ᠲᠠᠷᠢᠶᠠᠨ ᠴᠠᠭ ᠢ ᠠᠮᠵᠢᠨ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢᠲᠠᠢ ᠰᠤᠯᠢᠪᠴᠠᠭᠤᠯᠤᠨ ᠳᠠᠷᠢᠬᠤ ᠬᠠᠪᠤᠷ ᠤᠨ ᠲᠠᠷᠢᠶᠠᠯᠠᠭ᠎ᠠ ᠬᠦᠭᠵᠢᠶᠡᠨᠳᠡᠢ
ᠨᠡᠶᠢᠲᠡᠯᠡᠭᠰᠡᠨ ᠴᠠᠭ᠄
2024/5/11
图片1.png
图片2.png
      ᠠᠵᠢᠯᠰᠠᠭ ᠬᠥᠮᠥᠨ ᠳᠤ ᠬᠠᠪᠤᠷ ᠡᠷᠲᠡ ᠢᠷᠡᠳᠡᠭ᠂ ᠲᠠᠷᠢᠶᠠᠯᠠᠩ ᠤᠨ ᠠᠵᠢᠯ ᠬᠥᠮᠥᠨ ᠢ ᠶᠠᠭᠠᠷᠠᠭᠤᠯᠳᠠᠭ᠃ ᠣᠶᠢᠷ᠎ᠠ ᠳᠤ᠂ ᠠᠷᠪᠠᠨ ᠬᠤᠶᠠᠳᠤᠭᠠᠷ ᠰᠤᠮᠤᠨ ᠤ ᠬᠤᠲᠠ ᠬᠥᠳᠡᠭᠡ ᠪᠠ ᠱᠠ ᠭᠧ ᠳ᠋ᠦ᠋ ᠪᠠᠯᠭᠠᠰᠤ ᠲᠠᠷᠢᠶᠠᠨ ᠴᠠᠭ ᠢ ᠠᠮᠵᠢᠨ᠂ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠬᠡᠯᠪᠡᠷᠢᠲᠠᠢ ᠰᠣᠯᠢᠪᠴᠠᠯ ᠲᠠᠷᠢᠶᠠᠯᠠᠭ᠎ᠠ ᠶᠢᠨ ᠠᠵᠢᠯ ᠢ ᠡᠮᠬᠢ ᠵᠢᠷᠤᠮ ᠲᠠᠢ ᠥᠷᠨᠢᠭᠦᠯᠵᠦ᠂ ᠲᠠᠷᠢᠶᠠᠨ ᠭᠠᠵᠠᠷ ᠪᠣᠯᠭᠠᠨ ᠳᠤ ᠶᠠᠭᠠᠷᠠᠯᠲᠠᠢ ᠠᠵᠢᠯᠯᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ︽ᠲᠦᠷᠭᠡᠳᠭᠡᠬᠦ ᠳᠠᠷᠤᠪᠴᠢ︾ ᠶᠢ ᠳᠠᠷᠤᠵᠤ᠂ ︽ᠡᠷᠳᠡᠨᠢ ᠰᠢᠰᠢ ᠶᠢᠨ ᠤᠨᠠᠯᠲᠠ ᠶᠢ ᠪᠠᠭᠤᠷᠠᠭᠤᠯᠬᠤ ᠦᠭᠡᠢ᠂ ᠢᠯᠡᠭᠦᠦ ᠨᠢᠭᠡ ᠤᠯᠠᠷᠢᠯ ᠤᠨ ᠪᠤᠷᠴᠠᠭ ᠬᠤᠷᠢᠶᠠᠬᠤ︾ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠵᠠᠭᠠᠨᠠᠮ᠃      ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠬᠡᠯᠪᠡᠷᠢᠲᠠᠢ ᠰᠣᠯᠢᠪᠴᠠᠯ ᠲᠠᠷᠢᠶᠠᠯᠠᠭ᠎ᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠣᠷᠣᠬᠤ ᠳᠤ᠂ ᠮᠠᠰᠢᠨ ᠤ ᠬᠦᠩᠭᠢᠨᠡᠮ᠎ᠡ ᠳᠠᠭᠤᠨ ᠦᠶ᠎ᠡ ᠦᠶ᠎ᠡ ᠰᠣᠨᠣᠰᠳᠠᠵᠤ᠂ ᠲᠠᠷᠢᠶᠠᠯᠠᠩ ᠤᠨ ᠮᠠᠰᠢᠨᠴᠢ ᠨᠠᠷ ᠦᠷ᠎ᠡ ᠶᠢᠨ ᠮᠠᠰᠢᠨ ᠢᠶᠠᠨ ᠵᠢᠯᠣᠭᠤᠳᠤᠨ ᠲᠠᠷᠢᠶᠠᠨ ᠭᠠᠵᠠᠷ ᠢᠶᠠᠷ ᠠᠯᠭᠤᠷᠬᠠᠨ ᠢᠶᠠᠷ ᠤᠷᠤᠭᠰᠢᠯᠠᠵᠤ᠂ ᠮᠠᠰᠢᠨ ᠤ ᠥᠩᠭᠡᠷᠡᠭᠰᠡᠨ ᠭᠠᠵᠠᠷ ᠪᠣᠯᠭᠠᠨ ᠳᠤ ᠦᠷ᠎ᠡ ᠰᠠᠴᠤᠬᠤ᠂ ᠪᠦᠷᠬᠦᠪᠴᠢ ᠪᠦᠷᠬᠦᠬᠦ᠂ ᠪᠣᠷᠳᠣᠭᠤᠷ ᠣᠷᠣᠭᠤᠯᠬᠤ᠂ ᠲᠠᠷᠢᠶᠠᠨ ᠡᠮ ᠰᠦᠷᠴᠢᠬᠦ ᠵᠡᠷᠭᠡ ᠲᠠᠷᠢᠶᠠᠯᠠᠭ᠎ᠠ ᠶᠢᠨ ᠶᠠᠪᠤᠴᠠ ᠶᠢ ᠨᠢᠭᠡ ᠯᠡ ᠠᠮᠢᠰᠬᠤᠭ᠎ᠠ ᠪᠠᠷ ᠪᠡᠶᠡᠯᠡᠭᠦᠯᠵᠦ᠂ ᠴᠠᠭ ᠪᠠ ᠬᠦᠴᠦ ᠶᠢ ᠠᠷᠪᠢᠯᠠᠵᠤ᠂ ᠦᠷ᠎ᠡ ᠰᠠᠴᠤᠬᠤ ᠦᠷ᠎ᠡ ᠠᠰᠢᠭ ᠢ ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ᠃      ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠬᠡᠯᠪᠡᠷᠢᠲᠠᠢ ᠰᠣᠯᠢᠪᠴᠠᠯ ᠲᠠᠷᠢᠶᠠᠯᠠᠭ᠎ᠠ  ᠨᠢ ᠡᠷᠳᠡᠨᠢ ᠰᠢᠰᠢ ᠶᠢᠨ ᠬᠠᠵᠠᠭᠤ ᠶᠢᠨ ᠮᠦᠷ ᠤᠨ ᠳᠠᠪᠠᠭᠤᠯᠢᠭ ᠪᠠ ᠡᠷᠳᠡᠨᠢ ᠰᠢᠰᠢ᠂ ᠰᠢᠷ᠎ᠠ ᠪᠤᠷᠴᠠᠭ ᠤᠨ ᠠᠯᠠᠭᠯᠠᠨ ᠳᠠᠷᠢᠬᠤ ᠬᠠᠷᠢᠯᠴᠠᠨ ᠨᠥᠬᠦᠪᠦᠷᠢᠯᠡᠬᠦ ᠦᠢᠯᠡᠳᠦᠯ ᠢ ᠭᠦᠢᠴᠡᠳ ᠠᠰᠢᠭᠯᠠᠵᠤ᠂ ᠲᠠᠷᠢᠶᠠᠨ ᠭᠠᠵᠠᠷ ᠤᠨ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠠᠵᠠᠷ ᠰᠢᠷᠣᠢ ᠶᠢᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠤᠨ᠎ᠠ᠃      ᠬᠠᠪᠤᠷ ᠤᠨ ᠲᠠᠷᠢᠶᠠᠯᠠᠭ᠎ᠠ ᠶᠢᠨ ᠡᠮᠬᠢ ᠳᠢᠭᠯᠢᠮ ᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠵᠡᠭᠦᠨᠭᠠᠷ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠮᠡᠷᠭᠡᠵᠢᠯᠲᠡᠨ ᠲᠠᠷᠢᠶᠠᠨ ᠭᠠᠵᠠᠷ ᠲᠤ ᠭᠦᠨᠵᠡᠭᠡᠶᠢᠷᠡᠨ ᠮᠡᠷᠭᠡᠵᠢᠯ ᠤᠨ ᠵᠢᠯᠣᠭᠤᠳᠤᠯᠭ᠎ᠠ ᠬᠢᠵᠦ᠂ ᠲᠠᠷᠢᠶᠠᠯᠠᠩ ᠤᠨ ᠮᠡᠷᠭᠡᠵᠢᠯ ᠤᠨ ᠦᠢᠯᠡᠴᠢᠯᠡᠭᠡ ᠶᠢ ᠦᠷᠭᠦᠯᠵᠢᠯᠡᠨ ᠴᠢᠩᠭᠠᠳᠬᠠᠵᠤ᠂ ᠠᠮᠤ ᠪᠤᠳᠠᠭᠠᠨ ᠤ ᠤᠨᠠᠯᠲᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠦᠨᠡᠨ ᠬᠦ ᠪᠠᠲᠤᠯᠠᠪᠠ᠃
 
ᠢᠷᠡᠯᠲᠡ᠄ ᠣᠷᠳᠣᠰ ᠬᠤᠳᠠ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号