ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠪᠦᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠬᠡᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠤᠨ ᠠᠬᠢᠭᠤᠯᠬᠤ ᠵᠢᠴᠢ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠠᠬᠢᠭᠤᠯᠬᠤ ᠸᠢᠳᠢᠤ᠋ ᠪᠣᠯᠪᠠᠰᠤᠷᠠᠯ ᠤᠨ ᠠᠩᠭᠢ ᠶᠢ ᠡᠷᠬᠢᠯᠡᠪᠡ
ᠨᠡᠶᠢᠲᠡᠯᠡᠭᠰᠡᠨ ᠴᠠᠭ᠄
2024/5/10
      5 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠪᠥᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠭᠰᠡᠨ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠤᠨ ᠠᠬᠢᠭᠤᠯᠬᠤ ᠵᠢᠴᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠲᠦᠯᠬᠢᠨ ᠠᠬᠢᠭᠤᠯᠬᠤ ᠸᠢᠳᠢᠤ᠋ ᠪᠣᠯᠪᠠᠰᠤᠷᠠᠯ ᠤᠨ ᠠᠩᠭᠢ ᠶᠢ ᠡᠷᠭᠢᠯᠡᠵᠦ᠂ ᠬᠤᠯᠪᠣᠭᠳᠠᠯ ᠪᠦᠬᠦᠢ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠬᠠᠶᠢᠱᠠᠨ ᠪᠣᠯᠪᠠᠰᠤᠷᠠᠯ ᠤᠨ ᠠᠩᠭᠢ ᠶᠢ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠵᠠᠢ᠃ 
1.jpg
       ᠪᠣᠯᠪᠠᠰᠤᠷᠠᠯ ᠤᠨ ᠠᠩᠭᠢ ᠳᠤ ᠵᠢᠭᠠᠵᠤ ᠭᠠᠷᠭᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠭᠰᠡᠨ ᠴᠢᠨᠠᠷᠲᠠᠢ ᠶᠠᠳᠠᠭᠤᠷᠠᠯ ᠳᠠᠬᠢᠨ ᠡᠬᠦᠰᠬᠦ ᠶᠢ ᠰᠡᠷᠭᠡᠶᠢᠯᠡᠬᠦ ᠬᠤᠷᠢᠭ᠎ᠠ ᠱᠤᠭᠤᠮ ᠢ ᠪᠠᠲᠤ ᠰᠠᠬᠢᠬᠤ ᠪᠣᠯ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠪᠢᠳᠡᠨ ᠤ ᠡᠷᠬᠡᠪᠰᠢ ᠰᠠᠶᠢᠲᠤᠷ ᠠᠳᠬᠤᠬᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠣᠨ᠎ᠠ᠃ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠪᠥᠬᠦ ᠲᠠᠯ᠎ᠠ ᠪᠠᠷ ᠴᠢᠩᠭᠠᠳᠬᠠᠵᠤ᠂ ᠪᠡᠯᠡ ᠮᠥᠩᠭᠦ ᠶᠢᠨ ᠦᠷ᠎ᠡ ᠠᠰᠢᠭ ᠢ ᠰᠠᠶᠢᠲᠤᠷ ᠪᠠᠳᠠᠷᠠᠭᠤᠯᠬᠤ ᠪᠠ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠣᠷᠣᠯᠭ᠎ᠠ ᠶᠢ ᠨᠡᠮᠡᠭᠳᠡᠭᠦᠯᠬᠦ ᠬᠤᠶᠠᠷ ᠵᠠᠩᠭᠢᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠭᠠᠵᠠᠷ ᠣᠷᠣᠨ ᠪᠠ ᠭᠤᠣᠯᠳᠠᠯᠭ᠎ᠠ ᠲᠠᠢ ᠬᠥᠮᠥᠰ ᠢ ᠪᠣᠳᠠᠲᠠᠢ ᠪᠠᠷ ᠠᠳᠬᠤᠨ᠂ ᠦᠨᠳᠦᠰᠦᠨ ᠪᠠᠶᠢᠳᠠᠯ ᠢ ᠪᠠᠲᠤ ᠰᠠᠬᠢᠬᠤ ᠬᠡᠷᠡᠭᠲᠡᠢ᠃ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ 1+8+N ᠬᠥᠭᠵᠢᠯᠲᠡ ᠶᠢᠨ ᠰᠡᠳᠬᠢᠮᠵᠢ ᠶᠢᠨ ᠲᠣᠭᠤᠷᠢᠨ ᠳᠤ᠂ ᠣᠨᠴᠠᠯᠢᠭᠲᠤ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠦᠷᠢᠶᠡᠯᠡᠩ ᠤᠨ ᠠᠵᠤ ᠠᠬᠤᠢ᠂ ᠲᠦᠭᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ᠂ ᠪᠦᠲᠦᠭᠡᠭᠳᠡᠬᠦᠨ ᠤ ᠪᠣᠷᠤᠯᠠᠭᠤᠯᠭ᠎ᠠ᠂ ᠠᠰᠢᠭ ᠲᠤᠰᠠ ᠶᠢᠨ ᠬᠤᠯᠪᠣᠭᠠᠯᠠᠯ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ᠂ ᠬᠡᠷᠡᠯ ᠴᠡᠨᠡᠭ ᠢᠶᠠᠷ ᠬᠠᠪᠰᠤᠷᠤᠨ ᠲᠡᠳᠬᠦᠬᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠵᠡᠷᠭᠡ ᠲᠠᠯ᠎ᠠ ᠪᠠᠷ ᠬᠦᠴᠦ ᠲᠠᠯᠪᠢᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠤ ᠦᠢᠯᠡᠰ ᠤᠨ ᠬᠡᠯᠬᠢᠶ᠎ᠡ ᠳᠤ ᠠᠭᠤᠰᠤᠯᠴᠠᠨ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠬᠤ ᠬᠡᠷᠡᠭᠲᠡᠢ᠃ ᠰᠡᠳᠬᠢᠴᠡ ᠶᠢᠨ ᠰᠢᠨ᠎ᠡ ᠶᠢ ᠡᠭᠦᠳᠴᠦ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠲᠥᠪ ᠤᠨ ᠨᠢᠭᠡᠴᠡ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠬᠥᠳᠡᠭᠡ ᠲᠣᠰᠬᠤᠨ ᠤ ᠬᠤᠭ ᠨᠣᠪᠰᠢ᠂ ᠵᠣᠷᠯᠣᠩ᠂ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠵᠡᠷᠭᠡ ᠮᠠᠯᠴᠢᠨ ᠲᠠᠷᠢᠶᠠᠴᠢᠨ ᠤ ᠰᠡᠳᠬᠢᠯ ᠠᠯᠭᠠᠰᠴᠤ ᠠᠩᠬᠠᠷᠤᠯ ᠳᠠᠯᠪᠢᠵᠤ ᠪᠠᠶᠢᠭ᠎ᠠ ᠠᠰᠠᠭᠤᠳᠠᠯ᠂ ᠬᠥᠳᠡᠭᠡ ᠲᠣᠰᠬᠤᠨ ᠤ ᠵᠠᠰᠠᠯᠲᠠ᠂ ᠪᠦᠲᠦᠭᠡᠨ ᠪᠠᠶᠢᠭᠤᠯᠤᠯᠲᠠ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠰᠠᠶᠢᠲᠤᠷ ᠠᠳᠬᠤᠬᠤ ᠬᠡᠷᠡᠭᠲᠡᠢ ᠭᠡᠪᠡ᠃
2.jpg
       ᠪᠣᠯᠪᠠᠰᠤᠷᠠᠯ ᠤᠨ ᠠᠩᠭᠢ ᠳᠤ ᠳᠤᠷᠠᠳᠤᠭᠰᠠᠨ ᠨᠢ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠪᠣᠯ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠭᠰᠠᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ ᠦᠨᠳᠦᠰᠦᠨ ᠱᠠᠲᠤᠨ ᠤ ᠰᠤᠷᠲᠠᠯ ᠢ ᠴᠡᠭᠴᠡᠯᠡᠨ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠶᠢᠷᠡᠭᠦᠯᠦᠨ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ᠃ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠨᠢ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠥᠷᠥ ᠶᠢᠨ ᠥᠨᠳᠥᠷᠴᠡ ᠠᠴᠠ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠵᠣᠬᠢᠶᠠᠨ ᠪᠠᠶᠢᠭᠤᠯᠤᠨ ᠠᠬᠢᠭᠤᠯᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠠᠬᠢ ᠠᠷᠠᠳ ᠤᠨ ᠠᠮᠢᠳᠤᠷᠠᠯ ᠤᠨ ᠠᠰᠢᠭ ᠲᠤᠰᠠ ᠳᠤ ᠬᠤᠯᠪᠣᠭᠳᠠᠬᠤ ᠭᠤᠣᠯᠳᠠᠯᠭ᠎ᠠ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠰᠦᠪᠡᠭᠴᠢ ᠶᠢ ᠰᠢᠯᠵᠢᠭᠦᠯᠦᠨ ᠲᠤᠰᠢᠶᠠᠬᠤ ᠶᠢ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠷᠨᠢᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠦᠩᠭᠡᠷᠡᠭᠦᠯᠦᠨ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠵᠤ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠤᠨ ᠠᠵᠢᠯᠯᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠨᠢᠭᠡ ᠴᠣᠭᠴᠠᠵᠢᠭᠤᠯᠤᠨ ᠠᠬᠢᠭᠤᠯᠵᠤ᠂ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠵᠦ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠪᠡ᠃      ᠬᠤᠷᠠᠯ ᠠᠴᠠ 2023 ᠣᠨ ᠤ ᠠᠶᠢᠮᠠᠭ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠭᠰᠡᠨ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠤᠭᠰᠠᠨ ᠬᠢᠨᠠᠨ ᠰᠢᠯᠭᠠᠵᠤ ᠦᠨᠡᠯᠡᠨ ᠵᠢᠱᠢᠭᠰᠡᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠲᠦᠷᠦ ᠶᠢᠨ ᠪᠣᠳᠣᠯᠭ᠎ᠠ ᠶᠢᠨ ᠬᠠᠪᠰᠤᠷᠤᠨ ᠵᠢᠯᠣᠭᠤᠳᠤᠯᠭ᠎ᠠ ᠲᠠᠶᠢᠯᠤᠮᠵᠢ ᠬᠢᠵᠦ᠂ ᠬᠤᠯᠪᠣᠭᠳᠠᠯ ᠪᠦᠬᠦᠢ ᠠᠶᠢᠮᠠᠭ ᠬᠤᠳᠠ᠂ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠣᠪᠣᠷ ᠢᠶᠠᠨ ᠢᠯᠡᠳᠬᠡᠬᠦ ᠦᠭᠡ ᠬᠡᠯᠡᠪᠡ᠃ ᠬᠤᠷᠠᠯ ᠠᠴᠠ ᠪᠠᠰᠠ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠲᠦᠯᠬᠢᠨ ᠠᠬᠢᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠴᠡᠭᠴᠡᠯᠡᠨ ᠵᠠᠰᠠᠬᠤ ᠲᠥᠰᠥᠯ ᠤᠨ ᠲᠤᠬᠠᠢ ᠲᠠᠶᠢᠯᠤᠮᠵᠢ ᠬᠢᠭᠰᠡᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号