡᠰᠢ ᠦᠭᠡᠢ ᠪᠠᠲᠤᠳᠬᠠᠵᠤ ᠂ ᠬᠥᠳᠡᠭᠡ ᠲᠣᠰᠬᠤᠨ ᠤ ᠪᠦᠬᠦ | ᠲᠠᠯ᠎ᠠ ᠶᠢᠨ ᠬᠥᠭᠵᠢᠯ ᠮᠠᠨᠳᠤᠯ ᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ ᠨᠢᠳᠤᠨᠤᠨ ᠤ 6 ᠰᠠᠷ᠎ᠠ ᠳᠤ᠂ | ᠶᠡᠷᠦᠩᠬᠡᠢ ᠱᠦᠵᠢ ᠰᠢ ᠶᠢᠨ ᠫᠢᠩ ᠮᠠᠨ ᠤ ᠣᠷᠣᠨ ᠳᠤ ᠪᠡᠶ᠎ᠡ ᠪᠠᠷ ᠢᠶᠠᠨ ᠢᠷᠡᠵᠦ ᠂ ᠲᠠᠷᠢᠶᠠᠯᠠᠩ ᠮᠠᠯ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠥᠭᠴᠡᠢ ᠃ ᠪᠦᠬᠦ | ᠣᠷᠣᠨ ᠢᠶᠠᠷ ᠢᠶᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ ᠂ ᠬᠦᠴᠦᠨ ᠢᠶᠠᠨ ᠲᠥᠪᠯᠡᠷᠡᠭᠦᠯᠦᠨ ᠬᠤᠶᠠᠷ ᠶᠡᠭᠡ ᠶᠠᠪᠤᠳᠠᠯ ᠢ | ᠰᠠᠶᠢᠲᠤᠷ ᠬᠢᠬᠦ ᠪᠠ ᠰᠢᠨ᠎ᠡ ᠵᠠᠮ ᠢ ᠨᠡᠭᠡᠭᠡᠬᠦ ᠂ ᠳᠤᠮᠳᠠ ᠤᠷᠤᠰᠬᠠᠯ ᠳᠤ ᠣᠷᠣᠬᠤ ᠬᠠᠷᠠᠯᠲᠠ ᠶᠢ ᠪᠡᠶᠡᠯᠡᠭᠦᠯᠵᠦ ᠂ ︽ᠮᠠᠯ | ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ ︾ ᠤ ᠠᠵᠢᠯ ᠰᠢᠨ᠎ᠡ ᠠᠬᠢᠴᠠ ᠲᠠᠢ | ᠰᠢᠨ᠎ᠡ ᠦᠷ᠎ᠡ ᠪᠦᠲᠦᠮᠵᠢ ᠣᠯᠪᠠ ᠃ 2023 ᠣᠨ ᠳᠤ᠂ ᠪᠥᠬᠦ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ | ︽20 ᠵᠢᠯ ᠳᠠᠷᠠᠭᠠᠯᠠᠨ ᠡᠯᠪᠡᠭ ᠬᠤᠷᠢᠶᠠᠯᠲᠠ︾ ᠶᠢ ᠪᠡᠶᠡᠯᠡᠭᠦᠯᠵᠦ᠂ ᠠᠮᠤ ᠪᠤᠳᠠᠭᠠᠨ ᠤ ᠤᠨᠠᠯᠲᠠ 791.6 | ᠳ᠋ᠦᠩᠰᠢᠭᠤᠷ ᠵᠢᠩ ᠳᠤ ᠬᠦᠷᠴᠦ᠂ ᠵᠢᠷᠭᠤᠭᠠᠨ ᠵᠢᠯ ᠳᠠᠷᠠᠭᠠᠯᠠᠨ 700 ᠳ᠋ᠦᠩᠰᠢᠭᠤᠷ ᠵᠢᠩ ᠠᠴᠠ ᠳᠡᠭᠡᠭᠰᠢ | ᠪᠠᠶᠢᠬᠤ ᠶᠢ ᠪᠠᠲᠤᠯᠠᠵᠤ᠂ ᠠᠮᠤ ᠪᠤᠳᠠᠭᠠᠨ ᠤ ᠲᠠᠷᠢᠮᠠᠯ ᠤᠨ ᠳᠤᠮᠳᠠᠴᠢ ᠲᠠᠯᠠᠪᠠᠶ ᠨᠢᠭᠡᠴᠢ ᠶᠢᠨ ᠤᠨᠠᠯᠲᠠ ᠮᠦ ᠳᠤ | 755.5 ᠵᠢᠩ ᠬᠦᠷᠴᠦ᠂ 1.0% ᠨᠡᠮᠡᠭᠳᠡᠪᠡ︔ ᠮᠠᠯ ᠠᠵᠤ ᠠᠬᠤᠢ ᠶᠢᠨ ᠦᠢᠯᠡᠳᠪᠦᠷᠢᠯᠡᠯ ︽ ᠠᠷᠪᠠ ᠶᠢᠰᠦᠨ | ᠵᠢᠯ ᠳᠠᠷᠠᠭᠠᠯᠠᠨ ᠲᠣᠭᠲᠠᠭᠤᠨ ︾ ᠪᠠᠶᠢᠬᠤ ᠶᠢ ᠪᠡᠶᠡᠯᠡᠭᠦᠯᠵᠦ ᠂ ᠪᠦᠬᠦ ᠣᠷᠣᠨ ᠤ ᠭᠤᠣᠯ ᠪᠣᠯᠬᠤ ᠮᠢᠬᠠᠨ ᠤ | ᠲᠦᠷᠦᠯ ᠤᠨ ᠭᠠᠷᠤᠯᠲᠠ 285.4 ᠲᠦᠮᠡᠨ ᠲᠣᠨ ᠳᠤ ᠬᠦᠷᠴᠦ ᠂ ᠦᠨᠢᠶᠡᠨ ᠰᠦ ᠶᠢᠨ ᠭᠠᠷᠤᠯᠲᠠ 792.6 | ᠲᠦᠮᠡᠨ ᠲᠣᠨ ᠳᠤ ᠬᠦᠷᠪᠡ ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠥᠮᠥᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 21221 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 8.0% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠬᠤᠲᠠ ᠪᠠᠯᠭᠠᠰᠤᠨ ᠤ ᠰᠠᠭᠤᠭᠠᠯᠢ | ᠠᠷᠠᠳ ᠤᠨ ᠣᠷᠣᠯᠭ᠎ᠠ ᠪᠠ GDP ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ ᠪᠣᠯᠵᠤ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠤᠯᠠᠮ ᠨᠢᠭᠡ ᠠᠯᠬᠤᠮ ᠪᠠᠭᠠᠰᠪᠠ︔ ᠮᠠᠯᠵᠢᠬᠤ | ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ | ᠬᠥᠳᠡᠭᠡ ᠲᠣᠰᠬᠤᠨ ᠤ ᠵᠠᠰᠠᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠮᠠᠯᠵᠢᠬᠤ | ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ | ᠨᠡᠶᠢᠭᠡᠮ ᠤᠨ ᠲᠣᠭᠲᠠᠭᠤᠨ ᠠᠮᠤᠷ ᠲᠣᠭᠲᠠᠭᠤᠨ ᠢ ᠪᠠᠲᠤᠯᠠᠪᠠ᠃ | ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠮᠥᠨ ᠂ ︽ ᠠᠷᠪᠠᠨ | ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ | ᠨᠢᠭᠡ ᠵᠢᠯ ᠮᠥᠨ ᠂ ︽ ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ ︾ ᠤ ᠠᠵᠢᠯ ᠢ ᠰᠠᠶᠢᠲᠤᠷ ᠬᠢᠬᠦ ᠨᠢ ᠣᠨᠴᠠᠭᠠᠶ | ᠴᠢᠬᠤᠯᠠ ᠠᠴᠢ ᠬᠤᠯᠪᠣᠭᠳᠠᠯ ᠲᠠᠢ ᠶᠤᠮ ᠃ 2 ᠰᠠᠷ᠎ᠠ ᠶᠢᠨ 3 ᠤ ᠡᠳᠦᠷ᠂ ︽︿ᠮᠢᠩᠭᠠᠨ ᠲᠣᠰᠬᠤᠨ ᠢᠶᠠᠷ ᠵᠢᠱᠢᠶ᠎ᠡ | ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ﹀ ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ | ᠬᠡᠷᠡᠭᠯᠡᠵᠦ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠥᠭᠡᠳ | ᠪᠦᠲᠦᠮᠵᠢᠲᠡᠶ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠠᠨᠠᠯ︾ ᠢ ᠵᠢᠩᠬᠢᠨᠢ ᠪᠠᠷ ᠨᠡᠶᠢᠲᠡᠯᠡᠪᠡ᠂ ᠡᠨᠡ ᠪᠣᠯ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢᠬᠢ ︿ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ﹀ ᠤ ᠠᠵᠢᠯ ᠢ ᠵᠢᠯᠣᠭᠤᠳᠤᠭᠰᠠᠨ 12 | ᠳ᠋ᠤᠭᠠᠷ ᠲᠥᠪ ᠬᠤᠷᠢᠶᠠᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠪᠣᠯᠣᠨ᠎ᠠ᠂ ᠡᠨᠡ ᠨᠢ ᠨᠠᠮ ᠤᠨ ᠲᠥᠪ | ᠬᠤᠷᠢᠶᠠᠨ ᠤ ︿ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ ﹀ ᠤ ᠠᠵᠢᠯ ᠢ ᠴᠢᠩᠭᠠᠳᠬᠠᠬᠤ ᠢᠯᠡ ᠲᠣᠳᠣ ᠣᠪᠣᠷ ᠢ | ᠳᠠᠬᠢᠨᠲᠠ ᠬᠠᠷᠠᠭᠤᠯᠵᠤ᠂ ᠲᠠᠷᠢᠶᠠᠯᠠᠩ ᠢ ᠴᠢᠬᠤᠯᠠᠴᠢᠯᠠᠨ ᠲᠠᠷᠢᠶᠠᠯᠠᠩ ᠢ ᠬᠦᠴᠦᠷᠬᠡᠭᠵᠢᠭᠦᠯᠬᠦ ᠴᠢᠩᠭ᠎ᠠ ᠳᠣᠬᠢᠶ᠎ᠠ ᠶᠢ | ᠲᠠᠯᠪᠢᠭᠰᠠᠨ ᠪᠠᠶᠢᠨ᠎ᠠ᠃ | ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠪᠣᠯᠣᠨ ᠲᠥᠪ ᠤᠨ ᠨᠢᠭᠡᠳᠦᠭᠡᠷ ᠲᠣᠭᠠᠲᠤ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠠᠴᠠ ︽ᠬᠡᠷᠡᠭᠵᠢᠭᠦᠯᠬᠦ ᠰᠠᠨᠠᠯ︾ | ᠢ ᠨᠡᠶᠢᠲᠡᠯᠡᠪᠡ᠃ ︽ᠬᠡᠷᠡᠭᠵᠢᠭᠦᠯᠬᠦ ᠰᠠᠨᠠᠯ︾ ᠨᠢ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ | ᠬᠠᠷᠠᠯᠲᠠ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠬᠢᠵᠢᠭᠦᠯᠬᠦ ᠪᠠᠷ ᠠᠵᠢᠯ ᠤᠨ ᠭᠤᠣᠯ ᠱᠤᠭᠤᠮ ᠪᠣᠯᠭᠠᠵᠤ᠂ ︽ᠮᠢᠩᠭᠠᠨ ᠲᠦᠮᠡᠨ ᠢᠨᠵᠧᠨᠧᠷᠢᠩ︾ ᠤᠨ | ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠪᠠᠷ ᠵᠢᠯᠣᠭᠤᠳᠤᠮᠵᠢ ᠪᠣᠯᠭᠠᠵᠤ᠂ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠵᠤ᠂ ᠬᠡᠪᠴᠢᠶᠡᠵᠢᠯ ᠦᠨ ᠴᠢᠨᠠᠷᠲᠠᠢ ᠳᠠᠬᠢᠨ ᠶᠠᠳᠠᠭᠤᠷᠠᠬᠤ ᠦᠭᠡᠢ ᠪᠠᠶᠢᠬᠤ ᠶᠢ | ᠪᠠᠲᠤᠯᠠᠬᠤ ᠪᠠᠷ ᠰᠠᠭᠤᠷᠢ ᠱᠤᠭᠤᠮ ᠪᠣᠯᠭᠠᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠬᠢᠷᠢ | ᠲᠦᠪᠰᠢᠨ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ᠂ ᠬᠥᠳᠡᠭᠡ ᠲᠣᠰᠬᠤᠨ ᠤ | ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ᠂ ᠥᠭᠡᠷᠡᠴᠢᠯᠡᠯᠲᠡ ᠶᠢᠨ ᠬᠤᠶᠠᠷ ᠬᠦᠷᠳᠦ ᠪᠠᠷ ᠬᠥᠳᠡᠯᠭᠡᠭᠦᠷ ᠪᠣᠯᠭᠠᠬᠤ ᠪᠠ ᠮᠠᠯᠴᠢᠨ ᠲᠠᠷᠢᠶᠠᠴᠢᠨ ᠤ | ᠣᠷᠣᠯᠭ᠎ᠠ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠭᠤᠣᠯᠳᠠᠯᠭ᠎ᠠ ᠲᠠᠢ ᠡᠭᠦᠷᠭᠡ ᠪᠠ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ | ᠵᠠᠰᠠᠭ ᠤᠨ ᠣᠷᠳᠣᠨ ᠤ ︽ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ | ᠤ ᠠᠵᠢᠯ ᠢ ᠢᠮᠠᠭᠲᠠ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠶᠢᠨ ᠪᠠᠶᠢᠷᠢᠨ ᠳᠤ ᠲᠠᠯᠪᠢᠵᠤ᠂ ᠲᠠᠷᠢᠶᠠᠯᠠᠩ | ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠬᠤ ᠡᠷᠡᠰ ᠵᠣᠷᠢᠭ ᠢ | ᠭᠦᠢᠴᠡᠳ ᠢᠯᠡᠷᠡᠭᠦᠯᠪᠡ᠃ | ᠠᠰᠠᠭᠤᠯᠲᠠ᠄ ︽ᠬᠡᠷᠡᠭᠵᠢᠭᠦᠯᠬᠦ ᠰᠠᠨᠠᠯ︾ ᠤᠨ ᠭᠤᠣᠯ ᠠᠭᠤᠯᠭ᠎ᠠ ᠨᠢ ᠶᠠᠭᠤ ᠪᠣᠶ︖ | ᠬᠠᠷᠢᠭᠤᠯᠲᠠ᠄ ︽ᠬᠡᠷᠡᠭᠵᠢᠭᠦᠯᠬᠦ ᠰᠠᠨᠠᠯ︾ ᠨᠢ ᠨᠡᠶᠢᠲᠡ 7 ᠬᠡᠰᠡᠭ 30 ᠵᠣᠷᠪᠣᠰ ᠪᠠᠶᠢᠵᠤ᠂ ᠭᠤᠣᠯ | ᠠᠭᠤᠯᠭ᠎ᠠ ᠶᠢ ︽ᠬᠤᠶᠠᠷ ᠢ ᠯᠠᠪᠲᠠᠢ ᠪᠠᠲᠤᠯᠠᠬᠤ᠂ ᠭᠤᠷᠪᠠ ᠶᠢ ᠳᠡᠭᠡᠭᠰᠢᠯᠡᠭᠦᠯᠬᠦ᠂ ᠬᠤᠶᠠᠷ ᠢ ᠴᠢᠩᠭᠠᠷᠠᠭᠤᠯᠬᠤ︾ | ᠭᠡᠵᠦ ᠬᠤᠷᠢᠶᠠᠩᠭᠤᠶᠢᠯᠠᠵᠤ ᠪᠣᠯᠣᠨ᠎ᠠ᠃ | ︽ᠬᠤᠶᠠᠷ ᠢ ᠯᠠᠪᠲᠠᠢ ᠪᠠᠲᠤᠯᠠᠬᠤ︾ ᠭᠡᠳᠡᠭ ᠨᠢ ᠳᠠᠷᠤᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ | ᠦᠨᠡᠨ ᠬᠦ ᠪᠠᠲᠤᠯᠠᠵᠤ᠂ ᠬᠡᠪᠴᠢᠶᠡᠵᠢᠭᠰᠡᠨ ᠴᠢᠨᠠᠷᠲᠠᠢ ᠶᠠᠳᠠᠭᠤᠷᠠᠯ ᠳᠠᠬᠢᠨ ᠡᠬᠦᠰᠬᠦ ᠦᠭᠡᠢ ᠪᠠᠶᠢᠬᠤ ᠶᠢ ᠦᠨᠡᠨ ᠬᠦ | ᠪᠠᠲᠤᠯᠠᠬᠤ ᠶᠠᠪᠤᠳᠠᠯ ᠪᠣᠯᠣᠨ᠎ᠠ᠃ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ | ᠭᠤᠣᠯᠳᠠᠯᠭ᠎ᠠ ᠨᠢ ᠲᠠᠯᠠᠪᠠᠢ ᠶᠢ ᠲᠣᠭᠲᠠᠪᠤᠷᠢᠵᠢᠭᠤᠯᠬᠤ ᠂ ᠲᠠᠯᠠᠪᠠᠢ ᠨᠢᠭᠡᠴᠢ ᠶᠢᠨ ᠤᠨᠠᠯᠲᠠ ᠶᠢ ᠨᠡᠮᠡᠭᠳᠡᠭᠦᠯᠬᠦ ᠬᠤᠶᠠᠷ | ᠲᠠᠯ᠎ᠠ ᠪᠠᠷ ᠬᠦᠴᠦᠯᠡᠬᠦ ᠶᠢ ᠪᠠᠷᠢᠮᠲᠠᠯᠠᠵᠤ ᠂ ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ | ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠬᠤ | ᠪᠣᠯᠤᠨ᠎ᠠ︔ ᠬᠡᠪᠴᠢᠶᠡᠵᠢᠯ ᠤᠨ ᠴᠢᠨᠠᠷᠲᠠᠢ ᠶᠠᠳᠠᠭᠤᠷᠠᠯ ᠳᠠᠬᠢᠨ ᠡᠬᠦᠰᠬᠦ ᠦᠭᠡᠢ ᠪᠠᠶᠢᠬᠤ ᠶᠢ ᠦᠨᠡᠨ ᠬᠦ | ᠪᠠᠲᠤᠯᠠᠬᠤ ᠶᠢᠨ ᠭᠤᠣᠯᠳᠠᠯᠭ᠎ᠠ ᠨᠢ ᠶᠠᠳᠠᠭᠤᠷᠠᠯ ᠳᠠᠬᠢᠨ ᠡᠬᠦᠰᠬᠦ ᠶᠢ ᠰᠡᠷᠭᠡᠶᠢᠯᠡᠨ ᠬᠤᠷᠢᠭᠯᠠᠬᠤ ᠬᠢᠨᠠᠨ ᠬᠡᠮᠵᠢᠵᠦ | ᠬᠠᠪᠰᠤᠷᠤᠨ ᠲᠡᠳᠬᠦᠬᠦ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ ᠂ ᠠᠵᠤ ᠦᠢᠯᠡᠰ ᠪᠠ ᠠᠵᠢᠯ | ᠣᠯᠭᠤᠯᠲᠠ ᠶᠢᠨ ᠬᠠᠪᠰᠤᠷᠤᠨ ᠲᠡᠳᠬᠦᠬᠦ ᠶᠢ ᠴᠢᠩᠭᠠᠳᠬᠠᠵᠤ ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠪᠠ | ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠳᠣᠲᠣᠭᠠᠳᠤ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ | ᠬᠦᠴᠦᠯᠡᠨ ᠴᠢᠩᠭᠠᠳᠬᠠᠬᠤ ᠶᠠᠪᠤᠳᠠᠯ ᠪᠣᠯᠣᠨ᠎ᠠ ᠃ | ︽ᠭᠤᠷᠪᠠ ᠶᠢ ᠳᠡᠭᠡᠭᠰᠢᠯᠡᠭᠦᠯᠬᠦ︾ ᠭᠡᠳᠡᠭ ᠨᠢ ᠳᠠᠷᠤᠢ ᠬᠥᠳᠡᠭᠡ ᠲᠣᠰᠬᠤᠨ ᠤ ᠠᠵᠤ ᠦᠢᠯᠡᠰ ᠤᠨ | ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠬᠦ᠂ ᠬᠥᠳᠡᠭᠡ ᠲᠣᠰᠬᠤᠨ ᠤ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ | ᠶᠠᠪᠤᠳᠠᠯ ᠪᠣᠯᠣᠨ᠎ᠠ᠃ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠲᠦᠭᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ᠂ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠂ | ᠬᠠᠰᠢᠶᠠᠯᠠᠨ ᠲᠡᠵᠢᠭᠡᠬᠦ᠂ ᠣᠨᠴᠠᠯᠢᠭᠲᠤ ᠨᠠᠷᠠᠲᠤ ᠲᠡᠮᠳᠡᠭᠲᠦ ᠵᠡᠷᠭᠡ ᠶᠢ ᠶᠡᠬᠡᠪᠡᠷ ᠬᠥᠭᠵᠢᠭᠦᠯᠬᠦ ᠳᠤ ᠠᠩᠬᠠᠷᠤᠯ ᠢᠶᠠᠨ | ᠲᠥᠪᠯᠡᠷᠡᠭᠦᠯᠦᠨ᠂ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠪᠠᠷ ᠤᠳᠤᠷᠢᠳᠤᠮᠵᠢ ᠪᠣᠯᠭᠠᠭᠰᠠᠨ᠂ 7 ᠵᠤᠷᠪᠤᠰ | ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠪᠠ ᠳᠠᠪᠠᠭᠤᠯᠢᠭ ᠣᠨᠴᠠᠯᠢᠭᠲᠤ | ᠠᠵᠤ ᠦᠢᠯᠡᠰ ᠢ ᠣᠯᠠᠨ ᠪᠣᠯᠪᠠᠰᠤᠷᠠᠭᠤᠯᠤᠨ ᠬᠥᠭᠵᠢᠭᠦᠯᠦᠭᠰᠡᠨ ︽1+7+N︾ ᠲᠣᠮᠣ ᠲᠠᠷᠢᠶᠠᠯᠠᠩ ᠤᠨ | ᠰᠢᠰᠲ᠋ᠧᠮᠵᠢ ᠶᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠡᠪᠴᠢᠶᠡᠵᠢᠭᠰᠡᠨ᠂ ᠠᠵᠤ ᠦᠢᠯᠡᠰᠵᠢᠭᠰᠡᠨ ᠂ | ᠨᠠᠷᠠᠲᠤ ᠲᠡᠮᠳᠡᠭᠵᠢᠭᠰᠡᠨ ᠬᠥᠭᠵᠢᠯᠲᠡ ᠶᠢ ᠠᠬᠢᠭᠤᠯᠤᠨ᠎ᠠ ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠢ ᠣᠲᠣ ᠦᠶ᠎ᠡ ᠶᠢᠨ ᠠᠮᠢᠳᠤᠷᠠᠯ ᠤᠨ | ᠨᠥᠬᠦᠴᠡᠯ ᠢ ᠦᠨᠳᠦᠰᠦᠨ ᠳᠡᠭᠡᠨ ᠪᠦᠷᠢᠯᠳᠦᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠯᠵᠢᠬᠤ ᠲᠠᠷᠢᠶᠠᠯᠠᠬᠤ | ᠣᠷᠣᠨ ᠤ ᠰᠠᠭᠤᠷᠢ ᠲᠦᠭᠦᠭᠡᠷᠦᠮᠵᠢ ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠪᠠ ᠣᠯᠠᠨ | ᠨᠡᠶᠢᠲᠡ ᠶᠢᠨ ᠦᠢᠯᠡᠴᠢᠯᠡᠭᠡ ᠶᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃ ᠬᠥᠳᠡᠭᠡ ᠲᠣᠰᠬᠤᠨ ᠤ ᠵᠠᠰᠠᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠥᠪᠡᠷᠲᠡᠭᠡᠨ | ᠵᠠᠰᠠᠬᠤ᠂ ᠬᠠᠤᠯᠢ ᠪᠠᠷ ᠵᠠᠰᠠᠬᠤ᠂ ᠶᠣᠰᠣ ᠮᠣᠷᠠᠯ ᠢᠶᠠᠷ ᠵᠠᠰᠠᠬᠤ ᠶᠢ ᠬᠠᠷᠢᠯᠴᠠᠨ ᠤᠶᠠᠯᠳᠤᠭᠤᠯᠤᠭᠰᠠᠨ ᠬᠥᠳᠡᠭᠡ | ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢ ᠪᠦᠷᠢᠨᠰᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠯᠵᠢᠬᠤ | ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠂ ᠮᠠᠯᠵᠢᠬᠤ ᠲᠠᠷᠢᠶᠠᠯᠠᠬᠤ | ᠣᠷᠣᠨ ᠤ ᠨᠡᠶᠢᠭᠡᠮ ᠤᠨ ᠲᠣᠭᠲᠠᠭᠤᠨ ᠠᠮᠤᠷ ᠲᠣᠭᠲᠠᠭᠤᠨ ᠢ ᠦᠨᠡᠨᠬᠦ ᠪᠠᠲᠤᠯᠠᠨ᠎ᠠ᠃ | ︽ᠬᠤᠶᠠᠷ ᠢ ᠴᠢᠩᠭᠠᠳᠬᠠᠬᠤ︾ ᠭᠡᠳᠡᠭ ᠨᠢ ᠳᠠᠷᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠣᠨ | ᠥᠭᠡᠷᠡᠴᠢᠯᠡᠯᠲᠡ ᠶᠢᠨ ᠬᠤᠶᠠᠷ ᠬᠦᠷᠳᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠵᠤ᠂ ᠮᠠᠯᠴᠢᠨ ᠲᠠᠷᠢᠶᠠᠴᠢᠨ ᠤ | ᠣᠷᠣᠯᠭ᠎ᠠ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠴᠢᠩᠭᠠᠳᠬᠠᠬᠤ ᠶᠠᠪᠤᠳᠠᠯ ᠪᠣᠯᠣᠨ᠎ᠠ᠃ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠪᠣᠯᠣᠨ ᠥᠭᠡᠷᠡᠴᠢᠯᠡᠯᠲᠡ ᠶᠢᠨ ᠬᠤᠶᠠᠷ ᠬᠦᠷᠳᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠵᠤ ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠳᠦᠷᠢᠮ ᠤᠨ ᠰᠢᠨ᠎ᠡ ᠶᠢ ᠡᠭᠦᠳᠬᠦ ᠶᠢ | ᠬᠠᠮᠵᠢᠯᠴᠠᠨ ᠠᠬᠢᠭᠤᠯᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠥᠳᠡᠯᠭᠡᠬᠦ ᠬᠦᠴᠦᠨ ᠂ | ᠠᠮᠢᠵᠢᠷᠠᠯ ᠤᠨ ᠬᠦᠴᠦᠨ ᠨᠡᠮᠡᠷᠢᠯᠡᠨ᠎ᠡ ᠃ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ | ᠴᠢᠩᠭᠠᠷᠠᠭᠤᠯᠬᠤ ᠶᠢᠨ ᠭᠤᠣᠯᠳᠠᠯᠭ᠎ᠠ ᠨᠢ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ | ᠥᠷᠭᠡᠳᠬᠡᠵᠦ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠶᠡᠬᠡᠪᠡᠷ ᠬᠥᠭᠵᠢᠭᠦᠯᠦᠨ᠂ ᠮᠠᠯᠴᠢᠨ ᠲᠠᠷᠢᠶᠠᠴᠢᠨ ᠤ | ᠣᠷᠣᠯᠭ᠎ᠠ ᠪᠠᠨ ᠦᠷᠭᠦᠯᠵᠢᠯᠡᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠬᠦ ᠶᠢ ᠳᠡᠮᠵᠢᠵᠦ᠂ ᠠᠮᠢᠳᠤᠷᠠᠯ ᠡᠳᠦᠷ ᠠᠴᠠ | ᠡᠳᠦᠷ ᠥᠭᠡᠳᠡᠯᠡᠨ ᠰᠠᠶᠢᠵᠢᠷᠠᠨ᠎ᠠ᠃ | ᠠᠰᠠᠭᠤᠯᠲᠠ᠄ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠂ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠬᠤ ᠲᠠᠯ᠎ᠠ ᠪᠠᠷ ᠶᠠᠮᠠᠷ ᠶᠠᠮᠠᠷ ᠪᠦᠲᠦᠮᠵᠢᠲᠡᠶ ᠠᠷᠭ᠎ᠠ ᠬᠡᠮᠵᠢᠶ᠎ᠡ ᠠᠪᠬᠤ ᠪᠤᠢ ︖ | ᠬᠠᠷᠢᠭᠤᠯᠲᠠ᠄ ᠠᠮᠤ ᠪᠤᠳᠠᠭᠠᠨ ᠤ ᠠᠮᠤᠷ ᠲᠦᠪᠰᠢᠨ ᠪᠣᠯ ︽ ᠤᠯᠤᠰ ᠤᠨ ᠲᠤᠮᠤ ᠶᠠᠪᠤᠳᠠᠯ ︾ ᠮᠥᠨ ᠃ ᠡᠨᠡ | ᠵᠢᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ | ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ | ᠭᠠᠵᠠᠷ ᠢ ᠲᠦᠷᠭᠡᠳᠬᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ ᠬᠤᠰᠢᠭᠤᠴᠢ ᠪᠣᠯᠵᠤ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ | ᠪᠠᠲᠤᠯᠠᠬᠤ ᠶᠢ ᠰᠠᠶᠢᠲᠤᠷ ᠠᠳᠬᠤᠬᠤ ᠪᠠᠷ ᠭᠤᠣᠯᠳᠠᠯᠭ᠎ᠠ ᠪᠣᠯᠭᠠᠵᠤ᠂ ᠲᠠᠯᠠᠪᠠᠶ ᠶᠢ ᠲᠣᠭᠲᠠᠪᠤᠷᠢᠵᠢᠭᠤᠯᠬᠤ᠂ ᠲᠠᠯᠠᠪᠠᠶ | ᠨᠢᠭᠡᠴᠢ ᠶᠢᠨ ᠤᠨᠠᠯᠲᠠ ᠶᠢ ᠨᠡᠮᠡᠭᠳᠡᠭᠦᠯᠬᠦ ᠭᠤᠣᠯ ᠰᠢᠪᠲᠤᠯᠤᠯᠲᠠ ᠶᠢᠨ ᠴᠢᠭᠯᠡᠯ ᠢ ᠲᠣᠳᠣᠷᠬᠠᠢ ᠲᠣᠭᠲᠠᠭᠠᠪᠠ᠃ | ᠨᠢᠭᠡ ᠳᠤ ᠳᠠᠷᠢᠬᠤ ᠲᠠᠯᠠᠪᠠᠶ ᠶᠢ ᠲᠣᠭᠲᠠᠪᠤᠷᠢᠵᠢᠭᠤᠯᠤᠨ᠎ᠠ ᠃ ᠤᠯᠤᠰ ᠤᠨ ᠨᠥᠬᠦᠪᠦᠷᠢ᠂ ᠦᠨ᠎ᠡ ᠬᠠᠩᠰᠢ᠂ | ᠳᠠᠭᠠᠳᠬᠠᠯ ᠵᠡᠷᠭᠡ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠴᠢᠨ ᠤ ᠠᠮᠤ ᠪᠤᠳᠠᠭ᠎ᠠ | ᠳᠠᠷᠢᠬᠤ ᠢᠳᠡᠪᠬᠢᠵᠢᠯ ᠢ ᠭᠦᠢᠴᠡᠳ ᠳᠠᠶᠢᠴᠢᠯᠠᠨ᠂ ᠠᠮᠤ ᠪᠤᠳᠠᠭ᠎ᠠ᠂ ᠰᠢᠷ᠎ᠠ ᠪᠤᠷᠴᠠᠭ ᠳᠠᠷᠢᠬᠤ ᠲᠠᠯᠠᠪᠠᠶ ᠶᠢ ᠲᠣᠰ | ᠲᠣᠰ 1 ᠳ᠋ᠦᠩᠰᠢᠭᠤᠷ ᠮᠦ᠂ 1800 ᠲᠦᠮᠡᠨ ᠮᠦ ᠠᠴᠠ ᠳᠡᠭᠡᠭᠰᠢ ᠳᠤ ᠲᠣᠭᠲᠠᠪᠤᠷᠢᠵᠢᠭᠤᠯᠬᠤ ᠶᠢ ᠦᠨᠡᠨᠬᠦ | ᠪᠠᠲᠤᠯᠠᠨ᠎ᠠ ᠃ | ᠬᠤᠶᠠᠷ ᠲᠤ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠪᠠᠷ ᠭᠤᠣᠯᠯᠠᠭᠤᠯᠤᠨ᠎ᠠ᠃ ᠠᠮᠤ | ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠶᠢᠨ ᠭᠤᠣᠯᠳᠠᠯᠭ᠎ᠠ ᠶᠢ ᠲᠠᠯᠠᠪᠠᠢ ᠨᠢᠭᠡᠴᠢ ᠶᠢᠨ ᠤᠨᠠᠯᠲᠠ ᠶᠢ ᠶᠡᠭᠡ | ᠲᠠᠯᠠᠪᠠᠢ ᠪᠠᠷ ᠳᠡᠭᠡᠭᠰᠢᠯᠡᠭᠦᠯᠬᠦ ᠳᠡᠭᠡᠷ᠎ᠡ ᠲᠠᠯᠪᠢᠵᠤ ᠂ ᠠᠮᠤ ᠪᠤᠳᠠᠭ᠎ᠠ ᠲᠣᠰᠣ ᠵᠡᠷᠭᠡ ᠭᠤᠣᠯ ᠪᠣᠯᠬᠤ ᠲᠠᠷᠢᠮᠠᠯ ᠤᠨ | ᠲᠠᠯᠠᠪᠠᠢ ᠨᠢᠭᠡᠴᠢ ᠶᠢᠨ ᠤᠨᠠᠯᠲᠠ ᠶᠢ ᠶᠡᠭᠡ ᠲᠠᠯᠠᠪᠠᠢ ᠪᠠᠷ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ ᠂ ᠰᠠᠶᠢᠨ | ᠲᠠᠷᠢᠶ᠎ᠠ ᠰᠠᠶᠢᠨ ᠡᠭᠦᠯᠳᠡᠷ ᠰᠠᠶᠢᠨ ᠲᠣᠬᠢᠶᠠᠯ ᠰᠠᠶᠢᠨ ᠬᠠᠤᠯᠢ ᠰᠠᠶᠢᠨ ᠳᠦᠷᠢᠮ ᠢ ᠲᠥᠪᠯᠡᠷᠡᠭᠦᠯᠦᠨ ᠳᠡᠯᠭᠡᠷᠡᠭᠦᠯᠵᠦ ᠂ | ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠪᠦᠬᠦᠯᠢ | ᠴᠣᠭᠴᠠ ᠪᠠᠷ ᠨᠢ 600 ᠲᠦᠮᠡᠨ ᠮᠦ ᠪᠠᠶᠢᠭᠤᠯᠤᠨ᠎ᠠ᠃ ᠦᠷ᠎ᠡ ᠪᠠ ᠲᠠᠷᠢᠶᠠᠨ ᠭᠠᠵᠠᠷ ᠤᠨ ᠬᠤᠶᠠᠷ ᠵᠠᠩᠭᠢᠯᠠᠭ᠎ᠠ ᠶᠢ | ᠴᠢᠩᠭ᠎ᠠ ᠠᠳᠬᠤᠵᠤ ᠂ ᠦᠷ᠎ᠡ ᠶᠢᠨ ᠲᠠᠯ᠎ᠠ ᠪᠠᠷ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ | ᠲᠦᠯᠬᠢᠨ ᠠᠬᠢᠭᠤᠯᠵᠤ ᠂ ᠦᠷ᠎ᠡ ᠪᠣᠶᠢᠵᠢᠭᠤᠯᠬᠤ ᠠᠵᠢᠯ ᠢ ᠬᠠᠮᠲᠤᠷᠠᠨ ᠪᠡᠷᠬᠡ ᠰᠡᠳᠦᠪ ᠢ ᠰᠢᠢᠳᠪᠦᠷᠢᠯᠡᠬᠦ ᠪᠠ | ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ | ᠦᠵᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ ᠃ ᠲᠠᠷᠢᠶᠠᠨ ᠭᠠᠵᠠᠷ ᠤᠨ ᠲᠠᠯ᠎ᠠ ᠪᠠᠷ᠂ ᠲᠠᠷᠢᠶᠠᠯᠠᠩ ᠤᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠬᠦᠴᠦ ᠰᠢᠮ᠎ᠡ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠂ 850 ᠲᠦᠮᠡᠨ ᠮᠦ ᠣᠷᠴᠢᠮ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠢ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ ᠃ | ᠭᠤᠷᠪᠠ ᠳᠤ ᠢᠳᠡᠭᠡᠨ ᠤ ᠵᠦᠢᠯ ᠤᠨ ᠢᠷᠡᠯᠲᠡ ᠶᠢ ᠦᠷᠭᠡᠳᠭᠡᠨ᠎ᠡ ᠃ ᠲᠣᠮᠣ ᠲᠠᠷᠢᠶᠠᠯᠠᠩ ᠤᠨ ᠦᠵᠡᠯᠲᠡ ᠂ | ᠲᠣᠮᠣ ᠢᠳᠡᠭᠡᠨ ᠤ ᠵᠦᠢᠯ ᠤᠨ ᠦᠵᠡᠯᠲᠡ ᠶᠢ ᠪᠤᠢ ᠪᠣᠯᠭᠠᠵᠤ ᠂ ᠤᠯᠠᠨ ᠡᠰᠢᠴᠢᠯᠡᠭᠰᠡᠨ ᠢᠳᠡᠭᠡᠨ ᠤ ᠵᠦᠢᠯ ᠤᠨ | ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠤᠨ᠎ᠠ ᠃ ᠮᠢᠬᠠᠨ ᠤ ᠲᠥᠷᠥᠯ᠂ ᠰᠦ ᠶᠢᠨ ᠲᠥᠷᠥᠯ ᠤᠨ ᠢᠳᠡᠭᠡᠨ ᠤ | ᠬᠠᠩᠭᠠᠯᠭ᠎ᠠ ᠶᠢ ᠲᠣᠭᠲᠠᠪᠤᠷᠢᠵᠢᠭᠤᠯᠵᠤ᠂ ︽ᠢᠳᠡᠰᠢᠨ ᠨᠣᠭᠤᠭ᠎ᠠ︾᠂ ︽ᠵᠢᠮᠢᠰ ᠤᠨ ᠰᠠᠭᠰᠤ︾᠂ ︽ ᠮᠦᠭᠦ ᠶᠢᠨ | ᠰᠠᠭᠰᠤ︾᠂ ︽ ᠴᠡᠴᠡᠭ ᠤᠨ ᠰᠠᠭᠰᠤ︾᠂ ︽ᠡᠮ ᠤᠨ ᠰᠠᠭᠰᠤ︾ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ | ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠠᠮᠢ ᠠᠬᠤᠢ ᠶᠢᠨ ᠡᠷᠡᠭᠦᠯ ᠢᠶᠠᠷ ᠲᠡᠵᠢᠭᠡᠨ ᠦᠷᠡᠵᠢᠭᠦᠯᠬᠦ ᠪᠠᠷ ᠭᠤᠣᠯ | ᠪᠣᠯᠭᠠᠭᠰᠠᠨ ᠣᠲᠣ ᠦᠶ᠎ᠡ ᠶᠢᠨ ᠲᠦᠭᠦᠭᠡᠷᠦᠮᠵᠢᠲᠦ ᠵᠢᠭᠠᠰᠤᠨ ᠤ ᠠᠵᠤ ᠦᠢᠯᠡᠰ ᠢ ᠠᠬᠢᠭᠤᠯᠤᠨ᠂ ᠣᠨᠴᠠᠯᠢᠭᠲᠤ ᠣᠶ | ᠵᠢᠮᠢᠰ᠂ ᠣᠶ ᠰᠢᠭᠤᠢ ᠶᠢᠨ ᠢᠳᠡᠭᠡᠨ ᠵᠡᠷᠭᠡ ᠠᠵᠤ ᠦᠢᠯᠡᠰ ᠢ ᠬᠥᠭᠵᠢᠭᠦᠯᠵᠦ᠂ ᠠᠷᠠᠳ ᠤᠨ ᠬᠤᠭᠤᠯᠠᠨ ᠰᠢᠷᠡᠭᠡ ᠶᠢ | ᠲᠠᠰᠤᠷᠠᠯᠲᠠ ᠦᠭᠡᠢ ᠪᠠᠶᠠᠯᠢᠭᠵᠢᠭᠤᠯᠤᠨ᠎ᠠ᠃ | ᠳᠥᠷᠪᠡ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠎ᠠ ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠠᠬᠢᠭᠤᠯᠵᠤ᠂ ᠲᠠᠷᠢᠶᠠᠯᠠᠩ | ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ | ᠬᠡᠷᠡᠭᠯᠡᠬᠦ ᠶᠢ ᠲᠦᠷᠭᠡᠳᠬᠡᠨ᠂ ᠤᠯᠤᠰ ᠤᠨ ᠲᠠᠷᠢᠶᠠᠯᠠᠩ ᠤᠨ ᠳᠡᠭᠡᠳᠦ ᠵᠡᠷᠭᠡ ᠶᠢᠨ ᠣᠷᠣᠨ᠂ ᠰᠦ ᠰᠠᠭᠠᠯᠢ ᠶᠢᠨ | ᠰᠢᠨ᠎ᠡ ᠶᠢ ᠡᠭᠦᠳᠬᠦ ᠲᠥᠪ᠂ ᠡᠪᠡᠰᠦ ᠪᠡᠯᠴᠢᠭᠡᠷ ᠤᠨ ᠰᠢᠨ᠎ᠡ ᠶᠢ ᠡᠭᠦᠳᠬᠦ ᠲᠥᠪ᠂ ᠠᠮᠢᠳᠤ ᠪᠣᠳᠠᠰ ᠤᠨ ᠡᠭᠦᠯᠳᠡᠷ | ᠪᠣᠶᠢᠵᠢᠭᠤᠯᠬᠤ ᠰᠢᠨ᠎ᠡ ᠶᠢ ᠡᠭᠦᠳᠬᠦ ᠲᠥᠪ ᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠢ ᠡᠭᠦᠳᠦᠨ ᠪᠠᠶᠢᠭᠤᠯᠬᠤ ᠶᠢ ᠦᠷᠭᠦᠯᠵᠢᠯᠡᠨ ᠳᠡᠮᠵᠢᠨ᠎ᠡ᠃ ︽ ᠮᠧᠩ ᠺᠧ | ᠵᠢᠦᠢ︾ ᠶᠢᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠲᠠᠪᠴᠠᠩ ᠳᠤ ᠲᠦᠰᠢᠭᠯᠡᠨ᠂ ᠰᠦᠯᠵᠢᠶᠡᠨ ᠳᠡᠭᠡᠷᠡᠬᠢ | ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ 110︾ ᠶᠢᠨ ᠦᠢᠯᠡᠴᠢᠯᠡᠭᠡᠨ ᠤ ᠡᠩᠨᠡᠭᠡ ᠶᠢ ᠪᠠᠶᠢᠭᠤᠯᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠢᠶᠠᠷ ᠲᠠᠷᠢᠶᠠᠯᠠᠩ ᠢ ᠲᠤᠰᠠᠯᠠᠬᠤ ︽ᠡᠴᠦᠰ ᠤᠨ ᠨᠢᠭᠡ ᠺᠢᠯᠣᠮᠧᠲᠷ︾ ᠤᠨ | ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ | ᠲᠠᠪᠤ ᠳᠤ ᠠᠮᠤ ᠪᠤᠳᠠᠭ᠎ᠠ ᠶᠢ ᠠᠷᠪᠢᠯᠠᠵᠤ ᠬᠤᠬᠢᠷᠠᠯ ᠢ ᠪᠠᠭᠠᠰᠬᠠᠬᠤ ᠶᠢ ᠴᠢᠩᠭᠠᠳᠬᠠᠨ᠎ᠠ ᠃ ᠪᠢᠴᠢᠭ | ᠮᠠᠲ᠋ᠧᠷᠢᠶᠠᠯ ᠳᠤ᠂ ︽ᠦᠢᠯᠡᠳᠪᠦᠷᠢᠯᠡᠬᠦ ᠲᠡᠭᠡᠭᠡᠪᠦᠷᠢᠯᠡᠬᠦ ᠬᠠᠳᠠᠭᠠᠯᠠᠬᠤ ᠪᠣᠯᠪᠠᠰᠤᠷᠠᠭᠤᠯᠬᠤ ᠪᠣᠷᠤᠯᠠᠭᠤᠯᠬᠤ ︾ ᠪᠥᠬᠦ | ᠬᠡᠯᠬᠢᠶᠡᠨ ᠤ ᠠᠮᠤ ᠪᠤᠳᠠᠭᠠᠨ ᠤ ᠬᠤᠬᠢᠷᠠᠯ ᠢ ᠪᠠᠭᠠᠰᠬᠠᠬᠤ ᠶᠢ ᠲᠦᠯᠬᠢᠨ ᠠᠬᠢᠭᠤᠯᠬᠤ ᠶᠢ ᠴᠢᠬᠤᠯᠠᠴᠢᠯᠠᠪᠠ ᠃ | ᠪᠣᠯᠪᠠᠰᠤᠨ ᠬᠤᠭᠤᠯᠠᠨ ᠰᠢᠷᠡᠭᠡᠨ ᠤ ᠠᠵᠢᠯᠯᠠᠭ᠎ᠠ ᠶᠢ ᠥᠷᠨᠢᠭᠦᠯᠵᠦ ᠂ ︽ ᠠᠷᠪᠢᠳᠠᠢ ᠬᠤᠭᠤᠯᠠᠯᠠᠬᠤ ᠠᠵᠢᠯᠯᠠᠭ᠎ᠠ ︾ ᠶᠢ | ᠶᠡᠭᠡ ᠪᠠᠷ ᠰᠠᠨᠠᠭᠠᠴᠢᠯᠠᠵᠤ ᠂ ᠡᠷᠡᠭᠦᠯ ᠢᠳᠡᠭᠡᠨ ᠤᠮᠳᠠᠭᠠᠨ ᠪᠠ ᠢᠳᠡᠭᠡᠨ ᠤᠮᠳᠠᠭᠠᠨ ᠤ ᠪᠦᠷᠢᠯᠭᠡᠯᠲᠡ ᠶᠢ | ᠬᠤᠷᠢᠭᠯᠠᠬᠤ ᠶᠢ ᠪᠣᠯᠪᠠᠰᠤᠨ ᠢᠶᠠᠷ ᠪᠣᠶᠢᠵᠢᠭᠤᠯᠬᠤ ᠂ ᠪᠣᠯᠪᠠᠰᠤᠨ ᠢᠶᠠᠷ ᠦᠢᠯᠡᠳᠦᠯᠭᠡᠵᠢᠭᠦᠯᠬᠦ ᠂ ᠪᠣᠯᠪᠠᠰᠤᠨ ᠢᠶᠠᠷ | ᠡᠭᠦᠳᠦᠨ ᠪᠠᠶᠢᠭᠤᠯᠬᠤ ᠠᠭᠤᠯᠭ᠎ᠠ ᠳᠤ ᠣᠷᠣᠭᠤᠯᠵᠤ ᠂ ᠠᠮᠤ ᠪᠤᠳᠠᠭ᠎ᠠ ᠶᠢ ᠠᠷᠪᠢᠯᠠᠨ ᠭᠠᠮᠨᠠᠬᠤ ᠶᠢ ᠨᠡᠶᠢᠭᠡᠮ | ᠳᠠᠶᠠᠭᠠᠷ ᠤᠨ ᠬᠡᠪ ᠵᠠᠩᠰᠢᠯ ᠪᠣᠯᠭᠠᠨ᠎ᠠ ᠃ | ᠠᠰᠠᠭᠤᠯᠲᠠ᠄ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠶ︖ | ᠬᠠᠷᠢᠭᠤᠯᠲᠠ᠄ ᠠᠵᠤ ᠦᠢᠯᠡᠰ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠰᠠᠭᠤᠷᠢ | ᠲᠤᠯᠭᠠᠭᠤᠷᠢᠯᠠᠯ ᠮᠥᠨ ᠃ ᠮᠠᠨ ᠤ ᠣᠷᠣᠨ ᠤ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ | ᠣᠷᠣᠰᠢᠵᠤ ᠪᠠᠶᠢᠭ᠎ᠠ ᠠᠵᠤ ᠦᠢᠯᠡᠰ ᠤᠨ ᠬᠡᠯᠬᠢᠶ᠎ᠡ ᠣᠬᠤᠷ᠂ ᠪᠣᠯᠪᠠᠰᠤᠷᠠᠭᠤᠯᠬᠤ ᠴᠢᠳᠠᠪᠤᠷᠢ ᠪᠠᠭᠤᠷᠠᠢ᠂ ᠭᠤᠣᠯ | ᠴᠣᠭᠴᠠ ᠶᠢᠨ ᠳᠠᠶᠢᠴᠢᠯᠠᠬᠤ ᠴᠢᠳᠠᠪᠤᠷᠢ ᠴᠢᠩᠭ᠎ᠠ ᠪᠤᠰᠤ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠲᠤᠰᠠᠳᠠ᠂ ᠡᠨᠡ | ᠵᠢᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ | ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠤᠷᠢᠳᠠᠪᠠᠷ ᠬᠡᠷᠡᠭᠵᠢᠭᠦᠯᠬᠦ ᠣᠷᠣᠨ ᠢ | ᠪᠦᠲᠦᠭᠡᠨ ᠪᠠᠶᠢᠭᠤᠯᠬᠤ ᠶᠢ ᠳᠤᠷᠠᠳᠴᠤ᠂ ᠳᠣᠣᠷᠠᠬᠢ ᠬᠡᠳᠦᠨ ᠲᠠᠯ᠎ᠠ ᠪᠠᠷ ᠭᠤᠣᠯᠳᠠᠯᠭ᠎ᠠ ᠲᠠᠢ ᠪᠠᠶᠢᠷᠢᠯᠠᠭᠤᠯᠪᠠ᠃ | ᠨᠢᠭᠡ ᠳᠤ ᠠᠵᠤ ᠠᠬᠤᠶᠢᠯᠠᠯ ᠤᠨ ᠬᠡᠯᠬᠢᠶ᠎ᠡ ᠶᠢ ᠤᠷᠲᠤᠳᠬᠠᠬᠤ ᠶᠢ ᠴᠢᠬᠤᠯᠠᠴᠢᠯᠠᠨ᠎ᠠ ᠃ ᠬᠡᠯᠬᠢᠶᠡᠵᠢᠭᠦᠯᠦᠭᠰᠡᠨ | ᠰᠡᠳᠬᠢᠬᠦᠢ ᠪᠠ ᠠᠵᠤ ᠦᠢᠯᠡᠳᠪᠦᠷᠢᠵᠢᠭᠦᠯᠦᠭᠰᠡᠨ ᠰᠡᠳᠬᠢᠬᠦᠢ ᠶᠢ ᠪᠠᠷᠢᠮᠲᠠᠯᠠᠵᠤ᠂ 100 ᠡᠷᠦᠬᠡ ᠠᠴᠠ ᠳᠡᠭᠡᠭᠰᠢᠬᠢ | ᠠᠵᠤ ᠦᠢᠯᠡᠰ ᠤᠨ ᠬᠡᠯᠬᠢᠶᠡᠵᠢᠭᠦᠯᠬᠦ ᠳᠠᠭᠠᠭᠤᠯᠤᠭᠴᠢ ᠠᠵᠤ ᠠᠬᠤᠶᠢᠯᠠᠯ ᠢ ᠲᠣᠪᠣᠶᠢᠮ᠎ᠠ ᠪᠣᠶᠢᠵᠢᠭᠤᠯᠤᠨ | ᠪᠤᠵᠠᠭᠠᠶᠢᠷᠠᠭᠤᠯᠵᠤ᠂ 100 ᠣᠷᠴᠢᠮ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ | ᠭᠤᠣᠯᠳᠠᠯᠭ᠎ᠠ ᠲᠠᠢ ᠪᠦᠲᠦᠭᠡᠨ ᠪᠠᠶᠢᠭᠤᠯᠤᠨ᠎ᠠ᠃ ᠡᠷᠳᠡᠨᠢ ᠰᠢᠰᠢ᠂ ᠠᠯᠠᠰᠢᠨ ᠦᠬᠡᠷ᠂ ᠠᠯᠠᠰᠢᠨ ᠬᠤᠨᠢ ᠵᠡᠷᠭᠡ 7 | ᠵᠦᠢᠯ ᠤᠨ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ | ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠡᠷᠳᠡᠨᠢ ᠰᠢᠰᠢ ᠶᠢᠨ ᠠᠵᠤ ᠦᠢᠯᠡᠰ ᠲᠤ ᠥᠩᠭᠡᠲᠦ | ᠰᠢᠪᠲᠦᠷᠲᠦ ᠬᠦᠴᠢᠯ᠂ ᠨᠠᠷᠢᠯᠢᠭ ᠰᠢᠪᠲᠦᠷᠲᠦ ᠬᠦᠴᠢᠯ᠂ ᠬᠤᠸᠠᠩ ᠶᠤᠸᠠᠨ ᠵᠢᠶᠣᠣ ᠵᠡᠷᠭᠡ ᠥᠨᠳᠥᠷ ᠨᠡᠮᠡᠯᠲᠡ | ᠥᠷᠲᠡᠭᠲᠦ ᠪᠦᠲᠦᠭᠡᠭᠳᠡᠬᠦᠨ ᠢ ᠭᠤᠣᠯᠳᠠᠯᠭ᠎ᠠ ᠲᠠᠢ ᠤᠷᠲᠤᠳᠬᠠᠨ ᠬᠥᠭᠵᠢᠭᠦᠯᠵᠦ᠂ ᠠᠯᠠᠰᠢᠨ ᠦᠬᠡᠷ ᠠᠯᠠᠰᠢᠨ | ᠬᠤᠨᠢᠨ ᠤ ᠠᠵᠤ ᠦᠢᠯᠡᠰ ᠲᠤ ᠳᠠᠭᠠᠭᠤᠯᠤᠭᠴᠢ ᠠᠵᠤ ᠠᠬᠤᠶᠢᠯᠠᠯ ᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠨ | ᠪᠤᠵᠠᠭᠠᠶᠢᠷᠠᠭᠤᠯᠵᠤ᠂ ︽ᠠᠯᠠᠰᠢᠨ ᠬᠤᠨᠢ ᠠᠯᠠᠰᠢᠨ ᠦᠬᠡᠷ︾ ᠢ ᠬᠤᠪᠢᠷᠠᠭᠤᠯᠤᠨ ︽ᠬᠤᠨᠢᠨ ᠮᠢᠬ᠎ᠠ ᠦᠬᠡᠷ ᠤᠨ | ᠮᠢᠬ᠎ᠠ︾ ᠪᠣᠯᠭᠠᠵᠤ᠂ ᠦᠢᠯᠡᠳᠬᠦᠨ ᠤ ᠥᠷᠲᠡᠭ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ | ᠥᠷᠭᠡᠳᠬᠡᠨ᠎ᠡ᠃ | ᠬᠤᠶᠠᠷ ᠲᠤ ᠪᠣᠬᠢᠷᠲᠤᠯ ᠦᠭᠡᠢ ᠬᠡᠯᠪᠡᠷᠢ ᠶᠢᠨ ᠬᠤᠪᠢᠷᠠᠯᠲᠠ ᠶᠢ ᠴᠢᠬᠤᠯᠠᠴᠢᠯᠠᠨ᠎ᠠ ᠃ ᠡᠯᠡᠰᠦᠷᠬᠡᠭᠵᠢᠬᠦ ᠶᠢ | ᠰᠡᠷᠭᠡᠶᠢᠯᠡᠵᠦ ᠡᠯᠡᠰᠦ ᠶᠢ ᠵᠠᠰᠠᠬᠤ ᠬᠢᠭᠡᠳ ᠰᠠᠯᠬᠢᠨ ᠬᠦᠴᠦᠨ ᠢᠶᠠᠷ ᠴᠠᠬᠢᠯᠭᠠᠨ ᠬᠡᠷᠡᠯ ᠴᠡᠨᠡᠭ ᠢ ᠨᠢᠭᠡ | ᠴᠣᠭᠴᠠᠵᠢᠭᠤᠯᠬᠤ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠵᠤ᠂ ᠤᠰᠤ ᠠᠷᠪᠢᠯᠠᠬᠤ ᠲᠠᠷᠢᠶᠠᠯᠠᠩ ᠢ ᠶᠡᠬᠡᠪᠡᠷ | ᠬᠥᠭᠵᠢᠭᠦᠯᠦᠨ᠂ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠶ ᠶᠢ 200 ᠲᠦᠮᠡᠨ | ᠮᠦ ᠰᠢᠨ᠎ᠡ ᠪᠠᠷ ᠨᠡᠮᠡᠭᠳᠡᠭᠦᠯᠦᠨ᠎ᠡ᠃ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠶᠡᠷᠦᠩᠬᠡᠶᠢᠯᠡᠨ ᠵᠠᠰᠠᠬᠤ ᠠᠵᠢᠯ ᠢ | ᠦᠷᠭᠦᠯᠵᠢᠯᠡᠨ ᠲᠦᠯᠬᠢᠨ ᠠᠬᠢᠭᠤᠯᠤᠨ᠎ᠠ ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ | ᠴᠠᠭᠠᠵᠠᠯᠠᠬᠤ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ ᠢ ᠨᠠᠶᠢᠳᠠᠪᠤᠷᠢᠵᠢᠭᠤᠯᠵᠤ ᠂ ᠨᠤᠲᠤᠭ ᠪᠡᠯᠴᠢᠭᠡᠷ ᠤᠨ ᠬᠡᠳᠤ | ᠮᠠᠯᠵᠢᠯ ᠤᠨ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠢᠭ᠋ ᠢ ᠥᠷᠨᠢᠭᠦᠯᠦᠨ᠎ᠡ ᠃ ᠬᠢᠩᠭᠠᠨ ᠠᠶᠢᠮᠠᠭ ᠤᠨ | ᠤᠯᠤᠰ ᠤᠨ ᠲᠡᠰ ᠤᠨ ᠤᠳᠤ ᠦᠶ᠎ᠡ ᠶᠢᠨ ᠮᠠᠯ ᠠᠵᠤ ᠠᠬᠤᠢ ᠶᠢᠨ ᠲᠤᠷᠰᠢᠯᠲᠠ ᠶᠢᠨ ᠣᠷᠣᠨ ᠢ ᠴᠢᠨᠠᠷ ᠰᠠᠶᠢᠲᠠᠢ | ᠪᠦᠲᠦᠭᠡᠨ ᠪᠠᠶᠢᠭᠤᠯᠤᠨ᠎ᠠ ᠃ | ᠭᠤᠷᠪᠠ ᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠶᠢ | ᠴᠢᠩᠭᠠᠳᠬᠠᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ | ᠪᠣᠯᠪᠠᠰᠤᠷᠠᠭᠤᠯᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ | ᠪᠣᠯᠪᠠᠰᠤᠷᠠᠭᠤᠯᠬᠤ ᠲᠦᠭᠦᠭᠡᠷᠦᠮᠵᠢ ᠶᠢ ᠥᠭᠡᠷᠡᠴᠢᠯᠡᠨ ᠳᠡᠭᠡᠭᠰᠢᠯᠡᠭᠦᠯᠵᠦ᠂ ᠪᠥᠬᠦ ᠣᠷᠣᠨ ᠤ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠶᠢᠨ ᠳᠤᠲᠠᠭᠤᠳᠠᠯ ᠢ ᠲᠦᠷᠭᠡᠳᠬᠡᠨ | ᠨᠥᠬᠦᠪᠦᠷᠢᠯᠡᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠶᠢᠨ ᠥᠷᠭᠡᠴᠡ | ᠪᠠ ᠭᠦᠨᠴᠡ ᠶᠢ ᠤᠯᠠᠮ ᠨᠢᠭᠡ ᠠᠯᠬᠤᠮ ᠥᠷᠭᠡᠳᠬᠡᠨ᠂ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ | ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ ᠢ ᠲᠦᠮᠡᠨ ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠶᠢ | ᠲᠦᠷᠭᠡᠬᠡᠨ ᠪᠡᠶᠡᠯᠡᠭᠦᠯᠦᠨ᠎ᠡ᠃ | ᠳᠥᠷᠪᠡ ᠳᠤ ᠣᠨᠴᠠᠯᠢᠭᠲᠤ ᠨᠡᠷᠡᠲᠦ ᠲᠡᠮᠳᠡᠭᠲᠦ ᠶᠢ ᠡᠭᠦᠳᠦᠨ᠎ᠡ ᠃ ᠪᠣᠬᠢᠷᠲᠤᠯ ᠦᠭᠡᠢ ᠣᠷᠭᠠᠨᠢᠭ ᠨᠠᠷᠠᠲᠤ | ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠲᠠᠷᠢᠶᠠᠯᠠᠩ ᠮᠠᠯ | ᠠᠵᠤ ᠠᠬᠤᠢ ᠶᠢᠨ ᠰᠣᠳᠣᠨ ᠨᠠᠷᠠᠲᠤ ᠲᠡᠮᠳᠡᠭᠲᠦ ᠶᠢᠨ ᠵᠠᠬ᠎ᠠ ᠳᠡᠯᠭᠡᠭᠦᠷᠴᠢᠯᠡᠭᠰᠡᠨ ᠰᠡᠳᠬᠢᠬᠦᠢ ᠶᠢ ᠬᠡᠷᠡᠭᠯᠡᠬᠦ ᠶᠢ | ᠪᠠᠷᠢᠮᠲᠠᠯᠠᠵᠤ᠂ ᠪᠥᠬᠦ ᠤᠯᠤᠰ ᠤᠨ ᠭᠤᠣᠯᠳᠠᠯᠭ᠎ᠠ ᠲᠠᠢ ᠬᠤᠲᠠ ᠳᠤ ᠴᠢᠨᠠᠷ ᠰᠠᠶᠢᠲᠠᠢ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠲᠤᠭᠴᠢ ᠳᠡᠯᠭᠡᠭᠦᠷ ᠢ 100 ᠣᠷᠴᠢᠮ | ᠪᠠᠶᠢᠷᠢᠰᠢᠭᠤᠯᠤᠨ ᠪᠠᠶᠢᠭᠤᠯᠵᠤ᠂ ᠪᠦᠲᠦᠭᠡᠭᠳᠡᠬᠦᠨ ᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠡᠭᠦᠨ ᠤ | ᠬᠠᠮᠲᠤ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯᠯᠠᠭ᠎ᠠ ᠶᠢ | ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢᠨ ᠲᠣᠣᠷ | ᠰᠦᠯᠵᠢᠶ᠎ᠡ ᠶᠢ ᠲᠡᠭᠦᠯᠳᠡᠷᠵᠢᠭᠦᠯᠦᠨ᠂ ︽ ᠦᠪᠦᠷ ᠮᠣᠩᠭᠤᠯ︾ ᠥᠰᠥᠭ ᠤᠨ ᠲᠡᠮᠳᠡᠭ ︱ ᠲᠠᠯ᠎ᠠ ᠨᠤᠲᠤᠭ ᠤᠨ | ᠰᠢᠯᠢᠳᠡᠭ ᠪᠦᠲᠦᠭᠡᠭᠳᠡᠬᠦᠨ ᠢ ᠬᠥᠮᠥᠨ ᠪᠦᠬᠦᠨ ᠤ ᠮᠡᠳᠡᠳᠡᠭ ᠨᠠᠷᠠᠲᠤ ᠲᠡᠮᠳᠡᠭ ᠪᠣᠯᠭᠠᠨ᠎ᠠ᠃ | ᠠᠰᠠᠭᠤᠯᠲᠠ᠄ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠲᠣᠭᠠᠲᠤ | ᠪᠢᠴᠢᠭ ᠮᠠᠲ᠋ᠧᠷᠢᠶᠠᠯ ᠳᠤ ᠲᠠᠷᠢᠶᠠᠨ ᠭᠠᠵᠠᠷ ᠤᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ | ᠲᠠᠯ᠎ᠠ ᠪᠠᠷ ᠶᠠᠮᠠᠷ ᠶᠠᠮᠠᠷ ᠰᠢᠨ᠎ᠡ ᠱᠠᠭᠠᠷᠳᠠᠯᠭ᠎ᠠ ᠳᠤᠷᠠᠳᠤᠭᠰᠠᠨ ᠪᠣᠶ︖ | ᠬᠠᠷᠢᠭᠤᠯᠲᠠ᠄ ᠲᠠᠷᠢᠶᠠᠨ ᠭᠠᠵᠠᠷ ᠪᠣᠯ ᠠᠮᠤ ᠪᠤᠳᠠᠭᠠᠨ ᠤ ᠦᠢᠯᠡᠳᠪᠦᠷᠢᠯᠡᠯ ᠤᠨ ᠠᠮᠢᠨ ᠰᠤᠳᠠᠰᠤ ᠮᠥᠨ ᠂ | ᠲᠠᠷᠢᠶᠠᠨ ᠭᠠᠵᠠᠷ ᠤᠨ ᠠᠮᠤᠷ ᠲᠦᠪᠰᠢᠨ ᠪᠠᠶᠢᠬᠤ ᠦᠭᠡᠢ ᠪᠣᠯ ᠠᠮᠤ ᠪᠤᠳᠠᠭᠠᠨ ᠤ ᠠᠮᠤᠷ ᠲᠦᠪᠰᠢᠨ ᠪᠠᠶᠢᠵᠤ ᠴᠢᠳᠠᠬᠤ | ᠦᠭᠡᠢ ᠃ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠲᠣᠭᠠᠲᠤ ᠪᠢᠴᠢᠭ | ᠮᠠᠲ᠋ᠧᠷᠢᠶᠠᠯ ᠳᠤ᠂ ᠲᠠᠷᠢᠶᠠᠨ ᠭᠠᠵᠠᠷ ᠢ ᠬᠠᠮᠠᠭᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ ᠭᠤᠷᠪᠠᠨ ᠲᠠᠯ᠎ᠠ ᠪᠠᠷ ᠭᠤᠣᠯᠳᠠᠯᠭ᠎ᠠ ᠲᠠᠢ ᠬᠦᠴᠦᠯᠡᠵᠦ ᠂ ᠲᠠᠷᠢᠶᠠᠨ ᠭᠠᠵᠠᠷ ᠤᠨ ᠲᠤᠭ᠎ᠠ | ᠬᠡᠮᠵᠢᠶ᠎ᠡ ᠶᠢ ᠪᠠᠲᠤᠯᠠᠭ᠎ᠠ ᠲᠠᠢ ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠦᠨᠡᠨ ᠬᠦ ᠪᠠᠳᠤᠯᠠᠨ᠎ᠠ ᠃ | ᠨᠢᠭᠡ ᠳᠤ ᠲᠠᠷᠢᠶᠠᠨ ᠭᠠᠵᠠᠷ ᠤᠨ ᠶᠡᠷᠦᠩᠬᠡᠢ ᠬᠡᠮᠵᠢᠶ᠎ᠡ ᠶᠢ ᠴᠢᠩᠭ᠎ᠠ ᠰᠠᠬᠢᠬᠤ ᠬᠡᠷᠡᠭᠲᠡᠢ ᠃ ᠲᠠᠷᠢᠶᠠᠨ ᠭᠠᠵᠠᠷ ᠢ | ᠬᠠᠮᠠᠭᠠᠯᠠᠬᠤ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠵᠤ ᠂ ᠲᠠᠷᠢᠶᠠᠨ ᠭᠠᠵᠠᠷ ᠤᠨ | ᠬᠤᠷᠢᠭ᠎ᠠ ᠱᠤᠭᠤᠮ ᠢ ᠴᠢᠩᠭ᠎ᠠ ᠰᠠᠬᠢᠵᠤ ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠶᠢ | ᠨᠠᠶᠢᠳᠠᠪᠤᠷᠢᠵᠢᠭᠤᠯᠬᠤ ᠬᠡᠷᠡᠭᠲᠡᠢ᠃ ᠲᠠᠷᠢᠶᠠᠨ ᠭᠠᠵᠠᠷ ᠢ ᠬᠠᠤᠯᠢ ᠶᠣᠰᠣᠭᠠᠷ ᠡᠵᠡᠯᠡᠨ ᠬᠡᠷᠡᠭᠯᠡᠬᠦ ᠶᠢᠨ ᠭᠤᠣᠯᠳᠠᠯᠭ᠎ᠠ ᠨᠢ | ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠶᠢ ᠪᠣᠳᠠᠲᠠᠢ ᠠᠳᠬᠤᠵᠤ ᠂ | ︽ᠨᠥᠬᠦᠪᠦᠷᠢᠯᠡᠬᠦ ᠪᠠᠷ ᠡᠵᠡᠯᠡᠨ ᠬᠡᠷᠡᠭᠯᠡᠬᠦ ᠶᠢ ᠲᠣᠭᠲᠠᠭᠠᠬᠤ ︾ ᠶᠢ ᠪᠠᠷᠢᠮᠳᠠᠯᠠᠬᠤ ᠬᠡᠷᠡᠭᠲᠡᠢ᠃ ᠲᠠᠷᠢᠶᠠᠨ ᠭᠠᠵᠠᠷ ᠢ | ᠨᠥᠬᠦᠪᠦᠷᠢᠯᠡᠬᠦ ᠶᠠᠰᠤ ᠴᠢᠨᠠᠷ ᠢ ᠰᠢᠯᠭᠠᠨ ᠠᠪᠬᠤ ᠶᠢ ᠴᠢᠩᠭᠠᠳᠬᠠᠵᠤ ᠂ ᠲᠠᠷᠢᠶᠠᠨ ᠭᠠᠵᠠᠷ ᠢ ᠨᠥᠬᠦᠪᠦᠷᠢᠯᠡᠬᠦ ᠵᠠᠯᠭᠠᠮᠵᠢ | ᠬᠠᠮᠢᠶᠠᠷᠤᠨ ᠬᠠᠮᠠᠭᠠᠯᠠᠬᠤ ᠪᠠ ᠲᠠᠬᠢᠨ ᠦᠨᠡᠯᠡᠬᠦ ᠵᠡᠷᠭᠡ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠲᠠᠷᠢᠶᠠᠨ | ᠭᠠᠵᠠᠷ ᠢ ᠳᠤᠷ᠎ᠠ ᠪᠠᠷ ᠢᠶᠠᠨ ᠡᠵᠡᠯᠡᠭᠰᠡᠨ ᠂ ᠡᠪᠳᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠂ ᠡᠭᠦᠨ ᠳᠤ | ᠳᠤᠷ᠎ᠠ ᠪᠠᠷ ᠢᠶᠠᠨ ︽ ᠲᠣᠮᠣ ᠰᠠᠷᠠᠪᠴᠢᠨ ᠭᠡᠷ ︾ ᠢ ᠪᠠᠶᠢᠭᠤᠯᠤᠭᠰᠠᠨ ᠂ ᠬᠠᠷ᠎ᠠ ᠬᠥᠷᠥᠰᠥ ᠶᠢ ᠡᠪᠳᠡᠭᠰᠡᠨ ᠂ ᠬᠠᠤᠯᠢ | ᠪᠤᠰᠤ ᠪᠠᠷ ᠰᠢᠷᠣᠢ ᠠᠪᠤᠭᠰᠠᠨ ᠵᠡᠷᠭᠡ ᠶᠢ ᠪᠠᠭᠲᠠᠭᠠᠭᠰᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠡᠷᠡᠰ ᠢᠶᠠᠷ | ᠴᠡᠭᠴᠡᠯᠡᠨ ᠵᠠᠰᠠᠵᠤ ᠂ ᠴᠢᠩᠭ᠎ᠠ ᠴᠣᠬᠢᠯᠲᠠ ᠦᠭᠬᠦ ᠬᠡᠷᠡᠭᠲᠡᠢ᠃ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ | ᠪᠣᠯᠭᠠᠬᠤ︾ ᠳᠤ᠂ ᠠᠮᠤ ᠪᠤᠳᠠᠭᠠᠨ ᠤ ᠦᠢᠯᠡᠳᠪᠦᠷᠢᠯᠡᠯ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ | ᠪᠠᠲᠤᠯᠠᠭ᠎ᠠ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠤᠨ ᠬᠠᠷᠢᠴᠠᠭ᠎ᠠ ᠶᠢ ᠨᠢᠭᠡᠳᠦᠯᠲᠡᠢ ᠲᠥᠯᠥᠪᠯᠡᠨ | ᠪᠣᠳᠣᠯᠬᠢᠯᠠᠵᠤ᠂ ᠲᠥᠷᠥᠯ ᠬᠤᠪᠢᠶᠠᠨ ᠯᠠᠪᠳᠠᠭᠤᠨ ᠢᠶᠠᠷ ᠰᠢᠢᠳᠪᠦᠷᠢᠯᠡᠬᠦ ᠬᠡᠷᠡᠭᠲᠡᠢ᠃ | ᠬᠤᠶᠠᠷ ᠲᠤ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠲᠠᠷᠢᠶᠠᠨ ᠭᠠᠵᠠᠷ ᠤᠨ ᠰᠢᠮ᠎ᠡ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠬᠦ ᠬᠡᠷᠡᠭᠲᠡᠢ ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠬᠦᠯᠢ ᠣᠷᠣᠨ ᠪᠦᠰᠡ ᠶᠢᠨ ᠲᠤᠷᠰᠢᠯᠲᠠ ᠶᠢᠨ ᠴᠢᠭ᠋ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ ᠃ ᠬᠠᠷ᠎ᠠ ᠬᠥᠷᠥᠰᠥ ᠶᠢ ᠬᠠᠮᠠᠭᠠᠯᠠᠬᠤ ᠢᠨᠵᠧᠨᠧᠷᠢᠩ ᠪᠠ | ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠢ ᠲᠠᠷᠢᠶᠠᠯᠠᠬᠤ ᠡᠭᠦᠷᠭᠡ ᠶᠢ ᠪᠡᠶᠡᠯᠡᠬᠦᠯᠬᠦ ᠬᠡᠷᠡᠭᠲᠡᠢ᠃ ᠡᠭᠦᠨ ᠤ ᠬᠠᠮᠲᠤ᠂ | ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠡᠷ᠎ᠡ | ᠨᠢᠳᠡᠷ ᠲᠡᠭᠡᠨ ᠨᠡᠶᠢᠴᠡᠭᠦᠯᠵᠦ᠂ ᠨᠢᠭᠡ ᠬᠡᠰᠡᠭ ᠪᠠᠶᠢᠭᠤᠯᠵᠤ ᠨᠢᠭᠡ ᠬᠡᠰᠡᠭ ᠪᠣᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ | ᠭᠤᠷᠪᠠ ᠳᠤ ᠪᠡᠯᠡᠳᠬᠡᠯ ᠲᠠᠷᠢᠶᠠᠨ ᠭᠠᠵᠠᠷ ᠤᠨ ᠡᠬᠢ ᠪᠠᠶᠠᠯᠢᠭ ᠢ ᠠᠭᠤᠳᠠᠯᠬᠤ ᠬᠡᠷᠡᠭᠲᠡᠢ᠃ ︽ᠬᠤᠶᠠᠷ ᠬᠡᠰᠡᠭ | ᠭᠠᠵᠠᠷ︾ ᠤᠨ ᠠᠵᠢᠯ ᠢ ᠰᠠᠶᠢᠲᠤᠷ ᠬᠢᠬᠦ ᠪᠠᠷ ᠭᠤᠣᠯᠳᠠᠯᠭ᠎ᠠ ᠪᠣᠯᠭᠠᠵᠤ᠂ ᠨᠢᠭᠡ ᠬᠡᠰᠡᠭ ᠨᠢ ᠠᠲᠠᠷᠰᠢᠭᠤᠯᠤᠭᠰᠠᠨ | ᠭᠠᠵᠠᠷ᠂ ᠡᠯ᠎ᠡ ᠭᠠᠵᠠᠷ ᠤᠨ ᠬᠢᠨ ᠭᠠᠵᠠᠷ ᠣᠷᠣᠨ ᠤ ᠪᠠᠨ ᠪᠠᠶᠢᠳᠠᠯ ᠳᠤ ᠲᠣᠬᠢᠷᠠᠭᠤᠯᠤᠨ ᠠᠲᠠᠷᠰᠢᠭᠤᠯᠤᠭᠰᠠᠨ | ᠭᠠᠵᠠᠷ ᠢᠶᠠᠨ ᠠᠰᠢᠭᠯᠠᠬᠤ ᠶᠢ ᠵᠣᠷᠢᠭᠵᠢᠭᠤᠯᠵᠤ᠂ ᠠᠮᠤ ᠪᠤᠳᠠᠭ᠎ᠠ ᠳᠤ ᠲᠣᠬᠢᠷᠠᠪᠠᠯ ᠠᠮᠤ ᠪᠤᠳᠠᠭ᠎ᠠ ᠲᠠᠷᠢᠵᠤ ᠂ ᠠᠵᠤ | ᠠᠬᠤᠢ ᠳᠤ ᠲᠣᠬᠢᠷᠠᠪᠠᠯ ᠠᠵᠤ ᠠᠬᠤᠢ ᠳᠤ ᠬᠡᠷᠡᠭᠯᠡᠵᠦ ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ | ᠵᠣᠬᠢᠶᠠᠨ ᠪᠠᠶᠢᠭᠤᠯᠤᠯᠲᠠ ᠶᠢᠨ ᠣᠯᠠᠨ ᠠᠷᠭ᠎ᠠ ᠵᠠᠮ ᠢᠶᠠᠷ ᠰᠠᠶᠢᠲᠤᠷ ᠳᠠᠷᠢᠵᠤ ᠰᠠᠶᠢᠲᠤᠷ ᠬᠡᠷᠡᠭᠯᠡᠬᠦ ᠶᠢ ᠳᠡᠮᠵᠢᠬᠦ | ᠬᠡᠷᠡᠭᠲᠡᠢ︔ ᠨᠥᠭᠦᠭᠡ ᠨᠢᠭᠡ ᠬᠡᠰᠡᠭ ᠨᠢ ᠬᠤᠵᠢᠷᠯᠢᠭ ᠭᠠᠵᠠᠷ᠂ ᠪᠠᠶᠠᠨᠨᠠᠭᠤᠷ ᠬᠤᠲᠠ ᠳᠤ ᠬᠤᠵᠢᠷᠯᠢᠭ ᠭᠠᠵᠠᠷ ᠢ | ᠶᠡᠷᠦᠩᠬᠡᠶᠢᠯᠡᠨ ᠠᠰᠢᠭᠯᠠᠬᠤ ᠲᠤᠷᠰᠢᠯᠲᠠ ᠶᠢᠨ ᠴᠢᠭ᠋ ᠤᠨ ᠠᠵᠢᠯ ᠢ ᠡᠬᠢᠯᠡᠭᠦᠯᠵᠦ᠂ ︽ᠳᠠᠷᠢᠬᠤ ᠳᠤ ᠲᠣᠬᠢᠷᠠᠮᠵᠢᠲᠠᠢ | ᠭᠠᠵᠠᠷ ᠢ ᠰᠤᠩᠭᠤᠬᠤ︾ ᠢ ︽ᠭᠠᠵᠠᠷ ᠲᠤᠨᠢ ᠲᠣᠬᠢᠷᠠᠮᠵᠢᠲᠠᠢ ᠳᠠᠷᠢᠬᠤ︾ ᠲᠠᠢ ᠤᠶᠠᠯᠳᠤᠭᠤᠯᠵᠤ᠂ ᠬᠤᠵᠢᠷᠯᠢᠭ | ᠭᠠᠵᠠᠷ ᠢ ᠶᠡᠷᠦᠩᠬᠡᠶᠢᠯᠡᠨ ᠠᠰᠢᠭᠯᠠᠬᠤ ᠪᠦᠲᠦᠮᠵᠢᠲᠡᠶ ᠠᠷᠭ᠎ᠠ ᠵᠠᠮ ᠢ ᠰᠦᠪᠡᠭᠴᠢᠯᠡᠬᠦ ᠬᠡᠷᠡᠭᠲᠡᠢ᠃ | ᠠᠰᠠᠭᠤᠯᠲᠠ᠄ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠬᠤ ᠲᠠᠯ᠎ᠠ ᠪᠠᠷ | ᠶᠠᠮᠠᠷ ᠪᠠᠶᠢᠷᠢᠯᠠᠭᠤᠯᠤᠯᠲᠠ ᠬᠢᠭᠰᠡᠨ ᠪᠣᠶ︖ | ᠬᠠᠷᠢᠭᠤᠯᠲᠠ᠄ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠪᠣᠯ︽ ᠮᠠᠯ ᠠᠵᠤ ᠠᠬᠤᠢ ᠲᠠᠷᠢᠶᠠᠯᠠᠩ | ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ ᠤ ᠠᠵᠢᠯ ᠤᠨ ᠭᠤᠣᠯ ᠡᠭᠦᠷᠭᠡ ᠪᠣᠯᠣᠨ᠎ᠠ᠂ ᠭᠤᠣᠯᠳᠠᠭᠤ | ᠳᠣᠣᠷᠠᠬᠢ ᠳᠥᠷᠪᠡᠨ ᠲᠠᠯ᠎ᠠ ᠪᠠᠷ ᠪᠠᠶᠢᠷᠢᠯᠠᠭᠤᠯᠪᠠ ᠃ | ᠨᠢᠭᠡ ᠳᠤ ᠮᠠᠯᠴᠢᠨ ᠲᠠᠷᠢᠶᠠᠴᠢᠨ ᠤ ᠡᠵᠡᠩᠨᠡᠯᠲᠡ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠬᠡᠷᠡᠭᠲᠡᠢ᠃ | ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠲᠣᠭᠲᠠᠭᠠᠵᠤ᠂ ︽ᠵᠠᠭᠤᠨ ᠰᠢᠶᠠᠩ ᠮᠢᠩᠭᠠᠨ ᠲᠣᠰᠬᠤᠨ ᠲᠦᠮᠡᠨ ᠬᠦᠷᠢᠶ᠎ᠡ︾ ᠶᠢᠨ ᠠᠵᠢᠯᠯᠠᠭ᠎ᠠ ᠶᠢ | ᠥᠷᠨᠢᠭᠦᠯᠦᠨ᠂ ᠮᠠᠯᠴᠢᠨ ᠲᠠᠷᠢᠶᠠᠴᠢᠳ ᠤᠨ ᠭᠡᠷ ᠪᠠᠶᠢᠰᠢᠩ ᠤᠨ ᠡᠮᠦᠨ᠎ᠡ ᠬᠤᠶᠢᠨ᠎ᠠ ᠵᠡᠷᠭᠡ ᠰᠤᠯᠠ ᠪᠠᠶᠢᠭ᠎ᠠ ᠬᠦᠷᠢᠶ᠎ᠡ | ᠬᠠᠰᠢᠶ᠎ᠠ ᠶᠢᠨ ᠣᠷᠣᠨ ᠵᠠᠢ ᠶᠢ ᠠᠰᠢᠭᠯᠠᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠨᠴᠠᠯᠢᠭᠲᠤ | ᠳᠠᠷᠢᠵᠤ ᠲᠡᠵᠢᠭᠡᠬᠦ᠂ ᠣᠨᠴᠠᠯᠢᠭᠲᠤ ᠠᠷᠠᠳ ᠤᠨ ᠣᠷᠣᠨ ᠰᠠᠭᠤᠴᠠ᠂ ᠭᠠᠷ ᠦᠢᠯᠡᠳᠬᠡᠯ ᠤᠨ ᠭᠠᠵᠠᠷ ᠵᠡᠷᠭᠡ ᠬᠦᠷᠢᠶ᠎ᠡ | ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠬᠦ ᠶᠢ ᠵᠣᠷᠢᠭᠵᠢᠭᠤᠯᠬᠤ ᠬᠡᠷᠡᠭᠲᠡᠢ ᠃ ︽ᠨᠢᠭᠡᠳᠦᠯᠲᠡᠢ ᠳᠠᠷᠢᠵᠤ ︵ᠲᠡᠵᠢᠭᠡᠬᠦ︶ | ᠬᠠᠮᠲᠤᠪᠠᠷ ᠪᠠᠶᠠᠵᠢᠬᠤ︾ ᠵᠠᠭᠪᠤᠷ ᠢ ᠳᠡᠯᠭᠡᠷᠡᠭᠦᠯᠵᠦ᠂ ᠮᠠᠯᠴᠢᠨ ᠲᠠᠷᠢᠶᠠᠴᠢᠨ ᠤ ᠡᠵᠡᠩᠨᠡᠯᠲᠡ ᠶᠢᠨ ᠣᠷᠣᠯᠭ᠎ᠠ ᠶᠢᠨ | ᠨᠡᠮᠡᠭᠳᠡᠯ ᠢ ᠠᠬᠢᠭᠤᠯᠬᠤ ᠬᠡᠷᠡᠭᠲᠡᠢ ᠃ | ᠬᠤᠶᠠᠷ ᠲᠤ ᠮᠠᠯᠴᠢᠨ ᠲᠠᠷᠢᠶᠠᠴᠢᠨ ᠤ ᠠᠵᠢᠯ ᠬᠥᠳᠡᠯᠮᠦᠷᠢ ᠶᠢᠨ ᠣᠷᠣᠯᠭ᠎ᠠ ᠶᠢ ᠲᠣᠭᠲᠠᠪᠤᠷᠢᠵᠢᠭᠤᠯᠬᠤ | ᠬᠡᠷᠡᠭᠲᠡᠢ ᠃ ᠠᠵᠢᠯ ᠤᠯᠭᠤᠯᠳᠠ ᠪᠠᠷ ᠲᠡᠳᠬᠦᠮᠵᠢ ᠶᠢ ᠣᠷᠣᠯᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ | ᠬᠦᠷᠢᠶ᠎ᠡ ᠬᠡᠪᠴᠢᠶ᠎ᠡ ᠶᠢ ᠥᠷᠭᠡᠳᠬᠡᠨ᠂ ᠮᠠᠯᠴᠢᠨ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ︽ᠭᠤᠷᠪᠠᠨ | ᠤᠮᠠᠷᠠᠲᠤ︾ ᠶᠢᠨ ᠢᠨᠵᠧᠨᠧᠷᠢᠩ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠵᠡᠷᠭᠡ ᠴᠢᠬᠤᠯᠠ ᠶᠡᠭᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠬᠥᠳᠡᠯᠮᠦᠷᠢ ᠦᠢᠯᠡᠴᠢᠯᠡᠭᠡᠨ ᠤ ᠬᠥᠯᠥᠰᠦ | ᠣᠯᠭᠤᠮᠵᠢ ᠶᠢᠨ ᠬᠡᠪᠴᠢᠶ᠎ᠡ ᠶᠢ ᠭᠡᠷ᠎ᠡ ᠶᠢᠨ ᠲᠣᠭᠠᠨ ᠤ 10% ᠠᠴᠠ ᠳᠣᠣᠷ᠎ᠠ ᠪᠠᠶᠢᠯᠭᠠᠬᠤ ᠦᠭᠡᠢ᠃ ᠨᠠᠰᠤ | ᠠᠬᠢᠭᠰᠠᠨ ᠮᠠᠯᠴᠢᠨ ᠲᠠᠷᠢᠶᠠᠴᠢᠨ ᠤ ᠠᠵᠢᠯ ᠤᠯᠭᠤᠯᠳᠠ ᠶᠢ ᠲᠡᠳᠬᠦᠵᠦ᠂ ᠮᠠᠯᠵᠢᠬᠤ ᠲᠠᠷᠢᠶᠠᠯᠠᠬᠤ ᠣᠷᠣᠨ ᠤ | ᠰᠢᠯᠵᠢᠵᠦ ᠠᠵᠢᠯ ᠣᠯᠣᠭᠰᠠᠨ ᠬᠥᠳᠡᠯᠮᠦᠷᠢᠴᠢᠳ ᠲᠤ ᠵᠠᠬᠢᠶᠠᠯᠠᠭ᠎ᠠ᠂ ᠬᠠᠨᠳᠤᠯᠭ᠎ᠠ ᠲᠠᠢ᠂ ᠠᠵᠢᠯ ᠤᠨ ᠪᠠᠶᠢᠷᠢ | ᠲᠣᠭᠲᠠᠭᠠᠨ ᠪᠣᠯᠪᠠᠰᠤᠷᠠᠭᠤᠯᠬᠤ ᠶᠢ ᠵᠣᠬᠢᠶᠠᠨ ᠪᠠᠶᠢᠭᠤᠯᠵᠤ᠂ ᠮᠠᠯᠴᠢᠨ ᠲᠠᠷᠢᠶᠠᠴᠢᠳ ᠤᠨ ᠴᠠᠯᠢᠩ ᠤᠨ ᠴᠢᠨᠠᠷᠲᠠᠢ | ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ ᠃ | ᠭᠤᠷᠪᠠ ᠳᠤ ᠮᠠᠯᠴᠢᠨ ᠲᠠᠷᠢᠶᠠᠴᠢᠨ ᠤ ᠰᠢᠯᠵᠢᠯᠲᠡ ᠶᠢᠨ ᠴᠢᠨᠠᠷᠲᠠᠢ ᠣᠷᠣᠯᠭ᠎ᠠ ᠶᠢ ᠦᠷᠭᠡᠳᠭᠡᠬᠦ ᠬᠡᠷᠡᠭᠲᠡᠢ ᠃ | ᠰᠢᠯᠵᠢᠯᠲᠡ ᠶᠢᠨ ᠴᠢᠨᠠᠷᠲᠠᠢ ᠣᠷᠣᠯᠭ᠎ᠠ ᠪᠣᠯ ᠡᠩ ᠤᠨ ᠲᠠᠷᠢᠶᠠᠯᠠᠬᠤ ᠮᠠᠯᠵᠢᠬᠤ ᠡᠷᠦᠬᠡ ᠢᠯᠠᠩᠭᠤᠶ᠎ᠠ ᠣᠷᠣᠯᠭ᠎ᠠ | ᠪᠠᠭᠠᠲᠠᠢ ᠬᠥᠮᠥᠨ ᠠᠮᠠ ᠶᠢᠨ ᠣᠷᠣᠯᠭ᠎ᠠ ᠶᠢᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠲᠠᠷᠢᠶᠠᠯᠠᠩ ᠮᠠᠯ ᠠᠵᠤ | ᠠᠬᠤᠢ ᠳᠤ ᠬᠤᠯᠪᠣᠭᠳᠠᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠲᠤ ᠠᠰᠢᠭ | ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢᠨ ᠪᠥᠬᠦ | ᠶᠠᠪᠤᠴᠠ ᠶᠢᠨ ᠬᠠᠮᠢᠶᠠᠷᠤᠯᠲᠠ ᠬᠢᠨᠠᠯᠲᠠ ᠲᠠᠯᠪᠢᠵᠤ ᠰᠡᠷᠡᠮᠵᠢᠯᠡᠭᠦᠯᠬᠦ ᠳᠦᠷᠢᠮ ᠢ ᠲᠣᠭᠲᠠᠭᠠᠵᠤ᠂ ᠲᠤᠰᠬᠠᠢ ᠵᠦᠢᠯ ᠤᠨ | ᠪᠡᠯᠡ ᠮᠥᠩᠭᠦ ᠶᠢᠨ ᠲᠥᠰᠥᠪ ᠤᠨ ᠬᠡᠷᠡᠭᠵᠢᠭᠦᠯᠦᠯᠲᠡ ᠶᠢ ᠴᠢᠩᠳᠠᠯᠠᠵᠤ᠂ ᠮᠠᠯᠴᠢᠨ ᠲᠠᠷᠢᠶᠠᠴᠢᠳ ᠲᠤ ᠣᠯᠭᠤᠬᠤ ᠡᠯ᠎ᠡ | ᠵᠦᠢᠯ ᠤᠨ ᠨᠥᠬᠦᠪᠦᠷᠢ ᠮᠦᠩᠭᠦ ᠶᠢ ᠪᠣᠳᠠᠲᠠᠶᠢᠵᠢᠭᠤᠯᠵᠤ᠂ ᠮᠠᠯᠴᠢᠨ ᠲᠠᠷᠢᠶᠠᠴᠢᠳ ᠲᠤ ᠦᠨᠡᠨᠬᠦ ᠪᠣᠳᠠᠲᠤ ᠠᠰᠢᠭ | ᠬᠦᠷᠲᠡᠭᠡᠬᠦ ᠬᠡᠷᠡᠭᠲᠡᠢ᠃ | ᠳᠥᠷᠪᠡ ᠳᠤ ᠮᠠᠯᠴᠢᠨ ᠲᠠᠷᠢᠶᠠᠴᠢᠨ ᠳᠤ ᠨᠠᠩ ᠭᠦᠢᠴᠡᠳ ᠡᠳ᠋ ᠬᠥᠷᠥᠩᠭᠡ ᠶᠢᠨ ᠡᠷᠬᠡ ᠠᠰᠢᠭ ᠣᠯᠭᠤᠯᠬᠤ | ᠬᠡᠷᠡᠭᠲᠡᠢ ᠃ ᠰᠢᠨ᠎ᠡ ᠨᠢᠭᠡᠨ ᠡᠭᠡᠯᠵᠢ ᠶᠢᠨ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠠᠵᠤ ᠠᠬᠤᠢ ᠶᠢᠨ | ᠲᠡᠳᠬᠦᠨ ᠳᠡᠮᠵᠢᠬᠦ ᠠᠵᠢᠯᠯᠠᠭ᠎ᠠ ᠶᠢ ᠬᠡᠷᠡᠭᠵᠢᠭᠦᠯᠵᠦ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠰᠤᠯᠠ ᠪᠠᠶᠢᠭ᠎ᠠ ᠲᠠᠷᠢᠶᠠᠴᠢᠨ ᠤ ᠭᠡᠷ ᠪᠠᠶᠢᠰᠢᠩ ᠪᠠ ᠣᠷᠣᠨ ᠰᠠᠭᠤᠴᠠ ᠶᠢᠨ ᠰᠠᠭᠤᠷᠢ ᠭᠠᠵᠠᠷ | ᠵᠡᠷᠭᠡ ᠡᠬᠢ ᠪᠠᠶᠠᠯᠢᠭ ᠢ ᠠᠮᠢᠳᠤᠯᠢᠭᠵᠢᠭᠤᠯᠤᠨ ᠠᠰᠢᠭᠯᠠᠵᠤ᠂ ᠨᠥᠬᠦᠴᠡᠯ ᠡᠭᠦᠳᠴᠦ ᠪᠠᠶᠢᠭᠠᠳ ᠮᠠᠯᠴᠢᠨ | ᠲᠠᠷᠢᠶᠠᠴᠢᠨ ᠤ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠬᠦ ᠬᠡᠷᠡᠭᠲᠡᠢ ᠃ | ᠠᠰᠠᠭᠤᠯᠲᠠ᠄ ᠬᠡᠪᠴᠢᠶᠡᠵᠢᠯ ᠤᠨ ᠴᠢᠨᠠᠷᠲᠠᠢ ᠶᠠᠳᠠᠭᠤᠷᠠᠯ ᠳᠠᠬᠢᠨ ᠡᠬᠦᠰᠬᠦ ᠶᠢ ᠦᠨᠡᠨ ᠬᠦ ᠪᠠᠲᠤᠯᠠᠬᠤ ᠨᠠᠭᠠᠲᠤ | ᠵᠠᠬ᠎ᠠ ᠶᠢᠨ ᠪᠠᠷᠢᠮᠵᠢᠶ᠎ᠠ ᠶᠢ ᠬᠡᠷᠬᠢᠨ ᠰᠠᠬᠢᠬᠤ ᠪᠣᠶ︖ | ᠬᠠᠷᠢᠭᠤᠯᠲᠠ᠄ ᠬᠡᠪᠴᠢᠶᠡᠵᠢᠯ ᠤᠨ ᠴᠢᠨᠠᠷᠲᠠᠢ ᠶᠠᠳᠠᠭᠤᠷᠠᠯ ᠳᠠᠬᠢᠨ ᠡᠬᠦᠰᠬᠦ ᠶᠢ ᠰᠡᠷᠭᠡᠶᠢᠯᠡᠬᠦ ᠪᠣᠯ ᠴᠢᠬᠤᠯᠠ ᠶᠡᠭᠡ | ᠠᠵᠤ ᠠᠬᠤᠢ ᠶᠢᠨ ᠡᠭᠦᠷᠭᠡ ᠮᠥᠨ ᠪᠥᠭᠡᠳ ᠪᠠᠰᠠ ᠴᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ | ᠪᠣᠯᠬᠤᠷ ᠡᠷᠬᠡᠪᠰᠢ ᠦᠷᠭᠦᠯᠵᠢᠯᠡᠨ ᠬᠦᠴᠦᠯᠡᠬᠦ ᠬᠡᠷᠡᠭᠲᠡᠢ᠃ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠳᠣᠣᠷᠠᠬᠢ ᠭᠤᠷᠪᠠᠨ ᠲᠠᠯ᠎ᠠ ᠶᠢ ᠭᠤᠣᠯᠳᠠᠯᠭ᠎ᠠ ᠲᠠᠢ | ᠴᠢᠬᠤᠯᠠᠴᠢᠯᠠᠪᠠ᠃ | ᠨᠢᠭᠡ ᠳᠤ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ | ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠬᠥᠮᠥᠰ ᠲᠤ ᠠᠩᠬᠠᠷᠤᠯ ᠢᠶᠠᠨ ᠲᠥᠪᠯᠡᠷᠡᠭᠦᠯᠵᠦ᠂ | ᠬᠥᠳᠡᠯᠦᠩᠭᠦᠢ ᠪᠠᠷ ᠬᠢᠨᠠᠨ ᠬᠡᠮᠵᠢᠵᠦ ᠵᠢᠭᠰᠠᠭᠠᠨ ᠪᠠᠶᠢᠴᠠᠭᠠᠬᠤ ᠪᠠ ᠴᠢᠭᠯᠡᠭᠦᠯᠦᠭᠰᠡᠨ ᠴᠢᠨᠠᠷᠲᠠᠢ ᠪᠠᠷ ᠬᠠᠪᠰᠤᠷᠤᠨ | ᠲᠡᠳᠬᠦᠬᠦ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠭᠠᠮᠰᠢᠭ᠂ ᠡᠪᠡᠳᠴᠢᠨ ᠠᠴᠠ ᠪᠣᠯᠵᠤ ᠶᠠᠳᠠᠭᠤᠷᠠᠯ ᠳᠠᠬᠢᠨ ᠡᠭᠦᠰᠬᠦ | ᠠᠴᠠ ᠪᠣᠯᠵᠤ ᠶᠠᠳᠠᠭᠤᠷᠠᠬᠤ ᠠᠶᠤᠯ ᠲᠦᠭᠰᠢᠭᠦᠷᠢ ᠶᠢ ᠬᠦᠴᠦᠯᠡᠨ ᠠᠷᠢᠯᠭᠠᠵᠤ᠂ ᠲᠥᠷᠥ ᠶᠢᠨ ᠪᠣᠳᠣᠯᠭ᠎ᠠ ᠶᠢᠨ | ᠲᠣᠭᠲᠠᠭᠠᠯ ᠳᠤ ᠨᠡᠶᠢᠴᠡᠬᠦ ᠭᠠᠮᠰᠢᠭᠳᠠᠭᠰᠠᠨ ᠮᠠᠯᠵᠢᠬᠤ ᠲᠠᠷᠢᠶᠠᠯᠠᠬᠤ ᠡᠷᠦᠬᠡ ᠳᠤ ᠤᠷᠢᠳᠠᠪᠠᠷ ᠬᠠᠪᠰᠤᠷᠤᠨ ᠲᠡᠳᠬᠦᠬᠦ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ᠶᠡᠭᠡ ᠲᠣᠭᠠᠨ ᠤ | ᠡᠮᠴᠢᠯᠡᠭᠡᠨ ᠤ ᠵᠠᠷᠤᠳᠠᠯ ᠤᠨ ᠡᠭᠦᠷᠭᠡᠯᠡᠯ ᠲᠠᠢ ᠡᠪᠡᠳᠴᠢᠲᠡᠨ ᠳᠤ ᠶᠡᠷᠦᠩᠬᠡᠶᠢᠯᠡᠭᠰᠡᠨ ᠪᠠᠲᠤᠯᠠᠭ᠎ᠠ ᠶᠢ ᠬᠡᠷᠡᠭᠵᠢᠭᠦᠯᠵᠦ᠂ | ᠶᠠᠳᠠᠭᠤᠷᠠᠯ ᠳᠠᠬᠢᠨ ᠡᠭᠦᠰᠬᠦ ᠶᠢ ᠰᠡᠷᠭᠡᠶᠢᠯᠡᠬᠦ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠃ ᠰᠠᠯᠠᠭ᠎ᠠ ᠮᠥᠴᠢᠷ | ᠠᠯᠤᠰᠯᠠᠭᠰᠠᠨ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ ᠪᠠ ᠬᠢᠨᠠᠨ ᠬᠡᠮᠵᠢᠬᠦ ᠡᠲᠡᠭᠡᠳ ᠤᠨ ᠰᠤᠷᠭᠠᠨ ᠬᠥᠮᠦᠵᠢᠯ᠂ ᠡᠮᠴᠢᠯᠡᠭᠡ᠂ ᠣᠷᠣᠨ | ᠰᠠᠭᠤᠴᠠ ᠪᠠ ᠤᠰᠤ ᠤᠮᠳᠠ ᠶᠢᠨ ᠠᠶᠤᠯᠭᠦᠢ ᠪᠠᠶᠢᠳᠠᠯ ᠤᠨ ᠲᠤᠭ᠎ᠠ ᠪᠠᠷᠢᠮᠲᠠ ᠶᠢ ᠬᠠᠷᠢᠯᠴᠠᠨ ᠬᠤᠯᠪᠣᠭᠠᠯᠠᠵᠤ | ᠬᠠᠮᠲᠤᠪᠠᠷ ᠡᠳ᠋ᠯᠡᠬᠦ ᠶᠢ ᠠᠬᠢᠭᠤᠯᠬᠤ ᠬᠡᠷᠡᠭᠲᠡᠢ ᠃ | ᠬᠤᠶᠠᠷ ᠲᠤ ᠠᠵᠤ ᠦᠢᠯᠡᠰ ᠪᠠ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠬᠤ | ᠬᠡᠷᠡᠭᠲᠡᠢ᠃ ᠠᠵᠤ ᠦᠢᠯᠡᠰ ᠢᠶᠠᠷ ᠬᠠᠪᠰᠤᠷᠤᠨ ᠲᠡᠳᠬᠦᠬᠦ ᠶᠢ ᠲᠥᠷᠥᠯ ᠬᠤᠪᠢᠶᠠᠨ ᠥᠷᠨᠢᠭᠦᠯᠵᠦ᠂ ᠬᠠᠪᠰᠤᠷᠤᠨ | ᠲᠡᠳᠬᠦᠬᠦ ᠲᠥᠷᠥᠯ ᠵᠦᠢᠯ ᠤᠨ ᠬᠥᠮᠥᠷᠭᠡ ᠶᠢ ᠲᠡᠭᠦᠯᠳᠡᠷᠵᠢᠭᠦᠯᠵᠦ᠂ ᠠᠵᠤ ᠦᠢᠯᠡᠰ ᠤᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠦᠷᠭᠦᠯᠵᠢᠯᠡᠬᠦᠶᠢᠴᠡ ᠬᠥᠭᠵᠢᠯᠲᠡ ᠶᠢ ᠭᠤᠣᠯᠳᠠᠯᠭ᠎ᠠ ᠲᠠᠢ | ᠲᠦᠯᠬᠢᠨ ᠠᠬᠢᠭᠤᠯᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ ᠶᠢᠨ ᠠᠵᠤ ᠦᠢᠯᠡᠰ ᠤᠨ | ᠬᠥᠭᠵᠢᠯᠲᠡ ᠳᠤ ᠬᠡᠷᠡᠭᠯᠡᠬᠦ ᠬᠤᠪᠢ ᠶᠢᠨ ᠵᠢᠩ ᠢ 65% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠬᠦ ᠪᠣᠯᠤᠨ᠎ᠠ᠃ | ᠬᠠᠪᠰᠤᠷᠤᠨ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ | ᠨᠥᠬᠦᠴᠡᠯ ᠳᠤ ᠨᠡᠶᠢᠴᠡᠬᠦ ᠶᠢ ᠨᠢ ᠭᠠᠴᠠᠭ᠎ᠠ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢᠨ ᠨᠢᠭᠡᠳᠦᠯᠲᠡᠢ | ᠬᠠᠮᠢᠶᠠᠷᠤᠯᠲᠠ ᠳᠤ ᠣᠷᠤᠭᠤᠯᠬᠤ ᠬᠡᠷᠡᠭᠲᠡᠢ ᠃ ᠶᠠᠳᠠᠭᠤᠷᠠᠯ ᠲᠠᠬᠢᠨ ᠡᠭᠦᠰᠬᠦ ᠠᠵᠢᠯ ᠣᠯᠬᠤ ᠶᠢ ᠰᠡᠷᠭᠡᠶᠢᠯᠡᠬᠦ ᠪᠡᠷᠬᠡ | ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠲᠦᠯᠬᠢᠨ ᠠᠬᠢᠭᠤᠯᠵᠤ ᠂ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ | ᠦᠢᠯᠡᠳᠪᠦᠷᠢ ᠶᠢᠨ ᠲᠠᠰᠤᠭ ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠂ ᠨᠡᠶᠢᠲᠡ ᠶᠢᠨ ᠠᠰᠠᠷᠠᠮᠵᠢ ᠶᠢᠨ | ᠠᠵᠢᠯ ᠤᠨ ᠪᠠᠶᠢᠷᠢ ᠵᠡᠷᠭᠡ ᠠᠷᠭ᠎ᠠ ᠵᠠᠮ ᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ ᠂ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ ᠶᠢᠨ ᠠᠵᠢᠯ ᠣᠯᠭᠤᠯᠲᠠ ᠶᠢᠨ ᠬᠡᠪᠴᠢᠶ᠎ᠡ ᠶᠢ ᠲᠣᠭᠲᠠᠪᠤᠷᠢᠵᠢᠭᠤᠯᠬᠤ ᠬᠡᠷᠡᠭᠲᠡᠢ᠃ | ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ︽ ᠥᠪᠥᠷ ᠮᠣᠩᠭᠤᠯ ᠤᠨ | ᠪᠦᠲᠦᠭᠡᠭᠳᠡᠬᠦᠨ ᠢ ᠪᠡᠭᠡᠵᠢᠩ ᠳᠤ ᠣᠷᠣᠭᠤᠯᠬᠤ · ᠵᠠᠭᠤᠨ ᠠᠵᠤ ᠠᠬᠤᠶᠢᠯᠠᠯ ᠢ ᠬᠠᠮᠲᠤ ᠳᠤᠨᠢ ᠶᠠᠪᠤᠭᠤᠯᠬᠤ︾ ᠵᠡᠷᠭᠡ | ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠬᠤ ᠠᠷᠭ᠎ᠠ ᠵᠠᠮ ᠢ ᠲᠠᠰᠤᠷᠠᠯᠲᠠ ᠦᠭᠡᠢ ᠦᠷᠭᠡᠳᠭᠡᠬᠦ | ᠭᠡᠷᠡᠭᠲᠡᠢ ᠃ | ᠭᠤᠷᠪᠠ ᠳᠤ ᠭᠤᠣᠯᠳᠠᠯᠭ᠎ᠠ ᠲᠠᠢ ᠭᠠᠵᠠᠷ ᠣᠷᠣᠨ ᠤ ᠬᠠᠪᠰᠤᠷᠤᠨ ᠲᠡᠳᠬᠦᠵᠦ ᠳᠡᠮᠵᠢᠬᠦ ᠶᠢ ᠴᠢᠩᠭᠠᠳᠬᠠᠬᠤ | ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠪᠡᠯᠡ ᠮᠥᠩᠭᠦ ᠶᠢ ᠤᠯᠤᠰ ᠪᠠ ᠥᠪᠡᠷᠲᠡᠭᠡᠨ ᠵᠠᠰᠠᠬᠤ | ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ | ᠬᠤᠰᠢᠭᠤ ᠰᠢᠶᠠᠨ ᠲᠡᠶᠢᠰᠢ ᠬᠡᠯᠪᠡᠶᠢᠯᠭᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ | ᠪᠠᠶᠢᠭᠠᠳ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ ᠃ ᠣᠨᠳᠣᠣ | ᠭᠠᠵᠠᠷ ᠲᠤ ᠨᠡᠭᠦᠭᠰᠡᠨ ᠤᠯᠠᠨ ᠲᠦᠮᠡᠨ ᠤ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠪᠠ ᠠᠵᠤ ᠦᠢᠯᠡᠰ ᠢ | ᠲᠡᠳᠬᠦᠨ ᠳᠡᠮᠵᠢᠬᠦ ᠶᠢ ᠴᠢᠩᠭᠠᠳᠬᠠᠵᠤ ᠂ ᠲᠥᠪᠬᠢᠨᠡᠭᠦᠯᠬᠦ ᠣᠷᠣᠨ ᠤ ᠢᠵᠢ ᠪᠦᠷᠢᠳᠦᠭᠦᠯᠬᠦ ᠲᠥᠬᠦᠭᠡᠷᠦᠮᠵᠢ ᠶᠢ | ᠲᠡᠭᠦᠯᠳᠡᠷᠵᠢᠭᠦᠯᠬᠦ ᠬᠡᠷᠡᠭᠲᠡᠢ᠃ ᠭᠤᠣᠯᠳᠠᠯᠭ᠎ᠠ ᠲᠠᠢ ᠭᠠᠵᠠᠷ ᠣᠷᠣᠨ ᠤ ᠬᠥᠭᠵᠢᠯᠲᠡ ᠶᠢᠨ ᠨᠥᠬᠦᠴᠡᠯ ᠢ ᠬᠦᠴᠦᠯᠡᠨ | ᠰᠠᠶᠢᠵᠢᠷᠠᠭᠤᠯᠵᠤ᠂ ᠬᠥᠭᠵᠢᠯᠲᠡ ᠶᠢᠨ ᠴᠢᠳᠠᠪᠤᠷᠢ ᠶᠢ ᠨᠡᠮᠡᠭᠳᠡᠭᠦᠯᠦᠨ᠂ ᠮᠠᠯᠴᠢᠨ ᠲᠠᠷᠢᠶᠠᠴᠢᠨ ᠢ ᠬᠠᠪᠰᠤᠷᠤᠨ | ᠥᠪᠡᠷ ᠤᠨ ᠴᠢᠷᠮᠠᠶᠢᠯᠭ᠎ᠠ ᠪᠠᠷ ᠢᠶᠠᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠶᠢ ᠨᠠᠩ ᠢᠯᠡᠭᠦᠦ ᠪᠡᠶᠡᠯᠡᠬᠦᠯᠬᠦ | ᠬᠡᠷᠡᠭᠲᠡᠢ ᠃ | ᠠᠰᠠᠭᠤᠯᠲᠠ᠄ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ ᠶᠠᠮᠠᠷ | ᠶᠠᠮᠠᠷ ᠪᠠᠶᠢᠷᠢᠯᠠᠭᠤᠯᠤᠯᠲᠠ ᠬᠢᠭᠰᠡᠨ ᠪᠣᠶ︖ | ᠬᠠᠷᠢᠭᠤᠯᠲᠠ᠄ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠲᠣᠭᠠᠲᠤ | ᠪᠢᠴᠢᠭ ᠮᠠᠲ᠋ᠧᠷᠢᠶᠠᠯ ᠳᠤ ᠭᠤᠷᠪᠠᠨ ᠲᠠᠯ᠎ᠠ ᠠᠴᠠ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠭᠤᠣᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠪᠡ᠃ | ᠨᠢᠭᠡ ᠳᠤ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ | ᠲᠡᠭᠦᠯᠳᠡᠷᠵᠢᠭᠦᠯᠦᠨ᠎ᠡ ᠃ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ | ᠲᠤᠯᠤᠭᠰᠠᠨ ᠤ ᠳᠠᠷᠠᠭ᠎ᠠ ᠳᠠᠬᠢᠨ 30 ᠵᠢᠯ ᠤᠷᠲᠤᠳᠬᠠᠬᠤ ᠤᠯᠤᠰ ᠤᠨ ᠲᠤᠷᠰᠢᠯᠲᠠ ᠶᠢᠨ ᠴᠢᠭ᠋ ᠤᠨ ᠠᠵᠢᠯ ᠢ | ᠯᠠᠪᠳᠠᠭᠤᠨ ᠢᠶᠠᠷ ᠠᠬᠢᠭᠤᠯᠵᠤ᠂ 10 ᠰᠢᠶᠠᠩ ᠪᠠᠯᠭᠠᠰᠤ ᠶᠢ ᠰᠣᠩᠭᠤᠨ ᠥᠪᠡᠷᠲᠡᠭᠡᠨ ᠵᠠᠰᠠᠬᠤ ᠣᠷᠣᠨ ᠤ ᠲᠠᠰ ᠤᠨ | ᠲᠤᠷᠰᠢᠯᠲᠠ ᠶᠢᠨ ᠴᠢᠭ᠋ ᠢ ᠦᠷᠨᠢᠭᠦᠯᠦᠨ᠎ᠡ ᠃ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ | ᠴᠣᠭᠴᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ 100 ᠣᠷᠴᠢᠮ ᠳᠠᠭᠠᠭᠤᠯᠤᠭᠴᠢ ᠠᠵᠤ | ᠠᠬᠤᠶᠢᠯᠠᠯ ᠤᠨ ᠬᠥᠭᠵᠢᠯᠲᠡ ᠶᠢ ᠭᠤᠣᠯᠳᠠᠯᠭ᠎ᠠ ᠲᠠᠢ ᠳᠡᠮᠵᠢᠵᠦ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ | ᠲᠠᠯᠠᠪᠠᠶ ᠶᠢᠨ ᠬᠤᠷᠰᠢᠶ᠎ᠠ ᠪᠠᠶᠢᠭᠤᠯᠬᠤ ᠶᠢ ᠵᠣᠷᠢᠭᠵᠢᠭᠤᠯᠤᠨ᠂ ︽ᠮᠢᠩᠭᠠᠨ ᠬᠥᠮᠥᠨ ᠢᠶᠠᠷ ᠲᠦᠮᠡᠨ ᠬᠤᠷᠰᠢᠶ᠎ᠠ ᠶᠢ | ᠳᠠᠶᠢᠴᠢᠯᠠᠬᠤ︾ ᠠᠵᠢᠯᠯᠠᠭ᠎ᠠ ᠶᠢ ᠦᠷᠨᠢᠭᠦᠯᠦᠨ᠎ᠡ ᠃ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢ | ᠥᠭᠡᠷᠡᠴᠢᠯᠡᠨ ᠪᠠᠶᠢᠭᠤᠯᠬᠤ ᠠᠵᠢᠯ ᠢ ᠲᠦᠷᠭᠡᠳᠬᠡᠵᠦ ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ | ᠲᠥᠪᠯᠡᠷᠡᠭᠦᠯᠦᠨ ᠵᠠᠯᠭᠠᠯᠳᠤᠭᠤᠯᠤᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ ᠂ ᠮᠠᠯ ᠡᠮᠨᠡᠯᠭᠡ ᠶᠢᠨ | ᠨᠡᠶᠢᠭᠡᠮᠴᠢᠯᠡᠭᠰᠡᠨ ᠦᠢᠯᠡᠴᠢᠯᠡᠭᠡ ᠶᠢ ᠳᠡᠯᠭᠡᠷᠡᠭᠦᠯᠵᠦ ᠂ ᠵᠢᠵᠢᠭ ᠲᠠᠷᠢᠶᠠᠴᠢᠨ ᠡᠷᠦᠬᠡ ᠪᠠ ᠤᠳᠤ ᠦᠶ᠎ᠡ ᠶᠢᠨ | ᠲᠠᠷᠢᠶᠠᠯᠠᠩ ᠤᠨ ᠣᠷᠭᠠᠨᠢᠭ ᠵᠤᠯᠭᠠᠯᠴᠠᠭ᠎ᠠ ᠶᠢ ᠠᠬᠢᠭᠤᠯᠤᠨ᠎ᠠ ᠃ | ᠬᠤᠶᠠᠷ ᠲᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ | ᠠᠬᠢᠭᠤᠯᠤᠨ᠎ᠠ ᠃ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ | ᠲᠤᠷᠰᠢᠯᠭ᠎ᠠ ᠶᠢ ᠳᠡᠯᠭᠡᠷᠡᠭᠦᠯᠵᠦ ᠂ ᠰᠤᠯᠠ ᠪᠠᠶᠢᠭ᠎ᠠ ᠲᠠᠷᠢᠶᠠᠴᠢᠨ ᠤ ᠭᠡᠷ ᠪᠠᠶᠢᠰᠢᠩ ᠪᠠ ᠣᠷᠣᠨ ᠰᠠᠭᠤᠴᠠ ᠶᠢᠨ | ᠭᠠᠵᠠᠷ ᠢ ᠠᠰᠢᠭᠯᠠᠨ ᠬᠥᠳᠡᠭᠡ ᠲᠣᠰᠬᠤᠨ ᠤ ᠰᠡᠯᠡᠭᠦᠴᠡᠯ ᠵᠢᠭᠤᠯᠴᠢᠯᠠᠯ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠠᠮᠢᠳᠤᠯᠢᠭ ᠪᠤᠯᠭᠠᠨ᠎ᠠ ᠃ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥ ᠶᠢᠨ | ᠪᠣᠳᠣᠯᠭ᠎ᠠ ᠶᠢ ᠰᠠᠶᠢᠲᠤᠷ ᠬᠡᠷᠡᠭᠯᠡᠨ᠂ ︽ᠬᠤᠭᠤᠰᠤᠨ ᠲᠣᠰᠬᠤᠨ︾ ᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢ | ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠮᠠᠶ᠋ᠢᠭ ᠤᠨ ᠬᠠᠮᠲᠤ ᠶᠢᠨ ᠠᠵᠤ ᠠᠬᠤᠢ ᠶᠢᠨ | ᠡᠷᠡᠭᠦᠯ ᠬᠦᠭᠵᠢᠯᠳᠡ ᠶᠢ ᠠᠬᠢᠭᠤᠯᠤᠨ᠎ᠠ ᠃ | ᠭᠤᠷᠪᠠ ᠳᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠡᠷᠭᠢᠯᠲᠡ ᠳᠤ ᠣᠷᠣᠭᠤᠯᠬᠤ ᠦᠢᠯᠡᠴᠢᠯᠡᠭᠡᠨ ᠤ | ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠦᠢᠯᠡᠴᠢᠯᠡᠭᠡᠨ ᠤ ᠲᠥᠪ ︵ᠥᠷᠲᠡᠭᠡ ᠴᠢᠭ᠋︶ ᠢ ᠰᠢᠨ᠎ᠡ ᠪᠠᠷ | ᠪᠠᠶᠢᠭᠤᠯᠵᠤ᠂ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢᠨ ᠡᠷᠭᠢᠯᠲᠡ ᠶᠢ ︽ᠵᠣᠭᠤᠰ ᠢᠶᠠᠷ ᠲᠦᠷᠢᠶᠡᠰᠦ | ᠲᠣᠭᠲᠠᠭᠠᠬᠤ︾ ᠪᠠᠶᠢᠭᠰᠠᠨ ᠠᠴᠠ ︽ᠠᠮᠤ ᠪᠤᠳᠠᠭ᠎ᠠ ︵ᠮᠠᠯ︶ ᠪᠠᠷ ᠲᠦᠷᠢᠶᠡᠰᠦ ᠲᠣᠭᠲᠠᠭᠠᠬᠤ︾ ᠲᠡᠶᠢᠰᠢ | ᠬᠤᠪᠢᠷᠠᠭᠤᠯᠬᠤ ᠶᠢ ᠠᠬᠢᠭᠤᠯᠤᠨ᠎ᠠ ᠃ | ᠠᠰᠠᠭᠤᠯᠲᠠ᠄ ᠣᠳᠣᠬᠠᠨ ᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ | ᠡᠭᠦᠷᠭᠡ ᠨᠢ ᠶᠠᠭᠤ ᠪᠤᠢ ︖ ᠪᠦᠲᠦᠭᠡᠨ ᠪᠠᠶᠢᠭᠤᠯᠤᠯᠲᠠ ᠶᠢ ᠬᠡᠷᠬᠢᠨ ᠠᠬᠢᠭᠤᠯᠬᠤ ᠪᠤᠢ ︖ | ᠬᠠᠷᠢᠭᠤᠯᠲᠠ᠄ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠣᠯ ᠬᠤᠲᠠ ᠬᠥᠳᠡᠭᠡ ᠶᠢᠨ | ᠬᠥᠭᠵᠢᠯᠲᠡ ᠶᠢᠨ ᠲᠡᠩᠴᠡᠭᠦᠷᠢ ᠦᠭᠡᠢ ᠵᠥᠷᠢᠴᠡᠯ ᠢ ᠰᠢᠢᠳᠪᠦᠷᠢᠯᠡᠬᠦ ᠬᠦᠴᠦᠯᠡᠬᠦ ᠴᠡᠭ ᠮᠥᠨ ᠃ ᠡᠨᠡ ᠵᠢᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ︽ᠮᠢᠩᠭᠠᠨ ᠲᠦᠮᠡᠨ ᠢᠨᠵᠧᠨᠧᠷᠢᠩ ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠡᠯ᠎ᠡ | ᠭᠠᠵᠠᠷ ᠤᠨ ᠪᠣᠳᠠᠲᠠᠢ ᠪᠠᠶᠢᠳᠠᠯ ᠪᠠ ᠮᠠᠯᠴᠢᠨ ᠲᠠᠷᠢᠶᠠᠴᠢᠨ ᠤ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠦ᠂ | ᠲᠦᠭᠡᠮᠡᠯᠵᠢᠭᠦᠯᠦᠨ ᠨᠡᠶᠢᠳᠡᠮ ᠠᠰᠢᠭ ᠬᠦᠷᠲᠡᠭᠡᠬᠦ ᠶᠠᠪᠤᠳᠠᠯ ᠢ ᠠᠳᠬᠤᠨ᠂ ᠨᠢᠭᠡ ᠵᠦᠢᠯ ᠢ ᠬᠢᠪᠡᠯ ᠨᠢᠭᠡ ᠵᠦᠢᠯ ᠢ | ᠪᠦᠲᠦᠭᠡᠬᠦ ᠬᠡᠷᠡᠭᠲᠡᠢ ᠭᠡᠵᠦ ᠳᠤᠷᠠᠳᠤᠨ ᠭᠠᠷᠭᠠᠪᠠ᠃ | ᠨᠢᠭᠡ ᠳᠤ ᠬᠥᠳᠡᠭᠡ ᠲᠣᠰᠬᠤᠨ ᠤ ᠲᠥᠯᠦᠪᠵᠢᠭᠦᠯᠭᠡ ᠶᠢᠨ ᠬᠥᠲᠥᠯᠥᠨ ᠳᠠᠭᠠᠭᠤᠯᠬᠤ ᠬᠢᠷᠢ ᠲᠦᠪᠰᠢᠨ ᠢ | ᠲᠡᠭᠡᠭᠰᠢᠯᠡᠭᠦᠯᠦᠨ᠎ᠡ ᠃ ᠭᠠᠴᠠᠭ᠎ᠠ ᠲᠣᠰᠬᠤᠨ ᠤ ︽ᠣᠯᠠᠨ ᠲᠥᠯᠦᠪᠵᠢᠭᠦᠯᠭᠡ ᠶᠢ ᠨᠡᠶᠢᠯᠡᠭᠦᠯᠦᠨ ᠨᠢᠭᠡ ᠪᠣᠯᠭᠠᠬᠤ︾ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠠᠬᠢᠭᠤᠯᠵᠤ᠂ ᠲᠥᠷᠥᠯ ᠬᠤᠪᠢᠶᠠᠨ ᠵᠢᠯᠤᠭᠤᠳᠬᠤ ᠶᠢ | ᠴᠢᠩᠭᠠᠳᠬᠠᠨ᠂ ᠨᠠᠶᠢᠷᠠᠭᠤᠯᠤᠨ ᠵᠣᠬᠢᠶᠠᠬᠤ ᠴᠢᠬᠤᠯᠠ ᠦᠭᠡᠢ ᠶᠢ ᠨᠢ ᠰᠢᠶᠠᠨ ᠰᠢᠶᠠᠩ ᠤᠨ ᠱᠠᠲᠤᠨ ᠤ ᠤᠯᠤᠰ ᠤᠨ | ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠳᠤ ᠶᠡᠷᠦᠩᠬᠡᠢ ᠳᠦᠷᠢᠮ ᠤᠨ ᠮᠠᠶ᠋ᠢᠭ ᠤᠨ | ᠬᠠᠮᠢᠶᠠᠷᠤᠯᠲᠠ ᠶᠢᠨ ᠲᠣᠭᠲᠠᠭᠠᠯ ᠢ ᠲᠤᠳᠤᠷᠬᠠᠶᠢᠯᠠᠨ᠎ᠠ᠃ ︽ᠡᠭᠦᠳᠡ ᠪᠠᠨ ᠨᠡᠭᠡᠭᠡᠵᠦ ᠲᠥᠯᠦᠪᠵᠢᠭᠦᠯᠭᠡ ᠲᠣᠭᠲᠠᠭᠠᠬᠤ︾ | ᠶᠢ ᠪᠠᠷᠢᠮᠲᠠᠯᠠᠵᠤ᠂ ᠲᠥᠯᠦᠪᠵᠢᠭᠦᠯᠭᠡ ᠶᠢ ᠭᠠᠴᠠᠭ᠎ᠠ ᠲᠣᠰᠬᠤᠨ ᠤ ᠪᠣᠳᠠᠲᠤ ᠪᠠᠶᠢᠳᠠᠯ ᠪᠠ ᠮᠠᠯᠴᠢᠨ ᠲᠠᠷᠢᠶᠠᠴᠢᠨ ᠤ | ᠬᠦᠰᠡᠯ ᠰᠠᠨᠠᠭ᠎ᠠ ᠳᠤ ᠨᠡᠶᠢᠴᠡᠭᠦᠯᠬᠦ ᠶᠢ ᠦᠨᠡᠨᠬᠦ ᠪᠠᠲᠤᠯᠠᠵᠤ᠂ ᠮᠠᠯᠵᠢᠬᠤ ᠲᠠᠷᠢᠶᠠᠯᠠᠬᠤ ᠣᠷᠣᠨ ᠤ ᠺᠠᠳ᠋ᠷ ᠣᠯᠠᠨ | ᠲᠦᠮᠡᠨ ᠳᠤ ᠲᠥᠯᠦᠪᠵᠢᠭᠦᠯᠭᠡ ᠶᠢ ᠣᠶᠢᠯᠠᠭᠠᠨ᠂ ᠲᠥᠯᠦᠪᠵᠢᠭᠦᠯᠭᠡ ᠶᠢ ᠰᠠᠬᠢᠵᠤ᠂ ᠲᠥᠯᠦᠪᠵᠢᠭᠦᠯᠭᠡ ᠶᠢ ᠰᠠᠶᠢᠲᠤᠷ | ᠬᠡᠷᠡᠭᠯᠡᠭᠦᠯᠦᠨ᠎ᠡ ᠃ | ᠬᠤᠶᠠᠷ ᠲᠤ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠤᠨ ᠲᠠᠭᠠᠯᠠᠮᠵᠢ ᠶᠢᠨ ᠬᠡᠮᠵᠢᠶ᠎ᠡ ᠶᠢ | ᠲᠡᠭᠡᠭᠰᠢᠯᠡᠭᠦᠯᠦᠨ᠎ᠡ ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠡᠶᠡᠯᠳᠡᠭ ᠰᠠᠶᠢᠬᠠᠨ ᠬᠥᠳᠡᠭᠡ | ᠲᠣᠰᠬᠤᠨ ᠤ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ ᠢ ᠡᠭᠦᠳᠦᠨ ᠪᠠᠶᠢᠭᠤᠯᠬᠤ ᠠᠵᠢᠯᠯᠠᠭ᠎ᠠ ᠶᠢ | ᠥᠷᠨᠢᠭᠦᠯᠵᠦ᠂ ᠤᠮᠠᠷᠠᠲᠤ ᠬᠢᠯᠢ ᠶᠢᠨ ᠣᠨᠴᠠᠯᠢᠭ ᠢ ᠢᠯᠡᠷᠡᠭᠦᠯᠦᠭᠰᠡᠨ ᠨᠢᠭᠡ ᠪᠦᠯᠦᠭ ᠵᠢᠱᠢᠶ᠎ᠡ ᠦᠵᠡᠭᠦᠯᠬᠦ ᠵᠠᠭᠪᠤᠷ ᠢ | ᠪᠦᠯᠦᠭ ᠬᠤᠪᠢᠶᠠᠨ ᠡᠭᠦᠳᠦᠨ ᠪᠠᠶᠢᠭᠤᠯᠤᠨ᠎ᠠ ᠃ ᠮᠠᠯᠵᠢᠬᠤ ᠲᠠᠷᠢᠶᠠᠯᠠᠬᠤ ᠡᠷᠦᠬᠡ ᠶᠢᠨ ᠰᠠᠶᠢᠨ ᠳᠤᠷ᠎ᠠ ᠠᠴᠠ ᠪᠠᠨ | ᠪᠠᠷᠢᠮᠵᠢᠶ᠎ᠠ ᠶᠣᠰᠣᠭᠠᠷ ᠵᠣᠷᠯᠣᠩ ᠢ ᠥᠭᠡᠷᠡᠴᠢᠯᠡᠬᠦ᠂ ᠵᠠᠰᠠᠭ ᠤᠨ ᠣᠷᠳᠣᠨ ᠠᠴᠠ ᠰᠢᠯᠭᠠᠨ ᠠᠪᠬᠤ ᠳᠤ ᠬᠢᠷᠢ | ᠲᠡᠩᠴᠡᠭᠰᠡᠨ ᠤ ᠳᠠᠷᠠᠭ᠎ᠠ ᠨᠥᠬᠦᠪᠦᠷᠢ ᠶᠢ ᠡᠷᠦᠬᠡ ᠳᠤ ᠬᠦᠷᠲᠡᠯ᠎ᠡ ᠣᠯᠭᠤᠬᠤ ᠱᠠᠩᠨᠠᠵᠤ ᠨᠥᠬᠦᠪᠦᠷᠢᠯᠡᠬᠦ ᠵᠠᠭᠪᠤᠷ ᠢ | ᠰᠦᠪᠡᠭᠴᠢᠯᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠮᠥᠨ ᠠᠮᠠ ᠬᠠᠷᠢᠴᠠᠩᠭᠤᠢ ᠪᠠᠷ ᠲᠥᠪᠯᠡᠷᠡᠭᠰᠡᠨ | ᠭᠠᠵᠠᠷ ᠣᠷᠣᠨ ᠤ ᠬᠤᠭ ᠨᠣᠪᠰᠢ ᠪᠠ ᠪᠣᠬᠢᠷ ᠤᠰᠤ ᠶᠢ ᠲᠥᠪᠯᠡᠷᠡᠭᠦᠯᠦᠨ ᠵᠠᠰᠠᠬᠤ ︽135︾ ᠶᠢᠨ ᠠᠵᠢᠯᠯᠠᠭ᠎ᠠ ᠶᠢ | ᠬᠡᠷᠡᠭᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ︽ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ ᠢᠯᠭᠠᠷᠠᠭᠤᠯᠬᠤ᠂ ᠶᠡᠬᠡᠪᠡᠷ ᠴᠡᠭᠴᠡᠯᠡᠨ ᠵᠠᠰᠠᠬᠤ︾ ᠲᠤᠰᠬᠠᠢ | ᠠᠵᠢᠯᠯᠠᠭ᠎ᠠ ᠶᠢ ᠥᠷᠨᠢᠭᠦᠯᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠶᠢ | ᠦᠷᠭᠦᠯᠵᠢᠯᠡᠨ ᠠᠬᠢᠭᠤᠯᠤᠨ᠎ᠠ ᠃ | ᠭᠤᠷᠪᠠ ᠳᠤ ᠰᠠᠭᠤᠷᠢ ᠲᠥᠬᠦᠭᠡᠷᠦᠮᠵᠢ ᠶᠢᠨ ᠲᠡᠭᠦᠯᠳᠡᠷᠵᠢᠯ ᠤᠨ ᠬᠡᠮᠵᠢᠶ᠎ᠡ ᠶᠢ ᠲᠡᠭᠡᠭᠰᠢᠯᠡᠭᠦᠯᠦᠨ᠎ᠡ ᠃ ᠮᠠᠯᠵᠢᠬᠤ | ᠲᠠᠷᠢᠶᠠᠯᠠᠬᠤ ᠣᠷᠣᠨ ᠤ ᠤᠰᠤ ᠬᠠᠩᠭᠠᠬᠤ ᠤᠰᠤᠨ ᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ | ᠬᠡᠷᠡᠭᠵᠢᠭᠦᠯᠵᠦ᠂ ᠤᠰᠤ ᠬᠠᠩᠭᠠᠬᠤ ᠢᠨᠵᠧᠨᠧᠷᠢᠩ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠲᠡᠭᠡᠭᠰᠢᠯᠡᠭᠦᠯᠦᠨ᠎ᠡ ᠃ | ᠭᠤᠣᠯᠳᠠᠯᠭ᠎ᠠ ᠲᠠᠢ ᠭᠠᠴᠠᠭ᠎ᠠ ᠪᠠᠯᠭᠠᠰᠤᠨ ᠤ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ | ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠲᠥᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ ᠃ | ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠢ ᠳᠡᠭᠡᠭᠰᠢᠯᠡᠭᠦᠯᠬᠦ | ᠢᠨᠵᠧᠨᠧᠷᠢᠩ ᠢ ᠬᠡᠷᠡᠭᠵᠢᠭᠦᠯᠵᠦ᠂ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠶᠢ ᠦᠷᠭᠦᠯᠵᠢᠯᠡᠨ | ᠠᠬᠢᠭᠤᠯᠤᠨ᠎ᠠ᠃ | ᠳᠥᠷᠪᠡ ᠳᠤ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠦᠨ᠎ᠡ ᠃ ᠰᠤᠷᠭᠠᠨ | ᠬᠥᠮᠦᠵᠢᠯ ᠤᠨ ᠲᠠᠯ᠎ᠠ ᠪᠠᠷ ᠂ ᠮᠠᠯᠵᠢᠬᠤ ᠲᠠᠷᠢᠶᠠᠯᠠᠬᠤ ᠣᠷᠣᠨ ᠤ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ | ᠪᠣᠯᠣᠨ ᠴᠢᠬᠤᠯᠠ ᠪᠦᠬᠦᠢ ᠪᠠᠭ᠎ᠠ ᠬᠡᠪᠴᠢᠶᠡᠨ ᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠲᠡᠮᠵᠢᠵᠤ ᠂ | ᠮᠠᠯᠵᠢᠬᠤ ᠲᠠᠷᠢᠶᠠᠯᠠᠬᠤ ᠣᠷᠣᠨ ᠤ ᠰᠤᠷᠭᠠᠨ ᠬᠥᠮᠦᠵᠢᠯ ᠤᠨ ᠶᠠᠰᠤ ᠴᠢᠨᠠᠷ ᠢ ᠲᠡᠭᠡᠭᠰᠢᠯᠡᠭᠦᠯᠦᠨ᠎ᠡ ᠃ ᠡᠮᠴᠢᠯᠡᠭᠡᠨ ᠤ | ᠲᠠᠯ᠎ᠠ ᠪᠠᠷ᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠣᠯᠣᠨ ᠭᠠᠴᠠᠭ᠎ᠠ ᠲᠣᠰᠬᠤᠨ ᠤ | ᠡᠷᠡᠭᠦᠯ ᠬᠠᠮᠠᠭᠠᠯᠠᠯ ᠤᠨ ᠲᠠᠰᠤᠭ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠰᠢᠶᠠᠨ ᠤ ᠬᠡᠪᠴᠢᠶᠡᠨ ᠳᠠᠬᠢ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠡᠷᠡᠭᠯᠡᠬᠦ ᠬᠠᠷᠢᠴᠠᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ | ᠨᠥᠬᠦᠴᠡᠯ ᠳᠤ ᠨᠡᠶᠢᠴᠡᠬᠦ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠠᠯᠬᠤᠮ ᠠᠯᠬᠤᠮ ᠢᠶᠠᠷ | ᠡᠮᠴᠢᠯᠡᠭᠡᠨ ᠤ ᠳᠠᠭᠠᠳᠬᠠᠯ ᠤᠨ ᠴᠢᠭ᠋ ᠲᠣᠭᠲᠠᠭᠠᠨ ᠬᠠᠮᠢᠶᠠᠷᠬᠤ ᠳᠤ ᠣᠷᠣᠭᠤᠯᠵᠤ᠂ ᠮᠠᠯᠴᠢᠨ ᠲᠠᠷᠢᠶᠠᠴᠢᠨ ᠣᠯᠠᠨ | ᠲᠦᠮᠡᠨ ᠤ ᠡᠪᠡᠳᠴᠢᠨ ᠦᠵᠡᠭᠦᠯᠵᠦ ᠡᠮ ᠬᠡᠷᠡᠭᠯᠡᠬᠦ ᠳᠤ ᠨᠠᠩ ᠲᠥᠬᠦᠮ ᠪᠤᠯᠭᠠᠨ᠎ᠠ ᠃ ᠨᠠᠰᠤᠵᠢᠯ ᠤᠨ ᠠᠰᠠᠷᠠᠮᠵᠢ ᠶᠢᠨ | ᠲᠠᠯ᠎ᠠ ᠪᠠᠷ᠂ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢ | ᠪᠦᠷᠢᠨᠰᠢᠭᠦᠯᠵᠦ᠂ ᠣᠨᠴᠠᠭᠠᠢ ᠬᠦᠴᠢᠷᠳᠡᠯᠲᠡᠢ ᠨᠠᠰᠤᠲᠠᠶᠢᠴᠤᠳ ᠢ ᠡᠷᠬᠢᠨ ᠦᠵᠡᠵᠦ ᠬᠠᠯᠠᠮᠵᠢᠯᠠᠨ ᠬᠠᠶᠢᠷᠠᠯᠠᠬᠤ | ᠲᠣᠭᠲᠠᠴᠠ ᠶᠢ ᠨᠠᠶᠢᠳᠠᠪᠤᠷᠢᠵᠢᠭᠤᠯᠤᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠢ | ᠬᠦᠴᠦᠯᠡᠨ ᠲᠡᠭᠡᠭᠰᠢᠯᠡᠭᠦᠯᠦᠨ᠎ᠡ ᠃ | ᠲᠠᠪᠤ ᠳᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠴᠠᠭ ᠦᠶ᠎ᠡ ᠶᠢᠨ ᠦᠷ᠎ᠡ ᠪᠦᠲᠦᠮᠵᠢ ᠶᠢ | ᠡᠵᠡᠮᠳᠡᠨ᠎ᠡ ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠮᠠᠯᠴᠢᠨ ᠲᠠᠷᠢᠶᠠᠴᠢᠨ ᠤ ᠲᠥᠯᠥᠭᠡ ᠪᠦᠲᠦᠭᠡᠨ | ᠪᠠᠶᠢᠭᠤᠯᠬᠤ ᠶᠢ ᠲᠤᠪᠤᠶᠢᠯᠭᠠᠵᠤ ᠂ ᠦᠷᠭᠦᠯᠵᠢᠯᠡᠬᠦᠶᠢᠴᠡ ᠪᠠᠷ ᠭᠤᠣᠯᠳᠠᠯᠭ᠎ᠠ ᠪᠣᠯᠭᠠᠵᠤ ᠂ ᠥᠩᠭᠡᠪᠴᠢ ᠠᠵᠢᠯ ᠬᠢᠬᠦ ᠂ | ᠠᠷᠠᠳ ᠢ ᠵᠦᠳᠡᠭᠡᠵᠦ ᠡᠳ᠋ ᠢ ᠰᠦᠢᠳᠬᠡᠬᠦ ᠂ ︽ ᠨᠢᠭᠡ ᠯᠡ ᠠᠳᠠᠯᠢ ᠪᠠᠷ ᠱᠠᠭᠠᠷᠳᠠᠬᠤ ︾ ᠂ ᠠᠯᠪᠠᠳᠠᠨ ᠵᠠᠷᠯᠢᠭᠳᠠᠬᠤ | ᠦᠵᠡᠭᠳᠡᠯ ᠭᠠᠷᠬᠤ ᠠᠴᠠ ᠵᠠᠶᠢᠯᠠᠰᠬᠢᠨ᠎ᠠ ᠃ ᠡᠷᠬᠡᠪᠰᠢ ᠪᠣᠳᠠᠲᠤ ᠪᠠᠶᠢᠳᠠᠯ ᠠᠴᠠ ᠡᠭᠦᠰᠬᠦ ᠂ ᠲᠤᠭ᠎ᠠ ᠬᠡᠮᠵᠢᠶ᠎ᠡ ᠨᠢ ᠶᠠᠰᠤ | ᠴᠢᠨᠠᠷ ᠢ ᠳᠠᠭᠠᠬᠤ ᠂ ᠠᠬᠢᠴᠠ ᠨᠢ ᠪᠣᠳᠠᠲᠤ ᠦᠷ᠎ᠡ ᠪᠦᠲᠦᠮᠵᠢ ᠶᠢ ᠳᠠᠭᠠᠬᠤ ᠶᠢ ᠪᠠᠷᠢᠮᠲᠠᠯᠠᠬᠤ ᠬᠡᠷᠡᠭᠲᠡᠢ ᠂ | ᠬᠥᠭᠵᠢᠯᠲᠡ ᠶᠢᠨ ᠱᠠᠲᠤ ᠦᠶ᠎ᠡ ᠠᠴᠠ ᠳᠠᠪᠠᠵᠤ ᠰᠣᠬᠤᠷ ᠪᠠᠯᠠᠢ ᠪᠠᠷ ᠥᠷᠢ ᠲᠠᠯᠪᠢᠵᠤ ᠪᠦᠲᠦᠭᠡᠨ ᠪᠠᠶᠢᠭᠤᠯᠤᠯᠲᠠ | ᠬᠢᠵᠦ ᠪᠣᠯᠬᠤ ᠦᠭᠡᠢ ᠂ ᠬᠡᠯᠪᠡᠷᠢ ᠶᠢᠨ ᠦᠵᠡᠯ ᠤᠨ ᠰᠢᠨ᠎ᠡ ᠠᠰᠠᠭᠤᠳᠠᠯ ᠭᠠᠷᠬᠤ ᠶᠢ ᠡᠷᠡᠰ ᠬᠤᠷᠢᠭᠯᠠᠨ᠎ᠠ ᠃ | ᠠᠰᠠᠭᠤᠯᠲᠠ᠄ ᠣᠳᠣᠬᠠᠨ ᠤ ᠬᠥᠳᠡᠭᠡ ᠲᠣᠰᠬᠤᠨ ᠤ ᠵᠠᠰᠠᠯᠲᠠ ᠳᠤ ᠣᠷᠣᠰᠢᠵᠤ ᠪᠠᠶᠢᠭ᠎ᠠ ᠲᠣᠪᠣᠶᠢᠮ᠎ᠠ | ᠠᠰᠠᠭᠤᠳᠠᠯ ᠢ ᠬᠡᠷᠬᠢᠨ ᠰᠢᠢᠳᠪᠦᠷᠢᠯᠡᠵᠦ ᠂ ᠬᠥᠳᠡᠭᠡ ᠲᠣᠰᠬᠤᠨ ᠤ ᠵᠠᠰᠠᠯᠲᠠ ᠶᠢᠨ ᠬᠢᠷᠢ ᠲᠦᠪᠰᠢᠨ ᠢ ᠬᠡᠷᠬᠢᠨ | ᠳᠡᠭᠡᠭᠰᠢᠯᠡᠭᠦᠯᠬᠦ ᠪᠤᠢ ︖ | ᠬᠠᠷᠢᠭᠤᠯᠲᠠ᠄ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠲᠣᠭᠠᠲᠤ | ᠪᠢᠴᠢᠭ ᠮᠠᠲ᠋ᠧᠷᠢᠶᠠᠯ ᠨᠢ ᠬᠥᠳᠡᠭᠡ ᠲᠣᠰᠬᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ | ᠲᠣᠭᠤᠷᠢᠨ ᠳᠤ ᠂ ᠭᠤᠣᠯᠳᠠᠯᠭ᠎ᠠ ᠲᠠᠢ ᠬᠡᠳᠦᠨ ᠲᠠᠯ᠎ᠠ ᠶᠢᠨ ᠪᠠᠶᠢᠷᠢᠯᠠᠭᠤᠯᠤᠯᠲᠠ ᠬᠢᠵᠡᠢ ᠃ | ᠨᠢᠭᠡ ᠳᠤ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠤᠨ᠎ᠠ ᠃ ᠦᠨᠳᠦᠰᠦᠨ ᠱᠠᠲᠤ ᠶᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠷᠢᠮᠲᠠᠯᠠᠵᠤ᠂ | ᠬᠤᠰᠢᠭᠤ ᠰᠢᠶᠠᠨ ᠤ ᠱᠠᠲᠤᠨ ᠤ ᠨᠠᠮ ᠤᠨ ᠬᠤᠷᠢᠶ᠎ᠠ ᠶᠢᠨ ᠰᠢᠶᠠᠩ ᠢ ᠠᠳᠬᠤᠵᠤ ᠲᠣᠰᠬᠤᠨ ᠢ ᠠᠬᠢᠭᠤᠯᠬᠤ | ᠬᠠᠷᠢᠭᠤᠴᠠᠯᠭ᠎ᠠ ᠶᠢ ᠴᠢᠩᠭᠠᠷᠠᠭᠤᠯᠤᠨ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ | ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠦᠨᠡᠨᠬᠦ ᠴᠢᠩᠭᠠᠳᠬᠠᠨ᠎ᠠ᠃ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢ ᠪᠦᠷᠢᠨᠰᠢᠭᠦᠯᠵᠦ ᠂ | ᠲᠣᠣᠷᠵᠢᠭᠤᠯᠤᠭᠰᠠᠨ ᠵᠠᠰᠠᠯᠲᠠ ᠂ ᠶᠡᠭᠡ ᠪᠠᠷ ᠳᠡᠯᠭᠡᠷᠡᠭᠦᠯᠦᠨ ᠪᠢᠴᠢᠯ ᠵᠠᠰᠠᠯᠲᠠ ᠂ ᠬᠤᠪᠢ ᠬᠤᠷᠠᠮᠳᠤᠭᠤᠯᠬᠤ ᠳᠦᠷᠢᠮ | ᠵᠡᠷᠭᠡ ᠵᠠᠰᠠᠯᠲᠠ ᠶᠢᠨ ᠠᠷᠭ᠎ᠠ ᠬᠡᠯᠪᠡᠷᠢ ᠶᠢ ᠶᠢ ᠪᠦᠬᠦ ᠲᠠᠯ᠎ᠠ ᠪᠠᠷ ᠠᠬᠢᠭᠤᠯᠵᠤ ᠂ ᠬᠥᠳᠡᠭᠡ ᠲᠣᠰᠬᠤᠨ ᠤ ᠵᠠᠰᠠᠯᠲᠠ ᠶᠢᠨ | ᠦᠷ᠎ᠡ ᠪᠦᠲᠦᠮᠵᠢ ᠶᠢ ᠲᠡᠭᠡᠭᠰᠢᠯᠡᠭᠦᠯᠦᠨ᠎ᠡ ᠃ ︽ᠵᠡᠭᠡᠯᠢ ᠬᠥᠳᠡᠭᠡ ᠳᠤ ᠱᠦᠭᠯᠦ ᠦᠯᠢᠶᠡᠬᠦ᠂ ᠰᠠᠯᠠᠭ᠎ᠠ ᠮᠥᠴᠢᠷ ᠤᠳ | ᠨᠡᠷ᠎ᠡ ᠮᠡᠳᠡᠭᠦᠯᠬᠦ︾ ᠵᠡᠷᠭᠡ ᠪᠦᠲᠦᠮᠵᠢᠲᠡᠶ ᠠᠷᠭ᠎ᠠ ᠬᠢᠳᠡᠯ ᠢ ᠳᠡᠯᠭᠡᠷᠡᠭᠦᠯᠵᠦ᠂ ᠰᠤᠮᠤ ᠰᠢᠶᠠᠩ ᠪᠠᠯᠭᠠᠰᠤ ︵ᠵᠡᠭᠡᠯᠢ | ᠭᠤᠳᠤᠮᠵᠢ︶ ᠶᠢᠨ ᠡᠭᠦᠷᠭᠡ ᠬᠠᠷᠢᠭᠤᠴᠠᠯᠭ᠎ᠠ ᠶᠢᠨ ᠵᠥᠪᠰᠢᠶᠡᠷᠡᠯ ᠢ ᠴᠢᠩᠳᠠᠯᠠᠵᠤ᠂ ︽ᠵᠢᠵᠢᠭ ᠮᠣᠷᠢ ᠪᠠᠷ ᠲᠣᠮᠦ | ᠲᠡᠷᠭᠡ ᠴᠢᠩᠭᠠᠬᠤ ︾ ᠵᠡᠷᠭᠡ ᠦᠨᠳᠦᠰᠦᠨ ᠱᠠᠲᠤᠨ ᠤ ᠵᠠᠰᠠᠯᠲᠠ ᠶᠢᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ ᠃ | ᠡᠬᠢ ᠡᠭᠦᠰᠦᠯ ᠠᠴᠠ ᠨᠢ ᠵᠠᠰᠠᠬᠤ ᠪᠠ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ ᠂ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ ᠥᠷᠭᠡᠳᠬᠡᠵᠦ ᠂ ᠦᠨᠳᠦᠰᠦᠨ | ᠱᠠᠲᠤᠨ ᠤ ᠨᠡᠩ ᠤᠯᠠᠨ ᠤᠶᠤᠨ ᠴᠢᠳᠠᠯ ᠢ ᠤᠯᠠᠨ ᠲᠦᠮᠡᠨ ᠲᠠᠢ ᠬᠠᠷᠢᠯᠴᠠᠬᠤ ᠂ ᠠᠷᠠᠳ ᠲᠦᠮᠡᠨ ᠳᠤ ᠦᠢᠯᠡᠴᠢᠯᠡᠬᠦ | ᠳᠡᠭᠡᠷ᠎ᠡ ᠲᠠᠯᠪᠢᠨ᠎ᠠ ᠃ | ᠬᠤᠶᠠᠷ ᠲᠤ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ ᠃ | ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠤ ᠵᠣᠬᠢᠴᠠᠯᠳᠤᠯ ᠢ ᠲᠦᠯᠬᠢᠨ ᠠᠬᠢᠭᠤᠯᠵᠤ ᠂ ᠬᠤᠶᠠᠷ ᠲᠠᠯ᠎ᠠ ᠶᠢ | ᠠᠳᠬᠤᠬᠤ ᠂ ᠬᠤᠶᠠᠷ ᠲᠠᠯ᠎ᠠ ᠶᠢ ᠴᠢᠩᠭ᠎ᠠ ᠠᠳᠬᠤᠬᠤ ᠶᠢ ᠪᠠᠷᠢᠮᠳᠠᠯᠠᠨ᠎ᠠ ᠃ ᠴᠢᠨᠠᠷ ᠰᠠᠶᠢᠲᠠᠢ ᠤᠶᠤᠨ ᠤ ᠰᠣᠶᠣᠯ ᠤᠨ | ᠪᠦᠲᠦᠭᠡᠭᠳᠡᠬᠦᠨ ᠤ ᠬᠠᠩᠭᠠᠯᠭ᠎ᠠ ᠶᠢ ᠰᠠᠶᠢᠲᠤᠷ ᠠᠳᠬᠤᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠪᠣᠯᠪᠠᠰᠤᠷᠠᠯ ᠢ ᠪᠠᠲᠤ ᠪᠠᠬᠢ ᠪᠤᠢ ᠪᠣᠯᠭᠠᠬᠤ ᠶᠢ | ᠴᠢᠩᠭᠠᠳᠬᠠᠵᠤ ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ | ᠭᠦᠨᠵᠡᠭᠡᠶᠢᠷᠡᠭᠦᠯᠦᠨ ᠥᠷᠭᠡᠳᠬᠡᠵᠦ ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠂ ᠴᠢᠨᠠᠷ ᠰᠠᠶᠢᠲᠠᠢ | ᠰᠣᠶᠣᠯ ᠤᠨ ᠦᠢᠯᠡᠴᠢᠯᠡᠭᠡ ᠶᠢ ᠮᠠᠯᠵᠢᠬᠤ ᠲᠠᠷᠢᠶᠠᠯᠠᠬᠤ ᠣᠷᠣᠨ ᠲᠡᠶᠢᠰᠢ ᠥᠷᠭᠡᠳᠬᠡᠬᠦ ᠶᠢ ᠠᠬᠢᠭᠤᠯᠤᠨ᠎ᠠ ᠃ | ︽ᠨᠠᠮ ᠤᠨ ᠠᠴᠢ ᠶᠢ ᠣᠶᠢᠯᠠᠭᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ | ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠬᠦ ᠬᠡᠷᠡᠭᠲᠡᠢ᠃ ᠣᠯᠠᠨ ᠲᠦᠮᠡᠨᠴᠢ | ᠴᠢᠨᠠᠷᠲᠠᠢ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠤᠯᠠᠭᠠᠨᠮᠥ᠋ᠴᠢᠷ ᠤᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠤᠨ᠎ᠠ ᠃ ᠮᠠᠯᠵᠢᠬᠤ ᠲᠠᠷᠢᠶᠠᠯᠠᠬᠤ ᠣᠷᠣᠨ ᠤ ᠵᠠᠩ | ᠳᠠᠳᠬᠠᠯ ᠢ ᠥᠭᠡᠷᠡᠴᠢᠯᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠠᠭᠤᠳᠠᠯᠤᠨ ᠳᠡᠯᠭᠡᠷᠡᠭᠦᠯᠵᠦ᠂ ︽ᠨᠢᠭᠡ ᠭᠡᠷ᠎ᠡ | ᠳᠥᠷᠪᠡᠨ ᠴᠢᠳᠠᠯ ︾ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠣᠷᠤᠭ ᠤᠨ ᠶᠠᠪᠤᠳᠠᠯ ᠢ ᠰᠢᠨ᠎ᠡ ᠪᠠᠷ ᠡᠷᠭᠢᠯᠡᠬᠦ᠂ | ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠨ ᠭᠦᠢᠴᠡᠳᠬᠡᠬᠦ᠂ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ | ᠬᠦᠨᠳᠦᠯᠡᠬᠦ᠂ ᠦᠨᠡᠨᠴᠢ ᠢᠲᠡᠭᠡᠮᠵᠢᠲᠡᠢ ᠨᠥᠬᠦᠷᠰᠡᠭ ᠪᠠᠶᠢᠬᠤ ᠵᠡᠷᠭᠡ ᠪᠣᠯᠪᠠᠰᠤᠨ ᠰᠢᠨ᠎ᠡ ᠰᠤᠷᠲᠠᠯ ᠢ ᠪᠠᠳᠠᠷᠠᠭᠤᠯᠵᠤ᠂ | ᠮᠠᠯᠴᠢᠨ ᠲᠠᠷᠢᠶᠠᠴᠢᠨ ᠤ ᠬᠤᠷᠢᠮ ᠪᠡᠯᠪᠡᠰᠦᠷᠡᠯ ᠵᠡᠷᠭᠡ ᠳᠤ ᠲᠦᠭᠡᠮᠡᠯ ᠬᠠᠷᠠᠭᠠᠯᠵᠠᠯ ᠤᠨ ᠴᠢᠨᠠᠷᠲᠠᠢ ᠦᠢᠯᠡᠴᠢᠯᠡᠭᠡ | ᠬᠠᠩᠭᠠᠬᠤ ᠶᠢ ᠵᠣᠷᠢᠭᠵᠢᠭᠤᠯᠵᠤ᠂ ᠨᠠᠶᠢᠷ ᠲᠠᠯ᠎ᠠ ᠪᠠ ᠶᠣᠰᠣ ᠵᠠᠩᠰᠢᠯ ᠤᠨ ᠳᠠᠷᠤᠭᠠᠰᠤ ᠶᠢ ᠬᠦᠩᠭᠡᠷᠡᠭᠦᠯᠦᠨ᠎ᠡ᠃ | ᠭᠤᠷᠪᠠ ᠳᠤ ᠠᠮᠤᠷ ᠠᠮᠤᠭᠤᠯᠠᠩ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ ᠃ | ᠰᠢᠨ᠎ᠡ ᠴᠠᠭ ᠦᠶ᠎ᠡ ᠶᠢᠨ ︽ ᠹᠧᠩᠴᠢᠶᠣᠣ ᠶᠢᠨ ᠲᠤᠷᠰᠢᠯᠭ᠎ᠠ ︾ ᠶᠢ ᠪᠠᠷᠢᠮᠲᠠᠯᠠᠨ ᠬᠥᠭᠵᠢᠭᠦᠯᠵᠦ ᠂ ︽ ᠳᠥᠷᠪᠡ ᠶᠢ | ᠦᠨᠳᠦᠰᠦᠨ ᠱᠠᠲᠤᠨ ᠳᠤ ᠪᠠᠭᠤᠯᠭᠠᠬᠤ ︾ ᠳᠦᠷᠢᠮ ᠢ ᠨᠠᠶᠢᠳᠠᠪᠤᠷᠢᠵᠢᠭᠤᠯᠵᠤ ᠂ ᠵᠠᠬᠢᠳᠠᠯ ᠰᠣᠷᠪᠤᠯᠵᠢᠯᠠᠭ᠎ᠠ ᠶᠢ | ᠣᠷᠣᠯᠠᠨ ᠭᠦᠢᠴᠡᠳᠬᠡᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ ᠂ ᠵᠥᠷᠢᠴᠡᠯ ᠵᠢᠭᠤᠷᠠᠯᠳᠤᠭᠠᠨ ᠢ ᠦᠨᠳᠦᠰᠦᠨ | ᠱᠠᠲᠤᠨ ᠤ ᠬᠠᠷᠢᠶ᠎ᠠ ᠣᠷᠣᠨ ᠳᠤ ᠰᠢᠢᠳᠪᠦᠷᠢᠯᠡᠬᠦ ᠶᠢ ᠠᠬᠢᠭᠤᠯᠤᠨ᠎ᠠ ᠃ ᠪᠢᠴᠢᠭ ᠮᠠᠲ᠋ᠧᠷᠢᠶᠠᠯ ᠳᠤ ᠱᠠᠭᠠᠷᠳᠠᠭᠰᠠᠨ ᠨᠢ᠂ | ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭ᠎ᠠ᠂ ᠰᠢᠲᠠᠮᠠᠬᠠᠢ ᠬᠡᠢ᠂ ᠭᠠᠯ ᠤᠨᠲᠠᠷᠠᠭᠠᠬᠤ᠂ ᠵᠢᠭᠠᠰᠤᠨ | ᠣᠩᠭᠤᠴᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠠᠮᠤᠷ ᠲᠦᠪᠰᠢᠨ ᠤ ᠬᠡᠮ ᠰᠣᠭᠤᠭ ᠢ ᠵᠠᠰᠠᠬᠤ | ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠥᠷᠨᠢᠭᠦᠯᠬᠦ ᠬᠡᠷᠡᠭᠲᠡᠢ᠃ ᠡᠭᠦᠨ ᠤ ᠬᠠᠮᠲᠤ ᠂ ᠡᠯ᠎ᠡ ᠲᠦᠷᠦᠯ ᠤᠨ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠦᠷᠭᠦᠯᠵᠢᠯᠡᠨ ᠴᠣᠬᠢᠯᠲᠠ ᠥᠭᠴᠦ ᠂ ᠠᠮᠤᠷ ᠠᠮᠤᠭᠤᠯᠠᠩ | ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠬᠡᠷᠡᠭᠲᠡᠢ ᠭᠡᠪᠡ᠃ |