ᠪᠦᠬᠦ ᠣᠷᠣᠨ ᠤ ᠵᠢᠭᠠᠰᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠢᠴᠢ ᠦᠢᠯᠡᠳᠪᠦᠷᠢᠯᠡᠯ ᠤᠨ ᠠᠮᠤᠷ ᠲᠦᠪᠰᠢᠨ ᠤ ᠪᠣᠯᠪᠠᠰᠤᠷᠠᠯ ᠤᠨ ᠠᠩᠭᠢ ᠬᠥᠬᠡᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/5/10
      5 ᠰᠠᠷ᠎ᠠ ᠶᠢᠨ 8︱9 ᠤ ᠡᠳᠦᠷ ᠪᠣᠯᠲᠠᠯ᠎ᠠ᠂ ᠪᠥᠬᠦ ᠣᠷᠣᠨ ᠤ ᠵᠢᠭᠠᠰᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠢᠴᠢ ᠦᠢᠯᠡᠳᠪᠦᠷᠢᠯᠡᠯ ᠤᠨ ᠠᠮᠤᠷ ᠲᠦᠪᠰᠢᠨ ᠤ ᠪᠣᠯᠪᠠᠰᠤᠷᠠᠯ ᠤᠨ ᠠᠩᠭᠢ ᠬᠥᠬᠡᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠬᠠᠨ ᠵᠢᠶᠠᠨ ᠭᠠᠩ ᠪᠣᠯᠪᠠᠰᠤᠷᠠᠯ ᠳᠤ ᠣᠷᠣᠯᠴᠠᠪᠠ᠃
11.png
       ᠪᠣᠯᠪᠠᠰᠤᠷᠠᠯ ᠤᠨ ᠠᠩᠭᠢ ᠨᠢ ᠳᠤᠮᠳᠠᠳᠤ ᠤᠯᠤᠰ ᠤᠨ ᠤᠰᠤᠨ ᠭᠠᠷᠤᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠮᠢᠳᠤ ᠪᠣᠳᠠᠰ ᠤᠨ ᠰᠤᠳᠤᠯᠭᠠᠨ ᠤ ᠭᠠᠵᠠᠷ᠂ ᠳᠤᠮᠳᠠᠳᠤ ᠣᠷᠣᠨ ᠤ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠢ ᠤᠷᠢᠵᠤ ᠪᠣᠯᠪᠠᠰᠤᠷᠠᠯ ᠤᠨ ᠠᠩᠭᠢ ᠳᠤ ᠬᠢᠴᠢᠶᠡᠯᠯᠡᠵᠦ᠂ ᠤᠰᠤᠨ ᠤ ᠰᠠᠶᠢᠷᠭᠠᠯ ᠳᠤ ᠲᠡᠵᠢᠭᠡᠨ ᠦᠷᠡᠵᠢᠭᠦᠯᠬᠦ ᠦᠨᠡᠮᠯᠡᠯ ᠣᠯᠭᠤᠬᠤ ᠰᠢᠰᠲ᠋ᠧᠮ᠂ ᠪᠦᠬᠦ ᠤᠯᠤᠰ ᠤᠨ ᠳᠣᠲᠣᠭᠠᠳᠤ ᠬᠠᠭᠤᠷᠠᠢ ᠶᠢᠨ ᠵᠢᠭᠠᠰᠤᠨ ᠣᠩᠭᠤᠴᠠᠨ ᠤ ᠬᠠᠮᠢᠶᠠᠷᠤᠯᠲᠠ ᠶᠢᠨ ᠰᠢᠰᠲ᠋ᠧᠮ᠂ ᠳᠤᠮᠳᠠᠳᠤ ᠤᠯᠤᠰ ᠤᠨ ᠵᠢᠭᠠᠰᠤᠨ ᠤ ᠠᠵᠤ ᠠᠬᠤᠢ ᠶᠢᠨ ᠣᠩᠭᠤᠴᠠᠴᠢᠨ ᠤ ᠬᠠᠮᠢᠶᠠᠷᠤᠯᠲᠠ ᠶᠢᠨ ᠰᠢᠰᠲ᠋ᠧᠮ ᠤᠨ ᠬᠡᠷᠡᠭᠯᠡᠯᠲᠡ ᠳᠤ ᠲᠠᠶᠢᠯᠤᠮᠵᠢ ᠬᠢᠪᠡ᠃ ᠬᠤᠵᠢᠷᠯᠢᠭ ᠭᠠᠵᠠᠷ ᠤᠨ ᠦᠢᠯᠡᠳᠪᠦᠷᠢᠯᠡᠵᠦ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠤᠰᠤᠨ ᠤ ᠴᠢᠨᠠᠷ ᠵᠢᠴᠢ ᠰᠠᠶᠢᠵᠢᠷᠠᠭᠤᠯᠤᠯᠲᠠ ᠶᠢ ᠲᠣᠬᠢᠷᠠᠭᠤᠯᠤᠨ ᠡᠵᠡᠮᠳᠡᠬᠦ᠂ ᠶᠡᠭᠡ ᠤᠰᠤᠨ ᠤ ᠭᠠᠳᠠᠷᠭᠤ ᠶᠢᠨ ᠠᠮᠢ ᠠᠬᠤᠢ ᠶᠢᠨ ᠵᠢᠭᠠᠰᠤᠨ ᠤ ᠠᠵᠤ ᠠᠬᠤᠢ ᠬᠢᠭᠡᠳ ᠠᠮᠢ ᠠᠬᠤᠢ ᠶᠢ ᠰᠡᠷᠭᠦᠭᠡᠬᠦ ᠮᠡᠷᠭᠡᠵᠢᠯ᠂ ᠤᠰᠤᠨ ᠭᠠᠷᠤᠯᠲᠠ ᠶᠢᠨ ᠢᠨᠵᠧᠨᠧᠷᠢᠩᠵᠢᠭᠰᠡᠨ ᠲᠦᠭᠦᠭᠡᠷᠦᠮᠵᠢ ᠶᠢᠨ ᠲᠡᠵᠢᠭᠡᠨ ᠦᠷᠡᠵᠢᠭᠦᠯᠬᠦ ᠮᠡᠷᠭᠡᠵᠢᠯ ᠬᠢᠭᠡᠳ ᠵᠠᠭᠪᠤᠷ ᠤᠨ ᠬᠥᠭᠵᠢᠯᠲᠡ ᠶᠢᠨ ᠪᠣᠯᠪᠠᠰᠤᠷᠠᠯ᠂ ᠢᠯᠠᠩᠭᠤᠶ᠎ᠠ ᠵᠢᠭᠠᠰᠤᠨ ᠤ ᠠᠵᠤ ᠠᠬᠤᠢ ᠶᠢᠨ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠣᠯᠪᠠᠰᠤᠷᠠᠯ ᠢ ᠥᠷᠨᠢᠭᠦᠯᠪᠡ᠃
22.png
       ᠤᠯᠠᠨ ᠢᠶᠠᠷ ᠢᠶᠠᠨ᠂ ᠲᠤᠰ ᠤᠳᠠᠭ᠎ᠠ ᠶᠢᠨ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠲᠡᠷᠢᠭᠦᠨ ᠤ ᠣᠶᠢᠯᠠᠭᠠᠭᠳᠠᠬᠤᠨ᠂ ᠠᠮᠵᠢᠯᠲᠠ ᠲᠠᠢ ᠲᠤᠷᠰᠢᠯᠭ᠎ᠠ ᠶᠢ ᠮᠠᠨ ᠤ ᠣᠷᠣᠨ ᠤ ᠵᠢᠭᠠᠰᠤᠨ ᠤ ᠠᠵᠤ ᠠᠬᠤᠢ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠮᠠᠨ ᠤ ᠣᠷᠣᠨ ᠤ ᠵᠢᠭᠠᠰᠤᠨ ᠤ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ᠂ ᠪᠦᠬᠦ ᠣᠷᠣᠨ ᠤ ᠵᠢᠭᠠᠰᠤᠨ ᠤ ᠠᠵᠤ ᠠᠬᠤᠢ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠢᠯᠡᠳᠬᠡᠵᠡᠭᠡᠪᠡ᠃      ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠦᠬᠦᠢ ᠲᠣᠪᠴᠢᠶᠠᠨ ᠳᠠᠷᠤᠭ᠎ᠠ᠂ ᠵᠢᠭᠠᠰᠤᠨ ᠤ ᠠᠵᠤ ᠠᠬᠤᠢ ᠶᠢᠨ ᠰᠠᠯᠠᠭᠠᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ ᠬᠤᠲᠠ ᠶᠢᠨ ᠤᠰᠤᠨ ᠭᠠᠷᠤᠯᠲᠠ ᠶᠢᠨ ᠮᠡᠷᠭᠡᠵᠢᠯ ᠳᠡᠯᠭᠡᠷᠡᠭᠦᠯᠬᠦ ᠰᠠᠯᠠᠭ᠎ᠠ ᠮᠥᠴᠢᠷ ᠤᠨ ᠠᠵᠢᠯᠲᠠᠨ᠂ ︽ᠵᠠᠭᠤᠨ ᠬᠦᠷᠢᠶᠡᠯᠡᠩ ᠵᠠᠭᠤᠨ ᠠᠵᠤ ᠠᠬᠤᠶᠢᠯᠠᠯ︾ ᠤᠨ ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠠᠷ ᠪᠣᠯᠪᠠᠰᠤᠷᠠᠯ ᠳᠤ ᠣᠷᠤᠯᠴᠠᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号