ᠪᠤᠭᠤᠲᠤ ᠬᠤᠳᠠ ᠶᠢᠨ 3 ᠲᠠᠷᠢᠶᠠᠯᠠᠩ ᠤᠨ ᠪᠦᠲᠦᠭᠡᠭᠳᠡᠬᠦᠨ ︽2024 ᠣᠨ ᠤ ᠲᠦᠷᠦᠭᠦᠦ ᠪᠦᠯᠦᠭ ᠤᠨ ᠪᠦᠭᠦ ᠤᠯᠤᠰ ᠤᠨ ᠨᠡᠷᠡᠳᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ︾ ᠢᠶᠠᠷ ᠰᠣᠩᠭᠤᠭᠳᠠᠵᠠᠢ
ᠨᠡᠶᠢᠲᠡᠯᠡᠭᠰᠡᠨ ᠴᠠᠭ᠄
2024/4/30
      ᠣᠶᠢᠷ᠎ᠠ ᠳᠤ᠂ ᠬᠥᠳᠡᠭᠡ ᠠᠵᠤ ᠠᠬᠤᠢ ᠬᠥᠳᠡᠭᠡ ᠲᠤᠰᠬᠤᠨ ᠤ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠠᠮᠤᠷ ᠲᠦᠪᠰᠢᠨ ᠤ ᠲᠥᠪ ᠠᠴᠠ ︽2024 ᠣᠨ ᠤ ᠲᠦᠷᠦᠭᠦᠦ ᠪᠦᠯᠦᠭ ᠪᠦᠭᠦ ᠤᠯᠤᠰ ᠤᠨ ᠨᠡᠷᠡᠳᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠢᠯᠠ ᠵᠠᠷᠯᠠᠯ︾ ᠢ ᠨᠡᠶᠢᠲᠡᠯᠡᠪᠡ᠂ ᠪᠤᠭᠤᠲᠤ ᠬᠤᠳᠠ ᠶᠢᠨ ᠰᠢᠭᠤᠶᠢᠲᠤ ᠲᠣᠭᠤᠷᠢᠭ ᠤᠨ ᠲᠥᠮᠥᠰᠥ᠂ ᠲᠡᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨ ᠬᠠᠯᠢᠰᠤᠲᠤ ᠪᠤᠭᠤᠳᠠᠢ ᠶᠢᠨ ᠭᠤᠯᠢᠷ᠂ ᠲᠠᠷᠬᠠᠨ ᠮᠤᠤᠮᠢᠩᠭᠠᠨ ᠤ ᠡᠭᠡᠳᠡᠭᠰᠡᠨ ᠰᠦ 3 ᠪᠦᠲᠦᠭᠡᠭᠳᠡᠬᠦᠨ ᠵᠠᠷᠯᠠᠨ ᠨᠡᠶᠢᠲᠡᠯᠡᠭᠰᠡᠨ ᠨᠡᠷᠡᠰ ᠲᠤ ᠣᠷᠣᠭᠰᠠᠨ ᠪᠠᠶᠢᠨ᠎ᠠ᠃       ᠪᠦᠭᠦ ᠤᠯᠤᠰ ᠤᠨ ᠨᠡᠷᠡᠳᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠪᠣᠯ ᠣᠨᠴᠠ ᠲᠣᠭᠲᠠᠭᠰᠠᠨ ᠣᠷᠣᠨ ᠪᠦᠰᠡ ᠶᠢᠨ ᠳᠣᠲᠣᠷ᠎ᠠ ᠦᠢᠯᠡᠳᠪᠦᠷᠢᠯᠡᠬᠦ ᠳᠤ ᠵᠣᠬᠢᠬᠤ ᠦᠢᠯᠡᠳᠪᠦᠷᠢᠯᠡᠯ ᠤᠨ ᠬᠡᠪᠴᠢᠶ᠎ᠡ ᠪᠣᠯᠣᠨ ᠲᠠᠸᠠᠷ ᠤᠨ ᠬᠡᠮᠵᠢᠶ᠎ᠡ ᠶᠢ ᠪᠦᠷᠢᠳᠦᠭᠦᠯᠵᠦ᠂ ᠢᠯᠡ ᠲᠣᠳᠣ ᠭᠠᠵᠠᠷ ᠣᠷᠣᠨ ᠤ ᠣᠨᠴᠠᠯᠢᠭ ᠪᠣᠯᠣᠨ ᠥᠪᠡᠷᠮᠢᠴᠡ ᠰᠢᠮ᠎ᠡ ᠲᠡᠵᠢᠭᠡᠯ ᠴᠢᠨᠠᠷ ᠴᠢᠨᠰᠠᠭ᠎ᠠ ᠶᠢᠨ ᠣᠨᠴᠠᠯᠢᠭ ᠲᠠᠢ ᠪᠠᠶᠢᠵᠤ᠂ ᠲᠣᠭᠲᠠᠭᠤᠨ ᠬᠠᠩᠭᠠᠯᠭ᠎ᠠ ᠶᠢᠨ ᠬᠡᠮᠵᠢᠶ᠎ᠡ ᠪᠣᠯᠣᠨ ᠬᠡᠷᠡᠭᠯᠡᠭᠡᠨ ᠤ ᠵᠠᠬ᠎ᠠ ᠳᠡᠯᠭᠡᠭᠦᠷ ᠲᠠᠢ ᠮᠥᠷᠲᠡᠭᠡᠨ ᠤᠯᠠᠨ ᠨᠡᠶᠢᠳᠡ ᠳᠤ ᠲᠠᠨᠢᠭᠳᠠᠭᠰᠠᠨ ᠬᠡᠮᠵᠢᠶ᠎ᠡ ᠪᠣᠯᠣᠨ ᠲᠠᠭᠠᠰᠢᠶᠠᠭᠳᠠᠭᠰᠠᠨ ᠬᠡᠮᠵᠢᠶ᠎ᠡ ᠪᠠᠷ ᠥᠨᠳᠥᠷ ᠲᠠᠷᠢᠶᠠᠯᠠᠩ ᠤᠨ ᠪᠦᠲᠦᠭᠡᠭᠳᠡᠬᠦᠨ ᠪᠣᠯᠣᠨ᠎ᠠ᠃ ᠪᠤᠭᠤᠲᠤ ᠬᠤᠳᠠ ᠶᠢᠨ ᠰᠢᠭᠤᠶᠢᠲᠤ ᠲᠣᠭᠤᠷᠢᠭ ᠤᠨ ᠲᠥᠮᠥᠰᠥ ᠨᠢ ᠣᠶᠢᠷ᠎ᠠ ᠶᠢᠨ ᠵᠢᠯ ᠳᠤ ᠲᠠᠪᠤᠨ ᠥᠩᠭᠡ ᠶᠢᠨ ᠲᠥᠮᠥᠰᠥ ᠭᠡᠵᠦ ᠬᠤᠯᠠ ᠣᠶᠢᠷ᠎ᠠ ᠳᠠᠭᠠᠨ ᠠᠯᠳᠠᠷᠰᠢᠵᠤ᠂ ᠲᠡᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨ ᠬᠠᠯᠢᠰᠤᠲᠤ ᠪᠤᠭᠤᠳᠠᠢ  ᠶᠢᠨ ᠭᠤᠯᠢᠷ ᠪᠣᠯᠣᠨ ᠡᠭᠡᠳᠡᠭᠰᠡᠨ ᠰᠦ ᠨᠢ ᠴᠤ ᠢᠯᠡ ᠲᠣᠳᠣ ᠭᠠᠵᠠᠷ ᠣᠷᠣᠨ ᠤ ᠣᠨᠴᠠᠯᠢᠭ᠂ ᠡᠯᠪᠡᠭ ᠪᠠᠶᠠᠯᠢᠭ ᠰᠢᠮ᠎ᠡ ᠲᠡᠵᠢᠭᠡᠯ ᠤᠨ ᠠᠭᠤᠯᠤᠭᠳᠠᠬᠤᠨ ᠢᠶᠠᠷ ᠢᠶᠠᠨ ᠬᠡᠷᠡᠭᠯᠡᠭᠴᠢᠳ ᠤᠨ ᠲᠠᠭᠠᠰᠢᠶᠠᠯ ᠢ ᠣᠯᠣᠭᠰᠠᠨ ᠪᠠᠶᠢᠨ᠎ᠠ᠃      ᠣᠳᠣᠬᠠᠨ ᠪᠤᠯᠳᠠᠯ᠎ᠠ᠂ ᠪᠤᠭᠤᠲᠤ ᠬᠤᠳᠠ ᠶᠢᠨ ᠪᠦᠭᠦ ᠤᠯᠤᠰ ᠤᠨ ᠨᠡᠷᠡᠳᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ 53 ᠪᠣᠯᠵᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号